ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠢ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠰᠤᠷᠤᠯᠴᠠᠨ ᠲᠤᠭᠤᠰᠢᠯᠠᠭᠤᠯᠪᠠ
2026-07-04 12:46:21
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ᠎ᠢ ᠡᠷᠬᠢᠯᠡᠪᠡ


7 ᠰᠠᠷ᠎ᠠ᠎ᠶᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ᠎ᠶᠢᠨ ᠬᠣᠷᠢᠢ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠣᠯᠤᠨ ᠤᠢ᠌ᠷ᠎ᠠ ᠎ᠶᠢᠨ ᠬᠤᠭᠤᠴᠠᠭᠠᠨ ᠎ᠤ ᠴᠢᠬᠤᠯᠠ ᠵᠢᠭᠠᠪᠤᠷᠢ ᠎ᠶᠢᠨ ᠵᠣᠷᠢᠭ ᠰᠠᠨᠠᠭ᠎ᠠ ᠎ᠶᠢ ᠤᠯᠠᠮᠵᠢᠯᠠᠨ ᠰᠤᠷᠤᠯᠴᠠᠵᠦ᠍᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ ᠸᠠᠩ ᠸᠧᠶ ᠵᠥᠩ ᠬᠤᠷᠠᠯ᠎ᠢ ᠡᠷᠭᠢᠯᠡᠪᠡ᠃

ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ᠂ ᠮᠠᠨ᠎ᠤ ᠨᠠᠮ᠎ᠤᠨ 105 ᠵᠢᠯ᠎ᠦᠨ ᠲᠤᠷᠰᠢᠬᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠶᠠᠪᠤᠵᠤ ᠦᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠂ ᠡᠭᠦᠳᠦᠨ ᠪᠦᠲᠦᠭᠡᠭᠰᠡᠨ ᠠᠭᠤᠤ ᠶᠡᠬᠡ ᠠᠮᠵᠢᠯᠲᠠ ᠪᠦᠲᠦᠮᠵᠢ᠎ᠶᠢ ᠭᠦᠨ ᠰᠡᠳᠭᠢᠯᠭᠡ ᠲᠠᠢ ᠪᠡᠷ ᠡᠷᠭᠢᠴᠡᠭᠦᠯᠵᠦ᠍᠂ ᠮᠠᠨ᠎ᠤ ᠨᠠᠮ᠎ᠤᠨ ᠭᠡᠷᠡᠯ ᠰᠠᠴᠤᠷᠠᠩᠭᠤᠢ ᠠᠮᠵᠢᠯᠲᠠ ᠵᠢ ᠲᠠᠰᠤᠷᠠᠯᠳᠠ ᠦᠭᠡᠢ ᠤᠯᠵᠤ ᠴᠢᠳᠠᠭᠰᠠᠨ ᠰᠢᠯᠢᠳᠡᠭ ᠣᠨᠴᠠᠯᠢᠭ ᠰᠢᠨᠵᠢ ᠪᠣᠯᠤᠨ ᠵᠠᠩᠭᠢᠯᠠᠭ᠎ᠠ᠎ᠶᠢᠨ ᠨᠢᠭᠤᠴᠠ ᠨᠣᠮᠧᠷ᠎ᠢ ᠭᠦᠨᠵᠡᠭᠡᠢ ᠢᠯᠡᠷᠡᠭᠦᠯᠵᠦ᠍᠂ ᠰᠢᠨ᠎ᠡ ᠠᠶᠠᠨ᠎ᠳᠡᠬᠢ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠢᠲᠡᠭᠡᠯ ᠵᠣᠷᠢᠭ᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠬᠦ᠌ ᠎ᠳᠦ 《ᠲᠠᠪᠤᠨ ᠡᠷᠬᠡᠪᠰᠢ》 ᠵᠢᠨ ᠲᠣᠳᠣᠷᠬᠠᠢ ᠱᠠᠭᠠᠷᠳᠠᠯᠭ᠎ᠠ᠎ᠶᠢ ᠳᠤᠷᠠᠳᠤᠭᠰᠠᠨ ᠪᠠᠶ᠋ᠢᠨ᠎ᠠ᠃ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠶᠠᠷᠢᠶ᠎ᠠ ᠰᠤᠳᠤ ᠮᠡᠷᠭᠡᠨ᠂ ᠦᠵᠡᠯ ᠰᠠᠨᠠᠭ᠎ᠠ ᠭᠦᠨ ᠭᠦᠨᠵᠡᠭᠡᠢ ᠪᠠᠶ᠋ᠢᠵᠤ᠂ ᠮᠠᠷᠺᠰ᠎ᠤᠨ ᠦᠵᠡᠯ᠎ᠦᠨ ᠬᠡᠷᠡᠯ ᠭᠢᠯᠪᠠᠭ᠎ᠠ ᠵᠢ ᠰᠠᠴᠤᠷᠠᠭᠤᠯᠤᠭᠰᠠᠨ ᠬᠥᠲᠥᠯᠪᠦᠷᠢ᠎ᠶᠢᠨ ᠴᠢᠨᠠᠷᠲᠠᠢ ᠲᠤᠯᠭᠤᠷ ᠪᠢᠴᠢᠭ ᠪᠣᠯᠤᠨ᠎ᠠ᠃ ᠣᠷᠣᠨ ᠳᠠᠶᠠᠭᠠᠷ᠎ᠢᠶᠠᠨ ᠴᠢᠬᠤᠯᠠ ᠶᠠᠷᠢᠶᠠᠨ ᠎ᠤ ᠴᠢᠬᠤᠯᠠ ᠶᠡᠬᠡ ᠠᠴᠢ ᠬᠣᠯᠪᠣᠭᠳᠠᠯ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ᠎ᠶᠢᠨ ᠱᠠᠭᠠᠷᠳᠠᠯᠭ᠎ᠠ᠎ᠶᠢ ᠭᠦᠨᠵᠡᠭᠡᠶ ᠰᠤᠷᠤᠯᠴᠠᠨ ᠣᠶ᠋ᠢᠯᠠᠭᠠᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠨᠠᠩ ᠭᠦᠨᠵᠡᠭᠡᠶ ᠣᠶ᠋ᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠵᠢᠭᠠᠭᠰᠠᠨ ᠴᠢᠭᠯᠡᠯ᠎ᠢᠶᠡᠷ ᠡᠷᠡᠰ ᠭᠤᠶ᠋ᠢᠪᠢᠰᠢ ᠥᠬᠡᠶ ᠡᠷᠡᠯᠬᠡᠭᠯᠡᠨ ᠤᠷᠤᠭᠰᠢᠯᠠᠬᠤ ᠬᠡᠷᠡᠭᠲᠡᠶ᠃ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠶᠢ ᠴᠢᠬᠤᠯᠠ ᠤᠯᠤᠰ ᠲᠦᠷᠦ᠎ᠶᠢᠨ ᠡᠭᠦᠷᠭᠡ ᠪᠣᠯᠭᠠᠵᠤ᠂ ᠪᠦᠬᠦ᠌ ᠨᠠᠮ᠎ᠤᠨ ᠭᠡᠰᠢᠭᠦᠨ᠎ᠳᠦ ᠬᠠᠨᠳᠤᠭᠤᠯᠤᠭᠰᠠᠨ ᠤᠨᠤᠯ᠎ᠤᠨ ᠰᠤᠷᠤᠯᠴᠠᠯᠭ᠎ᠠ ᠪᠠ ᠬᠥᠮᠦᠵᠢᠯ ᠪᠣᠯᠪᠠᠰᠤᠷᠠᠯ ᠎ᠢ ᠯᠠᠪᠳᠠᠭᠤᠨ ᠪᠠᠲᠤᠲᠠᠢ ᠵᠣᠬᠢᠶᠠᠨ ᠪᠠᠶ᠋ᠢᠭᠤᠯᠤᠨ ᠥᠷᠨᠢᠭᠦᠯᠵᠦ᠍᠂ ᠪᠦᠬᠦ᠌ ᠲᠠᠯ᠎ᠠ᠎ᠪᠠᠷ᠂ ᠤᠯᠠᠨ ᠬᠡᠯᠪᠡᠷᠢ ᠎ᠪᠡᠷ ᠤᠬᠠᠭᠤᠯᠭ᠎ᠠ ᠪᠠ ᠤᠬᠠᠭᠤᠯᠤᠨ ᠲᠠᠢᠯᠪᠦᠷᠢᠯᠠᠯᠲᠠ ᠵᠢ ᠦᠷᠨᠢᠭᠦᠯᠵᠦ᠂ ᠰᠤᠷᠤᠯᠴᠠᠨ ᠤᠬᠠᠭᠤᠯᠬᠤ ᠬᠠᠯᠠᠭᠤᠨ ᠥᠷᠨᠢᠯᠲᠡ᠎ᠶᠢ ᠦᠷᠭᠦᠯᠵᠢᠯᠡᠨ ᠥᠷᠨᠢᠭᠦᠯᠬᠦ᠌ ᠬᠡᠷᠡᠭᠲᠡᠢ᠃ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢ ᠪᠦᠬᠦ᠌ ᠬᠦᠴᠦᠨ᠎ᠢᠶᠡᠷ᠎ᠢᠶᠡᠨ ᠰᠠᠶ᠋ᠢᠲᠤᠷ ᠠᠳᠬᠤᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠤᠶᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠲᠠᠶ ᠤᠶᠠᠯᠳᠤᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ ᠠᠵᠢᠯ᠎ᠢᠶᠠᠨ ᠰᠠᠶ᠋ᠢᠲᠤᠷ ᠬᠢᠬᠦ᠌᠎ᠲᠡᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ ᠎ᠤᠨ ᠪᠠᠶ᠋ᠢᠷᠢᠯᠠᠭᠤᠯᠤᠯᠲᠠ᠎ᠶᠢ ᠨᠡᠩ ᠯᠠᠪᠳᠠᠭᠤᠨ ᠪᠠᠲᠤᠲᠠᠢ ᠪᠦᠲᠦᠮᠵᠢᠲᠡᠢ ᠨᠠᠶ᠋ᠢᠳᠠᠪᠤᠷᠢᠵᠢᠭᠤᠯᠵᠤ᠂ ᠰᠢᠨ᠎ᠡ ᠠᠶᠠᠨ᠎ᠳᠠᠭᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠶ᠋ᠢᠨ ᠪᠢᠴᠢᠭᠯᠡᠬᠦ᠌ ᠬᠡᠷᠡᠭᠲᠡᠢ ᠭᠡᠵᠦ᠍ ᠵᠢᠭᠠᠵᠤ ᠭᠠᠷᠭᠠᠪᠠ᠃        

ᠬᠤᠷᠠᠯ᠎ᠡᠴᠠ 6 ᠰᠠᠷ᠎ᠠ᠎ᠶᠢᠨ 30 ᠎ᠤ᠋ ᠡᠳᠦᠷ᠎ᠦᠨ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠦᠪ ᠬᠤᠷᠢᠶ᠎ᠠ ᠵᠢᠨ ᠤᠯᠤᠰ ᠲᠥᠷᠥ᠎ᠶᠢᠨ ᠲᠣᠪᠴᠢᠶᠠᠨ᠎ᠤ ᠬᠤᠷᠠᠯ᠎ᠤᠨ ᠵᠣᠷᠢᠭ ᠰᠠᠨᠠᠭ᠎ᠠ᠎ᠶᠢ ᠤᠯᠠᠮᠵᠢᠯᠠᠨ ᠰᠤᠷᠤᠯᠴᠠᠵᠤ᠂ ᠮᠠᠨ ᠎ᠤ ᠣᠷᠣᠨ᠎ᠤ ᠦᠶᠡᠷ ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠠᠵᠢᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠌᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠍᠂ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌᠂ ᠭᠠᠮᠰᠢᠭ᠎ᠢ ᠰᠡᠷᠭᠡᠶ᠋ᠢᠯᠡᠵᠦ᠍ ᠭᠠᠮᠰᠢᠭ ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠠᠳᠬᠤᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠪᠥᠬᠥ᠌ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠶ᠃ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠬᠠᠰᠢᠯᠭ᠎ᠠ ᠳᠠᠯᠠᠩ᠂ ᠤᠰᠤᠨ ᠴᠥᠭᠥᠷᠥᠮ᠂ ᠭᠣᠣᠯ ᠲᠠᠭᠠᠦ ᠠᠶ᠋ᠢᠯ ᠲᠣᠰᠬᠣᠨ᠂ ᠬᠤᠳᠠ᠎ᠶᠢᠨ ᠬᠣᠲᠣᠭᠣᠷ ᠭᠠᠵᠠᠷ ᠵᠡᠷᠭᠡ ᠭᠣᠣᠯᠳᠠᠯᠭ᠎ᠠ᠎ᠲᠠᠶ ᠭᠠᠵᠠᠷ ᠣᠷᠣᠨ᠎ᠤ ᠠᠶᠤᠯ ᠲᠦᠭᠰᠢᠭᠦᠷᠢ ᠭᠡᠮ ᠰᠣᠭᠣᠭ᠎ᠢ ᠵᠢᠭᠰᠠᠭᠠᠨ ᠪᠠᠶ᠋ᠢᠴᠠᠭᠠᠵᠤ ᠴᠡᠭᠴᠡᠯᠡᠨ ᠵᠠᠰᠠᠬᠤ ᠠᠵᠢᠯ᠎ᠢ ᠯᠠᠪᠳᠠᠭᠤᠨ ᠪᠠᠲᠤᠲᠠᠢ ᠰᠠᠶ᠋ᠢᠲᠤᠷ ᠬᠢᠵᠦ᠍᠂ ᠦᠶᠡᠷ ᠎ᠢ ᠰᠡᠷᠭᠡᠶ᠋ᠢᠯᠡᠬᠦ᠌ ᠢᠨᠵᠧᠨᠧᠷᠢᠩ᠎ᠦᠨ ᠰᠢᠰᠲ᠋ᠧᠮ᠎ᠦᠨ ᠪᠠᠶ᠋ᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠤᠰᠤᠨ ᠎ᠤ ᠡᠬᠢ ᠪᠠᠶᠠᠯᠢᠭ᠎ᠢ ᠨᠢᠭᠡᠳᠦᠯᠲᠡᠢ ᠲᠤᠬᠢᠷᠠᠭᠤᠯᠬᠤ ᠪᠠ ᠪᠠᠴᠢᠮ ᠪᠠᠶ᠋ᠢᠳᠠᠯ᠎ᠢ ᠠᠷᠭᠠᠴᠠᠭᠠᠬᠤ ᠤᠰᠤᠨ᠎ᠤ ᠡᠬᠢ ᠰᠤᠷᠪᠤᠯᠵᠢ᠎ᠶᠢᠨ ᠢᠨᠵᠧᠨᠧᠷᠢᠩ᠎ᠦᠨ ᠪᠠᠶ᠋ᠢᠭᠤᠯᠤᠯᠲᠠ᠎ᠶᠢ ᠴᠢᠩᠭᠠᠳᠬᠠᠬᠤ ᠬᠡᠷᠡᠭᠲᠡᠢ᠃ ᠦᠶᠡᠷ᠎ᠢ ᠰᠡᠷᠭᠡᠶ᠋ᠢᠯᠡᠵᠦ᠍ ᠭᠠᠩ ᠬᠠᠭᠰᠠᠷᠠᠭᠠᠨ᠎ᠲᠠᠶ ᠲᠡᠮᠡᠴᠡᠬᠦ᠌ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠵᠤ᠂ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠎ᠶᠢ ᠴᠢᠩᠭᠠᠳᠬᠠᠵᠤ᠂ ᠪᠠᠴᠢᠮ ᠪᠠᠶ᠋ᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ ᠪᠣᠯᠤᠨ ᠡᠳ᠋ ᠪᠣᠳᠠᠰ ᠎ᠤᠨ ᠨᠥᠭᠡᠴᠡ᠎ᠶᠢ ᠭᠦᠢᠴᠡᠳ ᠬᠢᠵᠦ᠍᠂ ᠭᠠᠮᠰᠢᠭ᠎ᠢ ᠰᠡᠷᠭᠡᠶ᠋ᠢᠯᠡᠵᠦ᠍ ᠭᠠᠮᠰᠢᠭ᠎ᠡᠴᠡ ᠠᠪᠤᠷᠠᠬᠤ ᠪᠠ ᠠᠮᠤᠷ ᠲᠦᠪᠰᠢᠨ᠎ᠢᠶᠡᠷ ᠠᠶᠤᠯ᠎ᠡᠴᠡ ᠵᠠᠶ᠋ᠢᠯᠠᠬᠤ ᠤᠬᠠᠭᠤᠯᠭ᠎ᠠ ᠬᠥᠮᠦᠵᠢᠯ᠎ᠢ ᠴᠢᠩᠭᠠᠳᠬᠠᠵᠤ᠂ ᠭᠠᠮᠰᠢᠭ ᠎ᠢ ᠰᠡᠷᠭᠡᠶ᠋ᠢᠯᠡᠵᠦ᠍ ᠭᠠᠮᠰᠢᠭ᠎ᠢ ᠪᠠᠭᠠᠰᠬᠠᠵᠤ ᠭᠠᠮᠰᠢᠭ᠎ᠡᠴᠡ ᠠᠪᠤᠷᠠᠬᠤ ᠴᠢᠳᠠᠪᠤᠷᠢ᠎ᠶᠢ ᠪᠦᠬᠦ᠌ ᠲᠠᠯ᠎ᠠ᠎ᠪᠠᠷ ᠳᠡᠭᠡᠭᠰᠢᠯᠡᠭᠦᠯᠬᠦ᠌ ᠬᠡᠷᠡᠭᠲᠡᠢ ᠭᠡᠵᠦ᠍ ᠴᠢᠬᠤᠯᠠᠴᠢᠯᠠᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠢ ᠪᠠᠢᠩᠭᠤᠵᠢᠭᠤᠯᠤᠨ ᠰᠠᠢᠲᠤᠷ ᠬᠢᠬᠦ ᠲᠤᠬᠠᠢ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ᠎ᠤᠨ ᠵᠡᠭᠦᠨ ᠪᠠᠷᠠᠭᠤᠨ ᠣᠷᠣᠨ᠎ᠤ ᠬᠠᠮᠵᠢᠯᠴᠠᠭᠠᠨ᠎ᠤ ᠠᠵᠢᠯ᠎ᠤᠨ ᠬᠤᠷᠠᠯ᠎ᠤᠨ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠪᠡᠭᠡᠵᠢᠩ ᠯᠤᠭᠡ᠎ᠶᠢᠨ ᠠᠵᠢᠯ᠎ᠤᠨ ᠵᠣᠯᠭᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠨᠡᠩ ᠶᠡᠬᠡ ᠦᠷ᠎ᠡ ᠪᠦᠲᠦᠮᠵᠢ ᠣᠯᠬᠤ᠎ᠶᠢ ᠠᠬᠢᠭᠤᠯᠬᠤ ᠬᠡᠷᠡᠭᠲᠡᠢ᠃ ᠪᠠᠢᠩᠭᠤᠵᠢᠭ᠍ᠰᠠᠨ ᠬᠠᠪᠰᠤᠷᠤᠨ ᠲᠡᠳᠬᠦᠬᠦ ᠭᠣᠣᠯᠳᠠᠯᠭ᠎ᠠ᠎ᠲᠠᠢ ᠡᠭᠦᠷᠭᠡ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠬᠡᠪᠴᠢᠶᠡᠵᠢᠯ᠎ᠦᠨ ᠴᠢᠨᠠᠷᠲᠠᠢ ᠲᠠᠬᠢᠨ ᠶᠠᠳᠠᠭᠤᠷᠠᠬᠤ ᠪᠠ ᠶᠠᠳᠠᠭᠤᠷᠠᠬᠤ ᠦᠭᠡᠢ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶᠢᠨ ᠥᠷᠭᠡᠴᠡ ᠪᠠ ᠭᠦᠨᠴᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠨᠠᠩ ᠣᠯᠠᠨ ᠪᠤᠬᠢᠷᠳᠤᠯ ᠦᠭᠡᠢ ᠴᠠᠬᠢᠯᠭᠠᠨ᠂ ᠪᠤᠬᠢᠷᠳᠤᠯ ᠦᠭᠡᠢ ᠪᠣᠳᠣᠯᠳᠠ ᠵᠢᠨ ᠬᠦᠴᠦᠨ᠂ ᠪᠣᠬᠢᠷᠲᠤᠯ ᠦᠭᠡᠢ ᠮᠠᠯ᠎ᠤᠨ ᠠᠰᠢᠭ᠋ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠪᠡᠭᠡᠵᠢᠩ᠎ᠳᠦ ᠣᠷᠣᠭᠤᠯᠬᠤ᠎ᠶᠢ ᠠᠬᠢᠭᠤᠯᠵᠤ᠂ AI ᠬᠡᠷᠡᠭᠯᠡᠭᠡᠨ᠎ᠦ ᠦᠵᠡᠭᠳᠡᠯ ᠪᠠᠢᠳᠠᠯ᠎ᠢ ᠨᠡᠭᠡᠭᠡᠨ ᠬᠥᠭᠵᠢᠭᠦᠯᠵᠦ᠂ ᠠᠮᠢᠳᠤ ᠪᠣᠳᠠᠰ᠎ᠤᠨ ᠦᠢᠯᠡᠳᠬᠡᠯ ᠪᠠ ᠠᠮᠢᠳᠤ ᠪᠣᠳᠠᠰ᠎ᠤᠨ ᠡᠮ ᠡᠮᠨᠡᠯᠭᠡ᠎ᠶᠢᠨ ᠬᠦᠷᠢᠶᠡᠨ᠎ᠦ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠎ᠦᠨ ᠦᠷ᠎ᠡ ᠪᠦᠲᠦᠭᠡᠯ᠎ᠢ ᠣᠨᠳᠣᠣᠰᠢᠭᠤᠯᠬᠤ᠎ᠶᠢ ᠴᠢᠩᠭᠠᠳᠬᠠᠵᠤ᠂ ᠴᠢᠳᠠᠪᠤᠷᠢᠲᠠᠨ ᠎ᠤ ᠰᠣᠯᠢᠯᠴᠠᠭ᠎ᠠ ᠪᠠ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ ᠎ᠶᠢ ᠥᠷᠭᠡᠳᠬᠡᠵᠦ᠂ ᠦᠨᠳᠦᠰᠦᠲᠡᠨ ᠎ᠦ ᠪᠦᠯᠬᠦᠮᠳᠡᠯ ᠳᠠᠪᠰᠢᠯᠲᠠ᠎ᠶᠢ ᠬᠠᠮᠲᠤ᠎ᠪᠠᠷ ᠠᠬᠢᠭᠤᠯᠵᠤ᠂ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠶᠢᠨ ᠨᠠᠩ ᠣᠯᠠᠨ ᠦᠷ᠎ᠡ ᠪᠦᠲᠦᠭᠡᠯ ᠣᠯᠬᠤ᠎ᠶᠢ ᠴᠢᠷᠮᠠᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠱᠠᠨᠳᠦ᠋ᠩ ᠤ᠋ᠨ ᠳ᠋ᠸᠵᠸᠦ᠎ᠳᠤ ᠰᠢᠨᠵᠢᠯᠡᠨ ᠪᠠᠢᠴᠠᠭᠠᠬᠤ ᠦᠶ᠎ᠡ᠎ᠶᠢᠨ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠰᠠᠢᠲᠤᠷ ᠠᠳᠬᠤᠬᠤ ᠬᠡᠷᠡᠭᠲᠡᠢ᠃ ᠤᠯᠤᠰ᠎ᠤᠨ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠬᠤ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠷᠡᠰ ᠪᠠᠲᠤ ᠡᠭᠦᠷᠭᠡᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠴᠢᠨᠠᠷ ᠰᠠᠢᠲᠠᠢ ᠠᠬᠢᠭᠤᠯᠵᠤ᠂ ᠰᠢᠨ᠎ᠡ ᠲᠦᠷᠦᠯ ᠵᠦᠢᠯ᠂ ᠰᠢᠨ᠎ᠡ ᠮᠡᠷᠭᠡᠵᠢᠯ᠂ ᠰᠢᠨ᠎ᠡ ᠲᠣᠨᠣᠭᠯᠠᠯ ᠎ᠢ ᠳᠡᠯᠭᠡᠷᠡᠭᠦᠯᠦᠨ ᠬᠡᠷᠡᠭᠯᠡᠬᠦ᠎ᠶᠢ ᠴᠢᠩᠭᠠᠳᠬᠠᠵᠤ᠂ ᠭᠠᠮᠰᠢᠭ᠋᠎ᠢ ᠰᠡᠷᠭᠡᠢᠯᠡᠬᠦ ᠭᠠᠮᠰᠢᠭ᠋᠎ᠢ ᠪᠠᠭᠠᠰᠬᠠᠬᠤ ᠭᠠᠮᠰᠢᠭ᠋ ᠡᠴᠡ ᠠᠪᠤᠷᠠᠬᠤ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠲᠠᠯᠠᠪᠠᠢ ᠨᠢᠭᠡᠴᠢ᠎ᠶᠢᠨ ᠤᠨᠠᠯᠲᠠ᠎ᠶᠢᠨ ᠲᠦᠪᠰᠢᠨ᠎ᠢ ᠴᠢᠷᠮᠠᠢᠨ ᠳᠡᠭᠡᠭᠰᠢᠯᠡᠭᠦᠯᠵᠦ᠂ ᠪᠦᠬᠦ ᠵᠢᠯ᠎ᠦᠨ ᠠᠮᠤ ᠪᠤᠳᠠᠭᠠᠨ᠎ᠤ ᠡᠯᠪᠡᠭ ᠬᠤᠷᠢᠶᠠᠯᠲᠠ᠎ᠶᠢ ᠪᠡᠶᠡᠯᠡᠭᠦᠯᠬᠦ ᠬᠡᠷᠡᠭᠲᠡᠢ᠃ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠲᠦᠮᠡᠨ᠎ᠦ ᠢᠳᠡᠪᠬᠢᠵᠢᠯ ᠰᠠᠨᠠᠭᠠᠴᠢᠯᠠᠭᠠᠲᠤ ᠴᠢᠨᠠᠷ᠎ᠢ ᠭᠦᠢᠴᠡᠳ ᠳᠠᠶ᠋ᠢᠴᠢᠯᠠᠵᠤ᠂ ᠲᠡᠳᠡᠨ᠎ᠢ ᠬᠥᠲᠥᠯᠥᠨ ᠵᠢᠯᠤᠭᠣᠳᠴᠤ ᠪᠠᠢᠭᠠᠳ ᠣᠷᠣᠰᠢᠨ ᠰᠠᠭᠤᠷᠢᠰᠢᠬᠤ᠎ᠳᠦ ᠳᠤᠬᠢᠷᠠᠮᠵᠢᠳᠠᠢ ᠦᠢᠯᠡᠰ ᠪᠣᠰᠬᠠᠬᠤ᠎ᠳᠤ ᠲᠣᠬᠢᠷᠠᠮᠵᠢᠲᠠᠢ ᠡᠶ᠎ᠡ ᠵᠤᠬᠢᠴᠠᠩᠭᠤᠢ ᠦᠵᠡᠰᠬᠦᠯᠡᠩᠲᠦ ᠰᠠᠢᠬᠠᠨ ᠬᠥᠳᠡᠭᠡ ᠲᠣᠰᠬᠣᠨ᠎ᠤ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ᠃ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠤᠨ ᠤᠯᠠᠨ ᠲᠦᠮᠡᠨ᠎ᠳᠦ ᠢᠯᠡᠭᠦᠬᠡᠨ ᠰᠠᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ᠎ᠢ ᠨᠢ ᠰᠢᠢᠳᠪᠦᠷᠢᠯᠡᠵᠦ ᠦᠭᠬᠦ ᠵᠢ ᠬᠥᠲᠥᠯᠥᠨ ᠵᠢᠯᠤᠭᠣᠳᠴᠤ᠂ ᠠᠷᠠᠳ ᠲᠦᠮᠡᠨ᠎ᠳᠦ ᠪᠤᠶᠠᠨ ᠦᠢᠯᠡᠳᠦᠭᠰᠡᠨ ᠪᠣᠳᠠᠲᠤ ᠠᠮᠵᠢᠯᠲᠠ᠎ᠪᠠᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠶᠡᠷᠦᠩᠬᠡᠢ ᠱᠦᠵᠢ ᠰᠢ ᠵᠢᠨ ᠫᠢᠩ᠎ᠦᠨ ᠰᠢᠨᠬᠤᠸᠠ ᠬᠤᠷᠢᠶ᠎ᠠ᠎ᠶᠢᠨ ᠠᠬᠠᠮᠠᠳ ᠨᠠᠮ᠎ᠤᠨ ᠭᠡᠰᠢᠭᠦᠨ ᠵᠠᠩ ᠯᠢᠶᠠᠨ ᠱᠧᠩ᠎ᠳᠦ ᠢᠯᠡᠭᠡᠭᠰᠡᠨ ᠬᠠᠷᠢᠭᠤ ᠵᠠᠬᠢᠳᠠᠯ᠎ᠢ ᠤᠯᠠᠮᠵᠢᠯᠠᠨ ᠰᠤᠷᠤᠯᠴᠠᠵᠤ᠂ ᠠᠬᠠᠮᠠᠳ ᠨᠠᠮ᠎ᠤᠨ ᠭᠡᠰᠢᠭᠦᠨ᠎ᠦ ᠦᠢᠯᠡᠴᠢᠯᠡᠭᠡ ᠪᠠᠲᠤᠯᠠᠭ᠎ᠠ᠎ᠶᠢᠨ ᠠᠵᠢᠯ᠎ᠢ ᠰᠡᠳᠬᠢᠯ ᠲᠠᠯᠪᠢᠵᠤ ᠬᠠᠢᠷ᠎ᠠ ᠰᠡᠳᠬᠢᠯᠭᠡ᠎ᠲᠠᠢ ᠪᠡᠷ ᠰᠠᠢᠲᠤᠷ ᠬᠢᠵᠦ᠂ ᠲᠠᠪᠴᠠᠩ ᠪᠠ ᠠᠴᠢᠶᠠᠯᠠᠪᠤᠷᠢ᠎ᠶᠢ ᠢᠳᠡᠪᠬᠢᠲᠡᠢ ᠪᠠᠢᠭᠤᠯᠵᠤ᠂ ᠠᠬᠠᠮᠠᠳ ᠨᠠᠮ ᠎ᠤᠨ ᠭᠡᠰᠢᠭᠦᠨ᠎ᠦ ᠬᠤᠪᠢᠰᠬᠠᠯᠲᠤ ᠤᠳᠤᠮᠰᠢᠯ᠎ᠢ ᠦᠶ᠎ᠡ᠎ᠶᠢᠨ ᠦᠶ᠎ᠡ᠎ᠳᠡᠭᠡᠨ ᠤᠯᠠᠮᠵᠢᠯᠠᠬᠤ ᠎ᠳᠤ ᠪᠤᠭᠤᠷᠤᠯᠴᠤᠳ᠎ᠤᠨ ᠬᠦᠴᠦᠨ ᠴᠢᠳᠠᠯ᠎ᠢᠶᠠᠨ ᠡᠷᠭᠦᠬᠦ᠎ᠶᠢ ᠵᠣᠷᠢᠭ᠍ᠵᠢᠭᠤᠯᠤᠨ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠠᠷᠪᠠᠨ ᠨᠢᠭᠡᠳᠦᠭᠡᠷ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ ᠠᠷᠪᠠᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠯᠲᠠ᠎ᠶᠢᠨ ᠶᠡᠷᠦᠩᠬᠡᠢᠯᠡᠭᠰᠡᠨ ᠪᠠᠢᠳᠠᠯ ᠵᠢᠴᠢ ᠨᠠᠢ᠍ᠮᠠᠳᠤᠭᠠᠷ ᠡᠭᠡᠯᠵᠢ᠎ᠶᠢᠨ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠤᠭᠰᠠᠨ ᠪᠠ ᠦᠷ᠎ᠡ ᠪᠦᠲᠦᠭᠡᠯ᠎ᠢ ᠠᠰᠢᠭ᠍ᠯᠠᠭᠰᠠᠨ ᠶᠡᠷᠦᠩᠬᠡᠢ ᠪᠠᠢᠳᠠᠯ᠎ᠤᠨ ᠬᠠᠷᠢᠭᠤ ᠮᠡᠳᠡᠭᠦᠯᠦᠯᠲᠡ᠎ᠶᠢ ᠰᠣᠨᠣᠰᠴᠤ᠂ ᠴᠡᠭᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ᠎ᠳᠤ ᠬᠢᠨᠠᠯᠲᠠ ᠲᠠᠯᠪᠢᠬᠤ᠎ᠶᠢ ᠴᠢᠩᠭᠠᠳᠬᠠᠵᠤ᠂ ᠲᠣᠭᠣᠷᠢᠨ ᠪᠠᠢᠴᠠᠭᠠᠭᠳᠠᠬᠤ ᠨᠠᠮ᠎ᠤᠨ ᠵᠣᠬᠢᠶᠠᠨ ᠪᠠᠢᠭᠤᠯᠤᠯᠲᠠ᠎ᠶᠢ ᠱᠠᠯᠠᠪᠳᠠᠭᠤᠯᠤᠨ ᠱᠠᠭᠠᠷᠳᠠᠵᠤ ᠪᠠᠢᠭᠠᠳ ᠠᠰᠠᠭᠤᠳᠠᠯ᠎ᠢ ᠨᠠᠷᠢᠨ ᠬᠢᠨᠠᠮᠠᠭᠠᠢ ᠴᠡᠭᠴᠡᠯᠡᠨ ᠰᠠᠢᠵᠢᠷᠠᠭᠤᠯᠵᠤ᠂ ᠲᠤᠢᠯᠪᠤᠷᠢᠲᠠᠢ ᠴᠡᠭᠴᠡᠯᠡᠨ ᠰᠠᠢᠵᠢᠷᠠᠭᠤᠯᠬᠤ ᠬᠡᠷᠡᠭᠲᠡᠢ᠃ ᠲᠣᠭᠣᠷᠢᠨ ᠪᠠᠢᠴᠠᠭᠠᠭᠰᠠᠨ ᠦᠷ᠎ᠡ ᠪᠦᠲᠦᠭᠡᠯ ᠎ᠢ ᠭᠦᠢᠴᠡᠳ ᠠᠰᠢᠭ᠍ᠯᠠᠵᠤ᠂ ᠨᠡᠢᠲᠡᠴᠢ ᠴᠢᠨᠠᠷᠲᠠᠢ ᠠᠰᠠᠭᠤᠳᠠᠯ ᠪᠠ ᠳᠠᠬᠢᠨ ᠳᠠᠪᠲᠠᠨ ᠢᠯᠡᠷᠡᠭᠰᠡᠨ ᠠᠰᠠᠭᠤᠳᠠᠯ᠎ᠤᠨ ᠠᠷᠤ᠎ᠳᠠᠬᠢ ᠳᠦᠷᠢᠮ᠎ᠦᠨ ᠳᠤᠲᠠᠭᠳᠠᠯ᠂ ᠲᠦᠷᠦ᠎ᠶᠢᠨ ᠪᠣᠳᠣᠯᠭ᠎ᠠ᠎ᠶᠢᠨ ᠳᠤᠲᠠᠭᠳᠠᠯ᠎ᠢ ᠭᠦᠨᠵᠡᠭᠡᠢ ᠰᠤᠳᠤᠯᠵᠤ᠂ ᠬᠠᠨᠳᠤᠯᠭᠠᠲᠤ ᠴᠢᠨᠠᠷᠲᠠᠢ᠎ᠪᠠᠷ ᠳᠦᠷᠢᠮ ᠲᠣᠭᠲᠠᠭᠠᠯ ᠲᠣᠭᠲᠠᠭᠠᠵᠤ᠂ ᠡᠢᠮᠦᠷᠬᠦ ᠠᠰᠠᠭᠤᠳᠠᠯ ᠳᠠᠬᠢᠨ ᠳᠠᠪᠲᠠᠨ ᠭᠠᠷᠬᠤ᠎ᠶᠢ ᠦᠨᠳᠦᠰᠦ᠎ᠡᠴᠡ ᠨᠢ ᠰᠡᠷᠭᠡᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ ᠡᠴᠡ ᠥᠪᠡᠷᠲᠡᠭᠡᠨ ᠵᠠᠰᠠᠬᠤ ᠣᠷᠣᠨ᠎ᠤ 《ᠰᠣᠶᠣᠯ ᠵᠢᠭᠤᠯᠴᠢᠯᠠᠯ ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠲᠤᠬᠠᠢ ᠰᠠᠨᠠᠯ》 ᠢ᠋ ᠬᠢᠨᠠᠨ ᠵᠥᠪᠯᠡᠪᠡ᠃

ᠬᠤᠷᠠᠯ ᠡᠴᠡ ᠪᠠᠰᠠ ᠪᠤᠰᠤᠳ ᠵᠦᠢᠯᠡᠰ᠎ᠢ ᠰᠤᠳᠤᠯᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号