ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠳᠤ ᠳᠡᠪᠰᠢᠭᠦᠯᠬᠦ ᠶᠣᠰᠣᠯᠠᠯ ᠶᠠᠪᠤᠭᠤᠯᠪᠠ
2026-07-04 12:34:27
ᠵᠣᠬᠢᠶᠠᠭ᠍ᠴᠢ᠄
ᠮᠧᠢ ᠴᠠᠩ ᠸᠧᠢ
ᠣᠩᠱᠢᠭ᠍ᠰᠠᠨ ᠣᠳᠠᠭ᠎ᠠ᠄
★★★☆☆

ᠰᠢ ᠵᠢᠨ ᠫᠢᠩ ᠵᠠᠷᠯᠢᠭ᠋᠎ᠤᠨ ᠪᠢᠴᠢᠭ ᠭᠠᠷᠳᠠᠭᠤᠯᠤᠭᠰᠠᠨ ᠪᠥᠭᠡᠳ ᠴᠡᠷᠢᠭ᠎ᠤᠨ ᠴᠣᠯᠠ᠎ᠳᠦ ᠳᠡᠪᠰᠢᠭᠰᠡᠨ ᠣᠹᠢᠼᠧᠷ᠎ᠲᠦ ᠪᠠᠶᠠᠷ ᠬᠦᠷᠭᠡᠵᠡᠢ


ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠳᠤ ᠳᠡᠪᠰᠢᠭᠦᠯᠬᠦ ᠶᠣᠰᠣᠯᠠᠯ 3 ᠤ᠋ ᠡᠳᠦᠷ ᠪᠡᠭᠡᠵᠢᠩ᠎ᠦᠨ 《8·1》 ᠶᠡᠬᠡ ᠠᠰᠠᠷ᠎ᠲᠤ ᠶᠠᠪᠤᠭᠳᠠᠪᠠ᠃ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠴᠡᠷᠢᠭ᠎ᠤᠨ ᠴᠣᠯᠠ᠎ᠳᠦ ᠳᠡᠪᠰᠢᠭᠦᠯᠬᠦ ᠶᠣᠰᠣᠯᠠᠯ᠎ᠳᠤ ᠣᠷᠣᠯᠴᠠᠴᠠᠢ᠃

ᠦᠳᠡ᠎ᠶᠢᠨ ᠡᠮᠦᠨᠡᠬᠢ 10 ᠴᠠᠭ 30 ᠮᠢᠨᠦ᠋ᠲ᠎ᠦᠨ ᠦᠶ᠎ᠡ᠎ᠪᠡᠷ᠂ ᠴᠡᠷᠢᠭ᠎ᠤᠨ ᠴᠣᠯᠠ᠎ᠳᠦ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ᠎ᠶᠢᠨ ᠳᠤᠮᠳᠠ ᠡᠬᠢᠯᠡᠪᠡ᠃ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠳᠡᠳ᠋ ᠲᠡᠷᠢᠭᠦᠯᠡᠭᠴᠢ ᠵᠠᠩ ᠱᠧᠩ ᠮᠢᠨ ᠴᠡᠷᠢᠭ᠎ᠦᠨ ᠴᠣᠯᠠ᠎ᠳᠤ ᠳᠡᠪᠰᠢᠭᠦᠯᠬᠦ ᠶᠣᠰᠣᠯᠠᠯ᠎ᠢ ᠡᠷᠬᠢᠯᠡᠵᠦ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ᠎ᠦᠨ ᠭᠠᠷ᠎ᠤᠨ ᠦᠰᠦᠭ ᠵᠢᠷᠤᠭᠰᠠᠨ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠳᠤ ᠳᠡᠪᠰᠢᠭᠦᠯᠬᠦ ᠵᠠᠷᠯᠢᠭ᠋᠎ᠢ ᠤᠩᠰᠢᠨ ᠨᠡᠢᠲᠡᠯᠡᠪᠡ᠃


QQ20260704-123252.png


 7  ᠰᠠᠷ᠎ᠠ᠎ᠶᠢᠨ 3 ᠤ᠋ ᠡᠳᠦᠷ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠳᠤ ᠳᠡᠪᠰᠢᠭᠦᠯᠬᠦ ᠶᠣᠰᠣᠯᠠᠯ ᠪᠡᠭᠡᠵᠢᠩ᠎ᠦᠨ 《8·1》 ᠶᠡᠬᠡ ᠠᠰᠠᠷ᠎ᠲᠤ ᠶᠠᠪᠤᠭᠳᠠᠪᠠ᠃ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭᠴᠢ ᠰᠢ ᠵᠢᠨ ᠫᠢᠩ ᠴᠡᠷᠢᠭ᠎ᠤᠨ ᠴᠣᠯᠠ᠎ᠳᠦ ᠳᠡᠪᠰᠢᠭᠦᠯᠬᠦ ᠶᠣᠰᠣᠯᠠᠯ᠎ᠳᠤ ᠣᠷᠣᠯᠴᠠᠴᠠᠢ᠃ ᠵᠢᠷᠤᠭ ᠪᠤᠯ ᠰᠢ ᠵᠢᠨ ᠫᠢᠩ ᠵᠡᠷᠭᠡ ᠤᠳᠤᠷᠢᠳᠬᠤ ᠨᠦᠬᠦᠳ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠳᠤ ᠳᠡᠪᠰᠢᠭᠰᠡᠨ ᠣᠹᠢᠼᠧᠷ ᠲᠠᠢ ᠬᠠᠮᠳᠤ ᠭᠡᠷᠡᠯ ᠵᠢᠷᠤᠭ ᠳᠠᠳᠠᠭᠤᠯᠵᠤ ᠪᠠᠢᠭ᠎ᠠ ᠨᠢ᠃

ᠰᠢᠨᠬᠤᠸᠠ ᠬᠤᠷᠢᠶ᠎ᠠ᠎ᠶᠢᠨ ᠰᠤᠷᠪᠤᠯᠵᠢᠯᠠᠭᠴᠢ  ᠯᠢ ᠭᠠᠩ  ᠰᠡᠭᠦᠳᠡᠷᠯᠡᠪᠡ


ᠰᠢ ᠵᠢᠨ ᠫᠢᠩ ᠬᠤᠷᠠᠩᠳᠠ ᠭᠸᠨ᠋ᠸᠷᠡᠯ ᠎ᠤᠨ ᠴᠡᠷᠢᠭ᠎ᠦᠨ ᠴᠣᠯᠠ᠎ᠳᠤ ᠳᠡᠪᠰᠢᠭᠰᠡᠨ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠎ᠶᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠱᠦᠵᠢ ᠪᠥᠭᠡᠳ ᠲᠥᠪ᠎ᠦᠨ ᠴᠡᠷᠢᠭ ᠎ᠦᠨ ᠶᠠᠪᠤᠳᠠᠯ᠎ᠤᠨ ᠬᠤᠷᠢᠶ᠎ᠠ᠎ᠶᠢᠨ ᠬᠢᠨᠠᠨ ᠪᠠᠢᠴᠠᠭᠠᠬᠤ ᠵᠥᠪᠯᠡᠯ᠎ᠦᠨ ᠡᠷᠬᠢᠯᠡᠭᠴᠢ ᠵᠠᠩ ᠱᠤ᠌ ᠭᠤᠸᠠᠩ᠂ ᠠᠭᠠᠷ᠎ᠤᠨ ᠴᠡᠷᠢᠭ᠎ᠦᠨ ᠺᠣᠮᠠᠨᠳ᠋ᠯᠠᠭ᠍ᠴᠢ ᠸᠠᠩ ᠭᠠᠩ᠎ᠳᠤ ᠵᠠᠷᠯᠢᠭ᠋᠎ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠢᠬᠤ᠎ᠪᠠᠨ ᠢᠯᠡᠳᠬᠡᠪᠡ᠃ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠶᠢᠨ ᠳᠡᠮᠳᠡᠭ᠎ᠢ ᠵᠡᠭᠦᠭᠰᠡᠨ 2 ᠣᠹᠢᠼᠧᠷ ᠰᠢ ᠵᠢᠨ ᠫᠢᠩ᠎ᠳᠦ ᠶᠣᠰᠣᠯᠠᠵᠤ᠂ ᠶᠣᠰᠣᠯᠠᠯ᠎ᠳᠤ ᠣᠷᠣᠯᠴᠠᠭᠰᠠᠨ ᠪᠦᠬᠦ ᠨᠥᠬᠥᠳ᠎ᠲᠦ ᠶᠣᠰᠣᠯᠠᠭᠰᠠᠨ᠎ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠪᠠ᠃

ᠴᠡᠷᠢᠭ᠎ᠤᠨ ᠴᠣᠯᠠ᠎ᠳᠦ ᠳᠡᠪᠰᠢᠭᠦᠯᠬᠦ ᠶᠣᠰᠣᠯᠠᠯ ᠬᠠᠩᠭᠢᠨᠠᠮ᠎ᠠ ᠬᠦᠴᠦᠳᠡᠢ ᠳᠤᠮᠳᠠᠳᠤ ᠤᠯᠤᠰ᠎ᠤᠨ ᠠᠷᠠᠳ ᠎ᠤᠨ ᠴᠢᠯᠦᠭᠡᠯᠡᠬᠦ ᠴᠡᠷᠢᠭ᠎ᠦᠨ ᠴᠡᠷᠢᠭ ᠎ᠦᠨ ᠳᠠᠭᠤᠤ᠎ᠶᠢᠨ ᠳᠤᠮᠳᠠ ᠲᠡᠭᠦᠰᠪᠡ᠃ ᠳᠠᠷᠠᠭ᠎ᠠ ᠨᠢ᠂ ᠰᠢ ᠵᠢᠨ ᠫᠢᠩ ᠵᠡᠷᠭᠡ ᠤᠳᠤᠷᠢᠳᠬᠤ ᠨᠥᠬᠥᠳ ᠬᠤᠷᠠᠩᠳᠠ ᠭᠸᠨ᠋ᠸᠷᠡᠯ᠎ᠤᠨ ᠴᠡᠷᠢᠭ᠎ᠦᠨ ᠴᠣᠯᠠ᠎ᠳᠤ ᠳᠡᠪᠰᠢᠭᠰᠡᠨ ᠣᠹᠢᠼᠧᠷ᠎ᠲᠠᠢ ᠬᠠᠮᠲᠤ᠎ᠶᠢᠨ ᠰᠡᠭᠦᠳᠡᠷ ᠲᠠᠲᠠᠭᠤᠯᠪᠠ᠃

ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠪᠠᠢᠭᠤᠯᠭ᠎ᠠ᠎ᠶᠢᠨ ᠡᠯ᠎ᠡ ᠰᠠᠯᠠᠭ᠎ᠠ ᠮᠥᠴᠢᠷ᠂ ᠴᠡᠷᠢᠭ ᠠᠩᠭᠢ᠎ᠶᠢᠨ ᠪᠡᠭᠡᠵᠢᠩ᠎ᠳᠦ ᠰᠠᠭᠤᠭ᠎ᠠ ᠬᠣᠯᠪᠣᠭᠳᠠᠯ ᠪᠦᠬᠦᠢ ᠨᠢᠭᠡᠴᠢ᠎ᠶᠢᠨ ᠭᠣᠣᠯ ᠬᠠᠷᠢᠭᠤᠴᠠᠯᠭᠠᠲᠠᠨ ᠨᠥᠬᠥᠳ ᠴᠡᠷᠢᠭ᠎ᠤᠨ ᠴᠣᠯᠠ᠎ᠳᠦ ᠳᠡᠪᠰᠢᠭᠦᠯᠬᠦ ᠶᠣᠰᠣᠯᠠᠯ᠎ᠳᠤ ᠣᠷᠣᠯᠴᠠᠵᠠᠢ᠃



ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 3 ᠤ᠋ ᠴᠠᠬᠢᠯᠭᠠᠨ ᠮᠡᠳᠡᠭᠡ)  


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号