39 ᠳ᠋ᠡᠬᠢ ᠤᠯᠠᠨ ᠤᠯᠤᠰ᠎ᠤᠨ ᠬᠣᠣᠷᠳᠦ ᠡᠳ᠋᠎ᠢ ᠴᠠᠭᠠᠵᠠᠯᠠᠬᠤ ᠡᠳᠦᠷ ᠢ᠋ ᠲᠤᠬᠢᠶᠠᠯᠳᠤᠭᠤᠯᠤᠨ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠵᠦ᠂ ᠥᠪᠥᠷ ᠮᠣᠩᠭᠣᠯ᠎ᠤᠨ ᠡᠮᠡᠭᠲᠡᠢᠴᠦᠳ᠎ᠦᠨ ᠬᠣᠣᠷ ᠲᠠᠲᠠᠬᠤ᠎ᠶᠢ ᠵᠣᠭᠰᠤᠭᠠᠬᠤ ᠭᠠᠵᠠᠷ ᠡᠴᠡ ᠳᠠᠭᠠᠭᠠᠴᠢᠯᠠᠨ ᠡᠷᠭᠢᠯᠡᠭᠰᠡᠨ 《ᠬᠠᠤᠯᠢ ᠪᠡᠷ ᠤᠮᠠᠷᠠᠲᠦ ᠬᠢᠯᠢ ᠵᠢ ᠤᠮᠲᠠᠯᠠᠵᠦ ᠦᠰᠦᠨ ᠪᠤᠢᠵᠢᠯᠲᠡ ᠵᠢ ᠬᠠᠮᠠᠭᠠᠯᠠᠨ᠎ᠠ》 — ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠦᠨ ᠰᠠᠭᠤᠷᠢᠨ ᠤ᠋ ᠨᠡᠭᠡᠭᠡᠯᠲᠡ᠎ᠶᠢᠨ ᠡᠬᠢᠯᠡᠯᠲᠡ᠎ᠶᠢᠨ ᠶᠣᠰᠣᠯᠠᠯ ᠵᠢᠴᠢ 6·26 ᠤ᠋ ᠣᠯᠠᠨ ᠤᠯᠤᠰ᠎ᠤᠨ ᠬᠣᠣᠷᠳᠦ ᠡᠳ᠋᠎ᠢ ᠴᠠᠭᠠᠵᠠᠯᠠᠬᠤ ᠡᠳᠦᠷ᠎ᠦᠨ ᠤᠬᠠᠭᠤᠯᠭ᠎ᠠ᠎ᠶᠢᠨ ᠠᠵᠢᠯᠯᠠᠭ᠎ᠠ ᠬᠥᠬᠡᠬᠣᠲᠠ᠎ᠳᠤ ᠶᠠᠪᠤᠭᠳᠠᠪᠠ᠃
ᠶᠤᠰᠤᠯᠠᠯ ᠲᠡᠭᠡᠷ᠎ᠡ᠂ ᠪᠦᠬᠦ ᠨᠡᠢᠭᠡᠮ᠎ᠳᠦ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠬᠠᠤ ᠬᠥᠮᠦᠵᠢᠯ ᠪᠣᠯᠣᠨ ᠬᠣᠣᠷᠳᠦ ᠡᠳ᠋᠎ᠢ ᠡᠰᠡᠷᠭᠦᠴᠡᠵᠦ ᠬᠣᠣᠷᠳᠦ ᠡᠳ᠋᠎ᠢ ᠰᠡᠷᠭᠡᠢᠯᠡᠬᠦ ᠬᠥᠮᠦᠵᠢᠯ᠎ᠢ ᠠᠩᠬᠠᠷᠬᠤ᠂ ᠵᠠᠯᠠᠭᠤᠴᠤᠳ ᠪᠠᠭᠠᠴᠤᠳ᠎ᠤᠨ ᠡᠷᠡᠭᠦᠯ᠎ᠢᠶᠡᠷ ᠦᠰᠦᠨ ᠪᠣᠢᠵᠢᠬᠤ᠎ᠶᠢ ᠬᠠᠮᠠᠭᠠᠯᠠᠬᠤ ᠰᠠᠨᠠᠭᠠᠴᠢᠯᠠᠭ᠎ᠠ᠎ᠶᠢᠨ ᠪᠢᠴᠢᠭ ᠢ᠋ ᠲᠠᠷᠬᠠᠭᠠᠵᠦ᠂ ᠥᠷᠭᠡᠨ ᠤᠯᠠᠨ ᠵᠠᠯᠠᠭᠤᠴᠤᠳ ᠪᠠᠭᠠᠴᠤᠳ᠎ᠢ ᠬᠠᠤᠯᠢ᠎ᠶᠢ ᠵᠢᠷᠤᠮᠯᠠᠨ ᠬᠠᠤᠯᠢ᠎ᠶᠢ ᠰᠤᠷᠤᠯᠴᠠᠵᠤ ᠬᠠᠤᠯᠢ᠎ᠶᠢ ᠰᠠᠬᠢᠨ ᠬᠠᠤᠯᠢ᠎ᠶᠢ ᠬᠡᠷᠡᠭᠯᠡᠵᠦ᠂ ᠬᠣᠣᠷᠲᠤ ᠡᠳ᠋ᠡᠴᠡ ᠬᠤᠯᠠᠬᠠᠨ ᠪᠠᠢᠵᠦ᠂ ᠡᠷᠡᠭᠦᠯ᠎ᠢᠶᠡᠷ ᠦᠰᠦᠨ ᠪᠣᠢᠵᠢᠬᠤ᠎ᠶᠢ ᠤᠷᠢᠶᠠᠯᠠᠪᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ ᠬᠢᠭᠡᠳ ᠰᠤᠷᠭᠠᠨ ᠬᠥᠮᠦᠵᠢᠯ᠎ᠦᠨ ᠲᠢᠩᠬᠢᠮ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ᠎ᠦᠨ ᠰᠠᠭᠤᠷᠢᠨ᠎ᠢ ᠬᠡᠷᠡᠭᠯᠡᠨ ᠵᠠᠯᠠᠭᠤᠴᠤᠳ ᠪᠠᠭᠠᠴᠤᠳ᠎ᠤᠨ ᠬᠠᠤᠯᠢ᠎ᠪᠠᠷ ᠵᠠᠰᠠᠬᠤ ᠬᠥᠮᠦᠵᠢᠯ ᠪᠠ ᠬᠣᠣᠷᠳᠦ ᠡᠳ᠋᠎ᠢ ᠴᠠᠭᠠᠵᠠᠯᠠᠬᠤ ᠬᠥᠮᠦᠵᠢᠯ᠎ᠢ ᠰᠠᠢᠲᠤᠷ ᠥᠷᠨᠢᠭᠦᠯᠬᠦ ᠪᠣᠷᠣ᠌ ᠲᠥᠯᠥᠪ᠎ᠦᠨ ᠵᠥᠪᠯᠡᠯᠴᠡᠭᠡᠷ᠎ᠲᠦ ᠭᠠᠷᠤᠨ ᠥᠰᠥᠭ ᠵᠢᠷᠤᠪᠠ᠃ ᠶᠤᠰᠤᠯᠠᠯ ᠲᠡᠭᠡᠷ᠎ᠡ ᠪᠠᠰᠠ ᠦᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠬᠠᠤ ᠬᠥᠮᠦᠵᠢᠯ᠎ᠦᠨ ᠰᠠᠭᠤᠷᠢᠨ᠎ᠳᠤ ᠨᠣᠮ ᠪᠢᠴᠢᠭ ᠬᠠᠨᠳᠢᠪᠯᠡᠪᠠ ᠃
ᠰᠠᠭᠤᠷᠢᠨ ᠨᠢ ᠪᠦᠬᠦ ᠣᠷᠣᠨ᠎ᠤ ᠥᠷᠭᠡᠨ ᠣᠯᠠᠨ ᠵᠠᠯᠠᠭᠤᠴᠤᠳ ᠪᠠᠭᠠᠴᠤᠳ᠎ᠲᠤ ᠬᠠᠨᠳᠤᠭᠤᠯᠤᠨ ᠨᠡᠭᠡᠭᠡᠵᠦ᠂ ᠪᠠᠢᠩᠭᠤᠵᠢᠭ᠍ᠰᠠᠨ ᠬᠠᠤᠯᠢ ᠪᠡᠷ ᠵᠠᠰᠬᠠᠤ ᠬᠥᠮᠦᠵᠢᠯ ᠦᠢᠯᠡᠳᠦᠯᠭᠡ᠎ᠶᠢᠨ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠰᠤᠷᠭᠠᠭᠤᠯᠢ᠎ᠶᠢᠨ ᠭᠠᠳᠠᠨᠠᠬᠢ ᠬᠠᠤᠯᠢ ᠪᠡᠷ ᠵᠠᠰᠬᠠᠤ ᠬᠥᠮᠦᠵᠢᠯ᠎ᠦᠨ ᠦᠢᠯᠡᠳᠦᠯᠭᠡ᠎ᠶᠢᠨ ᠲᠤᠰᠬᠠᠢ ᠮᠡᠷᠭᠡᠵᠢᠯ᠎ᠦᠨ ᠠᠮᠢᠳᠤᠯᠢᠭ᠋ ᠲᠠᠪᠴᠠᠩ᠎ᠢ ᠪᠠᠢᠭᠤᠯᠵᠤ᠂ ᠬᠠᠤᠯᠢ ᠪᠡᠷ ᠵᠠᠰᠠᠬᠤ ᠦᠷ᠎ᠡ᠎ᠶᠢ ᠤᠮᠠᠷᠠᠲᠤ ᠬᠢᠯᠢ᠎ᠶᠢᠨ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠦᠨᠳᠦᠰᠦᠯᠡᠭᠦᠯᠦᠨ ᠰᠣᠶᠣᠭᠠᠯᠠᠭᠤᠯᠵᠤ᠂ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠬᠠᠤ ᠬᠡᠪ ᠪᠣᠯᠪᠠᠰᠤᠷᠠᠯ᠎ᠢ ᠴᠢᠨᠠᠭᠰᠢᠳᠠ ᠳᠡᠭᠡᠭᠰᠢᠯᠡᠭᠦᠯᠵᠦ᠂ ᠬᠣᠣᠷᠳᠦ ᠡᠳ᠋᠎ᠢ ᠴᠠᠭᠠᠵᠠᠯᠠᠬᠤ ᠪᠠ ᠰᠡᠷᠭᠡᠢᠯᠡᠬᠦ ᠦᠵᠡᠯ ᠰᠠᠨᠠᠭᠠᠨ᠎ᠤ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠤ ᠥᠪᠥᠷ ᠮᠣᠩᠭᠣᠯ ᠪᠣᠯᠣᠨ ᠬᠠᠤᠯᠢ ᠪᠡᠷ ᠵᠠᠰᠬᠠᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠪᠤᠯᠤᠨ᠎ᠠ᠃