ᠠᠷᠠᠳ ᠲᠦᠮᠡᠨ᠎ᠦ ᠡᠷᠡᠭᠦᠯ ᠮᠡᠨᠳᠦ ᠪᠣᠯ ᠨᠡᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠴᠢᠬᠤᠯᠠ ᠪᠡᠯᠭᠡ ᠲᠡᠮᠳᠡᠭ ᠮᠥᠨ᠂ ᠪᠠᠰᠠ ᠴᠤ᠌ ᠥᠷᠭᠡᠨ ᠤᠯᠠᠨ ᠠᠷᠠᠳ ᠲᠦᠮᠡᠨ᠎ᠦ ᠬᠠᠮᠲᠤ᠎ᠶᠢᠨ ᠬᠥᠭᠡᠭᠡᠴᠡᠯᠳᠦᠯ ᠮᠥᠨ᠃ ᠶᠡᠷᠦᠩᠬᠡᠢ ᠱᠦᠵᠢ ᠰᠢ ᠵᠢᠨ ᠫᠢᠩ 《ᠰᠢᠨᠵᠢᠯᠡᠬᠦ ᠤᠬᠠᠭᠠᠨ ᠲᠸᠭ᠌ᠨᠢᠢᠠ᠋ ᠮᠡᠷᠭᠡᠵᠢᠯ᠎ᠦᠨ ᠰᠢᠨ᠎ᠡ᠎ᠶᠢ ᠡᠭᠦᠳᠬᠦ ᠦᠷ᠎ᠡ ᠪᠦᠲᠦᠭᠡᠯ᠎ᠢ ᠣᠨᠳᠣᠣᠰᠢᠭᠤᠯᠤᠨ ᠬᠡᠷᠡᠭᠯᠡᠬᠦ᠎ᠶᠢ ᠠᠬᠢᠭᠤᠯᠵᠤ᠂ ᠪᠦᠬᠦ ᠠᠷᠠᠳ᠎ᠤᠨ ᠡᠷᠡᠭᠦᠯ ᠮᠡᠨᠳᠦ ᠵᠢᠨ ᠲᠣᠭᠠᠴᠢᠯᠠᠯᠲᠠ ᠣᠶᠤᠨᠴᠢᠯᠠᠯᠲᠠ᠎ᠶᠢᠨ ᠪᠠᠢᠭᠤᠯᠤᠯᠲᠠ ᠶᠢ ᠠᠬᠢᠭᠤᠯᠬᠤ ᠬᠡᠷᠡᠭᠲᠡᠢ》 ᠭᠡᠵᠦ ᠴᠢᠬᠤᠯᠠᠴᠢᠯᠠᠵᠤ᠂ ᠡᠷᠡᠭᠦᠯ ᠡᠩᠬᠡ ᠳᠤᠮᠳᠠᠳᠤ ᠤᠯᠤᠰ ᠤᠨ ᠪᠠᠢᠭᠤᠯᠤᠯᠲᠠ᠎ᠳᠤ ᠤᠷᠤᠭᠰᠢᠯᠠᠯᠲᠠ᠎ᠶᠢᠨ ᠴᠢᠭᠯᠡᠯ᠎ᠢ ᠲᠣᠳᠣᠷᠬᠠᠢ ᠵᠢᠭᠠᠵᠤ ᠥᠭᠴᠡᠢ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠦᠲᠦᠯᠪᠤᠷᠢ᠎ᠳᠤ 《ᠪᠦᠬᠦ ᠠᠷᠠᠳ ᠤᠨ ᠡᠷᠡᠭᠦᠯ ᠮᠡᠨᠳᠤ᠎ᠶᠢᠨ ᠲᠣᠭᠠᠴᠢᠯᠠᠯᠲᠠ ᠣᠶᠤᠨᠴᠢᠯᠠᠯᠲᠠ᠎ᠶᠢᠨ ᠪᠠᠢᠭᠤᠯᠤᠯᠲᠠ ᠶᠢ ᠠᠬᠢᠭᠤᠯᠬᠤ》 ᠲᠤᠬᠠᠢ ᠪᠠᠢᠷᠢᠯᠠᠭᠤᠯᠤᠯᠲᠠ ᠬᠢᠭᠰᠡᠨ ᠶᠤᠮ᠃ ᠣᠳᠣᠬᠠᠨ ᠳᠤ ᠲᠣᠭᠠᠴᠢᠯᠠᠯᠲᠠ ᠣᠶᠤᠨᠴᠢᠯᠠᠯᠲᠠ ᠨᠢ ᠨᠢᠭᠡᠨᠲᠡ ᠪᠥᠬᠥ ᠠᠷᠠᠳ᠎ᠤᠨ ᠡᠷᠡᠭᠦᠯ ᠮᠡᠨᠳᠦ ᠶᠢᠨ ᠦᠢᠯᠡᠴᠢᠯᠡᠭᠡᠨ᠎ᠦ ᠶᠠᠰᠤ ᠴᠢᠨᠠᠷ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠴᠢᠬᠤᠯᠠ ᠠᠷᠭ᠎ᠠ ᠬᠡᠯᠪᠡᠷᠢ ᠪᠣᠯᠤᠭᠰᠠᠨ ᠪᠠᠢᠨ᠎ᠠ᠃ ᠲᠣᠭᠠᠴᠢᠯᠠᠯᠲᠠ ᠣᠶᠤᠨᠴᠢᠯᠠᠯᠲᠠ ᠵᠢᠨ ᠮᠡᠷᠭᠡᠵᠢᠯ᠎ᠢᠶᠡᠷ ᠪᠦᠬᠦ ᠠᠷᠠᠳ᠎ᠤᠨ ᠡᠷᠡᠭᠦᠯ ᠮᠡᠨᠳᠦ᠎ᠳᠦ ᠡᠨ᠋ᠸᠷᠭᠢ ᠤᠯᠭᠤᠵᠤ᠂ ᠲᠣᠭᠠᠴᠢᠯᠠᠯᠲᠠ ᠣᠶᠤᠨᠴᠢᠯᠠᠯᠲᠠ ᠵᠢᠨ ᠮᠡᠷᠭᠡᠵᠢᠯ ᠵᠢᠡᠷ ᠬᠠᠪᠰᠤᠷᠤᠨ ᠣᠨᠣᠰᠢᠯᠠᠨ ᠡᠮᠴᠢᠯᠡᠬᠦ᠂ ᠨᠠᠷᠢᠯᠢᠭ᠋ ᠣᠨᠣᠴᠠᠲᠠᠢ ᠡᠮᠴᠢᠯᠡᠭᠡ ᠬᠢᠬᠦ᠂ ᠡᠷᠡᠭᠦᠯ ᠮᠡᠨᠳᠦ᠎ᠶᠢᠨ ᠬᠠᠮᠢᠶᠠᠷᠤᠯᠲᠠ᠂ ᠡᠮᠴᠢᠯᠡᠭᠡᠨ᠎ᠦ ᠳᠠᠭᠠᠳᠬᠠᠯ᠎ᠤᠨ ᠦᠢᠯᠡᠴᠢᠯᠡᠭᠡ᠂ ᠨᠠᠰᠤᠲᠠᠨ᠎ᠢ ᠠᠰᠠᠷᠠᠵᠤ ᠵᠡᠮᠳᠡᠭᠴᠦᠳ ᠢ ᠲᠤᠰᠠᠯᠠᠬᠤ ᠵᠡᠷᠭᠡ᠎ᠳᠡᠬᠢ ᠬᠡᠷᠡᠭᠯᠡᠯᠲᠡ᠎ᠶᠢ ᠡᠮᠬᠢ ᠵᠢᠷᠤᠮ᠎ᠲᠠᠢ ᠠᠬᠢᠭᠤᠯᠵᠤ᠂ ᠲᠣᠭᠠᠴᠢᠯᠠᠯᠲᠠ ᠣᠶᠤᠨᠴᠢᠯᠠᠯᠲᠠ ᠵᠢᠨ ᠮᠡᠷᠭᠡᠵᠢᠯ᠎ᠵᠢᠡᠷ ᠦᠨᠳᠦᠰᠦᠨ ᠱᠠᠲᠤᠨ᠎ᠤ ᠡᠮᠴᠢᠯᠡᠭᠡᠨ᠎ᠦ ᠦᠢᠯᠡᠴᠢᠯᠡᠭᠡᠨ᠎ᠦ ᠴᠢᠳᠠᠪᠤᠷᠢ᠎ᠶᠢ ᠳᠡᠭᠡᠭᠰᠢᠯᠡᠭᠦᠯᠬᠦ᠎ᠶᠢ ᠢᠳᠡᠪᠬᠢᠲᠡᠢ ᠠᠬᠢᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠢ ᠲᠦᠷᠭᠡᠳᠬᠡᠨ ᠪᠠᠶ᠋ᠢᠭᠤᠯᠬᠤ᠎ᠳᠤ ᠬᠦᠴᠦᠨ ᠨᠡᠮᠡᠷᠢᠯᠡᠬᠦ ᠬᠡᠷᠡᠭᠲᠡᠢ ᠃
ᠪᠥᠬᠥ ᠠᠷᠠᠳ᠎ᠤᠨ ᠡᠷᠡᠭᠦᠯ ᠮᠡᠨᠳᠦ᠎ᠶᠢᠨ ᠲᠣᠭᠠᠴᠢᠯᠠᠯᠲᠠ ᠣᠶᠤᠨᠴᠢᠯᠠᠯᠲᠠ ᠵᠢᠨ ᠪᠠᠢᠭᠤᠯᠤᠯᠲᠠ ᠪᠣᠯ ᠳ᠋ᠠᠢᠲ᠋ᠠ᠎ᠪᠠᠷ ᠵᠠᠩᠭᠢᠯᠠᠭ᠎ᠠ᠎ᠶᠢᠨ ᠦᠢᠯᠡᠳᠪᠦᠷᠢᠯᠡᠯ᠎ᠦᠨ ᠬᠦᠴᠦᠨ ᠵᠦᠢᠯ ᠪᠣᠯᠭᠠᠵᠤ᠂ ᠵᠣᠬᠢᠶᠠᠮᠠᠯ ᠣᠶᠤᠨ ᠴᠢᠳᠠᠪᠤᠷᠢ᠂ ᠪᠠᠷᠠᠭᠠᠨ᠎ᠤ ᠰᠦᠯᠵᠢᠶ᠎ᠡ᠂ ᠡᠭᠦᠯᠡᠨ ᠪᠣᠳᠣᠯᠲᠠ ᠵᠡᠷᠭᠡ ᠰᠢᠨ᠎ᠡ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠢᠶᠡᠷ ᠬᠥᠳᠡᠯᠭᠡᠭᠦᠷ ᠪᠣᠯᠭᠠᠵᠤ᠂ ᠡᠷᠡᠭᠦᠯ ᠮᠡᠨᠳᠦ᠎ᠶᠢᠨ ᠦᠢᠯᠡᠴᠢᠯᠡᠭᠡ᠂ ᠵᠠᠰᠠᠯᠲᠠ᠂ ᠠᠵᠤ ᠦᠢᠯᠡᠰ᠎ᠦᠨ ᠰᠢᠰᠲᠧᠮ᠎ᠳᠦ ᠬᠢᠬᠦ ᠪᠥᠬᠥ ᠲᠠᠯ᠎ᠠ᠎ᠶᠢᠨ ᠴᠢᠨᠠᠷᠳᠠᠢ᠂ ᠰᠢᠰᠲᠧᠮ᠎ᠦᠨ ᠴᠢᠨᠠᠷᠲᠠᠢ ᠬᠤᠪᠢᠰᠤᠯᠲᠠ ᠪᠤᠯᠤᠨ᠎ᠠ᠃ 2025 ᠣᠨ᠎ᠤ 12 ᠰᠠᠷ᠎ᠠ ᠪᠣᠯᠲᠠᠯ᠎ᠠ ᠮᠠᠨ᠎ᠤ ᠤᠯᠤᠰ᠎ᠤᠨ ᠢᠨᠲᠧᠷ ᠰᠦᠯᠵᠢᠶᠡᠨ ᠦ ᠡᠮᠴᠢᠯᠡᠭᠡᠨ᠎ᠦ ᠬᠡᠷᠡᠭᠯᠡᠭᠴᠢ᠎ᠶᠢᠨ ᠬᠡᠪᠴᠢᠶ᠎ᠡ ᠨᠢᠭᠡᠨᠲᠡ 4.11 ᠳ᠋ᠦᠩᠰᠢᠭᠤᠷ ᠲᠤ ᠬᠦᠷᠴᠦ᠂ ᠰᠢᠶᠠᠨ᠎ᠤ ᠬᠡᠪᠴᠢᠶᠡᠨ᠎ᠦ ᠠᠯᠤᠰ ᠡᠵᠡᠮᠰᠢᠯᠲᠦ ᠠᠨᠠᠭᠠᠬᠤ ᠤᠬᠠᠭᠠᠨ᠎ᠤ ᠰᠡᠭᠦᠳᠡᠷ ᠳᠦᠷᠰᠦ᠎ᠪᠡᠷ ᠣᠨᠣᠰᠢᠯᠠᠬᠤ ᠦᠢᠯᠡᠴᠢᠯᠡᠭᠡᠨ᠎ᠦ ᠬᠡᠮᠵᠢᠶ᠎ᠡ 6800 ᠲᠦᠮᠡᠨ ᠬᠥᠮᠥᠨ ᠤᠳᠠᠭ᠎ᠠ ᠶᠢ ᠳᠠᠪᠠᠭᠰᠠᠨ ᠪᠣᠯᠪᠠᠴᠤ ᠪᠥᠬᠥ ᠠᠷᠠᠳ᠎ᠤᠨ ᠡᠷᠡᠭᠦᠯ ᠮᠡᠨᠳᠦ ᠶᠢᠨ ᠲᠣᠭᠠᠴᠢᠯᠠᠯᠲᠠ ᠣᠶᠤᠨᠴᠢᠯᠠᠯᠲᠠ ᠵᠢᠨ ᠪᠠᠢᠭᠤᠯᠤᠯᠲᠠ᠎ᠳᠦ ᠮᠥᠨ ᠬᠦ᠌ ᠮᠠᠰᠢ ᠣᠯᠠᠨ ᠥᠷᠢᠰᠦᠯᠳᠦᠭᠡᠨ ᠣᠷᠣᠰᠢᠵᠤ ᠪᠤᠢ᠃ ᠳᠠᠷᠤᠢ ᠦᠵᠦ ᠲᠥᠯᠥᠪᠯᠡᠭᠡ᠎ᠶᠢᠨ ᠪᠦᠲᠦᠴᠡ᠎ᠶᠢ ᠰᠢᠯᠢᠳᠡᠭᠵᠢᠭᠦᠯᠬᠦ ᠴᠢᠬᠤᠯᠠᠲᠠᠢ᠂ ᠳ᠋ᠠᠢᠲ᠋ᠠ ᠶᠢ ᠬᠠᠮᠲᠤ᠎ᠪᠠᠷ ᠭᠥᠷᠳᠡᠬᠦ᠎ᠳᠦ ᠬᠦᠴᠢᠷᠲᠡᠢ᠂ ᠰᠢᠨ᠎ᠡ᠎ᠪᠡᠷ ᠮᠠᠨᠳᠤᠭᠰᠠᠨ ᠮᠡᠷᠭᠡᠵᠢᠯ ᠦᠨ ᠲᠤᠬᠠᠢᠯᠠᠭᠰᠠᠨ ᠠᠵᠢᠯ᠎ᠤᠨ ᠠᠭᠤᠰᠤᠯᠴᠠᠯ ᠬᠦᠷᠦᠯᠴᠡᠬᠦ ᠦᠭᠡᠢ ᠪᠠᠢᠵᠤ᠂ ᠳ᠋ᠠᠢᠲ᠋ᠠ᠎ᠶᠢᠨ ᠠᠮᠤᠷ ᠲᠦᠪᠰᠢᠨ ᠪᠠ ᠬᠤᠪᠢ᠎ᠶᠢᠨ ᠨᠢᠭᠤᠴᠠ᠎ᠶᠢ ᠬᠠᠮᠠᠭᠠᠯᠠᠬᠤ ᠶᠢ ᠴᠢᠩᠭᠠᠳᠬᠠᠬᠤ ᠴᠢᠬᠤᠯᠠᠲᠠᠢ ᠪᠠᠢᠵᠤ᠂ ᠰᠠᠭᠤᠷᠢ ᠲᠦᠬᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠡᠯᠡ ᠮᠥᠩᠭᠥ ᠶᠢᠨ ᠣᠷᠣᠭᠤᠯᠤᠯᠲᠠ ᠬᠦᠷᠦᠯᠴᠡᠬᠦ ᠦᠭᠡᠢ ᠪᠠᠢᠬᠤ ᠵᠡᠷᠭᠡ ᠪᠣᠯᠣᠨ᠎ᠠ᠃ ᠪᠥᠬᠥ ᠠᠷᠠᠳ ᠤᠨ ᠡᠷᠡᠭᠦᠯ ᠮᠡᠨᠳᠦ᠎ᠶᠢᠨ ᠲᠣᠭᠠᠴᠢᠯᠠᠯᠲᠠ ᠣᠶᠤᠨᠴᠢᠯᠠᠯᠲᠠ ᠵᠢᠨ ᠪᠠᠢᠭᠤᠯᠤᠯᠲᠠ ᠶᠢ ᠠᠬᠢᠭᠤᠯᠬᠤ᠎ᠳᠤ ᠮᠡᠳᠡᠭᠡ ᠵᠠᠩᠭᠢᠴᠢᠯᠠᠯᠲᠠ᠎ᠶᠢᠨ ᠲᠠᠪᠴᠠᠩ᠎ᠤᠨ ᠪᠠᠢᠭᠤᠯᠤᠯᠲᠠ᠂ ᠠᠯᠤᠰ ᠡᠵᠡᠮᠰᠢᠯᠲᠦ ᠡᠮᠴᠢᠯᠡᠭᠡᠨ᠎ᠦ ᠬᠠᠮᠵᠢᠯᠴᠠᠭ᠎ᠠ᠂ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠵᠠᠭᠪᠤᠷ ᠤᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠤᠨ ᠬᠦᠴᠦᠯᠡᠵᠦ᠂ ᠰᠢᠰᠲᠧᠮ᠎ᠲᠠᠢ ᠠᠬᠢᠭᠤᠯᠬᠤ ᠴᠢᠬᠤᠯᠠᠳᠠᠢ ᠪᠠᠢᠨ᠎ᠠ᠃
ᠪᠦᠬᠦ ᠠᠷᠠᠳ᠎ᠤᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢᠨ ᠲᠠᠪᠴᠠᠩ ᠢ ᠪᠠᠢᠭᠤᠯᠵᠤ᠂ ᠳ᠋ᠠᠢᠲ᠋ᠠ ᠶᠢᠨ《ᠭᠣᠣᠯ ᠰᠤᠳᠠᠰᠤ》᠎ᠶ᠋ᠢ ᠨᠡᠪᠲᠡᠷᠡᠭᠦᠯᠦᠨ᠎ᠡ᠃ ᠪᠦᠬᠦ ᠠᠷᠠᠳ᠎ᠤᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢᠨ ᠲᠠᠪᠴᠠᠩ ᠪᠣᠯ ᠪᠦᠬᠦ ᠠᠷᠠᠳ᠎ᠤᠨ ᠡᠷᠡᠭᠦᠯ ᠮᠡᠨᠳᠦ᠎ᠶᠢᠨ ᠲᠣᠭᠠᠴᠢᠯᠠᠯᠲᠠ ᠣᠶᠤᠨᠴᠢᠯᠠᠯᠲᠠ ᠵᠢᠨ ᠪᠠᠢᠭᠤᠯᠤᠯᠲᠠ᠎ᠶᠢᠨ ᠵᠠᠩᠭᠢᠯᠠᠭ᠎ᠠ᠎ᠶᠢᠨ ᠠᠴᠢᠶᠠᠯᠠᠪᠤᠷᠢ ᠮᠦᠨ᠃ ᠡᠯ᠎ᠡ ᠭᠠᠵᠠᠷ᠎ᠤᠨ ᠮᠡᠳᠡᠭᠡ ᠵᠠᠩᠭᠢᠴᠢᠯᠠᠯᠲᠠ᠎ᠶᠢᠨ ᠲᠦᠪᠰᠢᠨ ᠠᠳᠠᠯᠢ ᠪᠤᠰᠤ ᠪᠠᠢᠬᠤ᠂ 《ᠳ᠋ᠠᠢᠲ᠋ᠠ ᠶᠢᠨ ᠥᠨᠥᠴᠢᠨ ᠠᠷᠠᠯ》᠂ 《ᠮᠡᠳᠡᠭᠡ ᠵᠠᠩᠭᠢ᠎ᠶᠢᠨ ᠬᠤᠯᠠᠩ》ᠵᠡᠷᠭᠡ ᠠᠰᠠᠭᠤᠳᠠᠯ᠎ᠳᠤ ᠴᠢᠭᠯᠡᠭᠦᠯᠦᠨ ᠡᠷᠬᠡᠪᠰᠢ ᠨᠢᠭᠡᠳᠦᠯᠲᠡᠢ ᠂ ᠡᠷᠬᠡ ᠰᠦᠷ᠎ᠲᠠᠢ ᠂ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠲᠠᠪᠴᠠᠩ᠎ᠤᠨ ᠰᠢᠰᠲᠧᠮ᠎ᠢ ᠲᠦᠷᠭᠡᠳᠬᠡᠨ ᠪᠠᠶ᠋ᠢᠭᠤᠯᠬᠤ ᠬᠡᠷᠡᠭᠲᠡᠢ᠃ ᠦᠵᠦ ᠲᠥᠯᠥᠪᠯᠡᠭᠡ᠎ᠶᠢ ᠴᠢᠩᠭᠠᠳᠬᠠᠵᠤ᠂ ᠠᠷᠠᠳ᠎ᠲᠤ ᠲᠦᠬᠦᠮ ᠦᠵᠡᠭᠦᠯᠬᠦ᠂ ᠡᠮᠴᠢᠯᠡᠭᠡ᠎ᠶᠢ ᠲᠤᠰᠠᠯᠠᠬᠤ᠂ ᠰᠤᠳᠤᠯᠭᠠᠨ᠎ᠢ ᠠᠬᠢᠭᠤᠯᠬᠤ ᠵᠡᠷᠭᠡ ᠬᠠᠷᠠᠯᠲᠠ᠎ᠳᠦ ᠠᠡᠭᠬᠠᠷᠤᠯ ᠵᠢᠡᠨ ᠲᠦᠪᠯᠡᠷᠡᠭᠦᠯᠵᠦ᠂ ᠤᠯᠤᠰ ᠪᠣᠯᠣᠨ ᠮᠤᠵᠢ᠎ᠶᠢᠨ ᠬᠣᠶᠠᠷ ᠱᠠᠲᠤᠨ᠎ᠤ ᠲᠠᠪᠴᠠᠩ᠎ᠤᠨ ᠬᠠᠮᠵᠢᠯᠴᠠᠭ᠎ᠠ᠎ᠶᠢ ᠠᠬᠢᠭᠤᠯᠵᠤ᠂ ᠥᠨᠳᠥᠷ ᠪᠦᠲᠦᠮᠵᠢᠲᠡᠢ ᠳ᠋ᠠᠢᠲ᠋ᠠ ᠶᠢᠨ ᠪᠦᠲᠦᠴᠡ᠎ᠶᠢ ᠪᠠᠶ᠋ᠢᠭᠤᠯᠬᠤ ᠬᠡᠷᠡᠭᠲᠡᠢ᠃ ᠳ᠋ᠠᠢᠲ᠋ᠠ ᠶᠢᠨ ᠪᠠᠷᠢᠮᠵᠢᠶ᠎ᠠ ᠬᠢᠭᠡᠳ ᠵᠠᠯᠭᠠᠭᠠᠰᠤ ᠵᠢᠨ ᠵᠢᠷᠤᠮᠵᠢᠯ᠎ᠢ ᠨᠢᠭᠡᠳᠬᠡᠵᠦ᠂ ᠡᠯᠧᠺᠲᠷᠣᠨ ᠡᠪᠡᠳᠴᠢᠨ᠎ᠤ ᠲᠡᠦᠬᠡ᠂ ᠡᠷᠡᠭᠦᠯ ᠮᠡᠨᠳᠦ᠎ᠶᠢᠨ ᠲᠠᠩᠰᠠ ᠡᠪᠬᠡᠮᠡᠯ ᠵᠡᠷᠭᠡ ᠠᠳᠠᠯᠢ ᠪᠤᠰᠤ ᠲᠥᠷᠥᠯ ᠬᠡᠯᠪᠡᠷᠢ᠎ᠶᠢᠨ ᠳ᠋ᠠᠢᠲ᠋ᠠ ᠶᠢ ᠡᠮᠬᠢᠯᠡᠨ ᠨᠡᠢᠯᠡᠭᠦᠯᠵᠦ᠂ ᠯᠣᠭᠢᠭ᠋ ᠨᠢᠭᠡᠳᠦᠯᠲᠡᠢ᠂ ᠬᠠᠮᠢᠶᠠᠷᠤᠯᠲᠠ ᠵᠢᠷᠤᠮᠵᠢᠯ᠎ᠲᠠᠢ ᠡᠷᠡᠭᠦᠯ ᠮᠡᠨᠳᠦ᠎ᠶᠢᠨ ᠲᠣᠮᠣ᠌ ᠳ᠋ᠠᠢᠲ᠋ᠠ᠎ᠶᠢᠨ ᠡᠬᠢ ᠪᠠᠶᠠᠯᠢᠭ᠋᠎ᠤᠨ ᠬᠦᠮᠦᠷᠭᠡ ᠵᠢ ᠪᠠᠢᠭᠤᠯᠤᠨ᠎ᠠ᠃ ᠰᠢᠯᠭᠠᠨ ᠪᠠᠢᠴᠠᠭᠠᠭᠰᠠᠨ ᠦᠷ᠎ᠡ ᠳ᠋ᠦᠩ᠎ᠢ ᠣᠷᠣᠨ ᠪᠦᠰᠡ ᠠᠯᠤᠰᠯᠠᠨ᠂ ᠪᠠᠢᠭᠤᠯᠤᠮᠵᠢ ᠠᠯᠤᠰᠯᠠᠨ ᠬᠠᠮᠲᠤ ᠪᠠᠷ ᠭᠥᠷᠳᠡᠵᠦ ᠬᠠᠷᠢᠯᠴᠠᠨ ᠮᠡᠳᠡᠷᠡᠬᠦ᠎ᠶᠢ ᠭᠦᠨᠵᠡᠭᠡᠢᠷᠡᠭᠦᠯᠵᠦ᠂ ᠳ᠋ᠠᠢᠲ᠋ᠠ ᠶᠢᠨ ᠪᠡᠬᠢᠯᠡᠯᠲᠡ᠎ᠶᠢ ᠡᠪᠳᠡᠵᠦ᠂ ᠣᠯᠠᠨ ᠲᠦᠮᠡᠨ᠎ᠢ ᠳᠠᠬᠢᠨ ᠳᠠᠪᠲᠠᠨ ᠪᠠᠢᠴᠠᠭᠠᠬᠤ᠂ ᠳᠠᠬᠢᠨ ᠳᠠᠪᠲᠠᠨ ᠰᠢᠨᠵᠢᠯᠡᠨ ᠰᠢᠯᠭᠠᠬᠤᠶᠠᠪᠤᠳᠠᠯ ᠡᠴᠠ ᠵᠠᠢᠯᠠᠰᠬᠢᠯᠠᠭᠤᠯᠤᠨᠡ᠃ ᠵᠢᠱ᠌ᠢᠶᠡᠯᠡᠪᠡᠯ᠂ ᠵᠧᠵᠢᠶᠠᠩ ᠮᠤᠵᠢ᠎ᠶᠢᠨ ᠬᠤᠵᠸᠦ ᠬᠤᠳᠠ᠎ᠶᠢᠨ ᠳ᠋ᠸ ᠴᠢᠩ ᠰᠢᠶᠠᠨ ᠨᠢ ᠰᠢᠶᠠᠨ᠎ᠤ ᠬᠡᠪᠴᠢᠶᠡᠨ᠎ᠦ ᠨᠢᠭ᠍ᠲᠠ ᠬᠡᠯᠪᠡᠷᠢ᠎ᠶᠢᠨ ᠡᠮᠴᠢᠯᠡᠭᠡᠨ᠎ᠦ ᠬᠠᠮᠲᠤᠷᠠᠭᠰᠠᠨ ᠴᠣᠭᠴᠠ᠎ᠳᠤ ᠲᠦᠰᠢᠭᠯᠡᠨ ᠪᠦᠬᠦ ᠠᠷᠠᠳ᠎ᠤᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢᠨ ᠨᠢᠭᠡᠳᠦᠯᠲᠡᠢ ᠲᠠᠪᠴᠠᠩ ᠢ ᠪᠠᠢᠭᠤᠯᠵᠤ᠂ ᠪᠦᠬᠦ ᠰᠢᠶᠠᠨ᠎ᠤ ᠪᠤᠢ ᠪᠦᠬᠦᠢ ᠠᠯᠪᠠᠨ᠎ᠠᠴᠠ ᠪᠠᠢᠭᠤᠯᠤᠭᠰᠠᠨ ᠡᠮᠴᠢᠯᠡᠭᠡᠨ ᠦ ᠪᠠᠢᠭᠤᠯᠤᠮᠵᠢ᠎ᠶᠢ ᠡᠮᠴᠢᠯᠡᠭᠡᠨ᠎ᠦ ᠬᠠᠮᠲᠤᠷᠠᠬᠰᠠᠨ ᠴᠣᠭᠴᠠ᠎ᠶᠢᠨ ᠬᠠᠮᠢᠶᠠᠷᠤᠯᠲᠠ᠎ᠳᠤ ᠣᠷᠣᠭᠤᠯᠵᠤ᠂ ᠡᠮᠴᠢᠯᠡᠭᠡᠨ ᠦ ᠳ᠋ᠠᠢᠲ᠋ᠠ ᠶᠢ ᠡᠮᠬᠢᠳᠬᠡᠨ ᠴᠤᠭᠯᠠᠭᠤᠯᠬᠤ᠂ ᠡᠮᠴᠢᠯᠡᠭᠡᠨ᠎ᠦ ᠳᠠᠭᠠᠳᠬᠠᠯ᠎ᠤᠨ ᠰᠠᠭᠤᠷᠢ ᠮᠥᠩᠭᠥ ᠶᠢᠨ ᠨᠠᠷᠢᠨ ᠤᠨᠤᠪᠴᠢᠳᠠᠢ ᠬᠡᠯᠪᠡᠷᠢ᠎ᠶᠢᠨ ᠬᠢᠨᠠᠯᠲᠠ ᠬᠠᠮᠢᠶᠠᠷᠤᠯᠲᠠ ᠪᠣᠯᠣᠨ ᠡᠮ᠎ᠦᠨ ᠵᠦᠢᠯ ᠢ ᠰᠢᠭᠤᠳ ᠦᠨᠳᠦᠰᠦᠨ ᠱᠠᠲᠤᠨ᠎ᠳᠤ ᠬᠦᠷᠭᠡᠬᠦ ᠵᠢ ᠪᠡᠶᠡᠯᠡᠭᠦᠯᠵᠦ᠂ ᠳ᠋ᠠᠢᠲ᠋ᠠ ᠶᠢᠨ ᠦᠨ᠎ᠡ ᠦᠷᠳᠡᠭ᠎ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ᠎ᠤ ᠳ᠋ᠠᠢᠲ᠋ᠠ ᠶᠢ ᠲᠠᠰᠤᠷᠬᠠᠢ ᠪᠤᠳᠠᠷᠬᠠᠢ ᠬᠦᠴᠢᠷ ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠭᠰᠡᠨ ᠪᠠᠢᠨ᠎ᠠ᠃
ᠲᠣᠭᠠᠴᠢᠯᠠᠯᠲᠠ ᠤᠶᠤᠨᠴᠢᠯᠠᠯᠲᠠ ᠵᠢᠨ ᠡᠮᠴᠢᠯᠡᠭᠡᠨ᠎ᠦ ᠬᠠᠮᠵᠢᠯᠴᠠᠭ᠎ᠠ᠎ᠶᠢᠨ ᠲᠣᠣᠷ᠎ᠢ ᠨᠢᠭ᠍ᠲᠠ ᠰᠦᠯᠵᠢᠵᠦ᠂ ᠰᠢᠯᠢᠳᠡᠭ ᠡᠬᠢ ᠪᠠᠶᠠᠯᠢᠭ᠋᠎ᠢ ᠦᠨᠳᠦᠰᠦᠨ ᠱᠠᠲᠤᠨ᠎ᠳᠤ ᠪᠠᠭᠤᠯᠭᠠᠬᠤ᠎ᠶᠢ ᠠᠬᠢᠭᠤᠯᠤᠨ᠎ᠠ᠃ ᠪᠥᠬᠥ ᠠᠷᠠᠳ᠎ᠤᠨ ᠡᠷᠡᠭᠦᠯ ᠮᠡᠨᠳᠦ᠎ᠶᠢᠨ ᠲᠣᠭᠠᠴᠢᠯᠠᠯᠲᠠ ᠤᠶᠤᠨᠴᠢᠯᠠᠯᠲᠠ ᠵᠢᠨ ᠮᠡᠷᠭᠡᠵᠢᠯ᠎ᠦᠨ ᠴᠢᠬᠤᠯᠠ ᠦᠢᠯᠡᠳᠦᠯ ᠪᠣᠯ ᠴᠠᠭ ᠵᠠᠢ᠎ᠶᠢᠨ ᠬᠢᠵᠠᠭᠠᠷᠯᠠᠯ᠎ᠢ ᠡᠪᠳᠡᠵᠦ᠂ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠋᠎ᠢ ᠰᠢᠭᠤᠳ ᠦᠨᠳᠦᠰᠦᠨ ᠱᠠᠲᠤᠨ᠎ᠳᠤ ᠬᠦᠷᠭᠡᠬᠦ ᠶᠠᠪᠤᠳᠠᠯ ᠪᠣᠯᠣᠨ᠎ᠠ᠃ ᠣᠳᠣᠬᠠᠨ᠎ᠳᠤ ᠠᠯᠤᠰ ᠵᠠᠢ᠎ᠶᠢᠨ ᠡᠮᠴᠢᠯᠡᠭᠡ᠂ ᠣᠶᠤᠨᠲᠤ ᠡᠮᠨᠡᠯᠭᠡ᠎ᠶᠢᠨ ᠬᠣᠷᠢᠶ᠎ᠠ᠂ ᠵᠣᠬᠢᠶᠠᠮᠠᠯ ᠣᠶᠤᠨᠴᠢ᠎ᠪᠡᠷ ᠲᠤᠰᠠᠯᠠᠨ ᠣᠨᠣᠰᠢᠯᠠᠬᠤ ᠵᠡᠷᠭᠡ ᠪᠠᠢᠳᠠᠯ ᠲᠠᠰᠤᠷᠠᠯᠲᠠ ᠦᠭᠡᠢ ᠪᠠᠶᠠᠯᠢᠭᠵᠢᠵᠦ ᠪᠤᠢ᠂ ᠡᠭᠦᠨ᠎ᠳᠦ ᠡᠷᠬᠡᠪᠰᠢ ᠬᠠᠮᠤᠷᠬᠤ ᠥᠷᠭᠡᠴᠡ ᠪᠠ ᠮᠡᠷᠭᠡᠵᠢᠯ᠎ᠦᠨ ᠭᠦᠨᠴᠡ᠎ᠶᠢ ᠨᠡᠮᠡᠭᠳᠡᠭᠦᠯᠵᠦ᠂ ᠠᠯᠤᠰ ᠵᠠᠢ᠎ᠶᠢᠨ ᠡᠮᠴᠢᠯᠡᠭᠡᠨ᠎ᠦ ᠬᠠᠮᠵᠢᠯᠴᠠᠭ᠎ᠠ᠎ᠶᠢᠨ ᠰᠦᠯᠵᠢᠶ᠎ᠡ᠎ᠶᠢ ᠰᠠᠢᠲᠤᠷ ᠪᠠᠢᠭᠤᠯᠤᠨ ᠬᠡᠷᠡᠭᠯᠡᠵᠦ᠂ ᠡᠮᠴᠢᠯᠡᠭᠡᠨ᠎ᠦ ᠮᠠᠰᠢᠨ ᠬᠥᠮᠥᠨ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ᠂ 5G᠂ AR (ᠪᠣᠳᠠᠲᠤ ᠠᠬᠤᠢ᠎ᠵᠢ ᠴᠢᠩᠭᠠᠳᠬᠠᠬᠤ)᠂ VR (ᠵᠢᠱ᠌ᠢᠮᠡᠭ ᠠᠬᠤᠢ ) ᠵᠡᠷᠭᠡ ᠬᠣᠰᠢᠭᠤᠷᠠᠯ ᠮᠡᠷᠭᠡᠵᠢᠯ᠎ᠢ ᠵᠡᠷᠭᠡ᠎ᠪᠡᠷ ᠠᠭᠤᠰᠤᠯᠴᠠᠭᠤᠯᠵᠤ ᠂ ᠡᠬᠢ ᠪᠠᠶᠠᠯᠢᠭ᠋᠎ᠢ ᠳᠣᠷᠣᠭ᠍ᠰᠢ ᠪᠠᠭᠤᠯᠭᠠᠬᠤ 《ᠡᠴᠦᠰ᠎ᠦᠨ ᠨᠢᠭᠡ ᠺᠢᠯᠣᠮᠧᠲᠷ》᠎ᠢ᠋ ᠨᠡᠪᠲᠡᠷᠡᠭᠦᠯᠬᠦ ᠬᠡᠷᠡᠭᠲᠡᠢ᠃ ᠠᠯᠤᠰ ᠡᠵᠡᠮᠰᠢᠯᠲᠦ ᠵᠢᠷᠤᠭ ᠳᠦᠷᠰᠦ᠂ ᠠᠯᠤᠰ ᠡᠵᠡᠮᠰᠢᠯᠲᠦ ᠵᠢᠷᠦᠬᠡᠨ᠎ᠦ ᠴᠠᠬᠢᠯᠭᠠᠨᠪᠢᠴᠢᠯᠭᠡ᠂ ᠠᠯᠤᠰ ᠡᠵᠡᠮᠰᠢᠯᠲᠦ ᠬᠠᠮᠲᠤᠷᠠᠭᠰᠠᠨ ᠣᠨᠣᠰᠢᠯᠠᠭ᠎ᠠ᠎ᠶᠢ ᠬᠣᠰᠢᠭᠤ ᠰᠢᠶᠠᠨ᠎ᠤ ᠡᠮᠴᠢᠯᠡᠭᠡᠨ᠎ᠦ ᠬᠠᠮᠲᠤᠷᠠᠬᠰᠠᠨ ᠴᠣᠭᠴᠠ᠎ᠳᠤ ᠪᠦᠷᠢᠨ ᠪᠦᠷᠬᠦᠭᠦᠯᠬᠦ᠎ᠶᠢ ᠠᠬᠢᠭᠤᠯᠵᠤ᠂ 《ᠦᠨᠳᠦᠰᠦᠨ ᠱᠠᠲᠤᠨ᠎ᠳᠤ ᠪᠠᠢᠴᠠᠭᠠᠯᠲᠠ ᠬᠢᠬᠦ᠂ ᠳᠡᠭᠡᠳᠦ ᠱᠠᠲᠤᠨ᠎ᠳᠤ ᠣᠨᠣᠰᠢᠯᠠᠬᠤ》ᠵᠢ ᠪᠡᠶᠡᠯᠡᠭᠦᠯᠦᠨ᠎ᠡ᠃ ᠵᠣᠬᠢᠶᠠᠮᠠᠯ ᠣᠶᠤᠨ ᠴᠢᠳᠠᠪᠤᠷᠢ᠎ᠶᠢᠨ ᠠᠨᠠᠭᠠᠬᠤ ᠤᠬᠠᠭᠠᠨ᠎ᠤ ᠵᠢᠷᠤᠭ ᠳᠦᠷᠰᠦ᠂ ᠡᠮᠴᠢᠯᠡᠭᠡᠨ᠎ᠦ ᠰᠢᠢᠳᠪᠦᠷᠢᠲᠦ ᠪᠣᠳᠣᠯᠭ᠎ᠠ᠂ ᠤᠵᠢᠭ᠋ ᠡᠪᠡᠳᠴᠢᠨ᠎ᠦ ᠬᠠᠮᠢᠶᠠᠷᠤᠯᠲᠠ᠎ᠳᠡᠬᠢ ᠬᠡᠷᠡᠭᠯᠡᠯᠲᠡ᠎ᠶᠢ ᠥᠷᠭᠡᠳᠬᠡᠵᠦ᠂ ᠡᠮᠦᠰᠴᠦ ᠵᠡᠭᠦᠵᠦ ᠪᠣᠯᠬᠤ ᠲᠥᠬᠦᠭᠡᠷᠦᠮᠵᠢ᠎ᠶᠢ ᠴᠠᠭ ᠲᠤᠬᠠᠢ ᠳ᠋ᠤᠨᠢ ᠬᠢᠨᠠᠨ ᠬᠡᠮᠵᠢᠵᠦ᠂ ᠣᠨᠣᠰᠢᠯᠠᠨ ᠡᠮᠨᠡᠬᠦ ᠣᠨᠣᠪᠴᠢ ᠶᠢᠨ ᠬᠡᠮᠵᠢᠶ᠎ᠡ᠎ᠶᠢ ᠳᠡᠭᠡᠭᠰᠢᠯᠡᠭᠦᠯᠦᠨ᠎ᠡ᠃ 5G+AR/VR᠎ᠢ᠋ ᠠᠯᠤᠰ᠎ᠠᠴᠠ ᠡᠪᠡᠳᠴᠢᠲᠡᠨ᠎ᠦ ᠥᠷᠥᠭᠡ ᠪᠠᠢᠴᠠᠭᠠᠬᠤ᠂ ᠮᠡᠰᠡ ᠵᠠᠰᠠᠯ ᠬᠢᠬᠦ ᠵᠢᠯᠣᠭᠣᠳᠤᠯᠭ᠎ᠠ ᠬᠠᠩᠭᠠᠬᠤ᠂ ᠡᠮᠴᠢᠯᠡᠭᠡᠨ᠎ᠦ ᠮᠠᠰᠢᠨ ᠬᠥᠮᠥᠨᠵᠢᠡᠷ ᠲᠤᠢᠯ᠎ᠤᠨ ᠣᠨᠣᠪᠴᠢᠲᠠᠶ᠎ᠪᠠᠷ ᠠᠵᠢᠯᠯᠠᠬᠤ ᠪᠠ ᠠᠯᠤᠰ᠎ᠠᠴᠠ ᠣᠨᠣᠰᠢᠯᠠᠨ ᠡᠮᠨᠡᠬᠦ ᠳᠦ ᠬᠡᠷᠡᠭᠯᠡᠬᠦ᠎ᠶᠢ ᠠᠬᠢᠭᠤᠯᠤᠨ᠎ᠠ᠃ ᠵᠢᠱ᠌ᠢᠶᠡᠯᠡᠪᠡᠯ᠂ ᠶᠦᠨᠨᠠᠨ ᠮᠤᠵᠢ᠎ᠶᠢᠨ ᠹᠦ ᠸᠠᠢ ᠵᠢᠷᠦᠬᠡ ᠴᠢᠰᠤᠨ ᠰᠤᠳᠠᠯ᠎ᠤᠨ ᠡᠪᠡᠳᠴᠢᠨ᠎ᠦ ᠡᠮᠨᠡᠯᠭᠡ᠎ᠶᠢᠨ ᠬᠣᠷᠢᠶ᠎ᠠ ᠨᠢ ᠤᠯᠤᠰ᠎ᠦᠨ ᠵᠢᠷᠦᠬᠡ ᠴᠢᠰᠤᠨ ᠰᠤᠳᠠᠯ᠎ᠤᠨ ᠡᠪᠡᠳᠴᠢᠨ᠎ᠦ ᠲᠥᠪ᠎ᠲᠠᠢ ᠬᠠᠮᠲᠤᠷᠠᠨ 5G+ ᠣᠯᠠᠨ ᠤᠯᠤᠰ᠎ᠤᠨ ᠲᠤᠰᠬᠠᠢ ᠱᠤᠭᠤᠮ᠎ᠤᠨ ᠮᠡᠳᠡᠭᠡ ᠬᠣᠯᠪᠣᠭᠠᠨ ᠤ ᠮᠡᠷᠭᠡᠵᠢᠯ ᠳᠦ ᠲᠦᠰᠢᠭᠯᠡᠨ ᠮᠠᠨ ᠤ ᠤᠯᠤᠰ᠎ᠤᠨ ᠠᠩᠬᠠᠨ᠎ᠤ ᠡᠭᠦᠳᠦᠯᠲᠡ᠎ᠶᠢᠨ ᠴᠡᠪᠡᠷ ᠬᠡᠲᠦ ᠲᠠᠭᠤᠨ ᠢ ᠬᠥᠲᠥᠯᠥᠨ ᠵᠢᠯᠤᠭᠣᠳᠬᠤ ᠮᠡᠷᠭᠡᠵᠢᠯ᠎ᠦᠨ ᠰᠢᠰᠲᠧᠮ᠎ᠢ ᠬᠡᠷᠡᠭᠯᠡᠨ ᠲᠦᠮᠡᠨ ᠭᠠᠵᠠᠷ᠎ᠤᠨ ᠠᠯᠤᠰ᠎ᠡᠴᠡ ᠵᠢᠷᠦᠬᠡᠨ᠎ᠦ ᠮᠡᠰᠡ ᠵᠠᠰᠠᠯ ᠬᠢᠵᠦ᠂ ᠴᠢᠨᠠᠷ ᠰᠠᠢᠲᠠᠢ ᠡᠮᠴᠢᠯᠡᠭᠡᠨ᠎ᠦ ᠡᠬᠢ ᠪᠠᠶᠠᠯᠢᠭ᠋᠎ᠢ ᠭᠠᠵᠠᠷ ᠵᠦᠢ᠎ᠶᠢᠨ ᠤᠷᠤᠨ ᠵᠠᠢᠠᠯᠤᠰᠯᠠᠨ ᠬᠡᠷᠡᠭᠯᠡᠭᠰᠡᠨ ᠪᠠᠢᠨ᠎ᠠ᠃
ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠴᠦ᠂ ᠰᠠᠨᠠᠭᠠᠴᠢᠯᠠᠭᠠᠲᠤ ᠪᠤᠰᠤ ᠡᠮᠴᠢᠯᠡᠭᠡ᠎ᠵᠢ ᠰᠠᠨᠠᠭᠠᠴᠢᠯᠠᠭ᠎ᠠ᠎ᠲᠠᠢ ᠪᠡᠷ ᠡᠷᠡᠭᠦᠯ ᠮᠡᠨᠳᠦ ᠪᠠᠨ ᠬᠠᠮᠢᠶᠠᠷᠬᠤ ᠳᠠᠢᠰᠢ ᠬᠤᠪᠢᠷᠠᠭᠤᠯᠬᠤ᠎ᠶᠢ ᠪᠡᠶᠡᠯᠡᠭᠦᠯᠦᠨ᠎ᠡ᠃ 《ᠠᠷᠪᠠᠨ ᠲᠠᠪᠤᠳᠤᠭᠠᠷ ᠲᠠᠪᠤᠨ ᠵᠢᠯ》ᠦ᠋ᠨ ᠲᠥᠯᠦᠪᠵᠢᠭᠦᠯᠭᠡ᠎ᠶᠢᠨ ᠬᠦᠲᠦᠯᠪᠦᠷᠢ᠎ᠳᠤ 《ᠡᠪᠡᠳᠴᠢᠨ ᠵᠠᠰᠠᠬᠤ᠎ᠪᠠᠷ ᠭᠣᠣᠯ ᠪᠣᠯᠭᠠᠵᠤ ᠪᠠᠢᠭᠰᠠᠨ ᠢ ᠡᠷᠡᠭᠦᠯ ᠮᠡᠨᠳᠤ᠎ᠪᠡᠷ ᠭᠣᠣᠯ ᠪᠣᠯᠭᠠᠬᠤ ᠲᠡᠢᠰᠢ ᠬᠤᠪᠢᠷᠠᠭᠤᠯᠬᠤ᠎ᠶᠢ ᠠᠬᠢᠭᠤᠯᠤᠨ᠎ᠠ》ᠭᠡᠵᠦ ᠳᠤᠷᠠᠳᠤᠨ ᠭᠠᠷᠭᠠᠪᠠ᠃ ᠲᠣᠭᠠᠴᠢᠯᠠᠯᠲᠠ ᠣᠶᠤᠨᠴᠢᠯᠠᠯᠲᠠ ᠵᠢᠨ ᠮᠡᠷᠭᠡᠵᠢᠯ᠎ᠢ ᠰᠠᠢᠲᠤᠷ ᠬᠡᠷᠡᠭᠯᠡᠬᠦ ᠨᠢ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ᠎ᠶᠢ ᠠᠬᠢᠭᠤᠯᠵᠤ᠂ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢ ᠨᠠᠩ ᠣᠨᠣᠪᠴᠢᠲᠠᠶ᠂ ᠨᠠᠩ ᠥᠨᠳᠥᠷ ᠪᠦᠲᠦᠮᠵᠢᠲᠡᠶ ᠪᠣᠯᠭᠠᠵᠤ᠂ 《ᠰᠠᠨᠠᠭᠠᠴᠢᠯᠠᠭᠠᠲᠤ ᠡᠷᠡᠭᠦᠯ ᠮᠡᠨᠳᠦ》 ᠵᠢᠨ ᠰᠢᠨ᠎ᠡ ᠬᠡᠯᠪᠡᠷᠢ᠎ᠶᠢᠨ ᠦᠢᠯᠡᠴᠢᠯᠡᠭᠡᠨ᠎ᠦ ᠬᠡᠪ ᠵᠠᠭᠪᠤᠷ᠎ᠢ ᠲᠦᠷᠭᠡᠳᠬᠡᠨ ᠪᠣᠶ ᠪᠣᠯᠭᠠᠬᠤ᠎ᠳᠤ ᠠᠰᠢᠭ᠍ᠲᠠᠢ ᠶᠤᠮ᠃ ᠵᠣᠬᠢᠶᠠᠮᠠᠯ ᠣᠶᠤᠨ ᠴᠢᠳᠠᠪᠤᠷᠢ᠂ ᠲᠣᠮᠣ᠌ ᠳ᠋ᠠᠢᠲ᠋ᠠ᠂ ᠦᠢᠯᠡᠴᠢᠯᠡᠭᠡᠨ᠎ᠦ ᠮᠠᠰᠢᠨ ᠬᠥᠮᠥᠨ ᠵᠡᠷᠭᠡ᠎ᠳᠦ ᠲᠦᠰᠢᠭᠯᠡᠨ ᠡᠷᠡᠭᠦᠯ ᠮᠡᠨᠳᠦ᠎ᠶᠢᠨ ᠦᠢᠯᠡᠴᠢᠯᠡᠭᠡ᠎ᠶᠢ ᠡᠪᠡᠳᠴᠢᠨ ᠡᠮᠭᠡᠭ᠎ᠢ ᠡᠮᠨᠡᠨ ᠵᠠᠰᠠᠵᠤ ᠪᠠᠢᠭᠰᠠᠨ᠎ᠠᠴᠠ ᠪᠥᠬᠥ ᠦᠶᠡᠯᠡᠯ᠎ᠦᠨ ᠬᠠᠮᠢᠶᠠᠷᠤᠯᠲᠠ ᠳᠠᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠠᠬᠢᠭᠤᠯᠵᠤ᠂ ᠤᠯᠠᠮᠵᠢᠯᠠᠯᠲᠤ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠬᠡᠰᠡᠭ ᠪᠤᠰᠠᠭ ᠪᠠᠢᠬᠤ᠂ ᠦᠷ᠎ᠡ ᠠᠰᠢᠭ᠋ ᠳᠣᠣᠷ᠎ᠠ ᠪᠠᠢᠬᠤ ᠵᠡᠷᠭᠡ ᠪᠣᠭᠣᠮᠢ᠎ᠶᠢᠨ ᠬᠢᠵᠠᠭᠠᠷᠯᠠᠯ᠎ᠢ ᠰᠢᠢᠳᠪᠦᠷᠢᠯᠡᠨ᠎ᠡ᠃ ᠲᠣᠭᠠᠴᠢᠯᠠᠯᠲᠠ ᠣᠶᠤᠨᠴᠢᠯᠠᠯᠲᠠ ᠵᠢᠨ ᠨᠠᠷᠢᠯᠢᠭ᠋ ᠣᠨᠣᠪᠴᠢᠲᠠᠶ ᠪᠡᠷ ᠡᠵᠡᠮᠳᠡᠬᠦ᠎ᠶᠢ ᠭᠦᠨᠵᠡᠭᠡᠢᠷᠡᠭᠦᠯᠵᠦ᠂ ᠡᠮᠦᠰᠴᠦ ᠵᠡᠭᠦᠬᠦ ᠲᠥᠬᠦᠭᠡᠷᠦᠮᠵᠢ᠂ ᠪᠠᠷᠠᠭᠠᠨ ᠤ ᠰᠦᠯᠵᠢᠶ᠎ᠡ᠎ᠶᠢᠨ ᠦᠵᠦᠭᠦᠷᠯᠢᠭ᠎ᠢᠶᠡᠷ ᠵᠢᠷᠦᠬᠡᠨ᠎ᠦ ᠳᠠᠪᠲᠠᠮᠵᠢ᠂ ᠴᠢᠰᠤᠨ ᠰᠢᠬᠢᠷ᠂ ᠬᠥᠳᠡᠯᠭᠡᠭᠡᠨ ᠵᠡᠷᠭᠡ ᠣᠯᠠᠨ ᠬᠡᠮᠵᠢᠯᠲᠦ ᠲᠣᠭ᠎ᠠ ᠪᠠᠷᠢᠮᠲᠠ᠎ᠶᠢ ᠴᠤᠭᠯᠠᠭᠤᠯᠵᠤ᠂ ᠬᠤᠪᠢ ᠬᠥᠮᠥᠨ᠎ᠦ ᠡᠷᠡᠭᠦᠯ ᠮᠡᠨᠳᠦ᠎ᠶᠢᠨ ᠲᠣᠭᠠᠴᠢᠯᠠᠭᠰᠠᠨ ᠵᠢᠷᠤᠭ ᠳᠦᠷᠰᠦ᠎ᠶᠢ ᠪᠠᠢᠭᠤᠯᠵᠤ᠂ ᠵᠣᠬᠢᠶᠠᠮᠠᠯ ᠣᠶᠤᠨᠴᠢ ᠵᠠᠭᠪᠤᠷ᠎ᠢ ᠠᠰᠢᠭ᠍ᠯᠠᠨ ᠶᠡᠷᠦᠩᠬᠡᠢᠯᠡᠭᠰᠡᠨ ᠡᠷᠡᠭᠦᠯ ᠮᠡᠨᠳᠦ᠎ᠶᠢᠨ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ᠎ᠶᠢ ᠥᠷᠨᠢᠭᠦᠯᠵᠦ᠂ ᠲᠠᠩ ᠴᠤᠯᠭᠤᠢ ᠭᠦᠢᠴᠡᠳᠬᠡᠯ ᠲᠣᠭ᠎ᠠ᠎ᠶᠢᠨ ᠬᠢᠨᠠᠨ ᠰᠢᠨᠵᠢᠯᠲᠡ᠎ᠶᠢ ᠣᠷᠣᠯᠠᠭᠤᠯᠤᠨ᠎ᠠ᠃ ᠵᠢᠱ᠌ᠢᠶᠡᠯᠡᠪᠡᠯ᠂ ᠹᠦᠵᠢᠶᠠᠨ ᠮᠤᠵᠢ᠎ᠶᠢᠨ ᠰᠢᠶᠠᠮᠧᠨ ᠬᠣᠲᠠ ᠲᠣᠭᠠᠴᠢᠯᠠᠭᠰᠠᠨ ᠡᠷᠡᠭᠦᠯ ᠮᠡᠨᠳᠦ᠎ᠶᠢᠨ ᠲᠠᠪᠴᠠᠩ᠎ᠢᠶᠠᠷ ᠤᠵᠢᠭ ᠡᠪᠡᠳᠴᠢᠨ᠎ᠦ ᠲᠣᠭ᠎ᠠ ᠪᠠᠷᠢᠮᠲᠠ᠎ᠶᠢ ᠡᠮᠬᠢᠯᠡᠨ ᠨᠡᠢᠯᠡᠭᠦᠯᠵᠦ᠂ ᠡᠮᠦᠰᠴᠦ ᠵᠡᠭᠦᠬᠦ ᠲᠥᠬᠦᠭᠡᠷᠦᠮᠵᠢ᠎ᠳᠦ ᠲᠦᠰᠢᠭᠯᠡᠨ ᠭᠡᠷ᠎ᠲᠡᠬᠡᠨ ᠬᠢᠨᠠᠨ ᠬᠡᠮᠵᠢᠬᠦ ᠬᠢᠭᠡᠳ ᠵᠣᠬᠢᠶᠠᠮᠠᠯ ᠣᠶᠤᠨᠴᠢ᠎ᠪᠡᠷ ᠮᠥᠷᠳᠡᠨ ᠰᠤᠷᠪᠤᠯᠵᠢᠯᠠᠬᠤ᠎ᠶᠢ ᠥᠷᠨᠢᠭᠦᠯᠵᠦ᠂ ᠤᠵᠢᠭ ᠡᠪᠡᠳᠴᠢᠨ᠎ᠦ ᠬᠠᠮᠢᠶᠠᠷᠤᠯᠲᠠ᠎ᠶᠢᠨ ᠵᠢᠷᠤᠮᠵᠢᠯ᠎ᠤᠨ ᠨᠣᠷᠮ᠎ᠠ ᠬᠢᠭᠡᠳ ᠣᠯᠠᠨ ᠲᠦᠮᠡᠨ᠎ᠦ ᠰᠡᠳᠬᠢᠯ ᠬᠠᠨᠤᠮᠵᠢᠲᠠᠶ ᠪᠠᠢᠬᠤ ᠬᠡᠮᠵᠢᠶ᠎ᠡ ᠵᠢ ᠵᠡᠷᠭᠡ᠎ᠪᠡᠷ ᠳᠡᠭᠡᠭᠰᠢᠯᠡᠪᠡ᠃ ᠡᠮᠴᠢᠯᠡᠭᠡ᠂ ᠡᠮᠴᠢᠯᠡᠭᠡᠨ᠎ᠦ ᠳᠠᠭᠠᠳᠬᠠᠯ᠂ ᠡᠮ ᠡᠮᠨᠡᠯᠭᠡ ᠭᠤᠷᠪᠠ᠎ᠶᠢᠨ ᠬᠠᠮᠵᠢᠯᠴᠠᠬᠤ ᠲᠣᠭᠲᠠᠴᠠ᠎ᠶᠢ ᠪᠦᠷᠢᠨᠰᠢᠭᠦᠯᠵᠦ᠂ ᠲᠣᠭᠠᠴᠢᠯᠠᠯᠲᠠ ᠣᠶᠤᠨᠴᠢᠯᠠᠯᠲᠠ ᠵᠢᠨ ᠪᠠᠭᠠᠵᠢ᠎ᠶᠢ ᠦᠨᠳᠦᠰᠦᠨ ᠱᠠᠲᠤᠨ᠎ᠤ ᠡᠮᠴᠢᠯᠡᠭᠡᠨ᠎ᠦ ᠲᠣᠣᠷ ᠰᠦᠯᠵᠢᠶ᠎ᠡ᠎ᠳᠦ ᠠᠭᠤᠰᠤᠯᠴᠠᠭᠤᠯᠤᠨ᠂ ᠭᠡᠷ ᠪᠦᠯᠢ᠎ᠶᠢᠨ ᠡᠮᠴᠢ᠎ᠶᠢᠨ ᠭᠡᠷ᠎ᠡ ᠲᠣᠭᠲᠠᠬᠤ᠎ᠶᠢ ᠪᠣᠳᠠᠲᠠᠢᠵᠢᠭᠤᠯᠵᠤ᠂ ᠤᠵᠢᠭ᠋ ᠡᠪᠡᠳᠴᠢᠨ᠎ᠦ ᠪᠥᠬᠥ ᠴᠤᠪᠤᠷᠠᠯ᠎ᠤᠨ ᠬᠠᠮᠢᠶᠠᠷᠤᠯᠲᠠ᠎ᠶᠢ ᠰᠢᠯᠢᠳᠡᠭᠵᠢᠭᠦᠯᠦᠨ᠎ᠡ᠃ ᠡᠷᠡᠭᠦᠯ ᠮᠡᠨᠳᠦ ᠵᠢᠨ ᠤᠷᠮᠠᠰᠢᠭᠤᠯᠬᠤ ᠠᠷᠭ᠎ᠠ ᠮᠠᠶᠢᠭ᠋᠎ᠲᠤ ᠰᠢᠨ᠎ᠡ᠎ᠶᠢ ᠡᠭᠦᠳᠴᠦ᠂ ᠡᠷᠡᠭᠦᠯ ᠴᠢᠭᠢᠷᠠᠭ᠎ᠤᠨ ᠬᠤᠪᠢ ᠬᠤᠷᠠᠮᠳᠤᠭᠤᠯᠬᠤ ᠠᠷᠭ᠎ᠠ᠎ᠶᠢ ᠳᠡᠯᠭᠡᠷᠡᠭᠦᠯᠵᠦ᠂ ᠰᠠᠨᠠᠭᠠᠴᠢᠯᠠᠭ᠎ᠠ᠎ᠲᠠᠢ ᠪᠡᠷ ᠡᠷᠡᠭᠦᠯ ᠮᠡᠨᠳᠦ ᠵᠢᠨ ᠰᠣᠶᠣᠯ᠎ᠢ ᠪᠣᠢᠵᠢᠭᠤᠯᠤᠨ᠎ᠠ᠃
ᠲᠣᠭᠠᠴᠢᠯᠠᠯᠲᠠ ᠣᠶᠤᠨᠴᠢᠯᠠᠯᠲᠠ ᠵᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠪᠡᠬᠢᠵᠢᠭᠦᠯᠵᠦ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠦᠨ᠎ᠡ᠃ ᠪᠦᠬᠦ ᠠᠷᠠᠳ᠎ᠤᠨ ᠡᠷᠡᠭᠦᠯ ᠮᠡᠨᠳᠦ᠎ᠶᠢᠨ ᠲᠣᠭᠠᠴᠢᠯᠠᠯᠲᠠ ᠣᠶᠤᠨᠴᠢᠯᠠᠯᠲᠠ ᠵᠢᠨ ᠠᠰᠢᠭ᠋ ᠲᠤᠰᠠ᠎ᠶᠢ ᠪᠠᠳᠠᠷᠠᠭᠤᠯᠬᠤ᠎ᠶᠢᠨ ᠬᠠᠮᠲᠤ ᠳ᠋ᠠᠢᠲ᠋ᠠ᠎ᠶᠢᠨ ᠠᠮᠤᠷ ᠲᠦᠪᠰᠢᠨ᠂ ᠬᠤᠪᠢ᠎ᠶᠢᠨ ᠨᠢᠭᠤᠴᠠ᠎ᠶᠢ ᠬᠠᠮᠠᠭᠠᠯᠠᠬᠤ᠂ ᠪᠤᠳᠤᠬᠤ ᠠᠷᠭ᠎ᠠ ᠵᠢᠨ ᠡᠰᠢ ᠶᠣᠰᠤᠨ᠂ ᠲᠣᠭᠠᠴᠢᠯᠠᠯᠲᠠ ᠵᠢᠨ ᠵᠠᠭᠠᠭ ᠵᠡᠷᠭᠡ ᠲᠠᠯ᠎ᠠ᠎ᠶᠢᠨ ᠠᠶᠤᠯ ᠲᠦᠭᠰᠢᠭᠦᠷᠢ᠎ᠶᠢᠨ ᠬᠡᠮ ᠰᠣᠭᠣᠭ ᠴᠤ᠌ ᠣᠷᠣᠰᠢᠵᠤ ᠪᠤᠢ᠃ ᠬᠥᠭᠵᠢᠯᠲᠡ ᠪᠠ ᠠᠮᠤᠷ ᠲᠦᠪᠰᠢᠨ᠎ᠢ ᠰᠠᠢᠲᠤᠷ ᠨᠢᠭᠡᠳᠦᠯᠲᠡᠢ ᠲᠥᠯᠥᠪᠵᠢᠭᠦᠯᠬᠦ᠎ᠶᠢ ᠪᠠᠷᠢᠮᠲᠠᠯᠠᠵᠤ᠂ ᠡᠷᠡᠭᠦᠯ ᠮᠡᠨᠳᠦ᠎ᠳᠦ ᠲᠣᠬᠢᠷᠠᠬᠤ ᠳ᠋ᠠᠢᠲ᠋ᠠ ᠶᠢᠨ ᠵᠠᠰᠠᠯᠲᠠ᠎ᠶᠢᠨ ᠰᠢᠰᠲᠧᠮ᠎ᠢ ᠲᠡᠭᠦᠯᠳᠡᠷᠵᠢᠭᠦᠯᠬᠦ ᠬᠡᠷᠡᠭᠲᠡᠢ᠃ ᠡᠷᠡᠭᠦᠯ ᠮᠡᠨᠳᠦ᠎ᠶᠢᠨ ᠡᠮᠴᠢᠯᠡᠭᠡᠨ᠎ᠦ ᠳ᠋ᠠᠢᠲ᠋ᠠ ᠶᠢᠨ ᠪᠥᠬᠥ ᠠᠮᠢ ᠨᠠᠰᠤᠨ᠎ᠤ ᠦᠶᠡᠯᠡᠯ᠎ᠦᠨ ᠬᠤᠭᠤᠴᠠᠭᠠᠨ᠎ᠤ ᠠᠮᠤᠷ ᠲᠦᠪᠰᠢᠨ᠎ᠦ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠰᠦᠯᠵᠢᠶᠡᠨ᠎ᠦ ᠠᠮᠤᠷ ᠲᠦᠪᠰᠢᠨ᠂ ᠳ᠋ᠠᠢᠲ᠋ᠠ ᠶᠢᠨ ᠠᠮᠤᠷ ᠲᠦᠪᠰᠢᠨ᠂ ᠬᠤᠪᠢ ᠬᠥᠮᠥᠨ᠎ᠦ ᠮᠡᠳᠡᠭᠡ ᠵᠠᠩᠭᠢ᠎ᠶᠢᠨ ᠬᠠᠮᠠᠭᠠᠯᠠᠯᠲᠠ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠡᠯ᠎ᠡ ᠭᠣᠭᠴᠣᠭ᠎ᠠ᠎ᠶᠢᠨ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠲᠣᠳᠣᠷᠬᠠᠢᠯᠠᠬᠤ ᠬᠡᠷᠡᠭᠳᠡᠢ᠃ ᠠᠨᠠᠭᠠᠬᠤ ᠤᠬᠠᠭᠠᠨ᠎ᠤ ᠶᠣᠰᠣ᠌ ᠰᠤᠷᠲᠠᠬᠤᠨ ᠬᠢᠭᠡᠳ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠶᠣᠰᠣ᠌ ᠰᠤᠷᠲᠠᠬᠤᠨ᠎ᠤ ᠰᠡᠷᠭᠡᠢᠯᠡᠯᠲᠡ ᠶᠢᠨ ᠱᠤᠭᠤᠮ᠎ᠢ ᠪᠠᠲᠤ ᠴᠣᠭᠴᠠᠯᠠᠵᠤ ᠂ ᠡᠷᠡᠭᠦᠯ ᠮᠡᠨᠳᠦ ᠡᠮᠴᠢᠯᠡᠭᠡᠨ᠎ᠦ ᠳ᠋ᠠᠢᠲ᠋ᠠ ᠶᠢᠨ ᠬᠠᠷᠢᠶᠠᠯᠠᠯ ᠬᠢᠭᠡᠳ ᠬᠡᠷᠡᠭᠯᠡᠬᠦ ᠵᠠᠭᠠᠭ ᠬᠢᠵᠠᠭᠠᠷ᠎ᠢ ᠲᠣᠳᠣᠷᠬᠠᠢᠯᠠᠵᠤ ᠂ ᠪᠠᠢᠳᠠᠯ᠎ᠢ ᠮᠡᠳᠡᠵᠦ ᠵᠥᠪᠰᠢᠶᠡᠷᠡᠬᠦ᠂ ᠬᠤᠪᠢ᠎ᠶᠢᠨ ᠨᠢᠭᠤᠴᠠ᠎ᠶᠢ ᠬᠠᠮᠠᠭᠠᠯᠠᠬᠤ ᠵᠡᠷᠭᠡ ᠱᠠᠭᠠᠷᠳᠠᠯᠭ᠎ᠠ᠎ᠶᠢ ᠴᠢᠩᠭᠠᠷᠠᠭᠤᠯᠤᠨ᠂ ᠠᠵᠢᠯᠯᠠᠭᠰᠠᠳ᠎ᠢ ᠬᠥᠲᠥᠯᠥᠨ ᠵᠢᠯᠤᠭᠣᠳᠴᠤ ᠪᠠᠢᠭᠠᠳ ᠠᠵᠢᠯ ᠮᠡᠷᠭᠡᠵᠢᠯ᠎ᠦᠨ ᠶᠣᠰᠣ᠌ ᠰᠤᠷᠲᠠᠬᠤᠨ᠎ᠢ ᠬᠢᠴᠢᠶᠡᠩᠭᠦᠢᠯᠡᠨ ᠰᠠᠬᠢᠭᠤᠯᠤᠨ᠎ᠠ᠃ ᠪᠠᠷᠢᠮᠵᠢᠶ᠎ᠠ᠎ᠶᠢ ᠦᠨᠡᠯᠡᠬᠦ ᠪᠠ ᠬᠢᠨᠠᠨ ᠬᠠᠮᠢᠶᠠᠷᠬᠤ ᠪᠣᠷᠣ᠌ ᠲᠥᠯᠥᠪ᠎ᠢ ᠪᠠᠢᠭᠤᠯᠵᠤ᠂ ᠵᠣᠬᠢᠶᠠᠮᠠᠯ ᠣᠶᠤᠨᠴᠢ᠎ᠪᠡᠷ ᠲᠤᠰᠠᠯᠠᠬᠤ ᠣᠨᠣᠰᠢᠯᠠᠨ ᠡᠮᠨᠡᠬᠦ ᠪᠤᠳᠤᠬᠤ ᠠᠷᠭ᠎ᠠ ᠶᠢ ᠬᠢᠨᠠᠨ ᠬᠠᠷᠭᠤᠭᠤᠯᠬᠤ᠎ᠶᠢ ᠴᠢᠩᠭᠠᠷᠠᠭᠤᠯᠤᠨ᠂ ᠮᠡᠷᠭᠡᠵᠢᠯᠨᠠᠢᠳᠠᠪᠤᠷᠢᠳᠠᠢ᠂ ᠠᠮᠤᠷ ᠲᠦᠪᠰᠢᠨ ᠢᠶᠡᠷ ᠡᠵᠡᠮᠳᠡᠵᠦ ᠪᠣᠯᠬᠤ᠎ᠶᠢ ᠦᠨᠡᠨ ᠬᠦ ᠪᠠᠲᠤᠯᠠᠨ᠎ᠠ᠃ ᠬᠥᠮᠥᠨ ᠮᠠᠰᠢᠨ ᠬᠠᠮᠵᠢᠯᠴᠠᠨ ᠣᠨᠣᠰᠢᠯᠠᠨ ᠡᠮᠨᠡᠬᠦ᠎ᠶᠢ ᠪᠠᠷᠢᠮᠲᠠᠯᠠᠵᠤ᠂ ᠵᠢᠷᠤᠭ ᠳᠦᠷᠰᠦ᠎ᠶᠢ ᠢᠯᠭᠠᠨ ᠲᠠᠨᠢᠬᠤ᠂ ᠲᠣᠭ᠎ᠠ ᠪᠠᠷᠢᠮᠲᠠ᠎ᠶᠢ ᠰᠢᠭ᠌ᠰᠢᠨ ᠪᠠᠢᠴᠠᠭᠠᠬᠤ᠂ ᠲᠦᠭᠰᠢᠭᠦᠷᠢ᠎ᠶᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠵᠢ ᠪᠠᠷᠢᠮᠵᠢᠶᠠᠵᠢᠭᠤᠯᠬᠤ᠂ ᠳᠠᠬᠢᠨ ᠳᠠᠪᠲᠠᠬᠤ ᠴᠢᠨᠠᠷᠲᠠᠢ ᠠᠵᠢᠯ᠎ᠤᠨ ᠳᠤᠮᠳᠠ ᠵᠣᠬᠢᠶᠠᠮᠠᠯ ᠣᠶᠤᠨ ᠴᠢᠳᠠᠪᠤᠷᠢ ᠵᠡᠷᠭᠡ ᠮᠡᠷᠭᠡᠵᠢᠯ᠎ᠢ ᠵᠣᠬᠢᠰᠲᠠᠢ ᠬᠡᠷᠡᠭᠯᠡᠬᠦ᠎ᠶᠢᠨ ᠬᠠᠮᠲᠤ ᠡᠮᠨᠡᠯᠭᠡ᠎ᠶᠢᠨ ᠠᠵᠢᠯᠲᠠᠳ᠎ᠤᠨ ᠶᠡᠷᠦᠩᠬᠡᠢᠯᠡᠨ ᠮᠠᠭᠠᠳᠯᠠᠬᠤ᠂ ᠬᠥᠮᠥᠨ ᠨᠡᠢᠭᠡᠮ᠎ᠦᠨ ᠬᠠᠯᠠᠮᠵᠢᠯᠠᠯ ᠵᠡᠷᠭᠡ ᠲᠠᠯ᠎ᠠ᠎ᠶᠢᠨ ᠦᠢᠯᠡᠳᠦᠯ᠎ᠢ ᠴᠢᠬᠤᠯᠠᠴᠢᠯᠠᠵᠤ᠂ ᠮᠡᠷᠭᠡᠵᠢᠯ᠎ᠦᠨ ᠣᠶᠤᠨᠴᠢ ᠴᠢᠨᠠᠷ ᠬᠢᠭᠡᠳ ᠬᠥᠮᠥᠨ ᠨᠡᠢᠭᠡᠮ᠎ᠦᠨ ᠥᠷᠲᠡᠭ᠎ᠦᠨ ᠨᠢᠭᠡᠳᠦᠯ᠎ᠢ ᠦᠨᠡᠨ ᠬᠦ᠌ ᠪᠠᠲᠤᠯᠠᠵᠤ᠂ ᠲᠣᠭᠠᠴᠢᠯᠠᠯᠲᠠ ᠣᠶᠤᠨᠴᠢᠯᠠᠯᠲᠠ ᠵᠢᠨ ᠡᠷᠡᠭᠦᠯᠮᠡᠨᠳᠦ ᠵᠢᠨ ᠬᠥᠭᠵᠢᠯᠳᠡ᠎ᠶᠢ ᠦᠷ᠎ᠡ ᠪᠦᠲᠦᠮᠵᠢ᠎ᠲᠠᠢ ᠮᠥᠷᠲᠡᠭᠡᠨ ᠬᠠᠢᠷ᠎ᠠ ᠬᠠᠯᠠᠮᠵᠢ᠎ᠲᠠᠢ ᠪᠣᠯᠭᠠᠬᠤ ᠬᠡᠷᠡᠭᠲᠠᠢ᠃
(ᠵᠣᠬᠢᠶᠠᠭ᠍ᠴᠢ ᠵᠢᠨ ᠬᠠᠶᠢᠭ᠄ ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶᠢᠨ ᠡᠷᠡᠭᠦᠯ ᠡᠩᠬᠡ ᠳᠤᠮᠳᠠᠳᠤ ᠤᠯᠤᠰ᠎ᠤᠨ ᠰᠤᠳᠤᠯᠭᠠᠨ᠎ᠤ ᠬᠦᠷᠢᠶᠡᠯᠡᠩ )