ᠤᠢᠷ᠎ᠠ ᠳ᠋ᠤ ᠬᠢᠩᠭᠠᠨ ᠠᠢᠮᠠᠭ ᠤ᠋ᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ᠋ ᠲᠤᠬᠤᠮ ᠰᠤᠮᠤ ᠶ᠋ᠢᠨ ᠵᠤᠷᠢᠭᠳᠤ ᠭᠠᠴᠠᠭᠠᠨ ᠤ᠋ 2026 ᠤᠨ ᠤ᠋ ᠨᠤᠳᠤᠭ ᠪᠡᠯᠴᠢᠭᠡᠷ ᠤ᠋ᠨ ᠡᠵᠡᠩᠨᠡᠯᠳᠡ ᠶ᠋ᠢᠨ ᠡᠷᠬᠡ ᠶ᠋ᠢᠨ ᠠᠷᠠᠯᠵᠢᠶᠠᠨ ᠤ᠋ ᠲᠦᠷᠦᠯ ᠵᠦᠢᠯ (6 ᠬᠡᠰᠡᠭ ᠨᠤᠳᠤᠭ ᠪᠡᠯᠴᠢᠭᠡᠷ ᠪᠠᠭᠳᠠᠨ᠎ᠠ) ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠲᠤ᠌ ᠤᠷᠤᠭᠰᠢᠳᠠᠢ ᠪᠡᠷ ᠠᠷᠠᠯᠵᠢᠶ᠎ᠠ ᠪᠦᠲᠦᠪᠠ᠃
ᠲᠤᠰ ᠤᠳᠠᠭ᠎ᠠ ᠶ᠋ᠢᠨ ᠠᠷᠠᠯᠵᠢᠶ᠎ᠠ ᠳ᠋ᠤ᠂ ᠵᠤᠷᠢᠭᠳᠤ ᠭᠠᠴᠠᠭᠠᠨ ᠤ᠋ 18.49 ᠮᠤ᠌ ᠶ᠋ᠢᠨ ᠨᠢᠭᠡ ᠬᠡᠰᠡᠭ ᠨᠤᠳᠤᠭ ᠪᠡᠯᠴᠢᠭᠡᠷ ᠨᠢ ᠤᠯᠠᠨ ᠤᠳᠠᠭ᠎ᠠ ᠶ᠋ᠢᠨ ᠦᠨ᠎ᠠ ᠬᠠᠶᠠᠯᠴᠠᠭᠠᠨ ᠶ᠋ᠢᠡᠷ ᠳᠠᠮᠵᠢᠨ 570% ᠶ᠋ᠢᠨ ᠦᠨ᠎ᠠ ᠦᠰᠦᠯᠳᠡ ᠪᠡᠷ ᠠᠷᠠᠯᠵᠢᠶ᠎ᠠ ᠪᠦᠲᠦᠵᠦ᠂ 8.84 ᠮᠤ᠌ ᠶ᠋ᠢᠨ ᠨᠢᠭᠡ ᠬᠡᠰᠡᠭ ᠨᠤᠳᠤᠭ ᠪᠡᠯᠴᠢᠭᠡᠷ ᠨᠢ 380% ᠶ᠋ᠢᠨ ᠦᠨ᠎ᠠ ᠦᠰᠦᠯᠳᠡ ᠪᠡᠷ ᠠᠷᠠᠯᠵᠢᠶ᠎ᠠ ᠪᠦᠲᠦᠨ᠂ ᠬᠡᠰᠡᠭ ᠪᠡᠯᠴᠢᠭᠡᠷ ᠨᠢ ᠮᠤ᠌ ᠪᠦᠷᠢ ᠳ᠋ᠡᠭᠡᠨ 201 ᠲᠦᠭᠦᠷᠢᠭ ᠤ᠋ᠨ ᠦᠨᠳᠦᠷ ᠦᠨ᠎ᠠ ᠪᠡᠷ ᠠᠷᠠᠯᠵᠢᠶ᠎ᠠ ᠪᠦᠲᠦᠵᠤ᠂ ᠭᠠᠴᠠᠭᠠᠨ ᠤ᠋ ᠬᠠᠮᠳᠤ ᠨᠢᠭᠡᠴᠢ ᠶ᠋ᠢᠨ ᠵᠢᠱ᠌ᠢᠭᠰᠡᠨ ᠦᠨ᠎ᠠ ᠡᠴᠡ ᠬᠤᠯᠠ ᠳᠠᠪᠠᠪᠠ᠃ ᠵᠤᠷᠢᠭᠳᠤ ᠭᠠᠴᠠᠭ᠎ᠠ ᠨᠢ ᠡᠢᠨ ᠬᠦ᠌ ᠦᠨ᠎ᠠ ᠦᠰᠦᠯᠳᠡ ᠪᠡᠷ ᠤᠯᠤᠭᠰᠠᠨ ᠠᠰᠢᠭ ᠤᠷᠤᠯᠭ᠎ᠠ ᠶ᠋ᠢ ᠭᠠᠴᠠᠭᠠᠨ ᠤ᠋ ᠲᠤᠳᠤᠭᠠᠳᠤ ᠶ᠋ᠢᠨ ᠵᠠᠮ ᠶ᠋ᠢᠡᠨ ᠵᠠᠰᠠᠵᠤ ᠰᠡᠯᠪᠢᠬᠦ ᠵᠡᠷᠭᠡ ᠠᠷᠠᠳ ᠤ᠋ᠨ ᠠᠮᠢᠳᠤᠷᠠᠯ ᠪᠠ ᠤᠯᠠᠨ ᠨᠡᠢᠳᠡ ᠶ᠋ᠢᠨ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠳᠠ ᠳ᠋ᠤ ᠬᠡᠷᠡᠭᠯᠡᠵᠤ᠂ ᠬᠠᠮᠳᠤ ᠨᠢᠭᠡᠴᠢ ᠶ᠋ᠢᠨ ᠡᠳ᠋ ᠬᠦᠷᠦᠩᠭᠡ ᠶ᠋ᠢᠨ ᠦᠷᠳᠡᠭ ᠨᠡᠮᠡᠭᠳᠡᠯ ᠤ᠋ᠨ ᠦᠷ᠎ᠠ ᠠᠰᠢᠭ ᠢ᠋ ᠭᠠᠴᠠᠭᠠᠨ ᠤ᠋ ᠤᠯᠠᠨ ᠲᠦᠮᠡᠨ ᠳ᠋ᠡᠭᠡᠨ ᠬᠠᠮᠳᠤ ᠪᠡᠷ ᠡᠳ᠋ᠯᠡᠭᠦᠯᠬᠦ ᠪᠡᠷ ᠳᠤᠭᠳᠠᠵᠠᠢ᠃
ᠲᠤᠰ ᠲᠦᠷᠦᠯ ᠵᠦᠢᠯ ᠢ᠋ ᠠᠬᠢᠭᠤᠯᠬᠤ ᠶ᠋ᠢᠨ ᠲᠦᠯᠦᠭᠡ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠡᠴᠡ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠳᠠᠪᠴᠠᠩ ᠤ᠋ᠨ ᠶ᠋ᠢᠡᠨ ᠲᠤᠰᠬᠠᠢ ᠮᠡᠷᠭᠡᠵᠢᠯ ᠤ᠋ᠨ ᠳᠠᠪᠠᠭᠤᠯᠢᠭ ᠢ᠋ ᠭᠦᠢᠴᠡᠳ ᠪᠠᠳᠠᠷᠠᠭᠤᠯᠵᠤ᠂ ᠮᠠᠯᠵᠢᠬᠤ ᠤᠷᠤᠨ ᠤ᠋ ᠨᠤᠳᠤᠭ ᠪᠡᠯᠴᠢᠭᠡᠷ ᠤ᠋ᠨ ᠡᠵᠡᠩᠨᠡᠯᠳᠡ ᠶ᠋ᠢᠨ ᠡᠷᠬᠡ ᠶ᠋ᠢᠨ ᠠᠷᠠᠯᠵᠢᠶᠠᠨ ᠤ᠋ ᠤᠨᠴᠠᠯᠢᠭ ᠰᠢᠨᠵᠢ ᠶ᠋ᠢ ᠦᠨᠳᠦᠰᠦᠯᠡᠨ ᠪᠦᠬᠦ ᠶᠠᠪᠤᠴᠠ ᠶ᠋ᠢᠨ ᠠᠷᠠᠯᠵᠢᠶᠠᠨ ᠤ᠋ ᠲᠦᠰᠦᠯ ᠢ᠋ ᠳᠤᠭᠳᠠᠭᠠᠭᠰᠠᠨ ᠶᠤᠮ᠃ ᠲᠦᠷᠦᠯ ᠵᠦᠢᠯ ᠢ᠋ ᠲᠦᠰᠦᠪᠯᠡᠬᠦ ᠱᠠᠳᠤᠨ ᠳ᠋ᠤ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠬᠢᠨ ᠭᠠᠴᠠᠭᠠᠨ ᠤ᠋ ᠬᠤᠯᠪᠤᠭᠳᠠᠯ ᠪᠦᠬᠦᠢ ᠨᠢᠭᠡᠴᠢ ᠲᠠᠢ ᠬᠠᠮᠳᠤᠷᠠᠨ ᠦᠨᠳᠦᠰᠦᠨ ᠱᠠᠳᠤᠨ ᠳ᠋ᠤ ᠭᠦᠨᠵᠡᠭᠡᠢᠷᠡᠵᠦ᠂ ᠠᠷᠠᠯᠵᠢᠶᠠᠯᠠᠬᠤ ᠪᠡᠷ ᠪᠠᠢᠭ᠎ᠠ ᠪᠦᠬᠦ ᠨᠤᠳᠤᠭ ᠪᠡᠯᠴᠢᠭᠡᠷ ᠲᠤ᠌ ᠪᠤᠳᠠᠳᠤ ᠭᠠᠵᠠᠷ ᠤ᠋ᠨ ᠬᠠᠢᠨ ᠬᠡᠮᠵᠢᠯᠳᠠ ᠬᠢᠵᠦ᠂ ᠡᠷᠬᠡ ᠶ᠋ᠢᠨ ᠬᠠᠷᠢᠶᠠᠯᠠᠯ ᠢ᠋ ᠰᠢᠯᠭᠠᠨ ᠪᠠᠢᠴᠠᠭᠠᠵᠤ᠂ ᠡᠳ᠋ ᠬᠦᠷᠦᠩᠭᠡ ᠶ᠋ᠢᠨ ᠡᠷᠬᠡ ᠶ᠋ᠢᠨ ᠬᠢᠵᠠᠭᠠᠷ ᠢ᠋ ᠲᠤᠳᠤᠷᠬᠠᠢ ᠤᠢᠯᠠᠭᠠᠨ᠂ ᠠᠷᠠᠯᠵᠢᠶᠠᠯᠠᠬᠤ ᠶᠠᠪᠤᠴᠠ ᠶ᠋ᠢᠨ ᠳᠠᠯᠳᠠ ᠠᠶᠤᠯ ᠲᠦᠭᠰᠢᠭᠦᠷᠢ ᠶ᠋ᠢ ᠵᠢᠭᠰᠠᠭᠠᠨ ᠪᠠᠢᠴᠠᠭᠠᠵᠤ᠂ ᠲᠦᠷᠦᠯ ᠵᠦᠢᠯ ᠢ᠋ ᠳᠤᠭᠳᠠᠭᠠᠯ ᠶᠤᠰᠤᠭᠠᠷ ᠪᠠᠢᠵᠠ ᠡᠯᠭᠦᠨ ᠠᠷᠠᠯᠵᠢᠶᠠᠯᠠᠬᠤ ᠳ᠋ᠤ ᠰᠠᠭᠤᠷᠢ ᠲᠠᠯᠪᠢᠵᠠᠢ᠃ ᠠᠷᠠᠯᠵᠢᠶᠠᠨ ᠤ᠋ ᠲᠦᠰᠦᠯ ᠢ᠋ ᠲᠤᠭᠤᠷᠪᠢᠬᠤ ᠱᠠᠳᠤᠨ ᠳ᠋ᠤ᠂ ᠡᠯ᠎ᠠ ᠬᠡᠰᠡᠭ ᠨᠤᠳᠤᠭ ᠪᠡᠯᠴᠢᠭᠡᠷ ᠤ᠋ᠨ ᠪᠠᠢᠷᠢ ᠪᠠᠢᠷᠢᠰᠢᠯ᠂ ᠡᠪᠡᠰᠦ ᠤᠷᠭᠤᠮᠠᠯ ᠤ᠋ᠨ ᠴᠢᠨᠠᠷ᠂ ᠲᠠᠯᠠᠪᠠᠢ ᠵᠡᠷᠭᠡ ᠵᠦᠷᠢᠶᠡᠴᠢᠯᠡᠭᠰᠡᠨ ᠤᠨᠴᠠᠯᠢᠭ ᠰᠢᠨᠵᠢ ᠶ᠋ᠢ ᠨᠢ ᠦᠨᠳᠦᠰᠦᠯᠡᠨ ᠲᠤᠰᠪᠤᠷᠢ ᠵᠠᠳᠠᠯᠤᠯᠳᠠ ᠬᠢᠵᠤ᠂ ᠠᠷᠠᠯᠵᠢᠶᠠᠯᠠᠬᠤ ᠪᠡᠷ ᠪᠠᠢᠭᠰᠠᠨ 1209.92 ᠮᠤ᠌ ᠶ᠋ᠢᠨ ᠨᠤᠳᠤᠭ ᠪᠡᠯᠴᠢᠭᠡᠷ ᠢ᠋ 6 ᠲᠤᠰᠠᠭᠠᠷ ᠬᠡᠰᠡᠭ ᠪᠤᠯᠭᠠᠨ ᠰᠢᠨᠵᠢᠯᠡᠬᠦ ᠤᠬᠠᠭᠠᠨᠴᠢ ᠪᠡᠷ ᠬᠤᠪᠢᠶᠠᠷᠢᠯᠠᠨ᠂ ᠮᠤ᠌ ᠪᠦᠷᠢ ᠵᠢ ᠨᠠᠭᠠᠳᠤ ᠵᠠᠬ᠎ᠠ ᠳ᠋ᠠᠭᠠᠨ 30 ᠲᠦᠭᠦᠷᠢᠭ ᠤ᠋ᠨ ᠨᠢᠭᠡᠳᠦᠯᠳᠠᠢ ᠦᠨ᠎ᠠ ᠪᠡᠷ ᠫᠠᠢᠰᠠ ᠡᠯᠭᠦᠨ ᠠᠷᠠᠯᠵᠢᠶᠠᠯᠠᠵᠠᠢ᠃ ᠡᠨᠡ ᠨᠢ ᠭᠠᠴᠠᠭᠠᠨ ᠤ᠋ ᠬᠠᠮᠳᠤ ᠨᠢᠭᠡᠴᠢ ᠶ᠋ᠢᠨ ᠠᠰᠢᠭ ᠤᠷᠤᠯᠭ᠎ᠠ ᠶ᠋ᠢᠨ ᠡᠷᠬᠡ ᠶ᠋ᠢ ᠪᠠᠳᠤᠯᠠᠬᠤ ᠶ᠋ᠢᠨ ᠬᠠᠮᠳᠤ ᠡᠵᠡᠩᠨᠡᠯᠳᠡ ᠶ᠋ᠢᠨ ᠭᠤᠤᠯ ᠴᠤᠭᠴᠠ ᠶ᠋ᠢᠨ ᠠᠷᠠᠯᠵᠢᠶ᠎ᠠ ᠳ᠋ᠤ ᠤᠷᠤᠯᠴᠠᠬᠤ 《ᠪᠤᠱᠤᠭ᠎ᠠ》 ᠶ᠋ᠢ ᠪᠦᠲᠦᠮᠵᠢᠳᠠᠢ ᠪᠤᠭᠤᠨᠢᠰᠬᠠᠨ᠂ ᠵᠠᠬ᠎ᠠ ᠳᠡᠯᠭᠡᠭᠦᠷ ᠤ᠋ᠨ ᠦᠷᠢᠰᠦᠯᠳᠦᠭᠡᠨ ᠤ᠋ ᠠᠮᠢᠵᠢᠷᠠᠯ ᠤ᠋ᠨ ᠬᠦᠴᠦᠨ ᠢ᠋ ᠭᠦᠢᠴᠡᠳ ᠪᠠᠳᠠᠷᠠᠭᠤᠯᠤᠭᠰᠠᠨ ᠪᠠᠢᠨ᠎ᠠ᠃ ᠤᠬᠠᠭᠤᠯᠤᠨ ᠲᠠᠨᠢᠯᠴᠠᠭᠤᠯᠬᠤ ᠱᠠᠳᠤᠨ ᠳ᠋ᠤ᠂ ᠪᠦᠬᠦ ᠤᠷᠤᠨ ᠤ᠋ ᠨᠢᠭᠡᠳᠦᠯᠳᠠᠢ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠳᠠᠪᠴᠠᠩ ᠤ᠋ᠨ ᠤᠷᠤᠨ ᠪᠦᠰᠡ ᠠᠯᠤᠰᠯᠠᠨ ᠡᠬᠡ ᠪᠠᠶᠠᠯᠢᠭ ᠢ᠋ ᠴᠤᠭᠯᠠᠭᠤᠯᠬᠤ ᠳᠠᠪᠠᠭᠤᠯᠢᠭ ᠲᠤ᠌ ᠲᠦᠰᠢᠭᠯᠡᠨ᠂ ᠰᠦᠯᠵᠢᠶᠠᠨ ᠳᠡᠭᠡᠷᠡᠬᠢ ᠠᠯᠪᠠᠨ ᠤ᠋ ᠳᠠᠪᠴᠠᠩ᠂ ᠮᠠᠯ ᠠᠵᠤ ᠠᠬᠤᠢ ᠲᠠᠷᠢᠶᠠᠯᠠᠩ ᠤ᠋ᠨ ᠠᠵᠢᠯ ᠲᠦᠷᠦᠯ ᠤ᠋ᠨ ᠬᠠᠮᠳᠤᠷᠠᠯᠴᠠᠭᠠᠨ ᠤ᠋ ᠠᠷᠭ᠎ᠠ ᠵᠠᠮ ᠵᠢᠴᠢ ᠤᠷᠤᠨ ᠨᠤᠳᠤᠭ ᠤ᠋ᠨ ᠡᠵᠡᠩᠨᠡᠯᠳᠡ ᠶ᠋ᠢᠨ ᠭᠤᠤᠯ ᠴᠤᠭᠴᠠ ᠲᠠᠢ ᠴᠢᠭᠯᠡᠭᠦᠯᠦᠯᠳᠦ ᠴᠢᠨᠠᠷᠳᠠᠢ ᠪᠡᠷ ᠵᠤᠯᠭᠠᠯᠴᠠᠬᠤ ᠵᠡᠷᠭᠡ ᠤᠯᠠᠨ ᠬᠠᠷᠠᠭᠠᠰᠤ ᠡᠴᠡ ᠦᠷᠭᠡᠨ ᠬᠡᠪᠴᠢᠶᠠᠨ ᠤ᠋ ᠨᠠᠷᠢᠨ ᠤᠨᠤᠴᠠᠳᠠᠢ ᠤᠬᠠᠭᠤᠯᠭ᠎ᠠ ᠰᠤᠷᠳᠠᠯᠴᠢᠯᠠᠭ᠎ᠠ ᠬᠢᠵᠤ᠂ ᠡᠴᠤᠰ ᠲᠡᠭᠡᠨ ᠤᠷᠤᠨ ᠤ᠋ ᠳᠤᠳᠤᠨ᠎ᠠ ᠭᠠᠳᠠᠨ᠎ᠠ ᠶ᠋ᠢᠨ ᠮᠠᠯ ᠠᠵᠤ ᠠᠬᠤᠢ ᠲᠠᠷᠢᠶᠠᠯᠠᠩ ᠤ᠋ᠨ ᠡᠵᠡᠩᠨᠡᠯᠳᠡ ᠵᠢᠨ 70 ᠭᠠᠷᠤᠢ ᠭᠤᠤᠯ ᠴᠤᠭᠴᠠ ᠶ᠋ᠢᠨ ᠠᠩᠬᠠᠷᠤᠯ ᠢ᠋ ᠳᠠᠳᠠᠨ᠂ ᠠᠰᠠᠭᠤᠨ ᠯᠠᠪᠯᠠᠵᠤ ᠠᠷᠠᠯᠵᠢᠶᠠᠨ ᠳ᠋ᠤ ᠤᠷᠤᠯᠴᠠᠬᠤ ᠳ᠋ᠤ ᠬᠦᠷᠭᠡᠵᠠᠢ᠃ ᠠᠷᠠᠯᠵᠢᠶ᠎ᠠ ᠶ᠋ᠢ ᠵᠤᠬᠢᠶᠠᠨ ᠪᠠᠢᠭᠤᠯᠬᠤ ᠱᠠᠳᠤᠨ ᠳ᠋ᠤ᠂ ᠪᠦᠬᠦ ᠶᠠᠪᠤᠴᠠ ᠪᠡᠷ ᠰᠦᠯᠵᠢᠶ᠎ᠠ ᠪᠡᠷ ᠢᠯᠡ ᠪᠡᠷ ᠦᠨ᠎ᠠ ᠬᠠᠶᠠᠯᠴᠠᠬᠤ ᠵᠠᠭᠪᠤᠷ ᠢ᠋ ᠬᠡᠷᠡᠭᠵᠢᠭᠦᠯᠵᠦ᠂ ᠦᠨ᠎ᠠ ᠦᠭᠭᠦᠯᠳᠡ ᠪᠦᠬᠦᠨ ᠢ᠋ ᠪᠦᠬᠦ ᠶᠠᠪᠤᠴᠠ ᠪᠡᠷ ᠮᠦᠷ ᠦᠯᠡᠳᠡᠭᠡᠬᠦ᠂ ᠢᠯᠡ ᠲᠤᠳᠤ ᠪᠠᠢᠯᠭᠠᠬᠤ ᠶ᠋ᠢ ᠪᠠᠳᠤᠯᠠᠨ᠂ ᠡᠴᠤᠰ ᠲᠡᠭᠡᠨ ᠬᠤᠶᠠᠷ ᠬᠡᠰᠡᠭ ᠭᠤᠤᠯᠳᠠᠯᠭ᠎ᠠ ᠲᠠᠢ ᠨᠤᠳᠤᠭ ᠪᠡᠯᠴᠢᠭᠡᠷ ᠢ᠋ ᠲᠤᠰ ᠲᠤᠰ 41 ᠡᠭᠡᠯᠵᠢ ᠪᠠ 24 ᠡᠭᠡᠯᠵᠢ ᠶ᠋ᠢᠨ ᠬᠤᠷᠴᠠ ᠰᠢᠷᠦᠭᠦᠨ ᠦᠨ᠎ᠠ ᠬᠠᠶᠠᠯᠴᠠᠭᠠᠨ ᠶ᠋ᠢᠡᠷ ᠠᠷᠠᠯᠵᠢᠶ᠎ᠠ ᠪᠦᠲᠦᠭᠡᠪᠡ᠃
ᠲᠤᠰ ᠤᠳᠠᠭ᠎ᠠ ᠶ᠋ᠢᠨ ᠨᠤᠳᠤᠭ ᠪᠡᠯᠴᠢᠭᠡᠷ ᠤ᠋ᠨ ᠡᠵᠡᠩᠨᠡᠯᠳᠡ ᠶ᠋ᠢᠨ ᠡᠷᠬᠡ ᠶ᠋ᠢᠨ ᠠᠷᠠᠯᠵᠢᠶᠡᠨ ᠤ᠋ ᠲᠦᠷᠦᠯ ᠵᠦᠢᠯ ᠢ᠋ ᠦᠨᠳᠦᠷ ᠦᠨ᠎ᠠ ᠦᠰᠦᠯᠳᠡ ᠪᠡᠷ ᠠᠷᠠᠯᠵᠢᠶ᠎ᠠ ᠪᠦᠲᠦᠬᠡᠭᠰᠡᠨ ᠶᠠᠪᠤᠳᠠᠯ ᠨᠢ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤ᠋ᠨ ᠬᠢᠨ ᠡᠬᠢ ᠪᠠᠶᠠᠯᠢᠭ ᠤ᠋ᠨ ᠦᠨ᠎ᠠ ᠦᠷᠳᠡᠭ ᠢ᠋ ᠢᠯᠡᠷᠡᠭᠦᠯᠬᠦ ᠳᠠᠪᠴᠠᠩ ᠤ᠋ᠨ ᠦᠢᠯᠡᠳᠦᠯ ᠴᠢᠳᠠᠮᠵᠢ ᠶ᠋ᠢ ᠪᠠᠳᠠᠷᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ᠋ ᠬᠠᠮᠳᠤ ᠶ᠋ᠢᠨ ᠡᠳ᠋ ᠬᠦᠷᠦᠩᠭᠡ ᠶ᠋ᠢ ᠠᠮᠢᠯᠠᠭᠤᠯᠤᠭᠰᠠᠨ ᠪᠤᠳᠠᠳᠤ ᠵᠢᠱ᠌ᠢᠶᠠ ᠪᠤᠯᠤᠭᠰᠠᠨ ᠵᠢᠡᠷ ᠪᠠᠷᠠᠬᠤ ᠦᠬᠡᠢ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠶ᠋ᠢᠡᠷ ᠨᠤᠳᠤᠭ ᠪᠡᠯᠴᠢᠭᠡᠷ ᠤ᠋ᠨ ᠦᠨ᠎ᠠ ᠦᠷᠳᠡᠭ ᠢ᠋ ᠬᠠᠮᠤᠭ ᠤ᠋ᠨ ᠳᠡᠭᠡᠳᠦ ᠬᠡᠮᠵᠢᠶᠡᠨ ᠳ᠋ᠤ ᠬᠦᠷᠭᠡᠭᠰᠡᠨ ᠠᠮᠢᠳᠤᠯᠢᠭ ᠵᠢᠱ᠌ᠢᠶᠠ ᠪᠤᠯᠵᠠᠢ᠃ ᠡᠢᠨ ᠬᠦ᠌ ᠬᠠᠮᠳᠤ ᠶ᠋ᠢᠨ ᠡᠳ᠋ ᠬᠦᠷᠦᠩᠭᠡ ᠶ᠋ᠢ ᠵᠠᠬ᠎ᠠ ᠳᠡᠯᠭᠡᠭᠦᠷᠴᠢᠯᠡᠭᠰᠡᠨ᠂ ᠢᠯᠡ ᠲᠤᠳᠤ ᠠᠷᠠᠯᠵᠢᠶᠠᠨ ᠤ᠋ ᠳᠤᠭᠳᠠᠴᠠ ᠪᠡᠷ ᠠᠷᠠᠯᠵᠢᠶᠠᠯᠠᠬᠤ ᠠᠷᠭ᠎ᠠ ᠨᠢ ᠡᠳ᠋ ᠬᠦᠷᠦᠩᠭᠡ ᠶ᠋ᠢ ᠬᠤᠪᠢ ᠪᠡᠷ ᠶ᠋ᠢᠡᠨ ᠠᠷᠠᠯᠵᠢᠶᠠᠯᠠᠬᠤ ᠦᠶᠡᠰ ᠤ᠋ᠨ ᠬᠠᠮᠢᠶᠠᠷᠤᠯᠳᠠ ᠶ᠋ᠢᠨ ᠳᠤᠳᠠᠭᠤᠳᠠᠯ ᠢ᠋ ᠦᠨᠳᠦᠰᠦᠨ ᠡᠴᠡ ᠨᠢ ᠨᠦᠬᠦᠪᠤᠷᠢᠯᠡᠵᠦ ᠪᠤᠯᠬᠤ ᠪᠦᠭᠡᠳ ᠦᠨᠳᠦᠰᠦᠨ ᠱᠠᠳᠤᠨ ᠤ᠋ ᠴᠢᠭᠡᠴᠢ ᠵᠠᠰᠠᠭ ᠤ᠋ᠨ ᠪᠠᠢᠭᠤᠯᠤᠯᠳᠠ ᠶ᠋ᠢᠨ ᠲᠦᠭᠰᠢᠭᠦᠷᠢ ᠶ᠋ᠢ ᠰᠡᠷᠭᠡᠢᠯᠡᠭᠦ ᠬᠤᠷᠢᠭ᠎ᠠ ᠱᠤᠭᠤᠮ ᠢ᠋ ᠪᠠᠳᠤᠳᠬᠠᠵᠤ᠂ ᠲᠡᠭᠦᠨᠴᠢᠯᠡᠨ ᠮᠠᠯᠵᠢᠬᠤ ᠲᠠᠷᠢᠶᠠᠯᠠᠬᠤ ᠤᠷᠤᠨ ᠤ᠋ ᠰᠤᠯᠠ ᠤᠷᠬᠢᠭᠳᠠᠵᠤ ᠪᠠᠢᠭ᠎ᠠ ᠡᠬᠢ ᠪᠠᠶᠠᠯᠢᠭ ᠡᠳ᠋ ᠬᠦᠷᠦᠩᠭᠡ ᠶ᠋ᠢ ᠭᠦᠢᠴᠡᠳ ᠠᠮᠢᠯᠠᠭᠤᠯᠤᠨ᠂ ᠬᠠᠮᠳᠤ ᠶ᠋ᠢᠨ ᠡᠳ᠋ ᠬᠦᠷᠦᠩᠭᠡ ᠶ᠋ᠢᠨ ᠦᠷᠳᠡᠭ ᠢ᠋ ᠶᠡᠬᠡ ᠪᠡᠷ ᠨᠡᠮᠡᠭᠳᠡᠭᠦᠯᠵᠤ᠂ ᠪᠦᠬᠦ ᠤᠷᠤᠨ ᠤ᠋ ᠮᠠᠯᠵᠢᠬᠤ ᠲᠠᠷᠢᠶᠠᠯᠠᠬᠤ ᠤᠷᠤᠨ ᠤ᠋ ᠦᠮᠴᠢᠯᠡᠯ ᠤ᠋ᠨ ᠡᠷᠬᠡ ᠶ᠋ᠢᠨ ᠠᠷᠠᠯᠵᠢᠶ᠎ᠠ ᠶ᠋ᠢ ᠵᠠᠬ᠎ᠠ ᠳᠡᠯᠭᠡᠭᠦᠷ ᠲᠤ᠌ ᠤᠷᠤᠭᠤᠯᠬᠤ ᠳ᠋ᠤ ᠬᠠᠭᠤᠯᠪᠤᠷᠢᠯᠠᠵᠤ ᠪᠤᠯᠬᠤ ᠦᠯᠢᠭᠡᠷ ᠵᠢᠱ᠌ᠢᠶᠠ ᠬᠠᠩᠭᠠᠭᠰᠠᠨ ᠪᠠᠢᠨ᠎ᠠ᠃