ᠲᠤᠰᠢᠶᠠᠯ᠎ᠳᠤ ᠲᠣᠮᠢᠯᠠᠬᠤ᠎ᠪᠠᠷ ᠪᠠᠢᠭ᠎ᠠ ᠺᠠᠳ᠋ᠷ᠎ᠢ ᠢᠯᠡ ᠨᠡᠢᠲᠡᠯᠡᠬᠦ ᠳᠤᠬᠠᠢ ᠠᠯᠪᠠᠨ ᠵᠠᠷᠯᠠᠯ
2026-07-04 13:42:57
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠰᠤᠳᠤᠯᠬᠤ ᠎ᠪᠠᠷ ᠳᠠᠮᠵᠢᠨ᠂ ᠳᠣᠣᠷᠠᠬᠢ ᠳᠡᠪᠰᠢᠭᠦᠯᠬᠦ ᠪᠠᠷ  ᠪᠠᠢᠭ᠎ᠠ  ᠪᠠ  ᠤᠯᠠᠮ ᠨᠢᠭᠡ ᠠᠯᠬᠤᠮ ᠬᠡᠷᠡᠭᠯᠡᠬᠦ᠎ᠪᠡᠷ ᠪᠠᠢᠭ᠎ᠠ 4 ᠺᠠᠳ᠋ᠷ᠎ᠢ ᠢᠯᠡ ᠨᠡᠢᠲᠡᠯᠡᠬᠦ᠎ᠪᠡᠷ ᠲᠣᠭᠲᠠᠪᠠ᠃

ᠨᠢᠭᠡ᠂ ᠢᠯᠡ ᠨᠡᠢᠲᠡᠯᠡᠬᠦ ᠨᠡᠷᠡᠰ

ᠭᠦᠸᠧ ᠵᠢᠩ ᠯᠢ᠂ ᠡᠮᠡᠭᠲᠡᠢ᠂ ᠬᠢᠲᠠᠳ ᠦᠨᠳᠦᠰᠦᠲᠡᠨ᠂ 1968 ᠣᠨ᠎ᠤ 12 ᠰᠠᠷ᠎ᠠ᠎ᠳᠤ ᠳᠦᠷᠦᠵᠡᠶ᠂ ᠶᠡᠬᠡ ᠰᠤᠷᠭᠠᠭᠤᠯᠢ᠎ᠶᠢᠨ ᠰᠤᠷᠤᠯᠭ᠎ᠠ᠎ᠶᠢᠨ ᠨᠠᠮᠳᠠᠷ ᠲᠠᠢ᠂ ᠠᠵᠤ ᠠᠬᠤᠢ᠎ᠶᠢᠨ ᠤᠬᠠᠭᠠᠨ᠎ᠤ ᠮᠠᠰᠲᠧᠷ᠂ ᠨᠢᠭ᠍ᠲᠠᠯᠠᠨ ᠪᠤᠳᠤᠭ᠍ᠴᠢ᠂ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠡᠷᠲᠡᠭᠡᠨ ᠵᠠᠰᠠᠬᠤ ᠣᠷᠣᠨ ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠲᠥᠰᠥᠪ᠎ᠦᠨ ᠠᠵᠢᠯ᠎ᠤᠨ ᠵᠦᠪᠯᠡᠯ᠎ᠤᠨ ᠳᠡᠳ᠋ ᠡᠷᠬᠢᠯᠡᠭᠴᠢ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠤᠷᠢᠶ᠎ᠠ᠎ᠶᠢᠨ ᠪᠠᠢᠭᠤᠯᠭ᠎ᠠ᠎ᠶᠢᠨ ᠳᠣᠲᠣᠭᠠᠳᠤ᠎ᠪᠠᠢᠭᠤᠯᠤᠮᠵᠢ᠎ᠶᠢᠨ ᠵᠢᠩᠬᠢᠨᠢ ᠲᠤᠰᠢᠶᠠᠯ᠎ᠤᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠣᠶ;

ᠵᠠᠩ ᠰᠢᠶᠣᠣ ᠬᠤ᠌᠂ ᠡᠷᠡᠭᠲᠡᠢ᠂ ᠬᠢᠲᠠᠳ ᠦᠨᠳᠦᠰᠦᠲᠡᠨ᠂ 1974 ᠣᠨ᠎ᠤ 10 ᠰᠠᠷ᠎ᠠ᠎ᠳᠤ ᠳᠦᠷᠦᠵᠡᠶ᠂ ᠠᠵᠢᠯ᠎ᠤᠨ ᠪᠠᠢᠷᠢ ᠳᠡᠭᠡᠷ᠎ᠡ ᠪᠠᠨ ᠰᠤᠷᠤᠯᠴᠠᠭᠰᠠᠨ ᠠᠰᠫᠢᠷᠠᠨᠲ᠂ ᠬᠠᠮᠢᠶᠠᠷᠤᠯᠲᠠ᠎ᠶᠢᠨ ᠤᠬᠠᠭᠠᠨ᠎ᠤ ᠳ᠋ᠣᠺᠲ᠋ᠣᠷ᠂  ᠳᠡᠭᠡᠳᠦ ᠵᠡᠷᠭᠡ᠎ᠶᠢᠨ ᠢᠨᠵᠧᠨᠧᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠣᠲᠣ᠌ ᠥᠪᠥᠷ ᠮᠣᠩᠭᠣᠯ᠎ᠤᠨ ᠴᠠᠬᠢᠯᠭᠠᠨ ᠬᠦᠴᠦᠨ(ᠪᠦᠯᠦᠭᠯᠡᠯ) ᠤ᠋ ᠬᠢᠵᠠᠭᠠᠷᠲᠤ ᠺᠣᠮᠫᠠᠨᠢ᠎ᠶᠢᠨ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢ᠎ᠶᠢᠨ ᠲᠤᠰᠢᠶᠠᠯ᠎ᠢ ᠡᠭᠦᠷᠭᠡᠯᠡᠵᠦ ᠪᠣᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠡᠴᠡ ᠤᠳᠤᠷᠢᠳᠬᠤ ᠪᠠᠭ᠎ᠢ ᠰᠢᠭᠤᠳ ᠬᠠᠮᠢᠶᠠᠷᠬᠤ ᠠᠵᠤ ᠠᠬᠤᠢᠯᠠᠯ᠎ᠤᠨ ᠵᠢᠩᠬᠢᠨᠢ ᠲᠤᠰᠢᠶᠠᠯ᠎ᠳᠤ ᠲᠣᠮᠢᠯᠠᠬᠤ᠎ᠪᠠᠷ ᠪᠣᠶ;

ᠸᠠᠩ ᠺᠦᠨ᠂ ᠡᠷᠡᠭᠲᠡᠢ᠂ ᠬᠤᠳᠤᠩ ᠦᠨᠳᠦᠰᠦᠳᠡᠨ᠂ 1982 ᠤᠨ ᠤ᠋ 4 ᠰᠠᠷ᠎ᠠ᠎ᠳᠦ ᠳᠦᠷᠦᠵᠡᠢ᠂ ᠠᠵᠢᠯ᠎ᠤᠨ ᠪᠠᠢᠷᠢ ᠳᠡᠭᠡᠷ᠎ᠡ ᠪᠠᠨ ᠰᠤᠷᠤᠯᠴᠠᠭᠰᠠᠨ ᠠᠰᠫᠢᠷᠠᠨᠲ᠂ ᠠᠵᠤ ᠠᠬᠤᠢ᠎ᠶᠢᠨ ᠤᠬᠠᠭᠠᠨ᠎ᠤ ᠮᠠᠰᠲᠧᠷ᠂ ᠢᠨᠵᠸᠨ᠋ᠸᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠰᠢᠭᠦᠨ᠂ ᠤᠳᠤ ᠨᠡᠢᠳᠡᠮ᠎ᠤᠨ ᠬᠡᠷᠡᠭᠯᠡᠭᠡᠨ ᠤ᠋ ᠮᠡᠷᠭᠡᠵᠢᠯ᠎ᠤᠨ ᠪᠦᠯᠦᠭᠯᠡᠯ᠎ᠤᠨ ᠬᠠᠮᠵᠢᠯᠴᠠᠨ ᠬᠦᠭᠵᠢᠬᠦᠯᠬᠦ ᠬᠡᠯᠳᠡᠰ᠎ᠤᠨ ᠳᠡᠳ᠋ ᠶᠡᠷᠦᠩᠬᠡᠢ ᠳᠠᠭᠠᠭᠠᠮᠠᠯ᠎ᠤᠨ ᠳᠤᠰᠢᠶᠠᠯ᠎ᠢ ᠡᠭᠦᠷᠭᠡᠯᠡᠵᠦ ᠪᠤᠢ᠂ ᠠᠢᠮᠠᠭ ᠬᠤᠳᠠ᠎ᠶᠢᠨ ᠨᠠᠮ᠎ᠤᠨ ᠬᠤᠷᠢᠶ᠎ᠠ᠎ᠶᠢᠨ ᠳᠡᠳ᠋ ᠳᠤᠰᠢᠶᠠᠯ᠎ᠳᠦ ᠳᠤᠮᠢᠯᠠᠬᠤ ᠪᠡᠷ ᠪᠤᠢ;

ᠴᠧᠨ ᠶᠠᠨ ᠪᠦᠦ᠂ ᠡᠷᠡᠭᠲᠡᠢ᠂ ᠬᠢᠲᠠᠳ ᠦᠨᠳᠦᠰᠦᠲᠡᠨ᠂ 1980 ᠣᠨ᠎ᠤ 1 ᠰᠠᠷ᠎ᠠ᠎ᠳᠤ ᠲᠦᠷᠦᠵᠠᠢ᠂ ᠶᠡᠬᠡ ᠰᠤᠷᠭᠠᠭᠤᠯᠢ᠎ᠶᠢᠨ ᠰᠤᠷᠤᠯᠭ᠎ᠠ ᠎ᠶᠢᠨ ᠨᠠᠮᠳᠠᠷ ᠲᠠᠢ᠂ ᠬᠠᠮᠢᠶᠠᠷᠤᠯᠲᠠ᠎ᠶᠢᠨ ᠤᠬᠠᠭᠠᠨ ᠎ᠤ ᠪᠠᠴᠸᠯᠸᠷ᠂ ᠳᠤᠮᠳᠠᠳᠤ ᠤᠯᠤᠰ ᠎ᠤᠨ ᠡᠪ ᠬᠠᠮᠲᠤ ᠨᠠᠮ᠎ᠤᠨ ᠭᠡᠰᠢᠭᠦᠨ᠂ ᠤᠲᠤ ᠲᠠᠢᠪᠤᠰᠧ ᠬᠣᠰᠢᠭᠤᠨ᠎ᠤ ᠨᠠᠮ᠎ᠤᠨ ᠬᠤᠷᠢᠶ᠎ᠠ᠎ᠶᠢᠨ ᠱᠦᠵᠢ᠂ ᠨᠢᠭᠡᠳᠦᠭᠡᠷ ᠳᠡᠰ᠎ᠤᠨ ᠪᠠᠢᠴᠠᠭᠠᠨ ᠰᠤᠳᠤᠯᠤᠭ᠍ᠴᠢ᠎ᠶᠢᠨ ᠲᠤᠰᠢᠶᠠᠯ᠎ᠢ ᠡᠭᠦᠷᠭᠡᠯᠡᠵᠦ ᠪᠤᠢ᠂ ᠳᠡᠳ᠋ ᠲᠤᠰᠬᠠᠢ ᠣᠷᠣᠨ᠎ᠤ ᠲᠡᠰ᠎ᠤᠨ ᠬᠤᠲᠠ᠎ᠶᠢᠨ ᠳᠠᠷᠤᠭ᠎ᠠ᠎ᠶᠢᠨ ᠵᠢᠱ᠌ᠢᠭᠳᠡᠭᠴᠢ᠎ᠪᠡᠷ ᠨᠡᠷ᠎ᠡ ᠳᠤᠷᠠᠳᠬᠤ᠎ᠪᠠᠷ ᠪᠤᠢ᠃

ᠬᠣᠶᠠᠷ᠂ ᠢᠯᠡ ᠨᠡᠢᠲᠡᠯᠡᠬᠦ ᠴᠠᠭ

2026 ᠣᠨ᠎ᠤ 7 ᠰᠠᠷ᠎ᠠ᠎ᠶᠢᠨ 4 ᠤ᠋ ᠡᠳᠦᠷ᠎ᠡᠴᠡ 2026 ᠣᠨ᠎ᠤ 7 ᠰᠠᠷ᠎ᠠ᠎ᠶᠢᠨ 10 ᠎ᠤ᠋ ᠡᠳᠦᠷ ᠪᠣᠯᠲᠠᠯ᠎ᠠ ᠢᠯᠡ ᠨᠡᠢᠳᠡᠯᠡᠨ᠎ᠡ᠃

ᠭᠤᠷᠪᠠ᠂ ᠬᠦᠯᠢᠶᠡᠨ ᠠᠪᠴᠤ ᠰᠢᠢᠳᠪᠦᠷᠢᠯᠡᠬᠦ ᠬᠡᠯᠪᠡᠷᠢ

ᠨᠢᠭᠡᠴᠢ ᠪᠠ ᠬᠤᠪᠢ ᠬᠥᠮᠦᠨ ᠤᠲᠠᠰᠤ᠂ ᠵᠠᠬᠢᠳᠠᠯ ᠢᠷᠡᠬᠦᠯᠬᠦ᠂ ᠰᠤᠷᠪᠤᠯᠵᠢᠯᠠᠯ ᠬᠢᠬᠦ᠂ ᠰᠦᠯᠵᠢᠶ᠎ᠡ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠳᠡᠭᠡᠷᠡᠬᠢ ᠢᠯᠡ ᠨᠡᠶ᠋ᠢᠲᠡᠯᠡᠭᠰᠡᠨ ᠬᠥᠮᠦᠰ᠎ᠦᠨ ᠬᠣᠯᠪᠣᠭᠳᠠᠯ ᠪᠥᠬᠥᠶ ᠪᠠᠶ᠋ᠢᠳᠠᠯ ᠪᠠ ᠠᠰᠠᠭᠤᠳᠠᠯ᠎ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ᠎ᠳ᠋ᠤ ᠪᠠᠶ᠋ᠢᠴᠠᠭᠠᠯᠳᠠ ᠬᠢᠵᠤ ᠬᠢᠨᠡᠨ ᠲᠤᠳᠤᠯᠠᠬᠤ ᠳ᠋ᠤ ᠲᠥᠬᠥᠮ᠎ᠪᠤᠯᠭᠠᠬᠤ ᠵᠢᠨ ᠲᠦᠯᠦᠭᠡ᠂ ᠠᠰᠠᠭᠤᠳᠠᠯ᠎ᠢ ᠲᠤᠰᠬᠠᠬᠤ ᠳ᠋ᠠᠭᠠᠨ ᠬᠣᠯᠪᠣᠭᠳᠠᠯ ᠪᠥᠬᠥᠶ ᠰᠦᠪᠡᠭᠴᠢ ᠵᠢᠴᠢ ᠲᠣᠰ ᠬᠥᠮᠦᠨ᠎ᠦ ᠪᠡᠨ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶᠢᠭ ᠪᠤᠶᠤ ᠠᠵᠢᠯᠯᠠᠵᠤ ᠪᠠᠢᠭ᠎ᠠ ᠪᠠᠢᠭᠤᠯᠭ᠎ᠠ ᠵᠡᠷᠭᠡ ᠮᠡᠳᠡᠭᠡ ᠵᠠᠩᠭᠢ᠎ᠪᠠᠨ ᠬᠠᠩᠭᠠᠭᠠᠷᠠᠶ᠂ ᠪᠢᠳᠡ ᠠᠵᠢᠯ᠎ᠤᠨ ᠰᠠᠬᠢᠯᠭ᠎ᠠ ᠪᠠᠲᠤ᠎ᠶᠢ ᠴᠢᠩᠭ᠎ᠠ ᠵᠢᠷᠤᠮᠯᠠᠨ᠂ ᠨᠢᠭᠤᠴᠠ᠎ᠶᠢ ᠬᠠᠮᠠᠭᠠᠯᠠᠬᠤ ᠡᠭᠦᠷᠭᠡ᠎ᠪᠡᠨ ᠭᠦᠢᠴᠡᠳᠬᠡᠵᠦ᠍᠂ ᠬᠢᠨᠠᠨ ᠲᠤᠳᠤᠯᠠᠬᠰᠡᠨ ᠪᠠᠶ᠋ᠢᠳᠠᠯ᠎ᠢᠶᠠᠨ ᠴᠠᠭ ᠲᠤᠬᠠᠶ᠎ᠳᠤᠨᠢ ᠬᠠᠷᠢᠭᠤ ᠲᠤᠰᠬᠠᠨ᠎ᠠ᠃

ᠬᠦᠯᠢᠶᠡᠨ ᠠᠪᠴᠤ ᠰᠢᠢᠳᠪᠤᠷᠢᠯᠡᠬᠦ ᠴᠠᠭ᠄ ᠠᠵᠢᠯᠯᠠᠬᠤ ᠡᠳᠦᠷ᠎ᠦᠨᠦᠳᠡ᠎ᠶᠢᠨ ᠡᠮᠦᠨ᠎ᠠ  9᠄ 00 —12᠄ 00 ᠦᠳᠡ᠎ᠶᠢᠨ ᠬᠣᠶ᠋ᠢᠨ᠎ᠠ 13᠄ 30 — 17᠄ 00

ᠬᠦᠯᠢᠶᠡᠨ ᠠᠪᠴᠤ ᠰᠢᠢᠳᠪᠤᠷᠢᠯᠡᠬᠦ ᠤᠲᠠᠰᠤ ᠄ (0471)12380

ᠵᠠᠬᠢᠳᠠᠯ᠎ᠢᠷᠡᠬᠦᠯᠬᠦ ᠬᠠᠶᠢᠭ᠄ ᠬᠥᠬᠡᠬᠣᠲᠠ᠎ᠶᠢᠨ ᠰᠠᠶ᠋ᠢᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ᠎ᠶᠢᠨ1 ᠳ᠋ᠤᠭᠡᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠢᠯᠡᠴᠢᠯᠡᠨ ᠮᠡᠳᠡᠭᠦᠯᠬᠦ᠌ ᠲᠥᠪ (ᠰᠢᠤᠳᠠᠨ ᠨᠣᠮᠧᠷ᠄ 010098)

ᠢᠯᠡᠴᠢᠯᠡᠨ ᠮᠡᠳᠡᠭᠦᠯᠬᠦ᠌ ᠰᠦᠯᠵᠢᠶᠡᠨ ᠎ᠦ ᠬᠠᠶᠢᠭ᠄ 12380.nmgdj.gov.cn

ᠣᠨᠴᠠᠭᠠᠶ᠋ᠢᠯᠠᠨ ᠵᠠᠷᠯᠠᠪᠠ

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠵᠣᠬᠢᠶᠠᠨ ᠪᠠᠶ᠋ᠢᠭᠤᠯᠬᠤ ᠬᠡᠯᠲᠡᠰ

2026 ᠣᠨ᠎ᠤ 7 ᠰᠠᠷ᠎ᠠ᠎ᠶᠢᠨ 3 ᠎ᠤ᠋ ᠡᠳᠦᠷ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号