ᠬᠠᠷ᠎ᠠ ᠬᠥᠷᠥᠰᠥᠳᠤ ᠰᠢᠷᠦᠢ ᠡᠴᠡ ᠬᠦᠨᠡᠰᠦ ᠠᠮᠤ ᠵᠢᠨ ᠬᠡᠰᠢᠭ ᠠᠷᠪᠢᠵᠢᠨ᠎ᠠ
2026-07-31 09:36:13
ᠵᠣᠬᠢᠶᠠᠭ᠍ᠴᠢ᠄
ᠦᠷᠡᠴᠡᠴᠡᠭ ᠰᠤᠷᠤᠶ᠎ᠠ
ᠣᠩᠱᠢᠭ᠍ᠰᠠᠨ ᠣᠳᠠᠭ᠎ᠠ᠄
★★★☆☆

ᠣᠢᠷ᠎ᠠ᠎ᠶᠢᠨ ᠵᠢᠯ᠎ᠡᠴᠡ᠂ ᠵᠠᠯᠠᠢᠳ ᠬᠣᠰᠢᠭᠤ ᠲᠠᠷᠢᠶᠠᠯᠠᠩ᠎ᠤᠨ ᠰᠠᠭᠤᠷᠢ ᠲᠥᠬᠦᠭᠡᠷᠦᠮᠵᠢ᠎ᠶᠢᠨ ᠪᠡᠯᠡ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ 《ᠳᠣᠬᠢᠭᠤᠷ ᠲᠤᠯᠤᠭᠠᠨ ᠣᠲᠣ᠌》 ᠤᠶᠤᠨᠴᠢ ᠴᠢᠬᠢ ᠰᠠᠭᠤᠯᠭᠠᠬᠤ ᠮᠠᠰᠢᠨ᠂ ᠥᠨᠳᠥᠷ ᠬᠤᠷᠳᠤᠴᠠᠲᠤ ᠴᠢᠬᠢ ᠰᠠᠭᠤᠯᠭᠠᠬᠤ ᠮᠠᠰᠢᠨ᠂ ᠲᠠᠷᠢᠶᠠᠯᠠᠩ᠎ᠳᠤ ᠬᠡᠷᠡᠭᠯᠡᠬᠦ ᠵᠢᠯᠣᠭᠣᠴᠢ ᠦᠭᠡᠢ ᠨᠢᠰᠬᠡᠯ ᠵᠡᠷᠭᠡ ᠣᠳᠣᠬᠢᠴᠢᠯᠠᠭᠰᠠᠨ ᠲᠠᠷᠢᠶᠠᠯᠠᠩ᠎ᠤᠨ ᠮᠠᠰᠢᠨ ᠲᠣᠨᠣᠭᠯᠠᠯ᠎ᠢ ᠶᠡᠬᠡ᠎ᠪᠡᠷ ᠣᠷᠣᠭᠤᠯᠤᠨ ᠳᠡᠯᠭᠡᠷᠡᠭᠦᠯᠪᠡ᠃ ᠤᠰᠤᠨ ᠲᠤᠲᠤᠷᠭ᠎ᠠ᠎ᠶᠢᠨ ᠲᠠᠷᠢᠮᠠᠯ᠎ᠤᠨ ᠲᠥᠷᠥᠯ ᠵᠦᠢᠯ᠎ᠦᠨ ᠪᠦᠲᠦᠴᠡ᠎ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠪᠠᠷᠢᠮᠵᠢᠶᠠᠵᠢᠭᠰᠠᠨ᠂ ᠣᠶᠤᠨᠴᠢᠯᠠᠭᠰᠠᠨ ᠳᠠᠷᠢᠬᠤ ᠮᠡᠷᠭᠡᠵᠢᠯ᠎ᠢ ᠲᠦᠭᠡᠮᠡᠯᠵᠢᠭᠦᠯᠵᠦ᠂ ᠪᠦᠬᠦ ᠬᠣᠰᠢᠭᠤᠨ᠎ᠤ ᠤᠰᠤᠨ ᠲᠤᠲᠤᠷᠭ᠎ᠠ ᠲᠠᠷᠢᠵᠤ ᠬᠤᠷᠢᠶᠠᠬᠤ ᠶᠡᠷᠦᠩᠬᠡᠢᠯᠡᠭᠰᠡᠨ ᠮᠠᠰᠢᠨᠴᠢᠯᠠᠯᠲᠠ᠎ᠶᠢᠨ ᠨᠣᠷᠮ᠎ᠠ ᠮᠡᠳᠡᠭᠳᠡᠮ᠎ᠠ ᠳᠡᠭᠡᠭᠰᠢᠯᠡᠵᠦ᠂ ᠲᠠᠷᠢᠶᠠᠯᠠᠩ᠎ᠤᠨ ᠣᠳᠣᠬᠢᠴᠢᠯᠠᠯᠲᠠ᠂ ᠡᠷᠴᠢᠮᠵᠢᠭᠦᠯᠦᠯᠲᠡ᠂ ᠬᠡᠪᠴᠢᠶᠡᠵᠢᠯᠲᠡ᠎ᠶᠢᠨ ᠬᠥᠭᠵᠢᠯᠲᠡ᠎ᠶᠢᠨ ᠠᠯᠬᠤᠴᠠ ᠲᠠᠰᠤᠷᠠᠯᠲᠠ ᠦᠭᠡᠢ ᠲᠦᠷᠭᠡᠳᠪᠡ᠃


398101c4-75f3-4722-8dae-0cfd39f1f1df.png


ᠵᠠᠯᠠᠢᠳ ᠬᠣᠰᠢᠭᠤᠨ᠎ᠤ ᠨᠤᠨ ᠮᠥᠷᠡᠨ ᠰᠢᠶᠠᠩ᠂ ᠬᠣᠯᠪᠣᠭ᠎ᠠ ᠪᠠᠯᠭᠠᠰᠤ ᠵᠡᠷᠭᠡ ᠤᠰᠤᠨ ᠲᠤᠲᠤᠷᠭ᠎ᠠ᠎ᠶᠢᠨ ᠭᠣᠣᠯ ᠭᠠᠷᠤᠯᠲᠠ᠎ᠶᠢᠨ ᠣᠷᠣᠨ᠎ᠳᠤ ᠡᠯ᠎ᠡ ᠲᠥᠷᠥᠯ᠎ᠦᠨ ᠣᠶᠤᠨᠴᠢ ᠲᠠᠷᠢᠶᠠᠯᠠᠩ᠎ᠤᠨ ᠮᠠᠰᠢᠨ ᠨᠠᠭᠠᠰᠢ ᠴᠠᠭᠠᠰᠢ ᠰᠦᠯᠵᠢᠯᠳᠦᠨ ᠥᠨᠳᠥᠷ ᠪᠦᠲᠦᠮᠵᠢᠲᠡᠶ ᠠᠵᠢᠯᠯᠠᠵᠤ᠂ ᠮᠧᠬᠠᠨᠢᠭ᠍ᠵᠢᠭᠰᠠᠨ᠂ ᠣᠶᠤᠨᠴᠢᠯᠠᠭᠰᠠᠨ᠂ ᠣᠳᠣᠬᠢᠴᠢᠯᠠᠭᠰᠠᠨ ᠵᠢᠷᠤᠭ ᠳᠦᠷᠰᠦ ᠤᠨᠴᠠ ᠵᠢᠨ ᠢᠯᠡ ᠬᠠᠷᠠᠭᠳᠠᠨ᠎ᠠ᠃ ᠨᠤᠨ ᠮᠥᠷᠡᠨ ᠰᠢᠶᠠᠩ᠎ᠤᠨ ᠸᠠᠩ ᠢᠦᠢ ᠶᠢᠩ᠎ᠤᠨ ᠬᠢᠨ ᠡᠨᠡ ᠵᠢᠯ 《ᠳᠣᠬᠢᠭᠤᠷ ᠲᠤᠯᠤᠭᠠᠨ ᠣᠲᠣ᠌》 ᠴᠢᠬᠢ ᠰᠠᠭᠤᠯᠭᠠᠬᠤ ᠮᠠᠰᠢᠨ᠎ᠤ᠋ ᠳᠡᠮᠵᠢᠯᠭᠡ᠎ᠳᠦ ᠲᠦᠰᠢᠭᠯᠡᠨ᠂ ᠴᠢᠬᠢ ᠰᠠᠭᠤᠯᠭᠠᠬᠤ ᠠᠵᠢᠯ᠎ᠢ ᠠᠮᠠᠷᠬᠠᠨ ᠪᠡᠶᠡᠯᠡᠭᠦᠯᠵᠦ᠂ ᠨᠢᠭᠡ ᠡᠳᠦᠷ᠎ᠦᠨ ᠴᠢᠬᠢ ᠰᠠᠭᠤᠯᠭᠠᠵᠦ ᠳᠡᠢᠯᠬᠦ ᠬᠡᠮᠵᠢᠶ᠎ᠠ ᠨᠢ 35 ᠮᠦ᠍᠎ᠳᠦ ᠬᠦᠷᠴᠠᠢ᠃ ᠣᠶᠤᠨᠴᠢᠯᠠᠭᠰᠠᠨ ᠲᠠᠷᠢᠶᠠᠯᠠᠩ᠎ᠤᠨ ᠮᠠᠰᠢᠨ᠎ᠤ ᠲᠦᠭᠡᠮᠡᠯᠵᠢᠭᠰᠡᠨ ᠨᠢ ᠥᠩᠭᠡᠷᠡᠭᠰᠡᠨ᠎ᠦ ᠴᠢᠬᠢ ᠰᠠᠭᠤᠯᠭᠠᠬᠤ᠎ᠳᠤ ᠴᠠᠭ ᠬᠦᠴᠦ ᠢᠯᠡᠬᠦᠦ ᠵᠠᠷᠤᠴᠠᠭᠤᠯᠬᠤ᠂ ᠦᠪᠡᠷ᠎ᠤᠨ ᠦᠷᠳᠡᠭ ᠦᠨᠳᠦᠷ ᠪᠠᠢᠭᠰᠠᠨ ᠪᠠᠢᠳᠠᠯ᠎ᠢ ᠲᠤᠢᠯᠪᠤᠷᠢᠲᠠᠢ ᠬᠤᠪᠢᠷᠠᠭᠤᠯᠵᠠᠢ᠃ 《ᠤᠶᠤᠨᠴᠢ ᠳᠣᠬᠢᠭᠤᠷ ᠲᠤᠯᠤᠭᠠᠨ ᠣᠲᠣ᠌ ᠴᠢᠬᠢ ᠰᠠᠭᠤᠯᠭᠠᠬᠤ ᠮᠠᠰᠢᠨ ᠨᠢ ᠲᠣᠰᠣ᠌ ᠠᠷᠪᠢᠯᠠᠬᠤ ᠳᠡᠳᠦᠢ ᠦᠬᠡᠢ ᠬᠥᠮᠥᠨ᠎ᠦ ᠬᠦᠴᠦ᠎ᠵᠢ ᠴᠦ᠍ ᠠᠷᠪᠢᠯᠠᠳᠠᠭ᠂ ᠴᠢᠬᠢ᠎ᠰᠠᠭᠤᠯᠭᠠᠬᠤ ᠨᠢ ᠵᠢᠭᠳᠡ᠂ ᠰᠠᠭᠤᠷᠢ᠎ᠶᠢᠨ ᠬᠣᠭᠣᠷᠣᠨᠳᠣᠬᠢ ᠵᠠᠢ᠎ᠨᠢ ᠪᠡᠷᠢᠮᠵᠢᠶᠠᠵᠢᠭᠰᠠᠨ ᠳᠤᠯᠠᠳᠠ ᠰᠡᠭᠦᠯᠴᠢ᠎ᠶᠢᠨ ᠬᠤᠭᠤᠴᠠᠭᠠᠨ᠎ᠳᠡᠬᠢ ᠤᠷᠭᠤᠴᠠ᠂ ᠤᠨᠠᠯᠲᠠ ᠨᠢ  ᠬᠥᠮᠥᠨ᠎ᠦ ᠬᠦᠴᠦ᠎ᠪᠡᠷ ᠴᠢᠬᠢ ᠰᠠᠭᠤᠯᠭᠠᠭᠰᠠᠨ᠎ᠠᠴᠠ ᠬᠤᠯᠡ ᠥᠨᠳᠥᠷ》 ᠬᠡᠵᠦ ᠸᠠᠩ ᠢᠦᠢ ᠶᠢᠩ ᠠᠰᠢᠭ᠋ ᠲᠤᠰᠠ᠎ᠶᠢ ᠨᠢ ᠬᠡᠯᠠᠪᠠ᠃ ᠬᠣᠯᠪᠣᠭ᠎ᠠ ᠪᠠᠯᠭᠠᠰᠤᠨ᠎ᠤ ᠪᠠᠢ ᠵᠢᠶᠠᠨ ᠫᠢᠩ ᠡᠨᠡ ᠵᠢᠯ 200 ᠮᠦ᠍ ᠤᠰᠤᠨ ᠲᠤᠲᠤᠷᠭ᠎ᠠ ᠳᠠᠷᠢᠵᠤ᠂ ᠵᠢᠯᠣᠭᠣᠴᠢ ᠦᠭᠡᠢ ᠨᠢᠰᠬᠡᠯ᠎ᠢᠶᠡᠷ ᠴᠢᠬᠢ ᠵᠥᠭᠡᠭᠡᠪᠦᠷᠢᠯᠡᠬᠦ ᠪᠥᠬᠥ ᠶᠠᠪᠤᠴᠠ᠎ᠵᠢ ᠥᠨᠳᠥᠷ ᠪᠦᠲᠦᠮᠵᠢᠲᠡᠶ ᠪᠥᠭᠡᠳ ᠳᠥᠭᠥᠮ ᠳᠥᠲᠡ ᠪᠡᠶᠡᠯᠡᠬᠦᠯᠵᠦ᠂ ᠬᠥᠮᠥᠨ᠎ᠦ ᠬᠦᠴᠦ ᠪᠠ ᠪᠣᠳᠠᠰ᠎ᠤᠨ ᠬᠦᠴᠦᠨ᠎ᠢ ᠶᠡᠬᠡ᠎ᠪᠡᠷ ᠠᠷᠪᠢᠯᠠᠨ᠂ ᠨᠠᠩ ᠲᠥᠬᠥᠮ ᠪᠦᠲᠦᠮᠵᠢᠲᠡᠶ ᠪᠣᠯᠭᠠᠵᠡᠢ᠃ ᠵᠠᠯᠠᠢᠳ ᠬᠣᠰᠢᠭᠤᠨ᠎ᠤ ᠺᠠᠩ᠎ᠳ᠋ᠦ᠋ ᠤᠷᠭᠤᠮᠠᠯ᠎ᠤᠨ ᠬᠠᠮᠠᠭᠠᠯᠠᠯᠲᠠ᠎ᠶᠢᠨ ᠲᠤᠰᠬᠠᠢ ᠬᠣᠷᠰᠢᠶ᠎ᠠ ᠥᠨᠳᠥᠷ ᠬᠤᠷᠳᠤᠴᠠᠲᠤ ᠨᠠᠢ᠍ᠮᠠᠨ ᠮᠥᠷ ᠴᠢᠬᠢ ᠰᠠᠭᠤᠯᠭᠠᠬᠤ ᠮᠠᠰᠢᠨ᠎ᠳᠤ ᠲᠦᠰᠢᠭᠯᠡᠨ ᠳᠠᠷᠢᠬᠤ ᠬᠤᠷᠳᠤᠴᠠ᠎ᠪᠠᠨ ᠳᠡᠭᠡᠭᠰᠢᠯᠡᠭᠦᠯᠦᠨ᠂ ᠦᠷ᠎ᠡ ᠠᠰᠢᠭ᠋᠎ᠢᠶᠠᠨ ᠨᠡᠮᠡᠭᠳᠡᠭᠦᠯᠵᠦ᠂ ᠠᠵᠢᠯ᠎ᠤᠨ ᠪᠦᠲᠦᠮᠵᠢ ᠨᠢ ᠥᠩᠭᠡᠷᠡᠭᠰᠡᠨ ᠵᠢᠯ᠎ᠦᠨ ᠬᠢ᠎ᠡᠴᠡ ᠲᠣᠭᠲᠠᠭᠤᠨ᠎ᠢᠶᠠᠷ ᠳᠡᠭᠡᠭᠰᠢᠯᠡᠪᠡ᠃ ᠳᠤᠰ ᠬᠤᠷᠰᠢᠶ᠎ᠠ᠎ᠶᠢᠨ ᠬᠢᠨ ᠵᠦᠩ ᠹᠠ ᠰᠢᠯᠢᠳᠡᠭ ᠲᠤᠲᠤᠷᠭ᠎ᠠ᠎ᠶᠢᠨ ᠦᠷ᠎ᠡ᠎ᠶᠢ ᠨᠠᠷᠢᠨ ᠰᠣᠩᠭᠣᠵᠤ᠂ ᠲᠠᠷᠢᠮᠠᠯ᠎ᠤᠨ ᠲᠠᠯᠠᠪᠠᠢ ᠪᠡᠨ 700 ᠭᠠᠷᠤᠢ ᠮᠦ᠍᠎ᠳᠦ ᠬᠦᠷᠭᠡᠵᠦ᠂ ᠠᠷᠪᠠᠨ ᠡᠳᠦᠷ᠎ᠦᠨ ᠳᠣᠲᠣᠷ᠎ᠠ ᠴᠢᠬᠢ ᠰᠠᠭᠤᠯᠭᠠᠬᠤ ᠪᠦᠬᠦ ᠡᠭᠦᠷᠭᠡ᠎ᠪᠡᠨ ᠪᠡᠶᠡᠯᠡᠭᠦᠯᠵᠦ᠂ ᠨᠠᠮᠤᠷ᠎ᠤᠨ ᠤᠯᠠᠷᠢᠯ᠎ᠤᠨ ᠡᠯᠪᠡᠭ ᠬᠤᠷᠢᠶᠠᠯᠲᠠ ᠣᠯᠬᠤ᠎ᠳᠤ ᠪᠠᠲᠤ ᠰᠠᠭᠤᠷᠢ ᠲᠠᠯᠪᠢᠵᠤ ᠥᠭᠴᠠᠢ᠃


8017a209-dce6-4f0d-a871-772282c2a6b4.png


ᠨᠢᠭᠡ ᠰᠠᠭᠤᠷᠢ ᠨᠢᠯᠬ᠎ᠠ ᠨᠣᠭᠣᠭᠠᠨ ᠳᠠᠷᠢᠶᠡᠨ ᠴᠢᠬᠢ ᠥᠩ ᠰᠢᠮᠡᠯᠢᠭ ᠬᠠᠷ᠎ᠠ ᠬᠥᠷᠥᠰᠥᠨ᠎ᠳᠦ ᠦᠨᠳᠦᠰᠦᠯᠡᠵᠦ᠂ ᠠᠮᠢᠵᠢᠷᠠᠯ᠎ᠤᠨ ᠬᠦᠴᠦᠨ᠎ᠵᠢᠡᠨ ᠪᠢᠯᠬᠠᠭᠤᠯᠤᠨ ᠪᠠᠢᠬᠤ ᠨᠢ ᠭᠤᠶᠤ ᠰᠠᠢᠬᠠᠨ ᠬᠥᠳᠡᠭᠡ ᠵᠢᠨ ᠦᠵᠡᠮᠵᠢ᠎ᠶᠢ ᠵᠢᠷᠤᠭᠯᠠᠳᠠᠭ᠎ᠢᠶᠠᠷ ᠪᠠᠷᠠᠬᠤ ᠦᠭᠡᠢ᠂ ᠨᠡᠩ ᠴᠤ᠌ ᠠᠯᠳᠠᠨ ᠨᠠᠮᠤᠷ᠎ᠤᠨ ᠡᠯᠪᠡᠭ ᠬᠤᠷᠢᠶᠠᠯᠲᠠ᠎ᠶᠢᠨ ᠰᠠᠢᠨ ᠰᠠᠢᠬᠠᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠳᠠᠭ᠃ ᠳᠠᠪᠠᠭᠤᠯᠢᠭ᠋ ᠠᠮᠢ ᠠᠬᠤᠢ᠎ᠶᠢᠨ ᠨᠥᠬᠥᠴᠡᠯ᠂ ᠰᠢᠯᠢᠳᠡᠭ ᠰᠠᠢᠨ ᠡᠭᠦᠯᠳᠡᠷ᠎ᠦᠨ ᠲᠤᠯᠭᠠᠭᠤᠷᠢᠯᠠᠯ ᠪᠣᠯᠣᠨ ᠤᠶᠤᠨᠴᠢ ᠲᠠᠷᠢᠶᠠᠯᠠᠩ᠎ᠤᠨ ᠮᠠᠰᠢᠨ᠎ᠤ ᠴᠢᠳᠠᠪᠬᠢ᠎ᠳᠤ ᠲᠦᠰᠢᠭᠯᠡᠨ᠂ ᠵᠠᠯᠠᠢᠳ ᠬᠣᠰᠢᠭᠤ ᠶᠠᠭ ᠬᠦᠢᠲᠡᠨ ᠭᠠᠵᠠᠷ᠎ᠤᠨ ᠤᠰᠤᠨ ᠲᠤᠲᠤᠷᠭ᠎ᠠ᠎ᠵᠡᠷᠬᠡ ᠣᠨᠴᠠᠯᠢᠭ᠍ᠲᠤ ᠠᠵᠤ ᠦᠢᠯᠡᠰ᠎ᠢ ᠦᠷᠭᠦᠯᠵᠢᠯᠡᠨ ᠬᠦᠭᠵᠢᠬᠦᠯᠦᠨ ᠪᠤᠵᠠᠭᠠᠢᠷᠠᠭᠤᠯᠵᠦ ᠪᠠᠢᠨ᠎ᠠ᠃ ᠮᠡᠳᠡᠬᠡᠵᠢ ᠪᠡᠷ᠂ 2025 ᠣᠨ᠎ᠳᠤ᠂ ᠵᠠᠯᠠᠢᠳ ᠬᠣᠰᠢᠭᠤᠨ᠎ᠤ ᠠᠮᠤ ᠪᠤᠳᠠᠭᠠᠨ᠎ᠤ ᠶᠡᠷᠦᠩᠬᠡᠢ ᠤᠨᠠᠯᠲᠠ 50.64 ᠳ᠋ᠦᠩᠰᠢᠭᠤᠷ ᠵᠢᠩ᠎ᠳᠦ ᠬᠦᠷᠴᠦ᠂ 2024ᠤᠨ᠎ᠤ ᠬᠢ᠎ᠡᠴᠡ 2.3% ᠪᠡᠷ ᠨᠡᠮᠡᠭᠳᠡᠵᠦ᠂ ᠠᠮᠤ ᠪᠤᠳᠠᠭᠠᠨ᠎ᠤ ᠦᠢᠯᠡᠳᠪᠦᠷᠢᠯᠡᠯ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ》 ᠠᠮᠵᠢᠯᠳᠠ ᠳᠠᠢ᠃ 

ᠳᠤᠰ ᠬᠣᠰᠢᠭᠤ ᠬᠠᠷ᠎ᠠ ᠬᠦᠷᠦᠰᠦᠳᠤ ᠲᠠᠷᠢᠶᠠᠨ ᠭᠠᠵᠠᠷ᠎ᠤᠨ ᠬᠠᠮᠠᠭᠠᠯᠠᠯᠲᠠ᠎ᠶᠢ ᠢᠮᠠᠭᠲᠠ ᠲᠠᠷᠢᠶᠠᠯᠠᠩ᠎ᠤᠨ ᠬᠥᠭᠵᠢᠯᠲᠡ᠎ᠶᠢᠨ ᠦᠨᠳᠦᠰᠦᠨ ᠬᠣᠷᠢᠭ᠎ᠠ ᠱᠤᠭᠤᠮ ᠪᠣᠯᠭᠠᠵᠤ᠂ ᠪᠦᠬᠦ ᠬᠤᠰᠢᠭᠤᠨ᠎ᠤ ᠱᠠᠲᠤᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠤᠷᠰᠢᠯᠲᠠ᠎ᠶᠢᠨ ᠴᠡᠭ᠎ᠦᠨ ᠪᠦᠲᠦᠭᠡᠨ ᠪᠠᠢᠭᠤᠯᠤᠯᠲᠠ᠎ᠶᠢ ᠯᠠᠪᠳᠠᠭᠤᠨ᠎ᠢᠶᠠᠷ ᠠᠬᠢᠭᠤᠯᠵᠤ᠂ ᠪᠥᠬᠥ ᠣᠷᠣᠨ ᠪᠦᠰᠡ᠎ᠳᠦ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ᠎ᠶᠢ ᠬᠡᠷᠡᠭᠵᠢᠭᠦᠯᠪᠡ᠃ 2025 ᠣᠨ᠎ᠳᠤ᠂ ᠪᠥᠬᠥ ᠬᠣᠰᠢᠭᠤᠨ᠎ᠤ ᠬᠠᠷ᠎ᠠ ᠬᠥᠷᠥᠰᠥᠲᠦ ᠳᠠᠷᠢᠶᠡᠨ ᠭᠠᠵᠠᠷ ᠲᠤ᠌ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ᠎ᠶᠢ 263.5 ᠲᠦᠮᠡᠨ ᠮᠦ᠍ ᠨᠠᠢᠳᠠᠪᠤᠷᠢᠵᠢᠭᠤᠯᠵᠤ᠂ 63 ᠲᠦᠮᠡᠨ ᠮᠦ᠍ ᠭᠠᠵᠠᠷ᠎ᠢ ᠤᠷᠪᠠᠭᠤᠯᠤᠨ ᠲᠡᠭᠰᠢᠯᠡᠵᠦ᠂ 26 ᠲᠦᠮᠡᠨ ᠮᠦ᠍ ᠲᠠᠷᠢᠶᠠᠨ ᠭᠠᠵᠠᠷ᠎ᠢ ᠡᠭᠡᠯᠵᠢᠯᠡᠨ ᠳᠠᠷᠢᠵᠤ᠂ 《ᠵᠠᠯᠠᠢᠳ᠎ᠤᠨ ᠵᠠᠭᠪᠤᠷ》᠎ᠤᠨ ᠬᠠᠮᠠᠭᠠᠯᠠᠯᠲᠠ᠎ᠶᠢᠨ ᠴᠢᠨᠠᠷᠲᠠᠢ ᠲᠠᠷᠢᠶᠠᠯᠠᠬᠤ ᠲᠤᠷᠰᠢᠯᠭ᠎ᠠ ᠵᠢ ᠪᠤᠢ ᠪᠤᠯᠭᠠᠵᠤ᠂ ᠥᠩᠭᠡᠷᠡᠭᠰᠡᠨ᠎ᠦ ᠨᠢᠮᠭᠡᠷᠡᠭᠰᠡᠨ᠂ ᠬᠠᠲᠠᠭᠤᠷᠠᠭᠰᠠᠨ ᠳᠠᠷᠢᠶᠡᠨ ᠭᠠᠵᠠᠷ᠎ᠢ ᠵᠥᠭᠡᠯᠡᠷᠡᠬᠦᠯᠬᠦ ᠵᠡᠷᠭᠡ ᠠᠮᠢ ᠠᠬᠤᠢ᠎ᠶᠢᠨ ᠬᠤᠪᠢᠷᠠᠯᠲᠠ᠎ᠶᠢ ᠠᠯᠬᠤᠮ ᠠᠯᠬᠤᠮ᠎ᠢᠶᠠᠷ ᠪᠡᠶᠡᠯᠡᠭᠦᠯᠵᠦ᠂ ᠲᠠᠷᠢᠶᠠᠨ ᠭᠠᠵᠠᠷ᠎ᠤᠨ ᠶᠠᠰᠤ ᠴᠢᠨᠠᠷ ᠲᠣᠭᠲᠠᠭᠤᠨ᠎ᠢᠶᠠᠷ ᠳᠡᠭᠡᠭᠰᠢᠯᠡᠨ᠂ ᠠᠮᠤ ᠪᠤᠳᠠᠭᠠᠨ᠎ᠤ ᠤᠨᠠᠯᠲᠠ ᠲᠣᠭᠲᠠᠭᠤᠨ᠎ᠢᠶᠠᠷ ᠨᠡᠮᠡᠭᠳᠡᠬᠦ᠎ᠳᠦ ᠰᠠᠢᠨ ᠲᠠᠷᠢᠶᠠᠨ ᠭᠠᠵᠠᠷ᠎ᠤᠨ ᠰᠠᠭᠤᠷᠢ᠎ᠶᠢ ᠪᠡᠬᠢᠵᠢᠭᠦᠯᠪᠡ᠃ ᠪᠥᠬᠥ ᠬᠣᠰᠢᠭᠤᠨ᠎ᠤ ᠠᠮᠤ ᠪᠤᠳᠠᠭ᠎ᠠ ᠳᠠᠷᠢᠬᠤ ᠲᠠᠯᠠᠪᠠᠶ᠎ᠶᠢ ᠦᠷᠭᠦᠯᠵᠢᠯᠡᠨ 550 ᠲᠦᠮᠡᠨ ᠮᠦ᠍᠎ᠡᠴᠡ ᠳᠡᠭᠡᠭᠰᠢ ᠲᠣᠭᠲᠠᠪᠤᠷᠢᠵᠢᠭᠤᠯᠵᠤ᠂ ᠡᠭᠦᠨ᠎ᠳᠦ ᠡᠷᠳᠡᠨᠢ ᠰᠢᠰᠢ ᠳᠠᠷᠢᠬᠤ ᠲᠠᠯᠠᠪᠠᠶ 43.73 ᠲᠦᠮᠡᠨ ᠮᠦ᠍᠂ ᠤᠰᠤᠨ ᠲᠤᠲᠤᠷᠭ᠎ᠠ 69.51 ᠲᠦᠮᠡᠨ ᠮᠦ᠍᠂ ᠰᠢᠷ᠎ᠠ ᠪᠤᠷᠴᠠᠭ 52.15 ᠲᠦᠮᠡᠨ ᠮᠦ᠍᠎ᠳᠦ ᠬᠦᠷᠴᠦ᠂ ᠡᠷᠳᠡᠨᠢ ᠰᠢᠰᠢ᠎ᠪᠡᠷ ᠭᠣᠣᠯ ᠪᠣᠯᠭᠠᠨ᠂ ᠤᠰᠤᠨ ᠲᠤᠲᠤᠷᠭ᠎ᠠ᠎ᠪᠠᠷ ᠣᠨᠴᠠᠯᠢᠭ᠋ ᠪᠣᠯᠭᠠᠵᠤ᠂ ᠰᠢᠷ᠎ᠠ ᠪᠤᠷᠴᠠᠭ᠎ᠢᠶᠠᠷ ᠨᠥᠬᠥᠪᠦᠷᠢ ᠪᠣᠯᠭᠠᠭᠰᠠᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠪᠠᠢᠷᠢᠰᠢᠯ᠎ᠢ ᠪᠣᠶ ᠪᠣᠯᠭᠠᠵᠤ᠂ ᠲᠠᠷᠢᠮᠠᠯ ᠎ᠤᠨ ᠳᠠᠷᠢᠬᠤ᠂ ᠬᠤᠷᠢᠶᠠᠬᠤ ᠶᠡᠷᠦᠩᠬᠡᠢᠯᠡᠭᠰᠡᠨ ᠮᠠᠰᠢᠨᠴᠢᠯᠠᠯᠲᠠ᠎ᠶᠢᠨ ᠨᠣᠷᠮ᠎ᠠ 92.54%᠎ᠳᠤ ᠬᠦᠷᠴᠦ᠂ ᠲᠠᠷᠢᠶᠠᠯᠠᠩ᠎ᠤᠨ ᠶᠡᠷᠦᠩᠬᠡᠢᠯᠡᠭᠰᠡᠨ ᠦᠢᠯᠡᠳᠪᠦᠷᠢᠯᠡᠯ᠎ᠦᠨ ᠴᠢᠳᠠᠪᠤᠷᠢ ᠰᠢᠨ᠎ᠡ ᠳᠡᠭᠲᠡᠷ᠎ᠲᠦ ᠭᠠᠷᠪᠠ᠃


ed773905-f1c3-4839-a0f4-faacd04b7f04.png


ᠵᠠᠯᠠᠢᠳ ᠬᠣᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠡᠴᠡ ᠦᠢᠯᠡᠳᠪᠦᠷᠢᠯᠡᠯ᠎ᠦᠨ ᠴᠢᠳᠠᠪᠤᠷᠢ ᠣᠯᠬᠤ᠂ ᠲᠧᠭᠨᠢᠭ ᠮᠡᠷᠭᠡᠵᠢᠯ᠎ᠡᠴᠡ ᠦᠷ᠎ᠡ ᠠᠰᠢᠭ᠋ ᠣᠯᠬᠤ᠎ᠶᠢ ᠪᠠᠷᠢᠮᠲᠠᠯᠠᠵᠤ᠂ ᠰᠠᠢᠨ ᠲᠠᠷᠢᠶ᠎ᠠ᠂ ᠰᠠᠢᠨ ᠡᠭᠦᠯᠳᠡᠷ᠂ ᠰᠠᠢᠨ ᠠᠵᠠ ᠲᠣᠬᠢᠶᠠᠯ᠂ ᠰᠠᠢᠨ ᠠᠷᠭ᠎ᠠ ᠬᠡᠮᠵᠢᠶ᠎ᠠ᠎ᠶᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠭᠣᠣᠯ ᠪᠣᠯᠬᠤ ᠠᠮᠤ ᠪᠤᠳᠠᠭᠠᠨ᠎ᠤ ᠲᠠᠷᠢᠮᠠᠯ᠎ᠤᠨ ᠲᠠᠯᠠᠪᠠᠢ ᠨᠢᠭᠡᠴᠢ᠎ᠶᠢᠨ ᠤᠨᠠᠯᠲᠠ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ᠎ᠢ ᠡᠭᠦᠳᠪᠡ᠃ ᠰᠠᠢᠨ ᠦᠷ᠎ᠡ ᠪᠣᠢᠵᠢᠭᠤᠯᠬᠤ ᠲᠠᠯ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠠᠮᠢᠳᠤ ᠪᠣᠳᠠᠰ᠎ᠤᠨ ᠦᠷ᠎ᠡ ᠪᠣᠢᠵᠢᠭᠤᠯᠬᠤ ᠮᠡᠷᠭᠡᠵᠢᠯ᠎ᠦᠨ ᠰᠢᠨ᠎ᠡ᠎ᠶᠢ ᠡᠭᠦᠳᠬᠦ ᠲᠥᠪ᠎ᠦᠨ ᠤᠰᠤᠨ ᠲᠤᠲᠤᠷᠭ᠎ᠠ᠎ᠶᠢᠨ ᠬᠤᠪᠢᠶᠠᠷᠢ ᠲᠥᠪ ᠠᠰᠢᠭ᠍ᠯᠠᠯᠲᠠ᠎ᠳᠤ ᠣᠷᠣᠵᠤ᠂ 2025 ᠣᠨ᠎ᠳᠤ ᠤᠰᠤᠨ ᠲᠤᠲᠤᠷᠭ᠎ᠠ᠎ᠶᠢᠨ ᠮᠦ᠍ ᠳᠤᠮᠳᠠᠴᠢ᠎ᠶᠢᠨ ᠬᠠᠮᠤᠭ᠎ᠤᠨ ᠥᠨᠳᠥᠷ ᠤᠨᠠᠯᠲᠠ ᠨᠢ 863.1 ᠺᠢᠯᠣᠭ᠌ᠷᠠᠮ᠎ᠳᠤ ᠬᠦᠷᠴᠦ᠂ ᠦᠨᠭᠭᠡᠷᠡᠭᠰᠡᠨ ᠵᠢᠯ᠎ᠤᠳ᠎ᠤᠨ ᠬᠢ ᠡᠴᠡ 77.2 ᠺᠢᠯᠣᠭ᠌ᠷᠠᠮ ᠳᠡᠭᠡᠭᠰᠢᠯᠡᠵᠦ᠂ ᠭᠤᠷᠪᠠᠨ ᠵᠢᠯ ᠳᠠᠷᠠᠭᠠᠯᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠲᠤᠲᠤᠷᠭ᠎ᠠ᠎ᠶᠢᠨ ᠲᠠᠯᠠᠪᠠᠶ ᠨᠢᠭᠡᠴᠢ᠎ᠶᠢᠨ ᠤᠨᠠᠯᠲᠠ᠎ᠶᠢᠨ ᠲᠡᠮᠳᠡᠭᠯᠡᠯ᠎ᠢ ᠰᠢᠨᠡᠳᠬᠡᠪᠡ᠃ ᠰᠠᠢᠨ ᠠᠷᠭ᠎ᠠ ᠬᠡᠮᠵᠢᠶ᠎ᠠ᠎ᠶᠢ ᠳᠡᠯᠭᠡᠷᠡᠭᠦᠯᠬᠦ ᠲᠠᠯ᠎ᠠ᠎ᠪᠠᠷ᠂ ᠰᠢᠷ᠎ᠠ ᠪᠤᠷᠴᠠᠭ᠎ᠤᠨ 《ᠨᠢᠭ᠍ᠲᠠ ᠪᠤᠯᠠᠵᠤ ᠳᠤᠰᠤᠯᠭᠠᠨ ᠤᠰᠤᠯᠠᠬᠤ》 ᠮᠡᠷᠭᠡᠵᠢᠯ᠎ᠦᠨ ᠵᠠᠭᠪᠤᠷ᠎ᠢ ᠰᠢᠨᠡᠴᠢᠯᠡᠨ ᠳᠡᠯᠭᠡᠷᠡᠭᠦᠯᠵᠦ᠂ ᠢᠨᠳᠡᠷ ᠪᠠᠯᠭᠠᠰᠤᠨ᠎ᠤ 3000 ᠮᠦ᠍ 《ᠵᠥᠩ ᠯᠢᠶᠠᠨ 1505》 ᠵᠢᠱ᠌ᠢᠶ᠎ᠡ ᠦᠵᠡᠭᠦᠯᠬᠦ ᠲᠠᠷᠢᠶᠠᠨ ᠭᠠᠵᠠᠷ᠎ᠤᠨ ᠮᠦ᠍ ᠳᠤᠮᠳᠠᠴᠢ ᠵᠢᠨ ᠤᠨᠠᠯᠲᠠ 321.1 ᠺᠢᠯᠣᠭ᠌ᠷᠠᠮ᠎ᠳᠤ ᠬᠥᠷᠴᠤ᠂ ᠡᠷᠳᠡᠨᠢ ᠰᠢᠰᠢ᠎ᠶᠢᠨ《ᠨᠢᠭ᠍ᠲᠠ ᠳᠠᠷᠢᠵᠤ ᠨᠠᠷᠢᠯᠢᠭ᠋ ᠣᠨᠣᠪᠴᠢᠲᠠᠶ ᠲᠣᠬᠢᠷᠠᠭᠤᠯᠤᠨ ᠡᠵᠡᠮᠳᠡᠬᠦ》 ᠮᠡᠷᠭᠡᠵᠢᠯ᠎ᠢ ᠤᠰᠤ ᠪᠣᠷᠳᠣᠭᠤᠷ᠎ᠢ ᠨᠢᠭᠡ ᠴᠣᠭᠴᠠᠵᠢᠭᠤᠯᠤᠨ ᠬᠡᠷᠡᠭᠯᠡᠬᠦ᠎ᠳᠠᠢ ᠤᠶᠠᠯᠳᠤᠭᠤᠯᠤᠨ᠂ ᠵᠢᠱ᠌ᠢᠶ᠎ᠡ ᠦᠵᠡᠭᠦᠯᠬᠦ ᠲᠠᠷᠢᠶᠠᠨ᠎ᠤ ᠮᠦ᠍ ᠨᠢᠬᠡᠴᠢ᠎ᠶᠢᠨ ᠤᠨᠠᠯᠲᠠ ᠨᠢ ᠬᠠᠮᠤᠭ᠎ᠤᠨ ᠦᠨᠳᠦᠷ ᠲᠡᠭᠡᠨ 134.37 ᠺᠢᠯᠣᠭ᠌ᠷᠠᠮ᠎ᠢ ᠳᠠᠪᠠᠵᠤ᠂ ᠤᠯᠠᠮᠵᠢᠯᠠᠯᠲᠤ ᠲᠠᠷᠢᠮᠠᠯ᠎ᠤᠨ ᠤᠨᠠᠯᠲᠠ᠎ᠶᠢ ᠪᠤᠳᠤᠪᠠᠯ ᠵᠠᠭᠤᠨ ᠺᠢᠯᠣᠭ᠌ᠷᠠᠮ᠎ᠠᠴᠠ ᠳᠡᠭᠡᠭᠰᠢ ᠨᠡᠮᠡᠭᠳᠡᠵᠦ᠂ ᠡᠭᠦᠨ᠎ᠦ ᠬᠠᠮᠲᠤ᠂ 《ᠳᠣᠬᠢᠭᠤᠷ ᠲᠤᠯᠤᠭᠠᠨ ᠣᠲᠣ᠌》 ᠤᠶᠤᠨᠴᠢ ᠰᠢᠰᠲ᠋ᠸᠮ ᠵᠢᠡᠷ ᠬᠠᠪᠰᠤᠷᠤᠨ ᠵᠢᠯᠤᠭᠣᠳᠬᠤ᠂ ᠪᠣᠷᠳᠣᠭᠤᠷ᠎ᠢ ᠤᠶᠤᠨᠴᠢ ᠪᠡᠷ ᠲᠣᠬᠢᠷᠠᠭᠤᠯᠤᠨ ᠡᠵᠡᠮᠳᠡᠬᠦ ᠵᠡᠷᠭᠡ ᠤᠶᠤᠨᠴᠢ ᠲᠠᠷᠢᠶᠠᠯᠠᠩ᠎ᠤᠨ ᠮᠡᠷᠭᠡᠵᠢᠯ᠎ᠢ ᠥᠷᠭᠡᠨ᠎ᠢᠶᠡᠷ ᠬᠡᠷᠡᠭᠯᠡᠵᠦ᠂ 100 ᠲᠦᠮᠡᠨ ᠮᠦ᠍ ᠲᠠᠷᠢᠶᠠᠨ ᠭᠠᠵᠠᠷ᠎ᠲᠤ ᠪᠦᠷ ᠤᠶᠤᠨᠴᠢ ᠲᠠᠷᠢᠶᠠᠯᠠᠩ᠎ᠤᠨ ᠮᠠᠰᠢᠨ᠎ᠢᠶᠠᠷ ᠠᠵᠢᠯᠯᠠᠬᠤ᠎ᠶᠢ ᠪᠡᠶᠡᠯᠡᠭᠦᠯᠵᠦ᠂ ᠤᠯᠠᠮᠵᠢᠯᠠᠯᠲᠤ ᠦᠢᠯᠡᠳᠪᠦᠷᠢᠯᠡᠯ᠎ᠦᠨ ᠵᠠᠭᠪᠤᠷ ᠪᠦᠷᠢᠮᠦᠰᠦᠨ ᠦᠬᠡᠷᠡᠴᠢᠯᠡᠭᠳᠡᠵᠦ᠂  ᠣᠶᠤᠨᠴᠢᠯᠠᠬᠤ ᠳᠠᠢᠰᠢ ᠲᠦᠷᠭᠡᠨ ᠬᠤᠪᠢᠷᠠᠵᠤ ᠪᠠᠢᠨ᠎ᠠ᠃


e472daee-3b94-4365-b575-1f79823dcc93.png


ᠵᠠᠯᠠᠢᠳ ᠬᠣᠰᠢᠭᠤ ᠤᠯᠠᠮᠵᠢᠯᠠᠯᠲᠤ ᠰᠡᠳᠬᠢᠬᠦᠢ᠎ᠪᠡᠨ ᠲᠠᠶᠠᠭᠳᠠᠵᠤ᠂ ᠪᠦᠬᠦ ᠠᠵᠤ ᠦᠢᠯᠡᠰ᠎ᠦᠨ ᠬᠡᠯᠬᠢᠶ᠎ᠡ᠎ᠶᠢᠨ ᠰᠡᠳᠬᠢᠬᠦᠢ᠎ᠪᠡᠷ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ᠎ᠶᠢ ᠠᠬᠢᠭᠤᠯᠵᠤ᠂ 《ᠠᠮᠤ ᠪᠤᠳᠠᠭ᠎ᠠ ᠬᠤᠳᠠᠯᠳᠤᠬᠤ》 ᠡᠴᠡ 《ᠪᠦᠲᠦᠭᠡᠭᠳᠡᠬᠦᠨ᠎ᠢᠶᠡᠨ ᠬᠤᠳᠠᠯᠳᠤᠬᠤ》 ᠬᠦᠷᠲᠡᠯ᠎ᠡ᠂ ᠲᠠᠬᠢᠨ 《ᠲᠦᠷᠦᠯ ᠲᠡᠮᠳᠡᠭ᠎ᠬᠤᠳᠠᠯᠳᠤᠬᠤ》 ᠬᠦᠷᠲᠡᠯ᠎ᠡ ᠦᠷᠳᠡᠭ᠎ᠢᠶᠡᠨ ᠳᠡᠭᠡᠭᠰᠢᠯᠡᠭᠦᠯᠵᠡᠢ᠃ ᠥᠪᠥᠷ ᠮᠣᠩᠭᠣᠯ᠎ᠤᠨ 《ᠤᠰᠤᠨ ᠲᠤᠲᠤᠷᠭ᠎ᠠ᠎ᠶᠢᠨ ᠲᠠᠷᠢᠮᠠᠯ᠎ᠤᠨ ᠲᠠᠯᠠᠪᠠᠶ ᠪᠠ ᠤᠨᠠᠯᠲᠠ ᠵᠢᠨ ᠬᠤᠤᠰ ᠳᠡᠷᠢᠬᠦᠨ᠎ᠤ ᠬᠣᠰᠢᠭᠤ ᠰᠢᠶᠠᠨ》 ᠪᠣᠯᠤᠭᠰᠠᠨ᠎ᠤ ᠬᠤᠪᠢ᠎ᠳᠤ᠂ ᠵᠠᠯᠠᠢᠳ ᠬᠣᠰᠢᠭᠤ ᠲᠤᠲᠤᠷᠭ᠎ᠠ᠎ᠶᠢᠨ ᠠᠵᠤ ᠦᠢᠯᠡᠰ᠎ᠢ ᠭᠣᠣᠯᠯᠠᠬᠤ ᠠᠵᠤ ᠦᠢᠯᠡᠰ ᠪᠣᠯᠭᠠᠨ ᠭᠣᠣᠯᠳᠠᠯᠭ᠎ᠠ᠎ᠲᠠᠢ ᠪᠣᠢᠵᠢᠭᠤᠯᠵᠤ᠂ 《ᠬᠢᠩᠭᠠᠨ ᠠᠢᠮᠠᠭ᠎ᠤᠨ ᠲᠤᠲᠤᠷᠭ᠎ᠠ》 ᠤᠯᠤᠰ᠎ᠤᠨ ᠳᠦᠷᠦᠯ ᠲᠡᠮᠳᠡᠭ᠎ᠤᠳ᠎ᠨᠢ ᠪᠡᠭᠡᠵᠢᠩ᠂ ᠱᠠᠩᠬᠠᠢ ᠵᠡᠷᠭᠡ ᠪᠥᠬᠥ ᠤᠯᠤᠰ᠎ᠤᠨ ᠣᠯᠠᠨ ᠭᠠᠵᠠᠷ᠎ᠤᠨ ᠵᠠᠬ᠎ᠠ ᠳᠡᠯᠭᠡᠭᠦᠷ᠎ᠲᠦ ᠪᠣᠷᠣᠯᠠᠭᠤᠯᠤᠭᠳᠠᠵᠤ᠂ ᠲᠤᠲᠤᠷᠭ᠎ᠠ᠎ᠶᠢᠨ ᠵᠢᠯ᠎ᠦᠨ ᠪᠣᠷᠤᠯᠠᠭᠤᠯᠭ᠎ᠠ 8 ᠳ᠋ᠦᠩᠰᠢᠭᠤᠷ ᠲᠥᠭᠥᠷᠢᠭ᠎ᠢ ᠳᠠᠪᠠᠵᠦ᠂ ᠡᠭᠦᠨ᠎ᠦ ᠬᠠᠮᠲᠤ᠂ ᠲᠤᠲᠤᠷᠭ᠎ᠠ᠎ᠶᠢᠨ ᠰᠢᠬᠢᠷ᠎ᠦᠨ ᠡᠭᠡᠳᠡᠩ ᠵᠡᠷᠭᠡ ᠨᠠᠷᠢᠯᠢᠭ᠋ ᠡᠳ᠋ᠰᠢᠭᠦᠯᠬᠦ ᠦᠢᠯᠡᠳᠬᠦᠨ᠎ᠢ ᠢᠳᠡᠪᠬᠢᠲᠡᠢ ᠪᠠᠢᠷᠢᠰᠢᠭᠤᠯᠵᠤ᠂ ᠳᠣᠣᠷ᠎ᠠ ᠳᠤᠯᠠᠭᠠᠨ᠎ᠳᠤ ᠬᠠᠳᠠᠭᠠᠯᠠᠬᠤ ᠬᠥᠮᠥᠷᠭᠡ᠎ᠶᠢ ᠰᠢᠨ᠎ᠡ᠎ᠪᠡᠷ 4 ᠪᠠᠢᠭᠤᠯᠵᠤ᠂ ᠬᠥᠮᠥᠷᠭᠡᠯᠡᠨ ᠬᠠᠳᠠᠭᠠᠯᠠᠬᠤ ᠴᠢᠳᠠᠪᠤᠷᠢ᠎ᠶᠢ 7 ᠲᠦᠮᠡᠨ ᠲᠣᠨ᠎ᠳᠤ ᠬᠦᠷᠬᠡᠵᠦ᠂ ᠠᠮᠤ ᠪᠤᠳᠠᠭᠠᠨ᠎ᠤ ᠭᠠᠷᠤᠯᠲᠠ᠎ᠶᠢᠨ ᠦᠢᠯᠡᠴᠢᠯᠡᠭᠡᠨ᠎ᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃

ᠬᠠᠷ᠎ᠠ ᠬᠥᠷᠥᠰᠥᠲᠦ ᠳᠠᠷᠢᠶᠡᠨ ᠭᠠᠵᠠᠷ ᠡᠴᠡ ᠤᠶᠤᠨᠴᠢ ᠲᠠᠷᠢᠶᠠᠯᠠᠩ᠎ᠤᠨ ᠲᠠᠯᠠᠪᠠᠢ᠂ ᠮᠥᠬᠥᠯᠢᠭ ᠠᠮᠤ᠎ᠶᠢ ᠬᠥᠮᠥᠷᠭᠡ᠎ᠳᠦ ᠣᠷᠣᠭᠤᠯᠬᠤ᠎ᠠᠴᠠ ᠳᠦᠷᠦᠯ ᠲᠡᠮᠳᠡᠭ᠎ᠢ ᠤᠯᠤᠰ ᠳᠠᠶᠠᠭᠠᠷ ᠠᠯᠳᠠᠷᠰᠢᠭᠤᠯᠬᠤ ᠬᠦᠷᠲᠡᠯ᠎ᠡ ᠵᠠᠯᠠᠢᠳ ᠬᠣᠰᠢᠭᠤᠨ᠎ᠤ ᠲᠠᠷᠢᠶᠠᠯᠠᠩ᠎ᠤᠨ ᠬᠥᠭᠵᠢᠯᠲᠡ᠎ᠶᠢᠨ ᠵᠠᠮ ᠪᠣᠯ ᠲᠠᠷᠢᠶᠠᠯᠠᠩ᠎ᠤᠨ ᠣᠳᠣᠬᠢᠴᠢᠯᠠᠯᠲᠠ᠎ᠶᠢᠨ ᠠᠬᠢᠭᠤᠯᠤᠯᠳᠠ ᠵᠢᠨ ᠳᠤᠮᠳᠠᠬᠢ ᠨᠢᠬᠡᠨ ᠳᠤᠳᠤ ᠳᠤᠪᠤᠷᠠᠭᠤᠨ ᠵᠢᠱ᠌ᠢᠶ᠎ᠠ ᠪᠤᠯᠬᠤ ᠶᠤᠮ᠃

(ᠬᠡᠷᠡᠯ ᠵᠢᠷᠤᠭ᠎ᠤᠳ᠎ᠢ ᠵᠠᠯᠠᠢᠳ ᠬᠤᠰᠢᠭᠤᠨ᠎ᠤ ᠬᠠᠮ ᠵᠠᠭᠤᠴᠢᠯᠠᠭᠤᠷ ᠤ᠋ᠨ ᠳᠦᠪ ᠬᠠᠨᠭᠭᠠᠪᠠ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号