7 ᠰᠠᠷ᠎ᠠ᠎ᠶᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠡᠷᠬᠢᠯᠡᠭᠴᠢ ᠳ᠋ᠧᠦ ᠰᠢᠶᠠᠨ ᠺᠠᠩ᠎ᠲᠠᠶ ᠠᠭᠤᠯᠵᠠᠭᠰᠠᠨ ᠪᠥᠭᠡᠳ ᠭᠠᠷᠤᠨ ᠥᠰᠥᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠰᠦᠨ ᠵᠢᠶᠦᠶ᠋ᠨ ᠴᠢᠩ᠂ ᠤᠯᠤᠰ ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠳᠡᠳ᠋ ᠡᠷᠬᠢᠯᠡᠭᠴᠢ ᠵᠢᠶᠠᠩ ᠰᠥᠩ ᠬᠣᠶᠠᠷ ᠲᠠᠯ᠎ᠠ᠎ᠶᠢ ᠲᠥᠯᠥᠭᠡᠯᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨᠤᠯᠤᠰᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥ ᠵᠢᠨ ᠣᠷᠣᠨ ᠪᠦᠰᠡ᠎ᠶᠢᠨ ᠰᠢᠨ᠎ᠡ᠎ᠶᠢ ᠡᠭᠦᠳᠬᠦ ᠬᠦᠭᠵᠢᠯᠳᠡ ᠵᠢᠨ ᠬᠤᠯᠪᠤᠭᠠᠳᠤ ᠰᠠᠭᠤᠷᠢ ᠮᠥᠩᠭᠥ ᠳ᠋ᠦ ᠤᠷᠤᠯᠴᠠᠬᠤ ᠵᠥᠪᠯᠡᠯᠴᠡᠭᠡᠷ᠎ᠦᠨ ᠪᠢᠴᠢᠭ (ᠬᠣᠶᠠᠳᠤᠭᠠᠷ ᠬᠤᠭᠤᠴᠠᠭ᠎ᠠ)》 ᠲᠤ᠌ ᠭᠠᠷᠤᠨ ᠥᠰᠥᠭ ᠵᠢᠷᠤᠪᠠ᠃

7 ᠰᠠᠷ᠎ᠠ ᠵᠢᠨ 3 ᠤ᠋ ᠡᠳᠦᠷ᠂ ᠥᠪᠡᠷᠲᠡᠭᠡᠨ ᠵᠠᠰᠠᠬᠤ
ᠣᠷᠣᠨ ᠤ ᠨᠠᠮ ᠤᠨ ᠬᠤᠷᠢᠶ᠎ᠠ ᠵᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠬᠡ
ᠬᠤᠷᠠᠯ ᠤᠨ ᠪᠠᠶ᠋ᠢᠩᠭᠤ ᠵᠢᠨ ᠬᠤᠷᠢᠶ᠎ᠠ ᠵᠢᠨ
ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠨ
ᠳᠡᠳ᠋ ᠱᠦᠵᠢ᠂ ᠥᠪᠡᠷᠲᠡᠭᠡᠨ ᠵᠠᠰᠠᠬᠤ
ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠪᠤᠤ ᠭᠠᠩ ᠬᠥᠬᠡᠬᠣᠲᠠ ᠳ᠋ᠤ ᠰᠢᠨᠵᠢᠯᠡᠬᠦ ᠤᠬᠠᠭᠠᠨ
ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶ᠋ᠢᠯᠠᠩ ᠤᠨ ᠪᠦᠷᠢᠯᠳᠦᠬᠦᠨ᠂ ᠤᠯᠤᠰ ᠤᠨ ᠪᠠᠶ᠋ᠢᠭᠠᠯᠢ ᠵᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠥᠨ ᠤ ᠵᠥᠪᠯᠡᠯ ᠤᠨ ᠡᠷᠬᠢᠯᠡᠭᠴᠢ ᠳ᠋ᠧᠦ ᠰᠢᠶᠠᠨ ᠺᠠᠩ
ᠲᠠᠶ ᠠᠭᠤᠯᠵᠠᠭᠰᠠᠨ
ᠪᠥᠭᠡᠳ
ᠭᠠᠷ ᠤᠨ ᠥᠰᠥᠭ ᠵᠢᠷᠤᠬᠤ ᠵᠢ ᠬᠠᠮᠲᠤ ᠪᠠᠷ ᠭᠡᠷᠡᠴᠢᠯᠡᠪᠡ᠃
ᠳᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠠ
ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠳ᠋ᠧᠦ ᠰᠢᠶᠠᠨ ᠺᠠᠩᠨᠠᠷᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠣᠯ᠎ᠳᠤ ᠦᠵᠡᠭᠦᠯᠦᠭᠰᠡᠨ ᠳᠡᠮᠵᠢᠯᠭᠡ᠎ᠳᠦ ᠲᠠᠯᠠᠷᠬᠠᠵᠤ ᠪᠠᠶ᠋ᠢᠬᠤ ᠪᠠᠨ ᠢᠯᠡᠳᠬᠡᠪᠡ᠃ ᠲᠡᠷᠡ᠂ ᠣᠳᠣᠬᠠᠨ᠎ᠳᠦ᠂ ᠣᠷᠣᠨ ᠳᠠᠶᠠᠭᠠᠷ᠎ᠢᠶᠠᠨ ᠶᠠᠭ ᠰᠠᠢᠬᠠᠨ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠰᠢᠨ᠎ᠡ᠎ᠶᠢ ᠡᠭᠦᠳᠬᠦ᠌ ᠲᠤᠬᠠᠢ ᠴᠢᠬᠤᠯᠠ ᠥᠭᠦᠯᠡᠯᠲᠡ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠬᠢᠬᠦ ᠵᠤᠬᠢᠰᠲᠠᠢ ᠪᠡᠨ ᠬᠢᠵᠦ ᠬᠢᠬᠦ ᠵᠤᠬᠢᠰ ᠦᠭᠡᠢ ᠪᠡᠨ ᠦᠯᠦ ᠬᠢᠬᠦ᠎ᠶᠢ ᠪᠠᠷᠢᠮᠲᠠᠯᠠᠵᠤ᠂ ᠳᠠᠪᠠᠭᠤᠯᠢᠭᠳᠤ ᠣᠨᠴᠠᠯᠢᠭᠲᠤ᠌ ᠠᠵᠤ ᠦᠢᠯᠡᠰ ᠪᠣᠯᠤᠨ ᠬᠥᠭᠵᠢᠯᠲᠡ᠎ᠶᠢᠨ ᠲᠤᠯᠭᠠᠮ ᠬᠡᠷᠡᠭᠴᠡᠭᠡ ᠪᠦᠬᠦᠢ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌᠎ᠶᠢ ᠰᠠᠢᠳᠤᠷ ᠠᠳᠬᠤᠵᠤ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠣᠷᠣᠭᠤᠯᠤᠯᠲᠠ᠎ᠶᠢ ᠦᠷᠭᠦᠯᠵᠢᠯᠡᠨ ᠨᠡᠮᠡᠭᠳᠡᠭᠦᠯᠵᠦ᠂ ᠰᠠᠭᠤᠷᠢ ᠰᠤᠳᠤᠯᠭᠠᠨ᠂ ᠮᠡᠷᠭᠡᠵᠢᠯ᠎ᠦᠨ ᠪᠤᠭᠤᠮᠲᠠ ᠰᠢᠪᠲᠤᠯᠬᠤ ᠵᠢᠴᠢᠩᠭᠠᠳᠬᠠᠵᠤ᠂ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠤᠨ ᠪᠠᠶ᠋ᠢᠭᠤᠯᠤᠯᠲᠠ ᠬᠢᠭᠡᠳ ᠦᠷ᠎ᠡ ᠪᠦᠲᠦᠭᠡᠯ᠎ᠢ ᠬᠤᠪᠢᠷᠠᠭᠤᠯᠬᠤ ᠶᠢ ᠲᠦᠷᠭᠡᠳᠬᠡᠵᠦ᠂ ᠡᠯ᠎ᠡ ᠬᠦᠷᠢᠶᠡᠨ᠎ᠦ ᠠᠵᠢᠯ᠎ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠵᠤ ᠪᠤᠢ᠃ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠡᠴᠡ ᠰᠠᠭᠤᠷᠢ ᠰᠤᠳᠤᠯᠭᠠᠨ ᠤ ᠣᠷᠣᠭᠤᠯᠤᠯᠲᠠ᠂ ᠴᠢᠳᠠᠪᠤᠷᠢᠲᠠᠨ᠎ᠢ ᠬᠥᠮᠦᠵᠢᠭᠦᠯᠵᠦ᠍ ᠣᠷᠣᠭᠤᠯᠤᠨ ᠠᠪᠴᠢᠷᠠᠬᠤ᠂ ᠰᠢᠨᠵᠢᠯᠡᠬᠦ᠌ ᠤᠬᠠᠭᠠᠨ᠎ᠤ ᠰᠤᠳᠤᠯᠭᠠᠨ ᠤ ᠲᠠᠪᠴᠠᠩ᠎ᠤᠨ ᠪᠠᠶ᠋ᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ᠌ ᠵᠡᠷᠭᠡ ᠲᠠᠯ᠎ᠠ᠎ᠪᠠᠷ ᠥᠪᠥᠷ ᠮᠣᠩᠭᠣᠯ᠎ᠳᠤ ᠨᠡᠩ ᠤᠯᠠᠨ ᠵᠢᠯᠤᠭᠤᠳᠤᠯᠭ᠎ᠠ ᠳᠡᠮᠵᠢᠯᠭᠡ ᠦᠵᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠲᠦᠪᠰᠢᠨ᠎ᠢ ᠲᠠᠬᠢᠨ ᠰᠢᠨ᠎ᠡ ᠳᠡᠭᠲᠡᠷ᠎ᠲᠦ᠍ ᠭᠠᠷᠭᠠᠬᠤ᠎ᠳᠤ ᠬᠦᠴᠦᠨ ᠨᠡᠮᠡᠷᠢᠯᠡᠬᠦ᠌᠎ᠶᠢ ᠬᠦᠰᠡᠵᠦ᠍ ᠪᠠᠶ᠋ᠢᠨ᠎ᠠ ᠭᠡᠵᠦ ᠬᠡᠯᠡᠪᠡ᠃
ᠳ᠋ᠧᠦ ᠰᠢᠶᠠᠨ ᠺᠠᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ᠎ᠤ ᠰᠠᠭᠤᠷᠢ ᠮᠥᠩᠭᠥᠨ᠎ᠦ ᠵᠥᠪᠯᠡᠯ᠎ᠦᠨ ᠠᠵᠢᠯ᠎ᠢ ᠶᠡᠬᠡ ᠪᠡᠷ ᠳᠡᠮᠵᠢᠭᠰᠡᠨ᠎ᠳᠦ ᠲᠠᠯᠠᠷᠬᠠᠵᠤ ᠪᠠᠶ᠋ᠢᠨ᠎ᠠ᠃ ᠲᠡᠷᠡ᠂ ᠥᠪᠥᠷ ᠮᠣᠩᠭᠣᠯ ᠢᠮᠠᠭᠲᠠ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠰᠢᠨ᠎ᠡ ᠵᠢ ᠡᠭᠦᠳᠬᠦ᠌᠎ᠶᠢ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠲᠥᠷᠥ᠎ᠶᠢᠨ ᠪᠣᠳᠣᠯᠭ᠎ᠠ᠎ᠶᠢᠨ ᠬᠠᠩᠭᠠᠯᠭ᠎ᠠ᠎ᠶᠢ ᠦᠷᠭᠦᠯᠵᠢᠯᠡᠨ ᠴᠢᠩᠭᠠᠳᠬᠠᠵᠤ᠂ ᠰᠢᠨ᠎ᠡ᠎ᠶᠢ ᠡᠭᠦᠳᠬᠦ᠌ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠤᠨ ᠲᠣᠬᠢᠷᠠᠭᠤᠯᠵᠤ᠂ ᠰᠢᠯᠢᠳᠡᠭ ᠰᠠᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠮᠢ ᠠᠬᠤᠶ ᠵᠢ ᠪᠤᠢ ᠪᠤᠯᠭᠠᠵᠤ᠂ ᠰᠢᠨ᠎ᠡ᠎ᠶᠢ ᠡᠭᠦᠳᠬᠦ᠌ ᠡᠭᠦᠳᠦᠨ ᠪᠦᠲᠦᠭᠡᠬᠦ᠌ ᠠᠭᠤᠷ ᠠᠮᠢᠰᠬᠤᠯ ᠰᠠᠢᠵᠢᠷᠠᠪᠠ᠃ ᠤᠯᠤᠰ᠎ᠤᠨ ᠪᠠᠶ᠋ᠢᠭᠠᠯᠢ᠎ᠶᠢᠨ ᠰᠢᠨᠵᠢᠯᠡᠬᠦ᠌ ᠤᠬᠠᠭᠠᠨ ᠤ ᠰᠠᠭᠤᠷᠢ ᠮᠥᠩᠭᠥᠨ᠎ᠦ ᠵᠥᠪᠯᠡᠯ᠎ᠦᠨ᠎ᠬᠢᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠎ᠦᠨ ᠬᠥᠭᠵᠢᠯᠲᠡ᠎ᠶᠢᠨ ᠬᠡᠷᠡᠭᠴᠡᠭᠡ ᠪᠣᠯᠤᠨ ᠵᠠᠩᠭᠢᠯᠠᠭ᠎ᠠ᠎ᠶᠢᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠴᠢᠷ ᠠᠰᠠᠭᠤᠳᠠᠯ᠎ᠤᠨ ᠲᠣᠭᠣᠷᠢᠨ᠎ᠳᠤ ᠬᠠᠮᠲᠤᠷᠠᠨ ᠪᠣᠭᠣᠮᠲᠠ ᠰᠢᠪᠲᠤᠯᠵᠤ᠂ ᠣᠷᠣᠨ ᠪᠦᠰᠡ᠎ᠶᠢᠨ ᠰᠢᠨ᠎ᠡ᠎ᠶᠢ ᠡᠭᠦᠳᠬᠦ᠌ ᠬᠥᠭᠵᠢᠯᠲᠡ᠎ᠶᠢᠨ ᠬᠣᠯᠪᠣᠭᠠᠲᠤ᠌ ᠰᠠᠭᠤᠷᠢ ᠮᠥᠩᠭᠥᠨ᠎ᠦ ᠵᠠᠯᠠᠭᠤᠴᠤᠳ᠎ᠤᠨ ᠲᠥᠷᠥᠯ ᠵᠦᠢᠯ᠎ᠢᠶᠡᠷ ᠠᠴᠢᠶᠠᠯᠠᠪᠤᠷᠢ ᠪᠣᠯᠭᠠᠵᠤ᠂ ᠦᠯᠡᠮᠵᠢ ᠣᠯᠠᠨ ᠰᠢᠯᠢᠳᠡᠭ ᠵᠠᠯᠠᠭᠤ ᠴᠢᠳᠠᠪᠤᠷᠢᠲᠠᠨ᠎ᠢ ᠥᠪᠥᠷ ᠮᠣᠩᠭᠣᠯ᠎ᠳᠤ ᠴᠤᠭᠯᠠᠷᠠᠭᠤᠯᠤᠨ ᠰᠠᠭᠤᠷᠢ ᠰᠤᠳᠤᠯᠭᠠᠨ ᠪᠠ ᠬᠡᠷᠡᠭᠯᠡᠯᠲᠡ ᠵᠢᠨ ᠰᠤᠳᠤᠯᠭᠠᠨ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠌ ᠶᠡᠷᠦᠩᠬᠡᠶ᠋ᠢᠯᠡᠭᠰᠡᠨ ᠪᠣᠳᠠᠲᠤ᠌ ᠬᠦᠴᠦᠨ᠎ᠢ ᠪᠥᠬᠥ᠌ ᠲᠠᠯ᠎ᠠ᠎ᠪᠠᠷ ᠳᠡᠭᠡᠭᠰᠢᠯᠡᠭᠦᠯᠬᠦ᠌᠎ᠳᠦ ᠬᠦᠴᠦᠨ ᠨᠡᠮᠡᠷᠢᠯᠡᠵᠦ᠍᠂ ᠴᠢᠨᠠᠷ ᠰᠠᠶ᠋ᠢᠲᠠᠶ ᠬᠥᠭᠵᠢᠯᠲᠡ᠎ᠳᠦ ᠤᠳᠠᠭᠠᠨ ᠳᠠᠭᠠᠭᠠᠮᠠᠭᠠᠶ ᠬᠥᠳᠡᠯᠭᠡᠬᠦ᠌ ᠡᠨᠧᠷᠭᠢ ᠨᠡᠮᠡᠷᠢᠯᠡᠨ᠎ᠡ ᠭᠡᠵᠦ ᠬᠡᠯᠡᠪᠡ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ ᠣᠷᠣᠯᠴᠠᠪᠠ᠃