ᠸᠠᠩ ᠸᠧᠢ ᠵᠦᠩ ᠱᠠᠩᠬᠠᠢ ᠎ᠶᠢᠨ ᠵᠠᠮ ᠬᠠᠷᠢᠯᠴᠠᠭᠠᠨ ᠎ᠤ ᠶᠡᠬᠡ ᠰᠤᠷᠭᠠᠭᠤᠯᠢ ᠎ᠶᠢᠨ ᠨᠠᠮ᠎ᠤᠨ ᠬᠤᠷᠢᠶ᠎ᠠ ᠵᠢᠨ ᠱᠦᠵᠢ ᠶᠠᠩ ᠵᠧᠨ ᠪᠢᠨ ᠲᠠᠢ ᠠᠭᠤᠯᠵᠠᠵᠠᠢ
2026-07-04 13:03:04
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 3᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠭᠢᠯᠡᠭᠴᠢ ᠸᠠᠩ ᠸᠧᠢ ᠵᠥᠩ ᠭᠦᠭᠡᠬᠣᠲᠠ᠎ᠳᠤ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠱᠦᠵᠢ ᠶᠠᠩ ᠵᠧᠨ ᠪᠢᠨ ᠨᠠᠷ᠎ᠲᠠᠢ ᠠᠭᠤᠯᠵᠠᠪᠠ᠃

ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠎ᠤ ᠡᠮᠦᠨ᠎ᠡ᠎ᠡᠴᠡ ᠶᠠᠩ ᠵᠧᠨ ᠪᠢᠨ ᠨᠠᠷ ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠱᠠᠩᠬᠠᠢ ᠎ᠶᠢᠨ ᠵᠠᠮ ᠬᠠᠷᠢᠯᠴᠠᠭᠠᠨ ᠎ᠤ ᠶᠡᠬᠡ ᠰᠤᠷᠭᠠᠭᠤᠯᠢ᠎ᠶᠢᠨ ᠤᠷᠳᠤ ᠬᠤᠭᠤᠴᠠᠭᠠᠨ ᠎ᠤ ᠲᠤᠷᠰᠢ ᠥᠪᠥᠷ ᠮᠣᠩᠭᠣᠯ ᠎ᠳᠤ ᠦᠵᠡᠭᠦᠯᠦᠭᠰᠡᠨ ᠳᠡᠮᠵᠢᠯᠭᠡ  ᠳ᠋ᠤ ᠲᠠᠯᠠᠷᠬᠠᠵᠤ ᠪᠠᠢᠬᠤ ᠎ᠪᠠᠨ ᠢᠯᠡᠳᠬᠡᠬᠦ ᠎ᠶᠢᠨ ᠬᠠᠮᠲᠤ ᠥᠪᠡᠷᠲᠡᠭᠡᠨ ᠵᠠᠰᠠᠬᠤ ᠣᠷᠣᠨ ᠎ᠤ ᠠᠵᠤ ᠠᠬᠤᠢ ᠨᠡᠢᠭᠡᠮ᠎ᠦᠨ ᠬᠥᠭᠵᠢᠯᠲᠡ ᠎ᠶᠢᠨ ᠪᠠᠢᠳᠠᠯ ᠎ᠢ ᠲᠠᠨᠢᠯᠴᠠᠭᠤᠯᠪᠠ᠃ ᠲᠡᠷᠡ᠂ ᠣᠳᠣᠬᠠᠨ᠎ᠳᠤ᠂ ᠪᠦᠭᠦ ᠣᠷᠣᠨ᠎ᠤ ᠡᠯ᠎ᠡ ᠱᠠᠲᠤᠨ ᠎ᠤ ᠭᠢᠨ ᠶᠠᠭ ᠶᠡᠷᠦᠨᠭᠬᠡᠢ ᠱᠦᠵᠢ ᠰᠢ᠎ᠶᠢᠨ ᠫᠢᠩ ᠤ᠋ᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠎ᠤ ᠨᠠᠮ ᠎ᠤᠨ ᠬᠣᠷᠢᠶ᠎ᠠ᠎ᠶᠢᠨ 《1571》 ᠠᠵᠢᠯ ᠎ᠤᠨ ᠪᠠᠢᠷᠢᠯᠠᠭᠤᠯᠤᠯᠲᠠ᠎ᠶᠢ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠴᠢᠳᠠᠪᠤᠷᠢᠲᠠᠨ ᠎ᠤ ᠬᠥᠭᠵᠢᠯᠲᠡ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠯ᠎ᠡ ᠲᠠᠯ᠎ᠠ᠎ᠶᠢᠨ ᠠᠵᠢᠯ᠎ᠳᠤ ᠰᠠᠢᠨ ᠰᠠᠢᠬᠠᠨ ᠪᠠᠢᠳᠠᠯ ᠢᠯᠡᠷᠡᠵᠡᠢ᠃ 


QQ20260704-124237.png


7 ᠰᠠᠷ᠎ᠠ ᠵᠢᠨ  3 ᠤ᠋ ᠡᠳᠦᠷ᠂ ᠥᠪᠡᠷᠲᠡᠭᠡᠨ ᠵᠠᠰᠠᠬᠤ ᠣᠷᠣᠨ ᠎ᠤ  ᠨᠠᠮ ᠎ᠤᠨ ᠬᠤᠷᠢᠶ᠎ᠠ ᠵᠢᠨ  ᠱᠦᠵᠢ᠂ ᠠᠷᠠᠳ ᠎ᠤᠨ  ᠲᠥᠯᠥᠭᠡᠯᠡᠭᠴᠢᠳ ᠎ᠤᠨ  ᠶᠡᠬᠡ ᠬᠤᠷᠠᠯ ᠎ᠤᠨ  ᠪᠠᠢᠩᠭᠤ  ᠵᠢᠨ  ᠬᠤᠷᠢᠶ᠎ᠠ ᠵᠢᠨ  ᠡᠷᠭᠢᠯᠡᠭᠴᠢ ᠸᠠᠩ ᠸᠧᠢ ᠵᠥᠩ ᠭᠦᠭᠡᠬᠣᠲᠠ  ᠳ᠋ᠤ  ᠱᠠᠩᠬᠠᠢ  ᠵᠢᠨ  ᠵᠠᠮ ᠬᠠᠷᠢᠯᠴᠠᠭᠠᠨ ᠎ᠤ  ᠶᠡᠬᠡ ᠰᠤᠷᠭᠠᠭᠤᠯᠢ  ᠵᠢᠨ  ᠨᠠᠮ ᠎ᠤᠨ ᠬᠤᠷᠢᠶ᠎ᠠ ᠵᠢᠨ  ᠱᠦᠵᠢ ᠶᠠᠩ ᠵᠧᠨ ᠪᠢᠨ ᠨᠠᠷ ᠲᠠᠢ ᠠᠭᠤᠯᠵᠠᠪᠠ᠃ 

ᠲᠤᠰ ᠰᠤᠨᠢᠨ ᠤ᠋ ᠰᠤᠷᠪᠤᠯᠵᠢᠯᠠᠭᠴᠢ ᠮᠠ ᠵᠢᠶᠠᠨ ᠪᠢᠩ ᠰᠡᠭᠦᠳᠡᠷᠯᠡᠪᠠ


ᠥᠪᠥᠷ ᠮᠣᠩᠭᠣᠯ᠎ᠤᠨ ᠡᠨᠧᠷᠭᠢ᠎ᠶᠢᠨ ᠡᠬᠢ ᠪᠠᠶᠠᠯᠢᠭ᠋ ᠡᠯᠪᠡᠭ ᠳᠡᠯᠪᠡᠭ᠂ ᠣᠷᠣᠨ ᠪᠠᠢᠷᠢ᠎ᠶᠢᠨ ᠳᠠᠪᠠᠭᠤᠯᠢᠭ᠋ ᠥᠪᠡᠷᠮᠢᠴᠡ᠂ ᠠᠵᠤ ᠦᠢᠯᠡᠰ᠎ᠦᠨ ᠰᠠᠭᠤᠷᠢ ᠯᠠᠪᠳᠠᠭᠤᠨ ᠪᠠᠲᠤᠲᠠᠢ᠂ ᠬᠥᠭᠵᠢᠯᠲᠡ᠎ᠶᠢᠨ ᠨᠥᠬᠥᠴᠡᠯ ᠰᠠᠢᠨ᠂ ᠳᠠᠯᠳᠠ ᠬᠦᠴᠦᠨ ᠶᠡᠬᠡ ᠪᠠᠢᠳᠠᠭ᠃ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠪᠣᠯ ᠳᠤᠮᠳᠠᠳᠤ ᠭᠠᠳᠠᠭᠠᠳᠤ᠎ᠳᠤ ᠠᠯᠳᠠᠷᠰᠢᠭ᠍ᠰᠠᠨ ᠨᠡᠷᠡᠳᠦ ᠶᠡᠬᠡ ᠰᠤᠷᠭᠠᠭᠤᠯᠢ ᠪᠣᠯᠣᠨ᠎ᠠ᠂ ᠤᠷᠳᠤ ᠬᠤᠭᠤᠴᠠᠭᠠᠨ᠎ᠤ ᠲᠤᠷᠰᠢ ᠥᠪᠥᠷ ᠮᠣᠩᠭᠣᠯ ᠯᠤᠭ᠎ᠠ ᠰᠠᠢᠨ ᠰᠠᠢᠬᠠᠨ ᠬᠠᠮᠲᠤᠷᠠᠯᠴᠠᠭᠠᠨ᠎ᠤ ᠬᠠᠷᠢᠯᠴᠠᠭ᠎ᠠ᠎ᠪᠠᠨ ᠪᠠᠲᠤᠯᠠᠭᠰᠠᠭᠠᠷ ᠢᠷᠡᠵᠠᠢ᠃ ᠢᠷᠡᠭᠡᠳᠦᠢ᠎ᠳᠦ ᠬᠠᠨᠳᠤᠵᠤ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠭᠢᠨ ᠰᠢᠨᠵᠢᠯᠡᠬᠦ ᠤᠬᠠᠭᠠᠨ᠎ᠤ ᠰᠤᠳᠤᠯᠭᠠᠨ᠂ ᠴᠢᠳᠠᠪᠤᠷᠢᠲᠠᠨ ᠵᠡᠷᠭᠡ ᠎ᠶᠢᠨ ᠳᠠᠪᠠᠭᠤᠯᠢᠭ᠋᠎ᠢᠶᠠᠨ ᠭᠦᠢᠴᠡᠳ ᠪᠠᠳᠠᠷᠠᠭᠤᠯᠵᠤ᠂ ᠰᠢᠨ᠎ᠡ ᠎ᠶᠢ ᠡᠭᠦᠳᠬᠦ ᠲᠠᠪᠴᠠᠩ ᠎ᠤᠨ ᠪᠠᠢᠭᠤᠯᠤᠯᠲᠠ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠠᠮᠲᠤᠷᠠᠭᠰᠠᠨ ᠪᠣᠭᠣᠮᠲᠠ ᠰᠢᠪᠲᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ᠂ ᠴᠢᠳᠠᠪᠤᠷᠢᠲᠠᠨ᠎ᠢ ᠬᠥᠮᠥᠵᠢᠭᠦᠯᠬᠦ ᠪᠠ ᠰᠣᠯᠢᠯᠴᠠᠬᠤ᠂ ᠡᠮᠴᠢᠯᠡᠭᠡᠨ᠎ᠦ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ ᠵᠡᠷᠭᠡ ᠲᠠᠯ᠎ᠠ᠎ᠪᠠᠷ ᠥᠪᠥᠷ ᠮᠣᠩᠭᠣᠯ ᠯᠤᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠂  ᠦᠪᠡᠷᠲᠡᠭᠡᠨ ᠵᠠᠰᠠᠬᠤ ᠤᠷᠤᠨ ᠪᠠ ᠰᠤᠷᠭᠠᠭᠤᠯᠢ᠎ᠶᠢᠨ ᠬᠠᠮᠲᠤᠷᠠᠯᠴᠠᠭᠠᠨ᠎ᠤ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠢ ᠲᠥᠷᠥᠯ ᠵᠦᠢᠯ᠎ᠢ ᠪᠤᠶ ᠪᠤᠯᠭᠠᠵᠤ᠂ ᠨᠠᠩ ᠣᠯᠠᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠥᠪᠥᠷ ᠮᠣᠩᠭᠣᠯ᠎ᠳᠤ ᠴᠤᠭᠯᠠᠷᠠᠭᠤᠯᠬᠤ᠂ ᠨᠠᠩ ᠣᠯᠠᠨ ᠰᠢᠯᠢᠳᠡᠭ ᠴᠢᠳᠠᠪᠤᠷᠢᠲᠠᠨ᠎ᠢ ᠥᠪᠥᠷ ᠮᠣᠩᠭᠣᠯ᠎ᠳᠤ ᠴᠤᠭᠯᠠᠷᠠᠭᠤᠯᠬᠤ᠎ᠶᠢ ᠳᠠᠶ᠋ᠢᠴᠢᠯᠠᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠬᠦ᠎ᠶᠢ ᠬᠦᠰᠡᠵᠦ ᠪᠠᠢᠨ᠎ᠠ ᠭᠡᠪᠡ᠃

ᠶᠠᠩ ᠵᠧᠨ ᠪᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠷᠳᠤ ᠬᠤᠭᠤᠴᠠᠭᠠᠨ᠎ᠤ ᠲᠤᠷᠰᠢ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠳᠤ ᠦᠵᠡᠭᠦᠯᠦᠭᠰᠡᠨ ᠬᠦᠴᠦᠲᠡᠢ ᠳᠡᠮᠵᠢᠯᠭᠡ᠎ᠳᠦ ᠲᠠᠯᠠᠷᠬᠠᠭᠰᠠᠨ ᠪᠥᠭᠡᠳ ᠰᠤᠷᠭᠠᠭᠤᠯᠢ᠎ᠶᠢᠨ ᠬᠥᠭᠵᠢᠯᠲᠡ᠎ᠶᠢᠨ ᠪᠠᠢᠳᠠᠯ ᠪᠣᠯᠣᠨ ᠰᠤᠷᠭᠠᠭᠤᠯᠢ᠎ᠪᠠ ᠦᠪᠡᠷᠲᠡᠭᠡᠨ ᠵᠠᠰᠠᠬᠤ ᠤᠷᠤᠨ᠎ᠤ ᠬᠠᠮᠲᠤᠷᠠᠯᠴᠠᠭᠠᠨ᠎ᠤ ᠭᠣᠣᠯᠳᠠᠯᠭ᠎ᠠ᠎ᠲᠠᠢ ᠠᠵᠢᠯ᠎ᠢ ᠲᠠᠨᠢᠯᠴᠠᠭᠤᠯᠪᠠ᠃ ᠲᠡᠷᠡ᠂ ᠤᠷᠳᠤ ᠬᠤᠭᠤᠴᠠᠭᠠᠨ᠎ᠤ ᠲᠤᠷᠰᠢ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠢᠮᠠᠭᠲᠠ ᠥᠪᠥᠷ ᠮᠣᠩᠭᠣᠯ᠎ᠢ ᠰᠤᠷᠭᠠᠭᠤᠯᠢ ᠪᠠ ᠣᠷᠣᠨ ᠨᠤᠲᠤᠭ᠎ᠤᠨ ᠬᠠᠮᠵᠢᠯᠴᠠᠨ ᠰᠢᠨ᠎ᠡ᠎ᠶᠢ ᠡᠭᠦᠳᠬᠦ᠂ ᠤᠯᠤᠰ᠎ᠤᠨ ᠣᠷᠣᠨ ᠪᠦᠰᠡ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ ᠭᠣᠣᠯᠳᠠᠯᠭ᠎ᠠ᠎ᠲᠠᠢ ᠭᠠᠵᠠᠷ ᠣᠷᠣᠨ ᠪᠤᠯᠭᠠᠵᠤ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠥᠪᠥᠷ ᠮᠣᠩᠭᠣᠯ᠎ᠤᠨ ᠰᠤᠳᠤᠯᠭᠠᠨ ᠎ᠤ ᠬᠦᠷᠢᠶᠡᠯᠡᠩ᠎ᠢᠶᠡᠷ ᠭᠣᠣᠯ ᠬᠦᠢᠰᠦ ᠪᠣᠯᠭᠠᠨ ᠤᠯᠠᠨ ᠲᠡᠰ ᠳᠠᠪᠬᠤᠷᠭ᠎ᠠ᠎ᠶᠢᠨ ᠠᠵᠤ ᠦᠢᠯᠡᠰ ᠵᠢᠭᠠᠨ ᠰᠤᠷᠭᠠᠯᠳᠠ ᠰᠤᠳᠤᠯᠭᠠᠨ᠎ᠤ ᠬᠠᠮᠲᠤᠷᠠᠯᠴᠠᠭᠠᠨ᠎ᠤ ᠠᠴᠢᠶᠠᠯᠠᠪᠤᠷᠢ᠎ᠶᠢ ᠪᠠᠢᠭᠤᠯᠵᠤ᠂ ᠬᠣᠶᠠᠷ ᠲᠠᠯ᠎ᠠ᠎ᠶᠢᠨ ᠬᠠᠮᠲᠤᠷᠠᠯᠴᠠᠭ᠎ᠠ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠵᠠᠢ᠃ ᠳᠠᠷᠠᠭᠠᠴᠢ᠎ᠶᠢᠨ ᠠᠯᠬᠤᠮ᠎ᠳᠤ᠂ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠵᠢᠨ ᠬᠢᠨ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ ᠪᠣᠯᠣᠨ ᠥᠪᠥᠷ ᠮᠣᠩᠭᠣᠯ᠎ᠤᠨ ᠬᠥᠭᠵᠢᠯᠲᠡ᠎ᠶᠢᠨ ᠬᠡᠷᠡᠭᠴᠡᠭᠡ ᠵᠢᠨ ᠲᠤᠭᠤᠷᠢᠨ᠎ᠳᠤ᠂ ᠴᠢᠬᠤᠯᠠ ᠶᠡᠬᠡ ᠠᠵᠤ ᠦᠢᠯᠡᠰ᠎ᠦᠨ ᠰᠡᠳᠦᠪ᠎ᠦᠨ ᠪᠣᠭᠣᠮᠲᠠ ᠰᠢᠪᠲᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠠᠪᠴᠠᠩ᠎ᠢ ᠬᠠᠮᠲᠤ ᠪᠠᠷ ᠪᠠᠶ᠋ᠢᠭᠤᠯᠬᠤ᠂ ᠳᠡᠭᠡᠳᠦ ᠲᠠᠰ ᠳᠠᠪᠬᠤᠷᠭ᠎ᠠ᠎ᠶᠢᠨ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠬᠦ᠂ ᠪᠣᠬᠢᠷᠳᠤᠯ ᠦᠭᠡᠢ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠵᠡᠷᠭᠡ ᠬᠦᠷᠢᠶᠡᠨ᠎ᠳᠦ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠬᠠᠮᠲᠤᠷᠠᠯᠴᠠᠭᠠᠨ᠎ᠤ ᠬᠦᠷᠢᠶ᠎ᠡ᠎ᠪᠡᠨ ᠦᠷᠭᠦᠯᠵᠢᠯᠡᠨ ᠥᠷᠭᠡᠳᠬᠡᠨ᠂ ᠥᠪᠥᠷ ᠮᠣᠩᠭᠣᠯ᠎ᠤᠨ ᠠᠵᠤ ᠦᠢᠯᠡᠰ᠎ᠦᠨ ᠭᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠭᠦᠯᠬᠦ᠎ᠳᠤ ᠪᠦᠭᠦ ᠲᠠᠯ᠎ᠠ᠎ᠪᠠᠷ ᠬᠦᠴᠦᠨ ᠴᠢᠳᠠᠯ ᠤᠯᠭᠤᠵᠤ᠂ ᠪᠦᠭᠦ ᠣᠷᠣᠨ᠎ᠤ ᠰᠤᠷᠭᠠᠨ ᠬᠥᠮᠦᠵᠢᠯ ᠡᠮᠴᠢᠯᠡᠭᠡᠨ᠎ᠦ ᠲᠦᠪᠰᠢᠨ᠎ᠢ ᠳᠡᠭᠡᠭᠰᠢᠯᠡᠭᠦᠯᠭᠦ᠎ᠳᠦ ᠬᠦᠴᠦᠨ ᠨᠡᠮᠡᠷᠢᠯᠡᠵᠦ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠢ ᠬᠥᠭᠵᠢᠯᠲᠡ᠎ᠳᠦ ᠨᠠᠩ ᠣᠯᠠᠨ ᠬᠦᠴᠦᠨ ᠴᠢᠳᠠᠯ᠎ᠢᠶᠠᠨ ᠨᠡᠮᠡᠷᠢᠯᠡᠨ᠎ᠡ ᠭᠡᠵᠦ ᠢᠯᠡᠳᠬᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠰᠦᠬᠡ ᠣᠷᠣᠯᠴᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号