ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢ ᠪᠡᠯᠭᠡᠯᠡᠵᠦ᠂ ᠤᠯᠠᠭᠠᠨ ᠴᠡᠷᠢᠭ᠎ᠦᠨ ᠣᠷᠳᠣ᠌ ᠵᠠᠮ᠎ᠤᠨ ᠠᠶᠠᠨ ᠲᠡᠶ᠋ᠢᠨ᠎ᠤ ᠢᠯᠠᠯᠲᠠ ᠣᠯᠣᠭᠰᠠᠨ 90 ᠵᠢᠯ᠎ᠦᠨ ᠣᠶ᠎ᠶᠢ ᠳᠤᠷᠠᠰᠬᠠᠬᠤ᠎ᠶᠢᠨ ᠲᠥᠯᠥᠭᠡ ᠤᠢᠷ᠎ᠠ᠎ᠳᠤ ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ《ᠪᠤᠭᠤᠷᠤᠯᠴᠤᠳ ᠨᠠᠮ᠎ᠵᠢᠡᠨ ᠳᠠᠭᠠᠨ ᠰᠢᠨ᠎ᠡ ᠠᠶᠠᠯᠠᠯ᠎ᠢᠶᠠᠨ ᠡᠬᠢᠯᠡᠭᠦᠯᠵᠦ᠂ ᠬᠦᠴᠦ᠎ᠪᠡᠨ ᠬᠠᠮᠲᠤᠳᠬᠠᠨ ᠢᠷᠠᠭᠤ ᠬᠠᠭᠤᠳᠠᠰᠤ᠎ᠶᠢ ᠪᠢᠴᠢᠭᠯᠡᠬᠦ》 ᠰᠤᠷᠭᠠᠭᠤᠯᠢ᠎ᠶᠢᠨ ᠬᠦᠷᠢᠶᠡᠨ᠎ᠦ ᠰᠣᠶᠣᠯ᠎ᠤᠨ ᠨᠠᠢᠷ᠎ᠤᠨ ᠤᠷᠠᠨ ᠰᠠᠢᠬᠠᠨ᠎ᠤ ᠲᠣᠭᠯᠠᠯᠲᠠ ᠭᠠᠷᠭᠠᠪᠠ᠃
ᠲᠣᠰ ᠤᠳᠠᠭᠠᠨ᠎ᠤ ᠬᠠᠮᠲᠤᠷᠠᠭᠰᠠᠨ ᠲᠣᠭᠯᠠᠯᠲᠠ ᠨᠢ ᠨᠠᠰᠤᠲᠠᠢᠴᠤᠳ᠎ᠤᠨ ᠶᠡᠬᠡ ᠰᠤᠷᠭᠠᠭᠤᠯᠢ᠎ᠵᠢᠨ ᠪᠠᠬᠰᠢ ᠰᠤᠷᠤᠬᠴᠢᠳ᠎ᠤᠨ ᠨᠡᠢᠲᠡ 32 ᠰᠤᠲᠤᠨ ᠪᠦᠲᠦᠭᠡᠯ᠎ᠢ ᠡᠮᠬᠢᠳᠭᠡᠨ ᠴᠤᠬᠯᠠᠭᠤᠯᠵᠦ᠂ 《ᠤᠷᠠᠯᠢᠭ᠋ + ᠬᠤᠪᠢᠰᠬᠠᠯ᠎ᠤᠨ ᠵᠤᠷᠢᠭ ᠰᠠᠨᠠᠭ᠎ᠠ》 ᠵᠢᠨ ᠵᠣᠬᠢᠶᠠᠨ ᠪᠦᠲᠦᠭᠡᠯᠭᠡ᠎ᠶᠢᠨ ᠭᠣᠣᠯ ᠰᠡᠳᠤᠪ᠎ᠤᠨ ᠲᠣᠭᠣᠷᠢᠨ᠎ᠳᠤ ᠳᠠᠭᠤᠯᠠᠬᠤᠢ᠎ᠶᠢᠨ ᠨᠠᠢᠷᠠᠯ ᠳᠠᠭᠤᠤ᠂ ᠦᠨᠳᠦᠰᠦᠲᠡᠨ᠎ᠦ ᠪᠥᠵᠢᠭ᠂ ᠬᠥᠭᠵᠢᠮᠳᠡᠭᠦᠷ ᠦ᠋ᠨ ᠲᠣᠭᠯᠠᠯᠲᠠ᠂ ᠪᠡᠭᠡᠵᠢᠩ ᠵᠦᠴᠦᠭᠡ᠂ ᠮᠣᠲ᠌ᠧᠯᠦᠨ ᠦᠵᠡᠭᠦᠯᠭᠡ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠂ ᠰᠢᠯᠦᠭ ᠳᠠᠭᠤᠯᠠᠯ᠎ᠤᠨ ᠤᠷᠠᠨ ᠤᠩᠰᠢᠯᠭ᠎ᠠ ᠵᠡᠷᠭᠡ ᠣᠯᠠᠨ ᠡᠰᠢᠲᠦ ᠲᠣᠭᠯᠠᠯᠲᠠ᠎ᠶᠢᠨ ᠬᠡᠯᠪᠡᠷᠢ᠎ᠪᠡᠷ ᠨᠠᠮ᠎ᠤᠨ ᠲᠡᠮᠡᠴᠡᠯ᠎ᠦᠨ ᠥᠩᠭᠡᠷᠡᠯᠲᠡ᠎ᠶᠢ ᠡᠷᠭᠢᠴᠡᠭᠦᠯᠵᠦ᠂ ᠣᠷᠳᠣ᠌ ᠵᠠᠮ᠎ᠤᠨ ᠠᠶᠠᠨ ᠲᠡᠶ᠋ᠢᠨ᠎ᠦ ᠵᠣᠷᠢᠭ᠋ ᠰᠠᠨᠠᠭ᠎ᠠ᠎ᠶᠢ ᠦᠷᠭᠦᠯᠵᠢᠯᠡᠨ ᠪᠠᠳᠠᠷᠠᠭᠤᠯᠵᠦ᠂ ᠰᠤᠷᠭᠠᠭᠤᠯᠢ ᠪᠠᠢᠭᠤᠯᠤᠭᠳᠠᠭᠰᠠᠨ 40 ᠵᠢᠯ᠎ᠦᠨ ᠲᠤᠷᠰᠢᠬᠢ ᠦᠷ᠎ᠡ ᠪᠦᠲᠦᠮᠵᠢ᠎ᠶᠢ ᠭᠦᠢᠴᠡᠳ ᠢᠯᠡᠷᠡᠭᠦᠯᠦᠨ᠂ ᠠᠬᠠᠮᠠᠳ ᠨᠥᠬᠥᠳ᠎ᠦᠨ ᠥᠲᠡᠯᠦᠭᠰᠡᠨ ᠴᠤ᠌ ᠰᠤᠷᠤᠯᠴᠠᠬᠤ ᠵᠦᠢᠯ᠎ᠲᠠᠢ᠂ ᠥᠲᠡᠯᠦᠭᠰᠡᠨ ᠴᠤ᠌ ᠬᠢᠬᠦ ᠵᠦᠢᠯ ᠲᠠᠢ᠂ ᠥᠲᠡᠯᠦᠭᠰᠡᠨ ᠴᠤ᠌ ᠪᠠᠶᠠᠷ ᠪᠠᠶᠠᠰᠤᠯ᠎ᠲᠠᠢ ᠪᠠᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠠᠮᠢᠳᠤᠯᠢᠭ᠋᠎ᠢᠶᠠᠷ ᠢᠯᠡᠷᠡᠭᠦᠯᠪᠡ᠃
ᠥᠪᠥᠷ ᠮᠣᠩᠭᠣᠯ᠎ᠤᠨ ᠨᠠᠰᠤᠲᠠᠢᠴᠤᠳ᠎ᠤᠨ ᠶᠡᠬᠡ ᠰᠤᠷᠭᠠᠭᠤᠯᠢ ᠨᠢ ᠰᠤᠷᠭᠠᠭᠤᠯᠢ ᠪᠠᠢᠭᠤᠯᠤᠭᠳᠠᠭᠰᠠᠨ 40 ᠵᠢᠯ᠎ᠦᠨ ᠣᠶ᠎ᠪᠠᠷ ᠰᠢᠨ᠎ᠡ ᠭᠠᠷᠤᠭ᠎ᠠ᠎ᠪᠠᠨ ᠪᠣᠯᠭᠠᠵᠤ᠂ ᠬᠥᠮᠥᠨ᠎ᠢ ᠬᠥᠮᠥᠵᠢᠭᠦᠯᠬᠦ ᠤᠭ ᠰᠠᠨᠠᠭ᠎ᠠ᠎ᠪᠠᠨ ᠪᠠᠲᠤ ᠰᠠᠬᠢᠵᠤ᠂ ᠰᠠᠨᠠᠭᠠᠴᠢᠯᠠᠭ᠎ᠠ᠎ᠡᠴᠡ᠎ᠪᠠᠨ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠥᠭᠵᠢᠯᠲᠡ᠎ᠶᠢᠨ ᠲᠥᠯᠦᠪᠵᠢᠭᠦᠯᠭᠡ᠎ᠲᠠᠢ ᠬᠠᠷᠢᠴᠠᠭᠤᠯᠵᠤ᠂ ᠬᠥᠮᠥᠨ ᠠᠮᠠ᠎ᠶᠢᠨ ᠨᠠᠰᠤᠵᠢᠯᠲᠠ᠎ᠶᠢᠨ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢ ᠢᠳᠡᠪᠬᠢᠲᠡᠢ ᠨᠠᠢᠳᠠᠪᠤᠷᠢᠵᠢᠭᠤᠯᠦᠨ᠂ ᠨᠠᠰᠤᠲᠠᠢᠴᠤᠳ᠎ᠤᠨ ᠰᠤᠷᠭᠠᠨ ᠬᠥᠮᠦᠵᠢᠯ᠎ᠦᠨ ᠰᠢᠨ᠎ᠡ ᠬᠥᠭᠵᠢᠯᠲᠡ᠎ᠶᠢ ᠪᠥᠬᠥ ᠲᠠᠯ᠎ᠠ᠎ᠪᠠᠷ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠵᠢ ᠪᠢᠴᠢᠭᠯᠡᠬᠦ᠎ᠳᠤ ᠪᠤᠭᠤᠷᠤᠯᠴᠤᠳ᠎ᠤᠨ ᠣᠶᠤᠨ ᠤᠬᠠᠭᠠᠨ᠎ᠢ ᠨᠢᠭ᠍ᠲᠠᠷᠠᠭᠤᠯᠵᠤ᠂ ᠡᠭᠦᠷᠭᠡᠯᠡᠯ ᠬᠠᠷᠢᠭᠤᠴᠠᠯᠭ᠎ᠠ᠎ᠵᠢ ᠢᠯᠡᠷᠡᠭᠦᠯᠬᠦ ᠪᠤᠯᠤᠨ᠎ᠠ᠃