ᠤᠢᠷ᠎ᠠ᠎ᠶᠢᠨ ᠡᠳᠦᠷ᠂ ᠪᠦᠬᠦ᠌ ᠣᠷᠣᠨ᠎ᠤ ᠬᠣᠶᠠᠳᠤᠭᠠᠷ ᠪᠦᠯᠦᠭ᠎ᠦᠨ 《ᠵᠣᠬᠢᠶᠠᠮᠠᠯ ᠤᠶᠤᠨ ᠴᠢᠳᠠᠪᠤᠷᠢ + 》 ᠠᠬᠤᠢ ᠦᠵᠡᠭᠳᠡᠯ ᠤᠨ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠬᠥᠬᠡᠬᠣᠲᠠ᠎ᠳᠤ ᠶᠠᠪᠤᠭᠳᠠᠵᠦ᠂ ᠪᠥᠬᠥ᠌ ᠣᠷᠣᠨ ᠤ ᠬᠣᠶᠠᠳᠤᠭᠠᠷ ᠪᠦᠯᠦᠭ ᠦᠨ 200 ᠬᠤᠪᠢ ᠵᠣᠬᠢᠶᠠᠮᠠᠯ ᠣᠶᠤᠨ ᠴᠢᠳᠠᠪᠤᠷᠢ᠎ᠶᠢᠨ ᠬᠡᠷᠡᠭᠴᠡᠭᠡ ᠱᠠᠭᠠᠷᠳᠠᠯᠭ᠎ᠠ ᠪᠠ ᠠᠬᠤᠢ ᠦᠵᠡᠭᠳᠡᠯ ᠤᠨ ᠴᠢᠳᠠᠮᠵᠢ᠎ᠶᠢᠨ ᠨᠠᠷᠢᠨ ᠲᠠᠩᠰᠠ᠎ᠶᠢ ᠲᠥᠪᠯᠡᠷᠡᠭᠦᠯᠦᠨ ᠨᠡᠶ᠋ᠢᠲᠡᠯᠡᠵᠠᠢ᠃
ᠲᠣᠰ ᠤᠳᠠᠭᠠᠨ᠎ᠤ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ ᠨᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠨᠡᠶ᠋ᠢᠭᠡᠮ᠎ᠦᠨ ᠵᠠᠰᠠᠯᠲᠠ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠵᠡᠷᠭᠡ ᠭᠤᠷᠪᠠᠨ ᠭᠤᠤᠯᠳᠠᠯᠭ᠎ᠠ᠎ᠲᠠᠶ ᠬᠦᠷᠢᠶ᠎ᠡ᠎ᠲᠡᠶ ᠨᠢᠭᠲᠠ ᠤᠶᠠᠯᠳᠤᠭᠤᠯᠵᠠᠢ᠃ ᠨᠠᠷᠢᠨ ᠲᠠᠩᠰᠠ᠎ᠨᠢ ᠡᠮ ᠡᠮᠨᠡᠯᠭᠡ ᠡᠷᠡᠭᠦᠯ ᠮᠡᠨᠳᠦ᠂ ᠡᠮᠴᠢᠯᠡᠭᠡᠨ ᠦ ᠳᠠᠭᠠᠳᠬᠠᠯ᠎ᠤᠨ ᠦᠢᠯᠡᠴᠢᠯᠡᠭᠡ᠂ ᠨᠠᠰᠤᠵᠢᠯ᠎ᠤᠨ ᠦᠢᠯᠡᠴᠢᠯᠡᠭᠡ᠂ ᠠᠮᠢ ᠠᠬᠤᠶ᠎ᠶᠢᠨ ᠵᠠᠰᠠᠯᠲᠠ᠂ ᠵᠠᠮ ᠬᠠᠷᠢᠯᠴᠠᠭ᠎ᠠ ᠪᠠᠷᠠᠭᠠᠨ᠎ᠤ ᠭᠦᠢᠯᠭᠡᠭᠡ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ᠂ ᠭᠠᠮᠰᠢᠭ᠎ᠤᠨ ᠪᠠᠴᠢᠮ ᠪᠠᠶ᠋ᠢᠳᠠᠯ᠎ᠢ ᠠᠷᠭᠠᠴᠠᠭᠠᠬᠤ᠂ ᠬᠤᠳᠠᠯᠳᠤᠨ ᠠᠪᠬᠤ᠎ᠶᠢᠨ ᠳᠠᠭᠠᠭᠠᠴᠢᠯᠠᠯᠲᠠ ᠵᠠᠷᠯᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠵᠠᠬᠢᠳᠠᠯ ᠰᠤᠷᠪᠤᠯᠵᠢᠯᠠᠯ᠎ᠢ ᠰᠢᠢᠳᠪᠦᠷᠢᠯᠡᠬᠦ᠌᠂ ᠥᠨᠳᠥᠷ ᠪᠠᠷᠢᠮᠵᠢᠶᠠᠲᠤ᠌ ᠲᠠᠷᠢᠶᠠᠨ ᠭᠠᠵᠠᠷ᠎ᠤᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠠᠮᠢᠶᠠᠷᠤᠯᠲᠠ᠂ ᠵᠠᠰᠠᠭ᠎ᠤᠨ ᠶᠠᠪᠤᠳᠠᠯ ᠤᠨ ᠦᠢᠯᠡᠴᠢᠯᠡᠭᠡ ᠵᠡᠷᠭᠡ ᠵᠠᠩᠭᠢᠯᠠᠭ᠎ᠠ᠎ᠶᠢᠨ ᠠᠬᠤᠢ ᠦᠵᠡᠭᠳᠡᠯ᠎ᠢ ᠥᠷᠭᠡᠨ ᠢᠶᠡᠷ ᠬᠠᠮᠤᠷᠴᠤ᠌᠂ ᠣᠯᠠᠨ ᠲᠦᠮᠡᠨ᠎ᠦ ᠠᠩᠬᠠᠷᠴᠤ᠌ ᠪᠠᠶ᠋ᠢᠭ᠎ᠠ ᠵᠦᠢᠯ ᠳᠦ ᠰᠢᠭᠤᠳ ᠬᠠᠨᠳᠤᠭᠤᠯᠤᠭᠰᠠᠨ ᠢᠶᠠᠷ ᠪᠠᠷᠠᠬᠤ ᠥᠬᠡᠶ ᠪᠠᠰᠠ ᠵᠠᠰᠠᠭ᠎ᠤᠨ ᠣᠷᠳᠣᠨ᠎ᠤ ᠵᠠᠰᠠᠯᠲᠠ ᠶᠢᠨ ᠣᠳᠣᠬᠢᠴᠢᠯᠠᠯᠲᠠ᠎ᠳᠤ ᠬᠦᠴᠦᠨ ᠨᠡᠮᠡᠷᠢᠯᠡᠵᠦ᠂ ᠣᠷᠣᠨ᠎ᠤ ᠳᠣᠲᠣᠨ᠎ᠠ ᠭᠠᠳᠠᠨᠠᠬᠢ ᠵᠣᠬᠢᠶᠠᠮᠠᠯ ᠣᠶᠤᠨ ᠴᠢᠳᠠᠪᠤᠷᠢ᠎ᠶᠢᠨ ᠠᠵᠤ ᠠᠬᠤᠶ᠋ᠢᠯᠠᠯ ᠪᠠ ᠰᠢᠨᠵᠢᠯᠡᠬᠦ᠌ ᠤᠬᠠᠭᠠᠨ᠎ᠤ ᠰᠤᠳᠤᠯᠭᠠᠨ ᠤ ᠪᠠᠶ᠋ᠢᠭᠤᠯᠤᠮᠵᠢ᠎ᠶᠢᠨ ᠥᠪᠥᠷ ᠮᠣᠩᠭᠣᠯ᠎ᠤᠨ 《ᠵᠣᠬᠢᠶᠠᠮᠠᠯ ᠣᠶᠤᠨ ᠴᠢᠳᠠᠪᠤᠷᠢ + 》 ᠠᠬᠤᠢ ᠦᠵᠡᠭᠳᠡᠯ᠎ᠤᠨ ᠪᠠᠶ᠋ᠢᠭᠤᠯᠤᠯᠲᠠ᠎ᠳᠤ ᠣᠷᠣᠯᠴᠠᠬᠤ᠎ᠳᠤ ᠲᠣᠳᠣᠷᠬᠠᠶ 《ᠬᠡᠷᠡᠭᠴᠡᠭᠡ ᠱᠠᠭᠠᠷᠳᠠᠯᠭ᠎ᠠ᠎ᠶᠢᠨ ᠵᠢᠷᠤᠭ 》 ᠪᠤᠯᠤᠨ 《ᠠᠵᠠ ᠲᠣᠬᠢᠶᠠᠯ ᠤᠨ ᠨᠠᠷᠢᠨ ᠳᠠᠨᠭᠰᠠ》 ᠬᠠᠩᠭᠠᠵᠠᠢ᠃
ᠬᠤᠷᠠᠯ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠪᠠᠶ᠋ᠢᠭᠠᠯᠢ᠎ᠶᠢᠨ ᠡᠬᠢ ᠪᠠᠶᠠᠯᠢᠭ᠎ᠤᠨ ᠲᠢᠩᠬᠢᠮ᠂ ᠠᠮᠢ ᠠᠬᠤᠶ ᠣᠷᠴᠢᠨ ᠲᠣᠭᠣᠷᠢᠨ ᠤ ᠲᠢᠩᠬᠢᠮ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠢᠲ᠋ᠠ᠎ᠶᠢᠨ ᠬᠠᠮᠢᠶᠠᠷᠤᠯᠳᠡ᠎ᠶᠢᠨ ᠲᠤᠪᠴᠢᠶ᠎ᠠ᠂ ᠴᠠᠭ ᠠᠭᠤᠷ ᠤᠨ ᠲᠣᠪᠴᠢᠶ᠎ᠠ ᠵᠡᠷᠭᠡ 8 ᠰᠠᠯᠠᠭ᠎ᠠ ᠮᠥᠴᠢᠷ 《ᠵᠣᠬᠢᠶᠠᠮᠠᠯ ᠣᠶᠤᠨ ᠴᠢᠳᠠᠪᠤᠷᠢ + 》 ᠠᠬᠤᠢ ᠦᠵᠡᠭᠳᠡᠯ ᠤᠨ ᠬᠡᠷᠡᠭᠴᠡᠭᠡ ᠱᠠᠭᠠᠷᠳᠠᠯᠭ᠎ᠠ ᠬᠢᠭᠡᠳ ᠨᠠᠶ᠋ᠢᠳᠠᠪᠤᠷᠢᠵᠢᠭᠤᠯᠬᠤ ᠠᠷᠭ᠎ᠠ ᠵᠠᠮ᠎ᠤᠨ ᠲᠤᠬᠠᠶ ᠲᠥᠪᠯᠡᠷᠡᠭᠦᠯᠦᠨ ᠲᠠᠶ᠋ᠢᠯᠤᠮᠵᠢ ᠬᠢᠵᠠᠢ᠃ᠭᠤᠤᠯᠳᠠᠯᠭ᠎ᠠ᠎ᠲᠠᠶ ᠠᠬᠤᠢ ᠦᠵᠡᠭᠳᠡᠯ᠎ᠤᠨ ᠬᠤᠪᠢᠶᠠᠯᠴᠠᠨ ᠡᠳ᠋ᠯᠡᠬᠦ᠌ ᠭᠣᠭᠴᠣᠭ᠎ᠠ᠎ᠳᠤ 5 ᠠᠬᠤᠢ ᠦᠵᠡᠭᠳᠡᠯ᠎ᠤᠨ ᠬᠡᠷᠡᠭᠴᠡᠭᠡ ᠱᠠᠭᠠᠷᠳᠠᠯᠭ᠎ᠠ᠎ᠶᠢᠨ ᠨᠢᠭᠡᠴᠢ ᠡᠴᠡ ᠡᠮ ᠡᠮᠨᠡᠯᠭᠡ ᠡᠷᠡᠭᠦᠯ ᠮᠡᠨᠳᠦ᠂ ᠠᠶᠤᠯᠭᠦᠢ ᠦᠢᠯᠡᠳᠪᠦᠷᠢᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠴᠢᠭᠯᠡᠯ᠎ᠦᠨ ᠲᠣᠭᠣᠷᠢᠨ᠎ᠳᠤ ᠨᠡᠶ᠋ᠢᠲᠡᠯᠢᠭ ᠦᠢᠯᠡᠳᠦᠯᠭᠡ᠂ ᠠᠬᠤᠢ ᠦᠵᠡᠭᠳᠡᠯ᠎ᠤᠨ ᠬᠡᠷᠡᠭᠴᠡᠭᠡ ᠱᠠᠭᠠᠷᠳᠠᠯᠭ᠎ᠠ ᠬᠢᠭᠡᠳ ᠬᠠᠮᠲᠤᠷᠠᠯᠴᠠᠭᠠᠨ᠎ᠤ ᠲᠥᠰᠦᠪᠯᠡᠯ᠎ᠢᠶᠡᠨ ᠬᠤᠪᠢᠶᠠᠯᠴᠠᠵᠠᠢ᠃
ᠲᠣᠰ ᠤᠳᠠᠭᠠᠨ᠎ᠤ ᠰᠣᠨᠢᠨ ᠮᠡᠳᠡᠭᠡ ᠨᠡᠶ᠋ᠢᠲᠡᠯᠡᠬᠦ᠌ ᠬᠤᠷᠠᠯ᠎ᠳᠤ 10 《ᠵᠣᠬᠢᠶᠠᠮᠠᠯ ᠣᠶᠤᠨ ᠴᠢᠳᠠᠪᠤᠷᠢ + 》 ᠬᠠᠮᠲᠤᠷᠠᠯᠴᠠᠭᠠᠨ᠎ᠤ ᠲᠥᠷᠥᠯ ᠵᠦᠢᠯ᠎ᠢ ᠲᠤᠬᠠᠶ᠎ᠶᠢᠨ ᠲᠠᠯᠠᠪᠠᠶ᠎ᠳᠤ ᠲᠥᠪᠯᠡᠷᠡᠭᠦᠯᠦᠨ ᠭᠡᠷ᠎ᠡ ᠲᠣᠭᠲᠠᠵᠤ᠂ ᠠᠵᠢᠯᠲᠠᠨ ᠠᠵᠢᠯᠴᠢᠨ᠎ᠤ ᠡᠷᠡᠭᠦᠯ ᠮᠡᠨᠳᠦ᠎ᠶᠢᠨ AI ᠤᠶᠤᠨᠲᠤ᠌ ᠬᠠᠮᠢᠶᠠᠷᠤᠯᠲᠠ᠂ ᠨᠡᠭᠦᠷᠡᠰᠦ ᠬᠢᠮᠢ᠎ᠶᠢᠨ ᠠᠵᠤ ᠦᠢᠯᠡᠳᠪᠦᠷᠢ᠎ᠶᠢᠨ ᠲᠠᠮᠵᠢᠭᠤᠯᠬᠤ ᠬᠣᠭᠣᠯᠠᠶ᠎ᠶᠢ ᠲᠣᠭᠣᠷᠢᠨ ᠪᠠᠶ᠋ᠢᠴᠠᠭᠠᠬᠤ ᠮᠠᠰᠢᠨ ᠬᠥᠮᠦᠨ ᠵᠡᠷᠭᠡ ᠲᠥᠯᠥᠭᠡᠯᠡᠬᠦ᠌ ᠴᠢᠨᠠᠷᠲᠠᠶ ᠲᠥᠷᠥᠯ ᠵᠦᠢᠯ᠎ᠢ ᠬᠠᠮᠤᠷᠴᠠᠶ᠃ ᠭᠡᠷ᠎ᠡ ᠲᠣᠭᠲᠠᠭᠰᠠᠨ ᠭᠣᠣᠯ ᠴᠣᠭᠴᠠ᠎ᠳᠤ ᠡᠮᠴᠢᠯᠡᠭᠡᠨ᠎ᠦ ᠪᠠᠶ᠋ᠢᠭᠤᠯᠤᠮᠵᠢ᠂ᠰᠢᠨᠵᠢᠯᠡᠬᠦ᠌ ᠤᠬᠠᠭᠠᠨ ᠤ ᠰᠤᠳᠤᠯᠭᠠᠨ᠎ᠤ ᠬᠦᠷᠢᠶᠡᠯᠡᠩ ᠭᠠᠵᠠᠷ᠂ᠲᠠᠭᠠᠭᠤᠯᠤᠬᠴᠢ ᠠᠵᠤ ᠠᠬᠤᠶ᠋ᠢᠯᠠᠯ ᠪᠣᠯᠤᠨ ᠰᠢᠨ᠎ᠡ ᠶᠢ ᠡᠭᠦᠳᠬᠦ᠌ ᠬᠡᠯᠪᠡᠷᠢ ᠶᠢᠨ ᠠᠵᠤ ᠠᠬᠤᠶ᠋ᠢᠯᠠᠯ ᠪᠠᠭᠲᠠᠵᠦ᠂ ᠵᠠᠰᠠᠭ᠎ᠤᠨ ᠣᠷᠳᠣᠨ ᠠᠵᠤ ᠠᠬᠤᠶ᠋ᠢᠯᠠᠯ ᠶᠡᠬᠡ ᠳᠡᠭᠡᠳᠦ ᠰᠤᠷᠭᠠᠭᠤᠯᠢ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠬᠠᠮᠵᠢᠯᠴᠠᠨ ᠠᠬᠢᠭᠤᠯᠬᠤ ᠬᠥᠭᠵᠢᠯᠲᠡ᠎ᠶᠢᠨ ᠪᠠᠶ᠋ᠢᠷᠢᠰᠢᠯ ᠦᠷᠭᠦᠯᠵᠢᠯᠡᠨ ᠭᠦᠨᠵᠡᠭᠡᠶ᠋ᠢᠷᠡᠵᠠᠢ᠃