7 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠶᠠᠪᠤᠭᠳᠠᠪᠠ᠃ ᠶᠡᠬᠡ ᠬᠤᠷᠠᠯ᠎ᠠᠴᠠ ᠪᠦᠬᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯᠲᠠᠨ ᠪᠣᠯᠣᠨ ᠪᠦᠬᠦ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢ ᠬᠥᠬᠢᠭᠦᠯᠦᠨ ᠰᠠᠢᠰᠢᠶᠠᠪᠠ᠃ ᠥᠪᠥᠷ ᠮᠣᠩᠭᠣᠯ᠎ᠤᠨ 7 ᠬᠤᠪᠢ ᠬᠥᠮᠥᠨ ᠪᠠ 6 ᠬᠠᠮᠲᠤ ᠬᠥᠬᠢᠭᠦᠯᠦᠯ ᠭᠥᠷᠳᠡᠪᠡ᠃
ᠡᠭᠦᠨ᠎ᠳᠦ᠂ ᠠᠯᠠᠱᠠ ᠪᠠᠷᠠᠭᠤᠨ ᠬᠣᠰᠢᠭᠤᠨ᠎ᠤ ᠲᠠᠩᠰᠤᠭᠪᠤᠯᠠᠭ ᠰᠤᠮᠤ᠎ᠶᠢᠨ ᠡᠩᠭᠡᠷᠡᠤᠰᠤ ᠭᠠᠴᠠᠭᠠᠨ᠎ᠤ ᠮᠠᠯᠴᠢᠨ ᠨᠢᠮ᠎ᠠ᠂ ᠥᠪᠥᠷ ᠮᠣᠩᠭᠣᠯ᠎ᠤᠨ ᠨᠢᠭᠡᠳᠦᠭᠡᠷ ᠮᠧᠬᠠᠨᠢᠭ᠋᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠳᠥᠷᠪᠡᠳᠦᠭᠡᠷ ᠬᠤᠪᠢᠶᠠᠷᠢ ᠺᠣᠮᠫᠠᠨᠢ᠎ᠶᠢᠨ ᠲᠣᠭᠠᠴᠢᠯᠠᠭᠰᠠᠨ ᠡᠵᠡᠮᠳᠡᠯ᠎ᠤᠨ ᠮᠠᠰᠢᠨ ᠲᠡᠷᠭᠡᠨ᠎ᠦ ᠠᠵᠢᠯᠴᠢᠨ᠂ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠠᠵᠤ ᠦᠢᠯᠡᠳᠪᠦᠷᠢ᠎ᠶᠢᠨ ᠪᠦᠯᠦᠭᠯᠡᠯ᠎ᠦᠨ ᠲᠡᠷᠢᠭᠦᠨ ᠮᠠᠰᠲᠧᠷ ᠵᠣᠣ ᠵᠢᠩ᠂ ᠬᠥᠬᠡᠬᠣᠲᠠ᠎ᠶᠢᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠎ᠶᠢᠨ ᠡᠮᠦᠨ᠎ᠡ ᠬᠣᠶᠠᠳᠤᠭᠠᠷ ᠲᠣᠭᠣᠷᠢᠯ ᠵᠠᠮ᠎ᠤᠨ ᠭᠠᠯ ᠰᠡᠷᠭᠡᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡ᠎ᠶᠢᠨ ᠳᠠᠷᠤᠭ᠎ᠠ ᠪᠠᠭᠠᠲᠤᠷ ᠪᠥᠬᠥ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠎ᠦ ᠢᠷᠠᠭᠤ ᠠᠯᠳᠠᠷ᠎ᠢ ᠭᠥᠷᠳᠡᠪᠡ᠃ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠮᠡᠳᠡᠭᠡ ᠵᠠᠩᠭᠢ᠎ᠶᠢᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶᠠᠨ᠎ᠤ ᠭᠡᠰᠢᠭᠦᠨ᠂ ᠷᠠᠳᠠᠷ ᠮᠡᠷᠭᠡᠵᠢᠯ᠎ᠦᠨ ᠰᠤᠳᠤᠯᠭᠠᠨ᠎ᠤ ᠭᠠᠵᠠᠷ᠎ᠤᠨ ᠨᠠᠮ᠎ᠤᠨ ᠡᠭᠦᠷ᠎ᠦᠨ ᠱᠦᠵᠢ ᠲᠠᠨ ᠸᠧᠢ ᠰᠢᠶᠠᠨ᠂ ᠵᠠᠷᠤᠳ ᠬᠣᠰᠢᠭᠤᠨ᠎ᠤ ᠪᠠᠶᠠᠨᠲᠠᠯ᠎ᠠ ᠰᠤᠮᠤ᠎ᠵᠢᠨ ᠪᠠᠷᠠᠭᠤᠨ ᠪᠠᠶᠠᠨᠲᠠᠯ᠎ᠠ ᠲᠣᠰᠬᠣᠨ᠎ᠤ ᠨᠠᠮ᠎ᠤᠨ ᠡᠭᠦᠷ᠎ᠦᠨ ᠱᠦᠵᠢ᠂ ᠲᠣᠰᠬᠣᠨ᠎ᠤ ᠵᠥᠪᠯᠡᠯ᠎ᠦᠨ ᠡᠷᠬᠢᠯᠡᠭᠴᠢ ᠾᠧ ᠱᠧᠩ ᠵᠢᠶᠦ᠋ᠨ᠂ ᠦᠬᠠᠢ ᠬᠣᠲᠠ᠎ᠶᠢᠨ ᠤᠳᠠ᠎ᠵᠢᠨ ᠲᠤᠬᠤᠢ ᠲᠣᠭᠣᠷᠢᠭ᠋᠎ᠤᠨ ᠪᠠᠶᠠᠨᠰᠠᠢᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯ᠎ᠤᠨ ᠬᠤᠷᠢᠶ᠎ᠠ ᠵᠢᠨ ᠱᠦᠵᠢ᠂ ᠨᠠᠮ᠎ᠤᠨ ᠬᠡᠰᠢᠬᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠸᠠᠩ ᠭᠠᠢ ᠮᠧᠶ᠂ ᠳᠤᠮᠳᠠᠳᠤ ᠤᠯᠤᠰ᠎ᠤᠨ ᠦᠢᠯᠡᠳᠪᠦᠷᠢ ᠬᠤᠳᠠᠯᠳᠤᠭᠠᠨ᠎ᠤ ᠪᠠᠩᠬᠢ᠎ᠶᠢᠨ ᠥᠪᠥᠷ ᠮᠣᠩᠭᠣᠯ᠎ᠤᠨ ᠬᠥᠯᠥᠨ ᠪᠣᠶ᠋ᠢᠷ ᠬᠤᠲᠠ ᠵᠢᠨ ᠾᠧ ᠳ᠋ᠦᠩ ᠰᠠᠯᠪᠤᠷᠢ ᠪᠠᠩᠬᠢ᠎ᠶᠢᠨ ᠨᠠᠮ᠎ᠤᠨ ᠡᠭᠦᠷ᠎ᠦᠨ ᠱᠦᠵᠢ᠂ ᠪᠠᠩᠬᠢ᠎ᠶᠢᠨ ᠳᠠᠷᠤᠭ᠎ᠠ ᠸᠠᠩ ᠶᠠ ᠷᠦᠩ ᠪᠥᠬᠥ ᠤᠯᠤᠰ᠎ᠤᠨ ᠰᠢᠯᠢᠳᠡᠭ ᠨᠠᠮ᠎ᠤᠨ ᠠᠵᠢᠯᠲᠠᠨ᠎ᠤ ᠢᠷᠠᠭᠤ ᠠᠯᠳᠠᠷ᠎ᠤᠨ ᠴᠣᠯᠠ᠎ᠶᠢ ᠭᠥᠷᠳᠡᠪᠡ᠃
ᠮᠠᠨᠵᠤᠤᠷ ᠬᠣᠲᠠ᠎ᠶᠢᠨ ᠰᠢᠨ ᠺᠠᠢ ᠾᠧ ᠪᠠᠯᠭᠠᠰᠤᠨ᠎ᠤ ᠡᠯ ᠺᠠ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠂ ᠬᠢᠨᠭᠭᠠᠨ ᠠᠢᠮᠠᠬ ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠴᠠᠷᠠᠰᠤᠨ ᠪᠠᠯᠭᠠᠰᠤᠨ᠎ᠤ ᠴᠠᠷᠠᠰᠤᠨ ᠭᠠᠴᠠᠭᠠᠨ᠎ᠤ ᠨᠠᠮ᠎ᠤᠨ ᠡᠭᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠲᠤᠯᠭᠠᠨ ᠪᠠ ᠬᠡᠷᠡᠭᠯᠡᠭᠡᠨ᠎ᠦ ᠲᠥᠪ (ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠰᠡᠳᠬᠦᠯ᠎ᠦᠨ ᠬᠣᠷᠢᠶ᠎ᠠ) ᠤ᠋ᠨ ᠨᠠᠮ᠎ᠤᠨ ᠡᠭᠦᠷ᠂ ᠤᠯᠠᠭᠠᠨᠬᠠᠲᠠ ᠬᠤᠲᠠ ᠵᠢᠨ ᠬᠡᠰᠢᠭᠲᠡᠨ ᠬᠣᠰᠢᠭᠤᠨ᠎ᠤ ᠸᠠᠨ ᠾᠧ ᠶᠦᠩ ᠪᠠᠯᠭᠠᠰᠤᠨ᠎ᠤ ᠭᠤᠸᠠᠨ ᠳ᠋ᠦᠩ ᠴᠧ ᠲᠣᠰᠬᠣᠨ᠎ᠤ ᠨᠠᠮ᠎ᠤᠨ ᠶᠡᠷᠦᠩᠬᠡᠢ ᠡᠭᠦᠷ᠂ ᠰᠢᠯᠢ ᠵᠢᠨ ᠭᠤᠤᠯ ᠠᠢᠮᠠᠬ᠎ᠤᠨ ᠰᠢᠯᠢᠩᠬᠣᠲᠠ᠎ᠶᠢᠨ ᠴᠢᠭᠤᠯᠭᠠᠨ ᠵᠡᠭᠡᠯᠢ ᠭᠤᠳᠤᠮᠵᠢ᠎ᠶᠢᠨ ᠠᠢ ᠮᠢᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ᠂ ᠥᠪᠥᠷ ᠮᠣᠩᠭᠣᠯ᠎ᠤᠨ ᠰᠢᠩ ᠳᠠ ᠶᠠᠩ ᠭᠤᠸᠠᠩ ᠠᠵᠤ ᠦᠢᠯᠡᠰ (ᠪᠦᠯᠦᠭᠯᠡᠯ) ᠤ᠋ᠨ ᠬᠢᠵᠠᠭᠠᠷᠲᠤ ᠺᠣᠮᠫᠠᠨᠢ᠎ᠶᠢᠨ ᠨᠠᠮ᠎ᠤᠨ ᠬᠣᠷᠢᠶ᠎ᠠ ᠪᠥᠬᠥ ᠤᠯᠤᠰ᠎ᠤᠨ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠢᠷᠠᠭᠤ ᠠᠯᠳᠠᠷ᠎ᠢ ᠭᠥᠷᠳᠡᠪᠡ᠃