— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠢᠲᠡᠭᠡᠯ ᠵᠣᠷᠢᠭ᠋᠎ᠢᠶᠠᠨ ᠪᠠᠲᠤᠳᠬᠠᠵᠤ ᠦᠷᠭᠦᠯᠵᠢᠯᠡᠨ ᠲᠡᠮᠡᠴᠡᠬᠦ᠎ᠶᠢ ᠵᠣᠷᠢᠭ᠍ᠵᠢᠭᠤᠯᠪᠠ
ᠮᠢᠩᠭᠠᠨ ᠣᠨ᠎ᠤ ᠠᠭᠤᠤ ᠦᠢᠯᠡᠰ ᠤᠭ ᠰᠠᠨᠠᠭ᠎ᠠ᠎ᠵᠢ ᠪᠠᠲᠤᠳᠬᠠᠵᠤ᠂ ᠲᠦᠮᠡᠨ ᠭᠠᠵᠠᠷ᠎ᠤᠨ ᠠᠭᠤᠯᠠ ᠤᠰᠤ ᠠᠤᠭ᠎ᠠ ᠲᠥᠰᠥᠪ᠎ᠢ ᠵᠢᠷᠤᠭᠯᠠᠨ᠎ᠠ᠃
7 ᠰᠠᠷ᠎ᠠ᠎ᠶᠢᠨ 1 ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠦᠪᠡᠳᠡᠭᠰᠢ ᠶᠡᠬᠡᠪᠡᠷ ᠶᠠᠪᠤᠭᠳᠠᠵᠤ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠭᠦᠨ ᠰᠡᠳᠬᠢᠯᠭᠡ᠎ᠲᠠᠢ᠎ᠪᠡᠷ ᠡᠷᠭᠢᠴᠡᠭᠦᠯᠵᠦ᠂ ᠨᠠᠮ ᠪᠣᠯᠣᠨ ᠠᠷᠠᠳ ᠲᠦᠮᠡᠨ᠎ᠦ ᠦᠢᠯᠡᠰ᠎ᠦᠨ ᠬᠥᠭᠵᠢᠯᠲᠡ᠎ᠶᠢᠨ ᠭᠡᠭᠡᠨ ᠰᠠᠷᠠᠭᠤᠯ ᠢᠷᠡᠭᠡᠳᠦᠢ᠎ᠶᠢ ᠣᠮᠣᠭ ᠲᠡᠭᠦᠯᠳᠡᠷ᠎ᠢᠶᠡᠷ ᠪᠠᠷᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠦᠢᠷᠯᠡᠰᠢ ᠦᠭᠡᠢ ᠰᠢᠯᠢᠳᠡᠭ ᠣᠨᠴᠠᠯᠢᠭ᠋ ᠰᠢᠨᠵᠢ ᠵᠢ ᠭᠦᠨᠵᠡᠭᠡᠢ ᠢᠯᠡᠷᠡᠭᠦᠯᠵᠦ᠂ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠬᠤ ᠡᠷᠡᠰ ᠵᠣᠷᠢᠭ᠋ ᠪᠣᠯᠣᠨ ᠢᠲᠡᠭᠡᠯ ᠵᠣᠷᠢᠭ᠋᠎ᠢ ᠡᠷᠡᠰ ᠪᠠᠲᠤ ᠪᠡᠷ ᠲᠤᠩᠬᠠᠭᠯᠠᠪᠠ᠃
ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠲᠦᠭ ᠲᠦᠮᠡᠨ ᠳᠤᠮᠳᠠᠳᠤ᠎ᠶᠢᠨ ᠬᠥᠪᠡᠭᠦᠳ ᠥᠬᠢᠳ᠎ᠦᠨ ᠲᠤᠮᠳᠠ ᠴᠢᠩᠭ᠎ᠠ ᠲᠤᠰᠬᠠᠯ ᠭᠠᠷᠴᠤ᠂ ᠪᠦᠬᠦ ᠨᠠᠮ ᠪᠦᠬᠦ ᠴᠡᠷᠢᠭ ᠪᠦᠬᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠂ ᠴᠠᠭ ᠦᠶ᠎ᠡ ᠪᠣᠯᠣᠨ ᠠᠷᠠᠳ ᠲᠦᠮᠡᠨ᠎ᠳᠤ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠳᠠ ᠦᠭᠡᠢ ᠡᠭᠦᠳᠬᠦ᠎ᠶᠢ ᠤᠷᠮᠠᠰᠢᠭᠤᠯᠤᠨ ᠵᠣᠷᠢᠭ᠍ᠵᠢᠭᠤᠯᠪᠠ᠃
ᠴᠥᠬᠥᠷᠡᠰᠢ ᠦᠭᠡᠢ ᠲᠡᠮᠡᠴᠡᠵᠦ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠠᠤᠭ᠎ᠠ ᠰᠦᠷᠯᠢᠭ ᠲᠤᠤᠯᠢᠰ᠎ᠢ ᠪᠢᠴᠢᠭᠯᠡᠨ᠎ᠠ
ᠬᠤᠷᠠᠯ᠎ᠤᠨ ᠲᠠᠯᠠᠪᠠᠢ᠎ᠶᠢᠨ ᠳᠣᠲᠣᠨ᠎ᠠ ᠭᠠᠳᠠᠨ᠎ᠠ᠂ ᠤᠯᠠᠭᠠᠨ ᠲᠤᠭ ᠨᠠᠮᠢᠷᠠᠨ᠎ᠠ᠃ ᠵᠠᠭᠤᠨ ᠵᠢᠯ᠎ᠦᠨ ᠠᠶᠠᠨ᠂ ᠭᠡᠷᠡᠯ ᠭᠢᠯᠪᠠᠭ᠎ᠠ ᠰᠠᠴᠤᠷᠠᠨ᠎ᠠ᠃
《ᠥᠨᠥᠳᠥᠷ᠂ ᠳᠤᠮᠳᠠᠳᠤ ᠤᠯᠤᠰ᠎ᠤᠨ ᠠᠷᠠᠳ ᠲᠦᠮᠡᠨ ᠨᠢᠭᠡᠨᠲᠡ ᠬᠤᠪᠢ ᠵᠠᠶᠠᠭ᠎ᠠ᠎ᠪᠠᠨ ᠥᠪᠡᠷ᠎ᠦᠨ ᠭᠠᠷ᠎ᠲᠠᠭᠠᠨ ᠪᠠᠲᠤ ᠡᠵᠡᠮᠳᠡᠵᠦ᠂ ᠢᠲᠡᠭᠡᠯ ᠲᠡᠭᠦᠯᠳᠡᠷ᠂ ᠪᠡᠶ᠎ᠡ᠎ᠪᠡᠨ ᠳᠠᠭᠠᠭᠠᠬᠤ᠂ ᠥᠪᠡᠷ᠎ᠢ᠎ᠪᠡᠨ ᠬᠦᠴᠦᠷᠬᠡᠭᠵᠢᠭᠦᠯᠬᠦ ᠳᠦᠷᠰᠦ ᠪᠠᠢᠳᠠᠯ᠎ᠢᠶᠠᠷ ᠨᠡᠩ ᠰᠠᠢᠨ ᠰᠠᠢᠬᠠᠨ ᠢᠷᠡᠭᠡᠳᠦᠢ ᠲᠡᠢᠰᠢ ᠲᠣᠮᠣ᠌ ᠠᠯᠬᠤᠮ᠎ᠢᠶᠠᠷ ᠤᠷᠤᠭᠰᠢᠯᠠᠵᠤ ᠪᠠᠢᠨ᠎ᠠ》᠃ ᠲᠤᠬᠠᠢ᠎ᠶᠢᠨ ᠲᠠᠯᠠᠪᠠᠶ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠵᠢ ᠰᠤᠨᠤᠰᠴᠤ᠂ 《7·1 ᠤ᠋ ᠭᠠᠪᠢᠶᠠᠨ ᠲᠡᠮᠳᠡᠭ》 ᠬᠦᠷᠲᠡᠭᠴᠢ᠂ ᠾᠧᠨᠠᠨ ᠮᠤᠵᠢ᠎ᠶᠢᠨ ᠫᠦᠶᠠᠩ ᠰᠢᠶᠠᠨ᠎ᠤ ᠴᠢᠩᠽᠦ ᠪᠠᠯᠭᠠᠰᠤᠨ᠎ᠤ ᠰᠢ ᠰᠢᠨ ᠵᠤᠸᠠᠩ ᠲᠣᠰᠬᠣᠨ᠎ᠤ ᠨᠠᠮ᠎ᠤᠨ ᠡᠭᠦᠷ᠎ᠦᠨ ᠱᠦᠵᠢ ᠯᠢ ᠯᠢᠶᠠᠨ ᠴᠧᠩ ᠰᠡᠳᠬᠢᠯᠲᠤᠭᠳᠤᠯᠤᠩᠬᠠᠨ ᠪᠠᠢᠵᠤ᠂ 《105 ᠵᠢᠯ᠎ᠦᠨ ᠲᠤᠷᠰᠢ᠂ ᠮᠠᠨ᠎ᠤ ᠨᠠᠮ ᠪᠥᠬᠥ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠦᠭᠡᠢ ᠲᠡᠮᠡᠴᠡᠵᠦ᠂ ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠶᠢ ᠦᠨᠳᠦᠰᠦᠨ᠎ᠡᠴᠡ ᠨᠢ ᠬᠤᠪᠢᠷᠠᠭᠤᠯᠪᠠ᠂ ᠶᠡᠷᠦᠩᠬᠡᠢ ᠱᠦᠵᠢ᠎ᠶᠢᠨ ᠦᠭᠡ ᠨᠢ ᠪᠢᠳᠡᠨ᠎ᠦ ᠰᠡᠳᠬᠢᠯ᠎ᠢ ᠬᠦᠨᠳᠡᠭᠰᠡᠨ ᠪᠠᠢᠨ᠎ᠠ》 ᠭᠡᠪᠡ᠃
《ᠬᠤᠵᠢᠷᠯᠢᠭ᠋ ᠭᠠᠵᠠᠷ᠎ᠢᠶᠡᠷ ᠭᠤᠤᠯᠯᠠᠵᠤ ᠲᠠᠷᠢᠶ᠎ᠠ ᠤᠷᠭᠤᠬᠤ ᠦᠭᠡᠢ》 ᠨᠢᠭᠡᠨ ᠶᠠᠳᠠᠭᠤ ᠲᠣᠰᠬᠣᠨ᠂ ᠰᠠᠮᠠᠭᠤᠨ ᠲᠣᠰᠬᠣᠨ ᠪᠠᠢᠭᠰᠠᠨ ᠡᠴᠡ ᠪᠠᠨ ᠬᠤᠯᠠ ᠣᠢᠷ᠎ᠠ᠎ᠳᠠᠭᠠᠨ ᠠᠯᠳᠠᠷᠰᠢᠭ᠍ᠰᠠᠨ ᠪᠠᠶᠠᠨ ᠲᠣᠰᠬᠣᠨ᠂ ᠪᠣᠯᠪᠠᠰᠤᠨ ᠲᠣᠰᠬᠣᠨ ᠪᠣᠯᠣᠨ ᠬᠤᠪᠢᠷᠠᠵᠤ᠂ ᠰᠢ ᠰᠢᠨ ᠵᠤᠸᠠᠩ ᠲᠣᠰᠬᠣᠨ ᠨᠢ ᠠᠷᠠᠳ᠎ᠤᠨ ᠠᠮᠢᠳᠤᠷᠠᠯ᠎ᠤᠨ ᠢᠳᠡᠵᠦ ᠡᠮᠦᠰᠬᠦ᠎ᠳᠡᠭᠡᠨ ᠵᠥᠪ ᠦᠭᠡᠢ ᠪᠠᠢᠭᠰᠠᠨ᠎ᠡᠴᠡ ᠶᠡᠷᠦᠩᠬᠡᠢ᠎ᠳᠡᠭᠡᠨ ᠴᠢᠨᠡᠭᠡᠯᠢᠭᠵᠢᠭᠰᠡᠨ᠂ ᠲᠠᠬᠢᠭᠠᠳ ᠪᠦᠬᠦ ᠲᠠᠯ᠎ᠠ᠎ᠪᠠᠷ ᠴᠢᠨᠡᠭᠡᠯᠢᠭᠵᠢᠭᠰᠡᠨ ᠲᠡᠦᠬᠡᠲᠦ ᠴᠢᠨᠠᠷᠲᠠᠢ ᠳᠠᠪᠠᠯᠲᠠ᠎ᠶᠢ ᠭᠡᠷᠡᠴᠢᠯᠡᠪᠡ᠃ ᠯᠢ ᠯᠢᠶᠠᠨ ᠴᠧᠩ᠄《ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠣᠯ ᠤᠷᠢᠶ᠎ᠠ ᠬᠠᠰᠬᠢᠷᠬᠤ ᠶᠠᠪᠤᠳᠠᠯ ᠪᠢᠰᠢ᠂ ᠬᠠᠷᠢᠨ ᠦᠨᠡᠨ ᠪᠣᠳᠠᠲᠠᠢ ᠠᠵᠢᠯᠯᠠᠵᠤ ᠪᠠᠢᠭᠠᠳ ᠪᠦᠲᠦᠭᠡᠳᠡᠭ ᠶᠤᠮ᠃ ᠬᠥᠭᠵᠢᠯᠲᠡ᠎ᠶᠢᠨ ᠠᠯᠬᠤᠭ᠎ᠠ᠎ᠪᠠᠨ ᠵᠣᠭᠰᠣᠭᠠᠵᠤ ᠪᠣᠯᠬᠤ ᠦᠭᠡᠢ᠂ ᠶᠡᠷᠦᠩᠬᠡᠢ ᠱᠦᠵᠢ᠎ᠶᠢᠨ ᠶᠠᠷᠢᠶ᠎ᠠ ᠨᠢ ᠪᠢᠳᠡᠨ᠎ᠦ ᠴᠢᠭᠯᠡᠯ᠎ᠢ ᠨᠠᠩ ᠲᠣᠳᠣᠷᠬᠠᠢ ᠪᠣᠯᠭᠠᠵᠤ᠂ ᠡᠷᠴᠢ ᠵᠣᠷᠢᠭ᠋᠎ᠢ ᠨᠠᠩ ᠲᠡᠭᠦᠯᠳᠡᠷ ᠪᠣᠯᠭᠠᠪᠠ》 ᠭᠡᠵᠡᠢ᠃
《ᠥᠨᠥᠳᠥᠷ᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠣᠷᠢᠭ᠍ᠯᠠᠭᠳᠠᠰᠢ ᠦᠭᠡᠢ ᠪᠠᠢᠵᠤ᠂ ᠤᠷᠢᠳ ᠡᠮᠦᠨ᠎ᠡ ᠪᠠᠢᠭ᠎ᠠ ᠦᠭᠡᠢ ᠭᠡᠭᠡᠨ ᠰᠠᠷᠠᠭᠤᠯ ᠠᠯᠤᠰ ᠢᠷᠡᠭᠡᠳᠦᠢ᠎ᠶᠢ ᠢᠯᠡᠷᠡᠭᠦᠯᠪᠡ》᠃ ᠭᠠᠨᠰᠤ᠎ᠶᠢᠨ ᠵᠢᠦᠴᠢᠦᠸᠠᠨ᠎ᠳᠤ᠂ ᠳ᠋ᠦᠩᠹᠧᠩ ᠬᠤᠳᠠᠯᠳᠤᠭᠠᠨ᠎ᠤ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠰᠢᠨ᠎ᠡ᠎ᠶᠢ ᠡᠭᠦᠳᠬᠦ ᠲᠤᠷᠰᠢᠯᠲᠠ᠎ᠶᠢᠨ ᠣᠷᠣᠨ᠎ᠳᠤ᠂ ᠵᠦ᠍ ᠴᠢᠤᠸᠠᠢ ᠭᠤᠷᠪᠠᠳᠤᠭᠠᠷ ᠬᠥᠯᠭᠡ ᠲᠡᠢᠷᠦᠯᠲᠦ ᠰᠤᠮᠤ ᠰᠤᠳᠤᠯᠤᠨ ᠦᠢᠯᠡᠳᠬᠦ ᠪᠦᠯᠬᠦᠮ᠎ᠦᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠬᠠᠮᠲᠤ᠎ᠪᠠᠷ ᠰᠤᠷᠤᠯᠴᠠᠭᠠᠳ ᠮᠠᠰᠢ ᠤᠷᠮᠠᠰᠢᠨ ᠵᠣᠷᠢᠭ᠍ᠵᠢᠵᠠᠢ᠃
ᠬᠣᠶᠠᠷ ᠡᠳᠦᠷ᠎ᠦᠨ ᠡᠮᠦᠨ᠎ᠡ᠂ ᠵᠦ᠍ ᠴᠢᠤᠸᠠᠢ ᠭᠤᠷᠪᠠᠳᠤᠭᠠᠷ ᠠᠯᠤᠰ ᠬᠣᠶᠠᠳᠤᠭᠠᠷ ᠳᠠᠪᠲᠠᠨ ᠬᠡᠷᠡᠭᠯᠡᠵᠦ ᠪᠣᠯᠬᠤ ᠬᠥᠯᠭᠡ ᠲᠡᠢᠷᠦᠯᠲᠦ ᠰᠤᠮᠤ ᠵᠢ ᠡᠨᠳᠡ ᠲᠠᠢᠪᠤᠩ ᠪᠠᠢᠳᠠᠯ᠎ᠲᠠᠢ ᠪᠡᠷ ᠨᠣᠴᠣᠭᠠᠬᠤ ᠲᠤᠷᠰᠢᠯᠲᠠ᠎ᠶᠢ ᠪᠡᠶᠡᠯᠡᠭᠦᠯᠵᠦ᠂ ᠳᠠᠷᠠᠭᠠᠴᠢ᠎ᠶᠢᠨ ᠨᠢᠰᠦᠯᠲᠡ᠎ᠶᠢᠨ ᠡᠭᠦᠷᠭᠡ᠎ᠶᠢ ᠬᠡᠷᠡᠭᠵᠢᠭᠦᠯᠬᠦ᠎ᠳᠦ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ᠃ ᠡᠨᠳᠡᠬᠢ ᠨᠢ ᠶᠠᠭ ᠮᠠᠨ᠎ᠤ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠰᠠᠨᠰᠠᠷ᠎ᠤᠨ ᠠᠶᠠᠯᠠᠯ᠎ᠤᠨ ᠲᠦᠷᠭᠡᠨ ᠬᠥᠭᠵᠢᠯᠲᠡ ᠵᠢᠨ ᠬᠠᠯᠠᠭᠤᠨ ᠬᠥᠷᠥᠰᠥ ᠪᠣᠯᠵᠠᠢ᠃
《ᠪᠢᠳᠠ ᠬᠡᠳᠦᠨ ᠠᠷᠪᠠᠬᠠᠨ ᠵᠢᠯ᠎ᠦᠨ ᠴᠠᠭ᠎ᠢ ᠬᠡᠷᠡᠭᠰᠡᠭᠡᠳ ᠬᠥᠭᠵᠢᠭᠰᠡᠨ ᠤᠯᠤᠰ᠎ᠤᠨ ᠬᠡᠳᠦᠨ ᠵᠠᠭᠤᠨ ᠵᠢᠯ᠎ᠦᠨ ᠠᠵᠤ ᠦᠢᠯᠡᠳᠪᠦᠷᠢᠵᠢᠯᠲᠡ᠎ᠶᠢᠨ ᠶᠠᠪᠤᠴᠠ᠎ᠶᠢ ᠪᠡᠶᠡᠯᠡᠭᠦᠯᠵᠦ᠂ ᠠᠵᠤ ᠠᠬᠤᠢ᠎ᠶᠢᠨ ᠲᠦᠷᠭᠡᠨ ᠬᠥᠭᠵᠢᠯᠲᠡ ᠪᠣᠯᠣᠨ ᠨᠡᠢᠭᠡᠮ᠎ᠦᠨ ᠤᠷᠳᠤ ᠬᠤᠭᠤᠴᠠᠭᠠᠨ᠎ᠤ ᠲᠣᠭᠲᠠᠭᠤᠨ ᠪᠠᠢᠬᠤ ᠬᠣᠶᠠᠷ ᠶᠡᠬᠡ ᠭᠠᠢᠬᠠᠮᠰᠢᠭ᠋᠎ᠢ ᠡᠭᠦᠳᠴᠡᠢ᠃ ᠶᠡᠷᠦᠩᠬᠡᠢ ᠱᠦᠵᠢ ᠠᠭᠤᠤ ᠶᠡᠬᠡ ᠠᠮᠵᠢᠯᠲᠠ᠎ᠵᠢ ᠳ᠋ᠦᠩᠨᠡᠵᠦ᠂ ᠪᠢᠳᠡᠨ᠎ᠦ ᠳᠡᠯᠡᠬᠡᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠣᠶᠠᠨ ᠤᠷᠬᠢᠯ᠎ᠳᠤ ᠵᠣᠷᠢᠭ᠍ᠲᠠᠢ᠎ᠪᠠᠷ ᠠᠪᠠᠷᠢᠬᠤ ᠢᠲᠡᠭᠡᠯ ᠵᠣᠷᠢᠭ᠋ ᠪᠠ ᠰᠥᠰᠥ ᠵᠣᠷᠢᠭ᠋᠎ᠢ ᠢᠯᠡᠷᠡᠭᠦᠯᠪᠡ》 ᠭᠡᠵᠦ ᠵᠦ᠍ ᠴᠢᠤᠸᠠᠢ ᠭᠤᠷᠪᠠᠳᠤᠭᠠᠷ ᠬᠥᠯᠭᠡ ᠲᠡᠢᠷᠦᠯᠲᠦ ᠰᠤᠮᠤ᠎ᠶᠢᠨ ᠳᠡᠳ᠋ ᠶᠡᠷᠦᠩᠬᠡᠢ ᠲᠥᠯᠥᠪᠯᠡᠭᠴᠢ ᠳ᠋ᠦᠩ ᠺᠠᠢ᠂ 《ᠰᠠᠨᠰᠠᠷ᠎ᠤᠨ ᠠᠶᠠᠯᠠᠯ᠎ᠤᠨ ᠦᠢᠯᠡᠰ᠎ᠢᠶᠠᠷ ᠤᠯᠤᠰ᠎ᠲᠠᠭᠠᠨ ᠵᠢᠳᠬᠦᠬᠦ ᠪᠣᠯ ᠲᠠᠷᠤᠢ ᠪᠡᠶ᠎ᠡ᠎ᠪᠡᠨ ᠳᠠᠭᠠᠭᠠᠵᠤ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠠᠰᠤᠷᠠᠯᠳᠠ ᠦᠭᠡᠢ ᠪᠣᠢᠵᠢᠭᠤᠯᠤᠨ ᠪᠤᠵᠠᠭᠠᠢᠷᠠᠭᠤᠯᠬᠤᠶᠠᠪᠤᠳᠠᠯ ᠪᠤᠯᠤᠨ᠎ᠠ》 ᠭᠡᠵᠡᠢ᠃
ᠰᠢᠨᠵᠢᠯᠡᠬᠦ ᠤᠬᠠᠭᠠᠨᠴᠢ ᠣᠪᠣᠷ᠎ᠢᠶᠠᠷ ᠰᠢᠨᠵᠢᠯᠡᠬᠦ ᠤᠬᠠᠭᠠᠨ᠎ᠳᠤ ᠬᠠᠨᠳᠤᠵᠤ᠂ ᠦᠨᠡᠨ ᠶᠣᠰᠣᠨ᠎ᠤ ᠵᠣᠷᠢᠭ᠋ ᠰᠠᠨᠠᠭ᠎ᠠ᠎ᠪᠠᠷ ᠦᠨᠡᠨ ᠶᠣᠰᠣ᠌᠎ᠶᠢ ᠬᠥᠭᠡᠭᠡᠴᠡᠯᠳᠦᠨ᠎ᠡ᠃ ᠬᠤᠪᠢᠰᠬᠠᠯ᠎ᠤᠨ ᠭᠣᠯᠣᠮᠲᠠ ᠶᠠᠨ ᠠᠨ᠎ᠳᠤ᠂ ᠡᠯ᠎ᠡ ᠭᠠᠵᠠᠷ᠎ᠤᠨ ᠲᠣᠭᠣᠷᠢᠨ ᠦᠵᠡᠭᠴᠢᠳ ᠳᠤᠷᠠᠰᠬᠠᠯ᠎ᠤᠨ ᠲᠠᠯᠠᠪᠤᠷ ᠣᠷᠳᠣᠨ᠎ᠳᠤ ᠬᠦᠷᠴᠦ᠂ ᠤᠶᠤᠨ ᠰᠠᠨᠠᠭᠠᠨ᠎ᠤ ᠠᠷᠢᠭᠤᠳᠬᠠᠯ ᠳᠤᠮᠳᠠ ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠣᠢᠯᠠᠭᠠᠵᠤ᠂ ᠬᠤᠪᠢᠰᠬᠠᠯ᠎ᠤᠨ ᠳᠤᠷᠠᠰᠤᠮᠵᠢᠲᠤᠮᠳᠠ ᠡᠴᠡ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ ᠬᠦᠷᠲᠡᠨ᠎ᠡ᠃
《ᠥᠨᠥᠳᠥᠷ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ ᠨᠢ ᠮᠠᠷᠺᠰ᠎ᠤᠨ ᠦᠵᠡᠯ᠎ᠦᠨ ᠰᠢᠨᠵᠢᠯᠡᠬᠦ ᠤᠬᠠᠭᠠᠨᠴᠢ ᠴᠢᠨᠠᠷ ᠪᠣᠯᠣᠨ ᠦᠨᠡᠨ ᠶᠣᠰᠣᠴᠢ ᠴᠢᠨᠠᠷ᠎ᠢ ᠭᠦᠢᠴᠡᠳ ᠰᠢᠯᠭᠠᠵᠤ᠂ ᠮᠠᠷᠺᠰ᠎ᠤᠨ ᠦᠵᠡᠯ᠎ᠦᠨ ᠠᠷᠠᠳᠴᠢ ᠴᠢᠨᠠᠷ ᠪᠣᠯᠣᠨ ᠦᠢᠯᠡᠳᠦᠯᠭᠡᠲᠦ ᠴᠢᠨᠠᠷ᠎ᠢ ᠭᠦᠢᠴᠡᠳ ᠢᠯᠡᠷᠡᠭᠦᠯᠵᠦ᠂ ᠮᠠᠷᠺᠰ᠎ᠤᠨ ᠦᠵᠡᠯ᠎ᠦᠨ ᠨᠡᠭᠡᠭᠡᠯᠲᠡᠲᠤ ᠴᠢᠨᠠᠷ ᠪᠣᠯᠣᠨ ᠴᠠᠭ ᠦᠶᠡᠴᠢ ᠴᠢᠨᠠᠷ᠎ᠢ ᠭᠦᠢᠴᠡᠳ ᠢᠯᠡᠷᠡᠭᠦᠯᠵᠡᠢ》᠃ ᠳᠤᠮᠳᠠᠳᠤ ᠤᠯᠤᠰ᠎ᠤᠨ ᠶᠠᠨ ᠠᠨ᠎ᠤ ᠺᠠᠳ᠋ᠷ᠎ᠤᠨ ᠳᠡᠭᠡᠳᠦ ᠰᠤᠷᠭᠠᠭᠤᠯᠢ᠎ᠶᠢᠨ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠡᠯᠲᠡᠰ᠎ᠦᠨ ᠨᠠᠮ᠎ᠤᠨ ᠪᠠᠢᠭᠤᠯᠤᠯᠲᠠ᠎ᠶᠢᠨ ᠵᠢᠭᠠᠨ ᠰᠤᠳᠤᠯᠬᠤ ᠲᠠᠰᠤᠭ᠎ᠤᠨ ᠡᠷᠬᠢᠯᠡᠭᠴᠢ ᠸᠠᠩ ᠲᠤᠤ ᠶᠡᠷᠦᠩᠬᠡᠢ ᠱᠦᠵᠢ ᠰᠢ ᠵᠢᠨ ᠫᠢᠩ᠎ᠦᠨ ᠭᠦᠨᠵᠡᠭᠡᠢ ᠨᠤᠲᠠᠯᠠᠯᠲᠠ᠎ᠶᠢ ᠲᠡᠮᠳᠡᠭᠯᠡᠯ᠎ᠦᠨ ᠳᠡᠪᠲᠡᠷ ᠳᠡᠭᠡᠷ᠎ᠡ᠎ᠪᠡᠨ ᠬᠠᠭᠤᠯᠪᠠ᠃
ᠲᠡᠷᠡ᠂ ᠶᠡᠷᠦᠩᠬᠡᠢ ᠱᠦᠵᠢ ᠰᠢ ᠵᠢᠨ ᠫᠢᠩ ᠪᠣᠯ ᠮᠠᠨ᠎ᠤ ᠨᠠᠮ᠎ᠤᠨ ᠰᠢᠨᠡᠡᠭᠦᠳᠦᠯᠲᠡ ᠵᠢᠨ ᠤᠨᠤᠯ᠎ᠤᠨ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ᠂ ᠠᠭᠤᠤ ᠶᠡᠬᠡ ᠳᠠᠭᠠᠭᠤᠯᠤᠭ᠍ᠴᠢ ᠪᠤᠯᠤᠨ᠎ᠠ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ ᠨᠢ 《ᠬᠣᠶᠠᠷ᠎ᠢ ᠤᠶᠠᠯᠳᠤᠭᠤᠯᠬᠤ》 ᠵᠢᠨ ᠴᠢᠬᠤᠯᠠ ᠶᠡᠬᠡ ᠦᠷ᠎ᠡ ᠪᠦᠲᠦᠭᠡᠯ ᠪᠣᠯᠤᠭᠰᠠᠨ᠎ᠤ ᠬᠤᠪᠢ᠎ᠳᠤ᠂ ᠵᠠᠭᠤᠨ ᠵᠢᠯ᠎ᠦᠨ ᠲᠡᠦᠬᠡ᠎ᠲᠠᠢ ᠲᠣᠮᠣ᠌ ᠨᠠᠮ᠎ᠤᠨ ᠤᠷᠳᠤ ᠬᠤᠭᠤᠴᠠᠭ᠎ᠠ᠎ᠪᠠᠷ ᠲᠦᠷᠦ ᠪᠠᠷᠢᠬᠤ ᠮᠠᠷᠺᠰ᠎ᠤᠨ ᠦᠵᠡᠯ᠎ᠦᠨ ᠲᠦᠷᠦ᠎ᠶᠢᠨ ᠨᠠᠮ᠎ᠤᠨ ᠪᠠᠢᠭᠤᠯᠤᠯᠲᠠ᠎ᠶᠢᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ ᠨᠢ ᠰᠢᠨ᠎ᠡ ᠥᠨᠳᠥᠷᠴᠡ ᠳ᠋ᠤ᠌ ᠬᠦᠷᠦᠭᠰᠡᠨ᠎ᠢ ᠪᠡᠯᠭᠡᠳᠡᠵᠦ ᠪᠠᠢᠨ᠎ᠠ ᠭᠡᠵᠦ ᠢᠯᠡᠳᠭᠡᠪᠡ᠃
ᠡᠨᠡ ᠵᠢᠯ᠎ᠦᠨ ᠨᠠᠮᠤᠷ᠂ ᠰᠢᠶᠦ᠋ᠩ ᠠᠨ ᠰᠢᠨ᠎ᠡ ᠲᠤᠭᠤᠷᠢᠭ ᠨᠢ ᠠᠩᠬᠠᠳᠤᠭᠠᠷ ᠬᠤᠭᠤᠴᠠᠭᠠᠨ᠎ᠤ 《ᠰᠢᠶᠦ᠋ᠩ ᠠᠨ ᠤ ᠪᠦᠬᠦ ᠪᠦᠮᠪᠦᠷᠴᠡᠭ᠎ᠤᠨ ᠵᠠᠰᠠᠯᠲᠠ᠎ᠶᠢᠨ ᠶᠠᠷᠢᠶᠠᠨ᠎ᠤ ᠲᠠᠪᠴᠠᠩ》 ᠢ᠋ ᠤᠭᠲᠤᠵᠤ᠂ ᠪᠦᠬᠦ ᠪᠥᠮᠪᠥᠷᠴᠡᠭ᠎ᠦᠨ ᠡᠯ᠎ᠡ ᠡᠲᠡᠭᠡᠳ᠎ᠦᠨ ᠬᠥᠮᠥᠰ᠎ᠢ ᠤᠷᠢᠵᠤ ᠶᠡᠬᠡ ᠪᠣᠳᠣᠯᠭ᠎ᠠ᠎ᠶᠢ ᠬᠠᠮᠲᠤ ᠪᠠᠷ ᠵᠥᠪᠯᠡᠬᠦ ᠪᠣᠯᠣᠨ᠎ᠠ᠃
《ᠶᠡᠷᠦᠩᠬᠡᠢ ᠱᠦᠵᠢ ᠰᠢ ᠵᠢᠨ ᠫᠢᠩ᠂ ᠨᠠᠮ᠎ᠡᠴᠡ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢ ᠠᠬᠢᠭᠤᠯᠵᠤ᠂ ᠬᠥᠮᠥᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ᠎ᠶᠢ ᠡᠭᠦᠳᠴᠦ᠂ ᠬᠥᠭᠵᠢᠵᠦ ᠪᠠᠢᠭ᠎ᠠ ᠤᠯᠤᠰ᠎ᠤᠳ᠎ᠤᠨ ᠣᠳᠣᠬᠢᠴᠢᠯᠠᠯᠲᠠ ᠲᠡᠢᠰᠢ ᠤᠷᠤᠭᠰᠢᠯᠠᠬᠤ ᠠᠷᠭ᠎ᠠ ᠵᠠᠮ᠎ᠢ ᠥᠷᠭᠡᠳᠬᠡᠪᠡ ᠭᠡᠵᠦ ᠵᠢᠭᠠᠵᠤ ᠭᠠᠷᠭᠠᠪᠠ᠃ ᠰᠢᠶᠦ᠋ᠩ ᠠᠨ ᠰᠢᠨ᠎ᠡ ᠲᠤᠭᠤᠷᠢᠭ᠎ᠤᠨ ᠬᠢᠨ ᠶᠠᠭ ᠰᠢᠨ᠎ᠡ ᠴᠠᠭ ᠦᠶ᠎ᠡ᠎ᠶᠢᠨ ᠰᠢᠨ᠎ᠡ᠎ᠶᠢ ᠡᠭᠦᠳᠬᠦ ᠥᠨᠳᠥᠷᠯᠢᠭᠪᠠ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠦᠯᠢᠭᠡᠷ ᠳᠠᠭᠤᠷᠢᠶᠠᠯ᠎ᠢ ᠴᠢᠷᠮᠠᠢᠨ ᠪᠦᠲᠦᠭᠡᠨ ᠪᠠᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠭᠰᠠᠨ ᠬᠤᠲᠠ᠎ᠶᠢᠨ ᠦᠯᠢᠭᠡᠷ ᠳᠠᠭᠤᠷᠢᠶᠠᠯ ᠪᠣᠯᠬᠤ᠎ᠪᠠᠷ ᠴᠢᠷᠮᠠᠢᠵᠤ ᠪᠠᠢᠨ᠎ᠠ》 ᠭᠡᠵᠦ ᠰᠢᠶᠦ᠋ᠩ ᠠᠨ ᠰᠢᠨ᠎ᠡ ᠲᠣᠭᠣᠷᠢᠭ᠋᠎ᠤᠨ ᠨᠠᠮ᠎ᠤᠨ ᠠᠵᠢᠯᠯᠠᠬᠤ ᠬᠣᠷᠢᠶ᠎ᠠ᠎ᠶᠢᠨ ᠭᠡᠰᠢᠭᠦᠨ ᠯᠢᠦ ᡁᠢ ᠯᠢᠶᠠᠩ ᠬᠡᠯᠡᠪᠡ᠃
ᠭᠠᠢᠬᠠᠮᠰᠢᠭ᠍ᠲᠤ ᠣᠨ ᠰᠠᠷ᠎ᠠ᠂ ᠪᠠᠯᠠᠷᠠᠰᠢ ᠦᠭᠡᠢ ᠭᠠᠪᠢᠶ᠎ᠠ ᠵᠢᠳᠬᠦᠯ᠎ᠢ ᠲᠠᠮᠠᠭᠠᠯᠠᠨ᠎ᠠ᠃ ᠡᠪ ᠬᠠᠮᠲᠤ ᠶᠣᠰᠣᠨ᠎ᠤ ᠠᠯᠤᠰ ᠬᠡᠳᠦ᠎ᠶᠢᠨ ᠬᠦᠰᠡᠯᠡᠩ᠎ᠢ ᠡᠪᠦᠷᠯᠡᠵᠦ᠂ ᠳᠤᠮᠳᠠᠳᠤ᠎ᠶᠢᠨ ᠦᠨᠳᠦᠰᠦᠲᠡᠨ᠎ᠦ ᠮᠢᠩᠭᠠᠨ ᠣᠨ ᠤ ᠠᠭᠤᠤ ᠦᠢᠯᠡᠰ᠎ᠢ ᠪᠦᠲᠦᠭᠡᠬᠦ᠎ᠪᠡᠷ ᠵᠣᠷᠢᠭ᠋ ᠰᠢᠭᠤᠳᠴᠤ᠂ ᠮᠠᠨ᠎ᠤ ᠨᠠᠮ ᠨᠢᠭᠡᠨᠲᠡ ᠪᠦᠬᠦ ᠪᠥᠮᠪᠥᠷᠴᠡᠭ᠎ᠲᠦ ᠴᠢᠬᠤᠯᠠ ᠶᠡᠬᠡ ᠨᠥᠯᠥᠭᠡᠯᠡᠬᠦ ᠬᠦᠴᠦᠨ ᠪᠦᠬᠦᠢ ᠳᠡᠯᠡᠬᠡᠢ᠎ᠶᠢᠨ ᠨᠢᠭᠡᠳᠦᠭᠡᠷ ᠲᠤᠮᠤ ᠲᠦᠷᠦ ᠪᠠᠷᠢᠭ᠍ᠴᠢ ᠨᠠᠮ ᠪᠣᠯᠣᠨ ᠬᠥᠭᠵᠢᠵᠦ᠂ ᠨᠠᠮ ᠪᠠᠶ᠋ᠢᠭᠤᠯᠤᠭᠰᠠᠨ ᠠᠭᠤᠤ ᠶᠡᠬᠡ ᠵᠣᠷᠢᠭ᠋ ᠰᠠᠨᠠᠭ᠎ᠠ ᠨᠢ ᠨᠢᠭᠡᠨᠲᠡ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠣᠨ ᠳᠤᠮᠳᠠᠳᠤ᠎ᠶᠢᠨ ᠦᠨᠳᠦᠰᠦᠲᠡᠨ᠎ᠦ ᠤᠳᠤᠮ ᠤᠯᠠᠮᠵᠢᠯᠠᠯ ᠪᠠ ᠰᠦᠭ ᠰᠦᠨᠡᠰᠦᠲᠤᠮᠳᠠ ᠭᠦᠨ ᠠᠭᠤᠰᠤᠯᠴᠠᠭᠰᠠᠨ ᠪᠠᠢᠨ᠎ᠠ᠃
ᠲᠦᠷᠦᠭᠦᠬᠡᠨ᠂ 102 ᠨᠠᠰᠤᠲᠠᠢ ᠰᠢᠨᠬᠤᠸᠠ ᠬᠤᠷᠢᠶ᠎ᠠ ᠵᠢᠨ ᠠᠬᠠᠮᠠᠳ ᠨᠠᠮ᠎ᠤᠨ ᠭᠡᠰᠢᠭᠦᠨ᠂ ᠴᠢᠯᠦᠭᠡᠯᠡᠬᠦ ᠲᠠᠢ᠍ᠢᠨ ᠦ ᠦᠶ᠎ᠡ᠎ᠶᠢᠨ ᠲᠥᠪ ᠦᠨ ᠴᠤᠪᠤᠭ᠎ᠠ ᠠᠩᠭᠢ᠎ᠶᠢᠨ《ᠲᠦᠷᠪᠡᠳᠦᠭᠡᠷ ᠶᠡᠬᠡ ᠠᠩᠭᠢ》ᠵᠢᠨ ᠴᠠᠬᠢᠯᠭᠠᠨ ᠮᠡᠳᠡᠭᠡᠯᠡᠭᠴᠢ ᠵᠠᠩ ᠯᠢᠶᠠᠨ ᠱᠧᠩ ᠶᠡᠷᠦᠩᠬᠡᠢ ᠱᠦᠵᠢ ᠰᠢ ᠵᠢᠨ ᠫᠢᠩ ᠦᠨ ᠬᠠᠷᠢᠭᠤ ᠵᠠᠬᠢᠳᠠᠯ᠎ᠢ ᠲᠤᠰᠪᠠ᠃
《ᠬᠠᠯᠠ ᠵᠣᠪᠠᠯᠠᠩ᠎ᠢ ᠣᠯᠠᠨᠲᠠ ᠥᠩᠭᠡᠷᠡᠭᠦᠯᠵᠦ ᠲᠡᠮᠡᠴᠡᠯ᠎ᠦᠨ ᠵᠣᠷᠢᠭ᠋ ᠤᠯᠠᠮ ᠪᠠᠲᠤᠵᠢᠵᠤ᠂ ᠤᠯᠠᠨᠲᠠ ᠳᠠᠪᠲᠠᠭᠳᠠᠨ ᠪᠣᠯᠪᠠᠰᠤᠷᠠᠵᠤ ᠨᠡᠩ ᠪᠠᠲᠤ ᠴᠢᠩᠭ᠎ᠠ ᠪᠣᠯᠪᠠ》᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠵᠠᠩ ᠯᠢᠶᠠᠨ ᠱᠧᠩ᠎ᠢ ᠲᠠᠬᠢᠨᠲᠠ ᠭᠦᠨ ᠳᠣᠭᠳᠣᠯᠤᠭᠤᠯᠵᠤ᠂ 《ᠮᠠᠨ᠎ᠤ ᠨᠠᠮ ᠠᠷᠠᠳ ᠲᠦᠮᠡᠨ᠎ᠦ ᠴᠢᠩ ᠰᠡᠳᠬᠢᠯ᠎ᠦᠨ ᠬᠦᠷᠢᠶᠡᠯᠡᠯ ᠪᠠ ᠳᠡᠮᠵᠢᠯᠭᠡ᠎ᠶᠢ ᠣᠯᠵᠤ᠂ ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠨᠠᠮ ᠪᠣᠯᠬᠤ᠎ᠳᠠᠭᠠᠨ ᠪᠦᠷᠢᠮᠦᠰᠦᠨ ᠣᠰᠤᠯᠳᠤᠭᠰᠠᠨ ᠦᠭᠡᠢ!》 ᠭᠡᠪᠡ᠃
ᠰᠢᠯᠢᠳᠡᠭ ᠣᠨᠴᠠᠯᠢᠭ ᠰᠢᠨᠵᠢ ᠪᠡᠨ ᠪᠠᠳᠠᠷᠠᠭᠤᠯᠵᠤ ᠮᠠᠨ᠎ᠤ ᠨᠠᠮ᠎ᠤᠨ ᠢᠮᠠᠭᠲᠠ ᠬᠦᠴᠦᠷᠬᠡᠭ ᠶᠡᠬᠡ ᠪᠦᠲᠦᠭᠡᠯᠴᠢ ᠬᠦᠴᠦᠨ ᠨᠢᠭ᠍ᠲᠠᠷᠠᠯ ᠤᠨ ᠬᠦᠴᠦᠨ ᠳᠠᠶ᠋ᠢᠴᠢᠨ ᠬᠦᠴᠦᠨ᠎ᠲᠠᠢ ᠪᠠᠢᠬᠤ᠎ᠶᠢ ᠦᠨᠡᠨ ᠬᠦ᠌ ᠪᠠᠲᠤᠯᠠᠨ᠎ᠠ
《ᠳᠤᠮᠳᠠᠳᠤ ᠤᠯᠤᠰ᠎ᠤᠨ ᠡᠪ ᠬᠠᠮᠲᠤ ᠨᠠᠮ 105 ᠵᠢᠯ᠎ᠦᠨ ᠲᠡᠮᠡᠴᠡᠯ᠎ᠦᠨ ᠶᠠᠪᠤᠴᠠ᠎ᠳᠤ ᠲᠠᠰᠤᠷᠠᠯᠲᠠ ᠦᠭᠡᠢ ᠬᠡᠷᠡᠯ ᠰᠠᠴᠤᠷᠠᠩᠭᠤᠢ ᠠᠮᠵᠢᠯᠲᠠᠤᠯᠵᠤ ᠴᠢᠳᠠᠭᠰᠠᠨ᠂ ᠲᠡᠦᠬᠡ ᠪᠣᠯᠣᠨ ᠠᠷᠠᠳ ᠲᠦᠮᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠰᠣᠩᠭᠣᠭᠰᠠᠨ᠎ᠤ ᠦᠨᠳᠦᠰᠦᠨ ᠰᠢᠯᠲᠠᠭᠠᠨ ᠨᠢ ᠮᠠᠨ᠎ᠤ ᠨᠠᠮ ᠪᠤᠰᠤᠳ ᠲᠦᠷᠦ᠎ᠶᠢᠨ ᠨᠠᠮ ᠪᠣᠯᠣᠨ ᠤᠯᠤᠰ ᠲᠦᠷᠦ᠎ᠶᠢᠨ ᠬᠦᠴᠦᠨ ᠡᠴᠡ ᠵᠦᠢᠷᠯᠡᠰᠢ ᠦᠭᠡᠢ ᠰᠢᠯᠢᠳᠡᠭ ᠣᠨᠴᠠᠯᠢᠭ᠋ ᠰᠢᠨᠵᠢ᠎ᠲᠠᠢ ᠪᠠᠢᠬᠤ᠎ᠳᠤ ᠤᠷᠤᠰᠢᠨ᠎ᠠ》᠃
ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠵᠠᠭᠤᠨ ᠵᠢᠯ᠎ᠦᠨ ᠲᠡᠦᠬᠡ᠎ᠲᠠᠢ ᠲᠣᠮᠣ᠌ ᠨᠠᠮ ᠶᠠᠭᠠᠬᠢᠭᠠᠳ ᠲᠡᠢᠯᠦᠨ᠎ᠠ ᠭᠡᠳᠡᠭ ᠪᠤᠢ ᠵᠢᠨ ᠵᠠᠩᠭᠢᠯᠠᠭ᠎ᠠ᠎ᠶᠢᠨ ᠨᠢᠭᠤᠴᠠ ᠨᠣᠮᠧᠷ᠎ᠢ ᠢᠯᠡᠷᠡᠭᠦᠯᠦᠭᠰᠡᠨ ᠪᠠᠢᠨ᠎ᠠ᠃
《ᠵᠠᠮ ᠨᠡᠪᠳᠡᠷᠡᠪᠡᠯ᠂ ᠠᠯᠢᠪᠠ ᠦᠢᠯᠡᠰ ᠬᠥᠭᠵᠢᠨ ᠮᠠᠨᠳᠤᠨ᠎ᠠ᠂ ᠬᠥᠬᠡᠨᠠᠭᠤᠷ ᠲᠥᠪᠡᠳ᠎ᠦᠨ ᠲᠡᠮᠦᠷ ᠵᠠᠮ ᠪᠣᠯ ᠲᠠᠷᠤᠢ ᠮᠠᠨ᠎ᠤ ᠨᠠᠮ᠎ᠤᠨ ᠵᠤᠷᠢᠭ ᠰᠢᠭᠤᠳᠤᠨ ᠦᠨᠡᠨ ᠶᠣᠰᠣ᠌᠎ᠶᠢ ᠡᠷᠢᠯᠬᠢᠯᠡᠵᠦ᠂ ᠢᠮᠠᠭᠲᠠ ᠤᠷᠤᠭᠰᠢᠯᠠᠯᠲᠠ᠎ᠶᠢᠨ ᠴᠢᠭᠯᠡᠯ᠎ᠢᠶᠡᠨ ᠵᠥᠪ ᠡᠵᠡᠮᠳᠡᠭᠰᠡᠨ ᠠᠭᠤᠤ ᠶᠡᠬᠡ ᠵᠢᠷᠤᠭᠯᠠᠯ ᠪᠣᠯᠣᠨ᠎ᠠ》᠃ ᠭᠠᠷ ᠤᠲᠠᠰᠤ ᠪᠡᠷ᠎ᠢᠶᠡᠨ ᠶᠡᠬᠡ ᠬᠤᠷᠠᠯ᠎ᠤᠨ ᠪᠣᠳᠠᠲᠤ ᠪᠠᠢᠳᠠᠯ᠎ᠢ ᠪᠥᠬᠥ ᠶᠠᠪᠤᠴᠠ ᠪᠡᠷ ᠨᠢ ᠠᠩᠬᠠᠷᠴᠤ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠨᠠᠭᠤᠷ ᠲᠥᠪᠡᠳ᠎ᠦᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠰᠢᠨᠢᠩ ᠦᠨ ᠠᠶᠠᠨᠴᠢᠳ᠎ᠤᠨ ᠲᠡᠭᠡᠭᠡᠪᠦᠷᠢ᠎ᠶᠢᠨ ᠬᠡᠰᠡᠭ᠎ᠦᠨ ᠬᠥᠬᠡᠨᠠᠭᠤᠷ᠎ᠤᠨ ᠰᠢᠨᠢᠩ ᠡᠴᠡ ᠲᠥᠪᠡᠳ ᠦᠨ ᠯᠾᠠᠰᠠ ᠬᠦᠷᠬᠦ ᠲᠡᠷᠭᠡᠨ ᠠᠩᠭᠢ᠎ᠶᠢᠨ ᠭᠠᠯᠲᠤ ᠲᠡᠷᠭᠡᠨ᠎ᠦ ᠳᠠᠷᠤᠭ᠎ᠠ ᠠ ᠵᠥᠩ ᠷᠧᠨ ᠳᠣᠭᠳᠣᠯᠤᠭᠰᠠᠨ ᠰᠡᠳᠬᠢᠯᠭᠡ᠎ᠪᠡᠨ ᠳᠠᠷᠤᠵᠤ ᠶᠠᠳᠠᠨ᠄ 《ᠪᠢᠳᠡ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠵᠢᠷᠤᠮᠯᠠᠨ᠂ ᠴᠠᠭ ᠦᠶ᠎ᠡ᠎ᠲᠠᠢ ᠵᠡᠷᠭᠡ᠎ᠪᠡᠷ ᠤᠷᠤᠭᠰᠢᠯᠠᠬᠤ᠂ ᠵᠠᠮ ᠨᠡᠭᠡᠭᠡᠨ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠵᠠᠮ ᠳᠠᠭᠠᠤ᠎ᠶᠢᠨ ᠠᠷᠠᠳ ᠣᠯᠠᠨ᠎ᠤ ᠠᠵᠠ ᠵᠢᠷᠭᠠᠯ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠴᠠᠰᠤᠲᠤ ᠥᠨᠳᠥᠷᠯᠢᠭ᠎ᠦᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠪᠠ ᠬᠢᠯᠢ ᠬᠢᠵᠠᠭᠠᠷ᠎ᠤᠨ ᠲᠣᠭᠲᠠᠭᠤᠨ ᠪᠠᠢᠳᠠᠯ᠎ᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠵᠦ᠂ ᠨᠠᠮ ᠪᠠ ᠠᠷᠠᠳ ᠲᠦᠮᠡᠨ᠎ᠦ ᠦᠢᠯᠡᠰ᠎ᠦᠨ ᠵᠥᠪ ᠴᠢᠭᠯᠡᠯ᠎ᠢᠶᠡᠷ ᠤᠷᠤᠭᠰᠢᠯᠠᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ》 ᠭᠡᠪᠡ᠃
《ᠮᠠᠨ᠎ᠤ ᠨᠠᠮ ᠲᠦᠷᠦ ᠭᠦᠷᠦᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠦᠷᠦ ᠭᠦᠷᠦᠨ ᠮᠥᠨ ᠭᠡᠳᠡᠭ᠎ᠢ ᠪᠠᠲᠤ ᠴᠡᠭᠡᠵᠢᠯᠡᠨ᠎ᠡ ᠁》 ᠬᠤᠨᠠᠨ ᠮᠤᠵᠢ᠎ᠶᠢᠨ ᠷᠦ ᠴᠧᠩ ᠰᠢᠶᠠᠨ᠎ᠤ ᠱᠠ ᠵᠧᠦ ᠲᠣᠰᠬᠣᠨ᠎ᠤ 《ᠲᠠᠯ᠎ᠠ ᠭᠦᠨᠵᠢᠯᠡ᠎ᠶᠢᠨ ᠬᠠᠯᠠᠭᠤᠨ ᠳᠤᠯᠠᠭᠠᠨ》ᠲᠤᠰᠬᠠᠢ ᠰᠡᠳᠦᠪᠲᠦ ᠳᠡᠯᠭᠡᠨ ᠦᠵᠡᠭᠦᠯᠭᠦ ᠣᠷᠳᠣᠨ᠎ᠳᠤ᠂ ᠲᠠᠢᠯᠪᠤᠷᠢᠯᠠᠭ᠍ᠴᠢ ᠬᠤᠸᠠᠩ ᠭᠦᠢ ᠬᠤᠸᠠ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠠ᠎ᠶᠢ ᠰᠡᠳᠬᠢᠯ ᠲᠠᠯᠪᠢᠨ ᠰᠣᠨᠣᠰᠴᠤ᠂ 《ᠠᠷᠠᠳ ᠲᠦᠮᠡᠨ》 ᠤ᠋ ᠡᠪ ᠬᠠᠮᠲᠤᠴᠤᠳ᠎ᠤᠨ ᠰᠡᠳᠬᠢᠯ᠎ᠳᠠᠬᠢ ᠬᠤᠪᠢ᠎ᠶᠢᠨ ᠵᠢᠩ᠎ᠢ ᠭᠦᠨᠵᠡᠭᠡᠢ ᠣᠢᠯᠠᠭᠠᠪᠠ᠃
《ᠠᠷᠠᠳ ᠲᠦᠮᠡᠨ᠎ᠦ ᠳᠤᠮᠳᠠ ᠭᠦᠨ ᠦᠨᠳᠦᠰᠦᠯᠡᠵᠦ᠂ ᠡᠷᠡᠰ ᠪᠠᠲᠤ᠎ᠪᠠᠷ ᠠᠷᠠᠳ ᠲᠦᠮᠡᠨ᠎ᠲᠠᠢ ᠬᠠᠮᠲᠤ ᠵᠣᠭᠰᠣᠵᠤ᠂ ᠬᠠᠮᠲᠤ ᠪᠤᠲᠤᠵᠤ᠂ ᠬᠠᠮᠲᠤ ᠠᠵᠢᠯᠯᠠᠪᠠᠯ᠂ ᠪᠢᠳᠡ ᠳᠠᠷᠤᠢ ᠶᠠᠮᠠᠷᠪᠠ ᠰᠠᠯᠬᠢ ᠳᠠᠪᠠᠯᠭᠠᠨ᠎ᠳᠤ ᠴᠤ᠌ ᠭᠤᠢᠪᠢᠯᠵᠠᠬᠤ ᠦᠭᠡᠢ ᠪᠠᠲᠤ ᠪᠡᠬᠢ ᠰᠠᠭᠤᠷᠢ᠎ᠲᠠᠢ ᠪᠣᠯᠣᠨ᠎ᠠ》᠃ ᠬᠤᠸᠠᠩ ᠭᠦᠢ ᠬᠤᠸᠠ᠂ 《ᠪᠢ ᠪᠦᠭᠦ ᠰᠡᠳᠬᠢᠯ ᠪᠦᠭᠦ ᠵᠣᠷᠢᠭ᠋᠎ᠢᠶᠠᠷ᠎ᠢᠶᠠᠨ ᠠᠷᠠᠳ ᠲᠦᠮᠡᠨ᠎ᠳᠦ ᠦᠢᠯᠡᠴᠢᠯᠡᠬᠦ ᠦᠨᠳᠦᠰᠦᠨ ᠵᠣᠷᠢᠯᠲᠠ᠎ᠶᠢ ᠤᠬᠠᠮᠰᠠᠷ᠎ᠠᠴᠠ᠎ᠪᠠᠨ ᠦᠢᠯᠡᠳᠦᠯᠭᠡᠵᠢᠭᠦᠯᠵᠦ᠂ ᠬᠤᠪᠢᠰᠬᠠᠯ᠎ᠤᠨ ᠦᠯᠢᠭᠡᠷ᠎ᠦᠨ ᠵᠣᠷᠢᠭ᠋ ᠰᠠᠨᠠᠭᠠᠨ᠎ᠤ ᠴᠥᠮ᠎ᠡ ᠪᠣᠯᠣᠨ ᠴᠠᠭ ᠦᠶ᠎ᠡ᠎ᠶᠢᠨ ᠦᠨ᠎ᠡ ᠦᠷᠳᠡᠭ᠎ᠢ ᠦᠷᠭᠦᠯᠵᠢᠯᠡᠨ ᠭᠦᠨᠵᠡᠭᠡᠢ ᠠᠭᠤᠳᠠᠯᠵᠤ᠂ ᠨᠡᠩ ᠤᠯᠠᠨ ᠬᠥᠮᠥᠰ᠎ᠲᠦ ᠮᠠᠨ᠎ᠤ ᠨᠠᠮ᠎ᠤᠨ ᠬᠤᠪᠢᠷᠠᠰᠢ ᠦᠭᠡᠢ ᠤᠭ ᠰᠠᠨᠠᠭ᠎ᠠ᠎ᠶᠢ ᠣᠢᠯᠠᠭᠠᠭᠤᠯᠤᠨ᠎ᠠ》 ᠭᠡᠵᠦ ᠬᠡᠯᠡᠪᠡ᠃
《ᠮᠠᠨ ᠤ ᠨᠠᠮ ᠢᠮᠠᠭᠲᠠ ᠠᠷᠠᠳ ᠲᠦᠮᠡᠨ᠎ᠦ ᠵᠣᠭᠰᠣᠯᠲᠠ᠎ᠶᠢ ᠪᠠᠲᠤ ᠰᠠᠬᠢᠵᠤ᠂ ᠠᠷᠠᠳ ᠲᠦᠮᠡᠨ᠎ᠢᠶᠡᠷ ᠭᠣᠣᠯ ᠪᠤᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠪᠠ》᠃ 《ᠳᠤᠯᠤᠭᠠᠨ ᠰᠠᠷ᠎ᠠ᠎ᠶᠢᠨ ᠨᠢᠭᠡᠨ᠎ᠦ ᠭᠠᠪᠢᠶᠠᠨ ᠲᠡᠮᠳᠡᠭ》 ᠭᠦᠷᠳᠡᠭᠴᠢ᠂ ᠴᠦᠩᠴᠢᠩ ᠬᠤᠳᠠ᠎ᠶᠢᠨ ᠯᠢᠶᠠᠩ ᠵᠢᠶᠠᠩ ᠰᠢᠨ᠎ᠡ ᠲᠣᠭᠣᠷᠢᠭ᠋᠎ᠤᠨ ᠭᠤᠸᠠᠨ ᠶᠢᠨ ᠴᠢᠶᠣᠤ ᠵᠡᠭᠡᠯᠢ᠎ᠶᠢᠨ 《ᠯᠣᠣ ᠮᠠ ᠠᠵᠢᠯᠯᠠᠬᠤ ᠦᠷᠦᠭᠡ》 ᠵᠢᠨ ᠬᠠᠷᠢᠭᠤᠴᠠᠯᠭᠠᠲᠠᠨ ᠮᠠ ᠱᠠᠨ ᠰᠢᠶᠠᠩ ᠥᠪᠡᠷ᠎ᠦᠨ 30 ᠭᠠᠷᠤᠢ ᠵᠢᠯ᠎ᠦᠨ ᠤᠯᠠᠨ ᠲᠦᠮᠡᠨ᠎ᠳᠦ ᠦᠢᠯᠡᠴᠢᠯᠡᠵᠦ᠂ ᠵᠥᠷᠢᠴᠡᠯ᠎ᠢ ᠠᠷᠢᠯᠭᠠᠭᠰᠠᠨ ᠠᠵᠢᠯ᠎ᠤᠨ ᠲᠥᠷᠥᠭᠳᠡᠯ᠎ᠲᠠᠢ᠎ᠪᠡᠨ ᠤᠶᠠᠯᠳᠤᠭᠤᠯᠵᠤ᠂ ᠬᠥᠭᠵᠢᠯᠲᠡ᠎ᠶᠢᠨ ᠪᠦᠭᠦ ᠶᠠᠪᠤᠴᠠᠳ᠋ᠡᠬᠢ ᠠᠷᠠᠳ᠎ᠤᠨ ᠠᠷᠠᠳᠴᠢᠯᠠᠯ᠎ᠤᠨ ᠠᠮᠢᠳᠤᠯᠢᠭ᠋ ᠦᠢᠯᠡᠳᠦᠯᠭᠡ᠎ᠶᠢ ᠣᠢᠯᠠᠭᠠᠪᠠ᠃
《ᠨᠡᠢᠭᠡᠮ ᠲᠣᠭᠣᠷᠢᠭ᠋᠎ᠤᠨ ᠵᠠᠰᠠᠯᠳᠠ ᠨᠢ ᠵᠢᠵᠢᠭ ᠰᠠᠵᠢᠭ᠋ ᠡᠭᠡᠯ ᠵᠢᠷ᠎ᠦᠨ ᠶᠠᠪᠤᠳᠠᠯ ᠪᠤᠯᠪᠠᠴᠦ᠍ ᠲᠤᠢᠯ᠎ᠤᠨ ᠴᠢᠬᠤᠯᠠ ᠶᠤᠮ》 ᠃ ᠮᠠ ᠱᠠᠨ ᠰᠢᠶᠠᠩ᠂ ᠡᠷᠬᠡᠪᠰᠢ ᠶᠡᠷᠦᠩᠬᠡᠢ ᠱᠦᠵᠢ ᠰᠢ᠎ᠶᠢᠨ ᠫᠢᠩ᠎ᠤᠨ ᠱᠠᠭᠠᠷᠳᠠᠯᠭ᠎ᠠ ᠶᠣᠰᠣᠭᠠᠷ᠂ ᠵᠥᠪ ᠱᠤᠭᠤᠮ ᠴᠢᠭᠯᠡᠯᠲᠡ ᠲᠦᠷᠤ᠎ᠶᠢᠨ ᠪᠣᠳᠣᠯᠭ᠎ᠠ᠎ᠶᠢ ᠲᠣᠭᠲᠠᠭᠠᠨ ᠬᠡᠷᠡᠭᠵᠢᠭᠦᠯᠵᠦ᠂ ᠤᠯᠠᠨ ᠲᠦᠮᠡᠨ᠎ᠳᠦ ᠦᠢᠯᠡᠴᠢᠯᠡᠬᠦ 《ᠬᠠᠮᠤᠭ ᠡᠴᠦᠰ᠎ᠦᠨ ᠨᠢᠭᠡ ᠺᠢᠯᠤᠮᠧᠲᠷ》 ᠢ᠋ ᠨᠠᠪᠲᠠᠷᠡᠭᠦᠯᠵᠦ᠂ ᠮᠠᠨ᠎ᠤ ᠨᠠᠮ᠎ᠤᠨ ᠠᠵᠢᠯ ᠦᠢᠯᠡᠰ᠎ᠦᠨ ᠬᠥᠭᠵᠢᠯᠲᠡ᠎ᠶᠢᠨ ᠤᠳᠤᠷᠢᠳᠬᠤ ᠡᠷᠬᠡ ᠪᠣᠯᠣᠨ ᠰᠠᠨᠠᠭᠠᠴᠢᠯᠠᠭᠠᠲᠤ ᠡᠷᠬᠡ᠎ᠶᠢ ᠪᠠᠲᠤ ᠡᠵᠡᠮᠰᠢᠬᠦ᠎ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃
ᠲᠡᠦᠬᠡ᠎ᠶᠢᠨ ᠤᠷᠤᠭᠰᠢᠯᠠᠯᠲᠠ᠎ᠶᠢᠨ ᠯᠣᠭᠢᠭ᠋᠎ᠤᠨ ᠳᠤᠮᠳᠠ ᠤᠷᠤᠭᠰᠢᠯᠠᠵᠤ᠂ ᠴᠠᠭ ᠦᠶ᠎ᠡ᠎ᠶᠢᠨ ᠬᠥᠭᠵᠢᠯᠲᠡ᠎ᠶᠢᠨ ᠤᠷᠤᠰᠬᠠᠯ᠎ᠤᠨ ᠳᠤᠮᠳᠠ ᠬᠥᠭᠵᠢᠳᠡᠭ᠃ ᠡᠪ ᠬᠠᠮᠲᠤᠴᠤᠳ ᠪᠣᠯ ᠨᠡᠷ᠎ᠡ ᠨᠢᠳᠡᠷ᠎ᠲᠡᠬᠡᠨ ᠨᠡᠢᠴᠡᠭᠰᠡᠨ ᠴᠠᠭ ᠦᠶ᠎ᠡ᠎ᠶᠢᠨ ᠬᠣᠰᠢᠭᠤᠴᠢ᠂ ᠦᠨᠳᠦᠰᠦᠲᠡᠨ᠎ᠦ ᠨᠢᠷᠤᠭᠤ ᠲᠤᠯᠭᠠᠭᠤᠷᠢ ᠮᠥᠨ᠃
ᠪᠣᠳᠠᠰ᠎ᠤᠨ ᠪᠤᠰᠤ ᠰᠣᠶᠣᠯ᠎ᠤᠨ ᠥᠪ᠎ᠦᠨ ᠪᠤᠭᠣᠷᠰᠣᠭ᠂ ᠪᠦᠲᠦᠭᠡᠯᠴᠢ ᠵᠠᠰᠠᠯ᠎ᠤᠨ ᠡᠳ᠋᠂ ᠣᠨᠴᠠᠯᠢᠭ᠍ᠲᠤ ᠬᠣᠭᠣᠯᠠᠨ ᠲᠢᠩᠬᠢᠮ ᠁ ᠵᠤᠨ᠎ᠤ ᠤᠯᠠᠷᠢᠯ᠎ᠳᠤ ᠵᠧᠵᠢᠶᠠᠩ ᠮᠤᠵᠢ᠎ᠶᠢᠨ ᠢ ᠦ᠋ ᠬᠤᠳᠠ᠎ᠶᠢᠨ ᠾᠧᠦ ᡁᠢ ᠵᠡᠭᠡᠯᠢ᠎ᠶᠢᠨ ᠯᠢ ᠽᠦ᠍ ᠲᠣᠰᠬᠣᠨ᠎ᠳᠤ ᠵᠢᠭᠤᠯᠴᠢᠯᠠᠬᠰᠠᠳ ᠮᠠᠰᠢ ᠤᠯᠠᠨ ᠪᠠᠢᠯ᠎ᠠ᠃
2025 ᠣᠨ᠎ᠤ ᠰᠡᠭᠦᠯᠴᠢ ᠪᠤᠯᠲᠠᠯ᠎ᠠ᠂ ᠯᠢ ᠽᠦ᠍ ᠲᠣᠰᠬᠣᠨ ᠡᠷᠭᠢᠨ ᠲᠣᠭᠣᠷᠢᠨ᠎ᠤ᠎ᠪᠠᠨ 8 ᠲᠣᠰᠬᠣᠨ᠎ᠢ ᠳᠠᠢ᠍ᠢᠴᠢᠯᠠᠨ ᠡᠵᠡᠩᠨᠡᠯᠲᠡ᠎ᠶᠢᠨ ᠴᠢᠨᠠᠷᠲᠠᠢ ᠣᠷᠣᠯᠭ᠎ᠠ᠎ᠶᠢ ᠳᠤᠰᠬᠤᠨ ᠪᠦᠷᠢ ᠵᠠᠭᠤᠨ ᠲᠦᠮᠡ᠎ᠡᠴᠡ ᠳᠠᠪᠠᠭᠤᠯᠵᠤ᠂ ᠵᠧᠵᠢᠶᠠᠩ᠎ᠤᠨ 《ᠮᠢᠩᠭᠠᠨ ᠲᠦᠮᠡ᠎ᠶᠢᠨ ᠢᠨᠵᠧᠨᠧᠷᠢᠩ》 ᠤ᠋ᠨ ᠢᠯᠡᠳᠲᠡ ᠦᠷ᠎ᠡ ᠪᠦᠲᠦᠮᠵᠢ᠎ᠶᠢᠨ ᠬᠤᠷᠢᠶᠠᠩᠭᠤᠢ ᠳᠦᠷᠰᠦ ᠪᠣᠯᠵᠠᠢ᠃ ᠲᠣᠰᠬᠣᠨ᠎ᠤ ᠨᠠᠮ᠎ᠤᠨ ᠡᠭᠦᠷ᠎ᠦᠨ ᠱᠦᠵᠢ ᠹᠠᠩ ᠬᠤᠤ ᠯᠦᠩ᠄ 《ᠬᠠᠮᠲᠤ ᠪᠠᠷ ᠪᠠᠶᠠᠵᠢᠬᠰᠠᠨ ᠵᠢᠱ᠌ᠢᠶ᠎ᠡ ᠦᠵᠡᠭᠦᠯᠭᠦ ᠲᠣᠰᠬᠣᠨ ᠪᠣᠯᠤᠭᠰᠠᠨ᠎ᠤ ᠬᠤᠪᠢ᠎ᠳᠤ᠂ ᠪᠢᠳᠡ ᠢᠮᠠᠭᠲᠠ ᠶᠡᠷᠦᠩᠬᠡᠢ ᠱᠦᠵᠢ ᠰᠢ᠎ᠶᠢᠨ ᠫᠢᠩ᠎ᠤᠨ ᠵᠢᠭᠠᠭᠰᠠᠨ ᠴᠢᠭᠯᠡᠯ᠎ᠢᠶᠡᠷ ᠬᠤᠪᠢᠷᠠᠯᠲᠠ᠎ᠶᠢ ᠢᠳᠡᠪᠬᠢᠲᠡᠢ ᠲᠠᠨᠢᠵᠤ᠂ ᠬᠤᠪᠢᠷᠠᠯᠲᠠ᠎ᠶᠢ ᠠᠷᠭᠠᠴᠠᠭᠠᠨ ᠬᠤᠪᠢᠷᠠᠯᠲᠠ᠎ᠶᠢ ᠡᠷᠢᠯᠬᠢᠯᠡᠵᠦ᠂ ᠵᠣᠷᠢᠭ ᠵᠢᠨᠨ ᠬᠦᠪᠴᠢᠯᠡᠨ ᠵᠠᠮ ᠨᠡᠭᠡᠭᠡᠨ ᠤᠷᠤᠭᠰᠢᠯᠠᠵᠤ᠂ ᠨᠠᠮ᠎ᠤᠨ ᠡᠯ᠎ᠡ ᠵᠦᠢᠯ᠎ᠦᠨ ᠠᠵᠢᠯ᠎ᠤᠨ ᠴᠠᠭ ᠦᠶᠡᠴᠢ ᠴᠢᠨᠠᠷ᠎ᠢ ᠢᠯᠡᠷᠡᠭᠦᠯᠬᠦ᠂ ᠵᠢᠮ᠎ᠡ ᠶᠣᠰᠣᠴᠢ ᠴᠢᠨᠠᠷ᠎ᠢ ᠡᠵᠡᠮᠳᠡᠬᠦ᠂ ᠪᠦᠲᠦᠭᠡᠯᠴᠢ ᠴᠢᠨᠠᠷ᠎ᠢᠶᠠᠷ ᠪᠠᠶᠠᠯᠢᠭ᠋᠂ ᠢᠮᠠᠭᠲᠠ ᠴᠠᠭ ᠦᠶ᠎ᠡ᠎ᠶᠢᠨ ᠡᠮᠦᠨ᠎ᠡ ᠡᠩᠨᠡᠭᠡᠨ᠎ᠳᠦ ᠶᠠᠪᠤᠬᠤ᠎ᠶᠢ ᠠᠬᠢᠭᠤᠯᠤᠨ᠎ᠠ》 ᠭᠡᠵᠦ ᠬᠡᠯᠡᠪᠡ᠃
ᠰᠠᠯᠬᠢ ᠪᠣᠷᠣᠭᠠᠨ᠎ᠳᠤ ᠳᠠᠭᠠᠷᠢᠬ᠍ᠳᠠᠬ᠍ᠰᠠᠨ ᠴᠤ᠌ ᠪᠢᠳᠡ ᠬᠥᠳᠡᠯᠦᠰᠢ ᠦᠭᠡᠢ ᠰᠡᠬᠦᠢᠨ ᠰᠦᠨᠳᠡᠷᠯᠡᠨ᠎ᠡ᠃ ᠮᠠᠨ᠎ᠤ ᠨᠠᠮ ᠦᠷᠡᠭᠳᠡᠯ ᠰᠦᠢᠳᠦᠯ᠎ᠡᠴᠡ ᠠᠶᠤᠬᠤ ᠦᠭᠡᠢ᠂ ᠡᠷᠡᠯᠬᠡᠭ ᠪᠠᠭᠠᠲᠤᠷᠯᠢᠭ᠋᠎ᠢᠶᠠᠷ ᠲᠡᠮᠡᠴᠡᠬᠦ ᠵᠣᠷᠢᠭ᠋ ᠰᠠᠨᠠᠭ᠎ᠠ᠎ᠶᠢ ᠪᠠᠷᠢᠮᠲᠠᠯᠠᠨ ᠪᠠᠳᠠᠷᠠᠭᠤᠯᠵᠤ᠂ ᠠᠷᠠᠳ ᠲᠦᠮᠡᠨ᠂ ᠤᠯᠤᠰ ᠣᠷᠣᠨ᠂ ᠦᠨᠳᠦᠰᠦᠲᠡᠨ᠎ᠦ ᠲᠥᠯᠥᠭᠡ᠂ ᠬᠦᠰᠡᠯᠡᠩ ᠢᠲᠡᠭᠡᠯ ᠪᠢᠰᠢᠷᠡᠯ᠎ᠦᠨ ᠲᠥᠯᠥᠭᠡ᠂ ᠬᠦᠴᠢᠷ᠎ᠢ ᠳᠤᠭᠤᠯᠤᠨ ᠠᠶᠠᠯᠠᠵᠤ᠂ ᠡᠷᠡᠮᠡᠬᠡᠢᠯᠡᠨ ᠤᠷᠤᠭᠰᠢᠯᠠᠵᠤ ᠪᠠᠢᠨ᠎ᠠ᠃
《ᠵᠣᠷᠢᠭ᠍ᠲᠠᠢ ᠲᠡᠮᠡᠴᠡᠵᠦ ᠴᠢᠳᠠᠮᠠᠭᠠᠢ ᠲᠡᠮᠡᠴᠡᠵᠦ᠂ ᠵᠠᠪᠠᠯ ᠢᠯᠠᠬᠤ ᠢᠲᠡᠭᠡᠯ ᠵᠣᠷᠢᠭ᠋᠎ᠢᠶᠠᠨ ᠢᠮᠠᠭᠲᠠ ᠪᠠᠷᠢᠮᠲᠠᠯᠠᠬᠤ ᠬᠡᠷᠡᠭᠲᠡᠢ》 ᠭᠡᠰᠡᠨ ᠶᠡᠷᠦᠩᠬᠡᠢ ᠱᠦᠵᠢ ᠰᠢ᠎ᠶᠢᠨ ᠫᠢᠩ ᠤ᠋ᠨ ᠰᠦᠷ ᠵᠢᠪᠬᠤᠯᠠᠩᠲᠤ ᠲᠤᠩᠬᠠᠭᠯᠠᠯ ᠬᠥᠬᠡᠮᠥ᠋ᠷᠡᠨ᠎ᠦ ᠡᠮᠦᠨ᠎ᠡ ᠤᠮᠠᠷ᠎ᠠ ᠳ᠋ᠦ ᠤᠯᠠᠮᠵᠢᠯᠠᠭᠳᠠᠵᠤ᠂ ᠬᠤᠪᠢᠯᠭᠠᠨ ᠣᠷᠣᠨ᠎ᠤ ᠡᠬᠡ ᠭᠠᠵᠠᠷ᠎ᠲᠤ ᠴᠤᠤᠷᠢᠶᠠᠲᠤᠪᠠ᠃
ᠠᠯᠤᠰ ᠳᠠᠯᠠᠢ᠎ᠶᠢᠨ ᠪᠣᠳᠠᠲᠤ ᠪᠠᠢᠯᠳᠤᠭᠠᠨ᠎ᠤ ᠪᠠᠢᠷᠢᠯᠠᠭᠤᠯᠤᠯᠲᠠ᠎ᠶᠢᠨ ᠡᠭᠦᠷᠭᠡ᠎ᠶᠢ ᠰᠠᠶᠢᠬᠠᠨ ᠭᠦᠢᠴᠡᠳᠬᠡᠭᠡᠳ ᠪᠤᠴᠠᠵᠤ ᠢᠷᠡᠭᠰᠡᠨ ᠠᠭᠠᠷ ᠲᠦ᠍ ᠪᠠᠢᠯᠳᠤᠬᠤ ᠳᠠᠯᠠᠢ᠎ᠶᠢᠨ ᠴᠡᠷᠢᠭ᠎ᠤᠨ ᠨᠢᠭᠡᠨ ᠴᠡᠷᠢᠭ ᠠᠩᠭᠢ᠎ᠶᠢᠨ ᠨᠢᠰᠬᠡᠭᠴᠢ ᠳ᠋ᠧᠩ ᠫᠧᠨᠭ ᠴᠧᠩ᠂ ᠳᠠᠢᠰᠤᠨ ᠬᠡᠳᠦᠢ ᠬᠦᠴᠦᠷᠬᠡᠭ᠂ ᠵᠠᠮ ᠬᠡᠳᠦᠢ ᠪᠠᠷᠲᠠᠭᠠᠲᠠᠢ᠂ ᠥᠷᠢᠰᠦᠯᠳᠦᠭᠡᠨ ᠬᠡᠳᠦᠢ ᠬᠦᠨᠳᠦ ᠨᠣᠴᠢᠲᠠᠢ ᠪᠠᠢᠭᠰᠠᠨ ᠴᠤ᠌ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠵᠤ᠂ ᠥᠴᠥᠬᠡᠨ ᠴᠦ᠍ ᠠᠶᠤᠬᠤ ᠦᠭᠡᠢ᠂ ᠥᠴᠥᠬᠡᠨ ᠴᠦ᠍ ᠤᠬᠤᠷᠢᠬᠤ ᠦᠭᠡᠢ ᠬᠠᠳᠠᠨ ᠵᠣᠷᠢᠭ᠋᠎ᠢ ᠳᠠᠪᠲᠠᠨ ᠪᠤᠯᠪᠠᠰᠤᠷᠠᠭᠤᠯᠵᠤ᠂ ᠢᠯᠠᠯᠲᠠ᠎ᠠᠴᠠ ᠢᠯᠠᠯᠲᠠ ᠲᠡᠢᠰᠢ ᠲᠠᠰᠤᠷᠠᠯᠳᠠ ᠦᠭᠡᠢ ᠤᠷᠤᠭᠰᠢᠯᠠᠬᠤ ᠬᠡᠷᠡᠭᠲᠡᠢ ᠭᠡᠵᠦ ᠬᠡᠯᠡᠪᠡ᠃
ᠦᠢᠯᠡᠳᠪᠦᠷᠢᠯᠡᠯ᠎ᠦᠨ ᠲᠠᠰᠤᠭ᠎ᠲᠤ ᠭᠠᠯ᠎ᠤᠨ ᠣᠴᠢ ᠦᠰᠦᠷᠦᠨ᠎ᠡ᠃ ᠳᠤᠮᠳᠠᠳᠤ ᠤᠯᠤᠰ᠎ᠤᠨ ᠮᠠᠰᠢᠨ ᠲᠡᠷᠭᠡᠨ᠎ᠦ ᠨᠠᠨᠵᠢᠩ᠎ᠤᠨ ᠫᠦ ᠵᠧᠨ ᠮᠠᠰᠢᠨ ᠲᠡᠷᠭᠡᠨ᠎ᠦ ᠬᠢᠵᠠᠭᠠᠷᠲᠤ ᠺᠤᠮᠫᠠᠨᠢ᠎ᠶᠢᠨ ᠡᠮᠡᠭᠲᠡᠢ ᠴᠠᠭᠢᠯᠭᠠᠨ ᠭᠠᠩᠨᠠᠭᠤᠷᠴᠢᠨ ᠰᠦᠨ ᠵᠢᠩ ᠨᠠᠨ ᠵᠠᠯᠠᠭᠤ ᠳᠠᠷᠬᠠᠳ᠎ᠲᠤ ᠵᠢᠭᠠᠨ ᠰᠤᠷᠭᠠᠯᠲᠠ ᠬᠢᠵᠦ ᠪᠠᠢᠯ᠎ᠠ᠃
《ᠨᠢᠭᠡ ᠮᠢᠯᠢᠮᠧᠲᠷ ᠴᠦ᠍ ᠵᠦᠷᠢᠵᠦ ᠪᠤᠯᠬᠤ ᠦᠭᠡᠢ᠂ ᠲᠡᠮᠦᠷ ᠢ᠋ ᠳᠠᠪᠲᠠᠬᠤ᠎ᠳᠤ ᠥᠪᠡᠷ ᠢ᠋ᠶ᠋ᠡᠨ ᠵᠠᠪᠠᠯ ᠬᠠᠲᠠᠭᠤ ᠪᠠᠢᠬᠤ ᠬᠡᠷᠡᠭᠲᠡᠢ !》 ᠡᠨᠡ ᠬᠦ᠌ ᠲᠡᠷᠢᠭᠦᠨ ᠤᠷ᠎ᠠ ᠮᠡᠷᠭᠡᠰᠢᠯ᠎ᠦᠨ ᠲᠤᠰᠬᠠᠢ ᠮᠡᠷᠭᠡᠵᠢᠯᠲᠡᠨ ᠬᠠᠷᠠᠴᠠ᠎ᠪᠠᠷ᠎ᠢᠶᠠᠨ 《ᠪᠢ ᠶᠡᠷᠦᠩᠬᠡᠢ ᠱᠦᠵᠢ ᠰᠢ᠎ᠶᠢᠨ ᠫᠢᠩ ᠤ᠋ᠨ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠱᠠᠪᠢ ᠨᠢᠭᠡᠪᠦᠷᠢ᠎ᠶᠢ ᠰᠡᠳᠬᠢᠯ ᠲᠠᠯᠪᠢᠨ ᠰᠠᠢᠲᠤᠷ ᠳᠠᠭᠠᠭᠤᠯᠵᠤ᠂ ᠨᠡᠩ ᠰᠢᠯᠭᠠᠷᠠᠭᠰᠠᠨ ᠦᠢᠯᠡᠳᠬᠦᠨ᠎ᠦ ᠶᠠᠰᠤ ᠴᠢᠨᠠᠷ᠎ᠢᠶᠠᠷ ᠲᠣᠮᠣ᠌ ᠤᠯᠤᠰ᠎ᠤᠨ ᠤᠷᠠᠨ ᠲᠠᠷᠬᠠᠨ᠎ᠤ ᠴᠠᠭ ᠦᠶ᠎ᠡ᠎ᠶᠢᠨ ᠬᠠᠷᠢᠭᠤᠯᠲᠠ᠎ᠶᠢᠨ ᠬᠠᠭᠤᠳᠠᠰᠤ᠎ᠶᠢ ᠲᠤᠰᠢᠶᠠᠨ᠎ᠠ》 ᠭᠡᠵᠦ ᠪᠠᠢᠯ᠎ᠠ᠃
ᠴᠠᠭ ᠦᠶ᠎ᠡ᠎ᠶᠢᠨ ᠬᠦᠨᠳᠦ ᠡᠭᠦᠷᠭᠡ᠎ᠶᠢ ᠵᠣᠷᠢᠭ᠍ᠲᠠᠢ᠎ᠪᠠᠷ ᠡᠭᠦᠷᠭᠡᠯᠡᠵᠦ ᠲᠡᠦᠬᠡ᠎ᠶᠢᠨ ᠰᠢᠨ᠎ᠡ ᠭᠡᠷᠡᠯ ᠰᠠᠴᠤᠷᠠᠩᠭᠤᠢ ᠦᠢᠯᠡᠰ᠎ᠢ ᠴᠢᠷᠮᠠᠢᠨ ᠡᠭᠦᠳᠦᠨ᠎ᠠ
《ᠴᠠᠭ ᠬᠥᠮᠥᠨ᠎ᠢ ᠬᠦᠯᠢᠶᠡᠬᠦ ᠦᠭᠡᠢ ! ᠲᠡᠦᠬᠡ ᠬᠥᠮᠥᠨ᠎ᠢ ᠬᠦᠯᠢᠶᠡᠬᠦ ᠦᠭᠡᠢ!》᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠢᠨ ᠡᠬᠢᠯᠡᠯᠳᠡ ᠲᠤᠷᠪᠢᠯᠢᠭ ᠠᠯᠬᠤᠭ᠎ᠠ ᠶᠠᠪᠤᠭᠳᠠᠵᠤ᠂ ᠰᠢᠨ᠎ᠡ ᠠᠶᠠᠨ ᠬᠥᠮᠥᠰ᠎ᠢ ᠡᠷᠡᠯᠬᠡᠭᠯᠡᠨ ᠤᠷᠤᠭᠰᠢᠯᠠᠭᠤᠯᠤᠨ᠎ᠠ᠃
ᠶᠡᠷᠦᠩᠬᠡᠢ ᠱᠦᠵᠢ ᠰᠢ᠎ᠶᠢᠨ ᠫᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠳᠦ᠂ ᠪᠦᠭᠦ ᠳᠤᠮᠳᠠᠳᠤ ᠤᠯᠤᠰ᠎ᠤᠨ ᠡᠪ ᠬᠠᠮᠲᠤᠴᠤᠳ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠂ ᠴᠠᠭ ᠦᠶ᠎ᠡ ᠪᠣᠯᠣᠨ ᠠᠷᠠᠳ ᠲᠦᠮᠡᠨ᠎ᠳᠦ ᠦᠯᠦ ᠣᠰᠣᠯᠳᠠᠬᠤ ᠰᠢᠨ᠎ᠡ ᠠᠮᠵᠢᠯᠲᠠ ᠪᠦᠲᠦᠮᠵᠢ᠎ᠶᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃
《ᠦᠨᠳᠦᠰᠦᠨ ᠱᠠᠲᠤᠨ᠎ᠤ ᠨᠠᠮ᠎ᠤᠨ ᠠᠵᠢᠯ᠎ᠤᠨ ᠠᠵᠢᠯᠲᠠᠳ ᠨᠠᠮ᠎ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶ᠋ᠢ ᠰᠤᠷᠤᠯᠴᠠᠨ ᠮᠡᠳᠡᠵᠦ ᠨᠡᠪᠲᠡᠷᠡᠲᠡᠯ᠎ᠡ ᠣᠢᠯᠠᠭᠠᠵᠤ᠂ ᠨᠠᠮ᠎ᠤᠨ ᠳᠠᠭᠤᠨ ᠢ᠋ ᠲᠦᠭ ᠲᠦᠮᠡᠨ ᠠᠢᠯ ᠡᠷᠦᠭᠡ᠎ᠳᠦ ᠦᠨᠡᠨ ᠬᠦ᠌ ᠲᠠᠮᠵᠢᠭᠤᠯᠬᠤ ᠬᠡᠷᠡᠭᠲᠡᠢ》 ᠃ 《ᠳᠤᠯᠤᠭᠠᠨ ᠰᠠᠷ᠎ᠠ᠎ᠶᠢᠨ ᠨᠢᠭᠡᠨ᠎ᠦ ᠭᠠᠪᠢᠶᠠᠨ ᠲᠡᠮᠳᠡᠭ》 ᠭᠦᠷᠳᠡᠭᠰᠡᠨ ᠭᠢᠷᠢᠨ ᠮᠤᠵᠢ᠎ᠶᠢᠨ ᠴᠠᠩᠴᠦ᠋ᠨ ᠬᠤᠳᠠ᠎ᠶᠢᠨ ᠺᠤᠸᠠᠨ ᠴᠸᠩ ᠲᠣᠭᠣᠷᠢᠭ᠋᠎ᠤᠨ ᠴᠠᠩ ᠱᠠᠨ ᠬᠤᠸᠠ ᠶᠤᠸᠠᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶ᠎ᠠ ᠵᠢᠨ ᠨᠢᠭᠡᠳᠦᠭᠡᠷ ᠱᠦᠵᠢ ᠦ᠋ ᠶᠠ ᠴᠢᠨ ᠂ ᠪᠢᠳᠡ ᠡᠷᠬᠡᠪᠰᠢ ᠥᠷᠭᠡᠨ ᠤᠯᠠᠨ ᠲᠦᠮᠡᠨ᠎ᠢ ᠪᠦᠯᠬᠦᠮᠳᠡᠭᠦᠯᠦᠨ ᠲᠠᠢ᠍ᠢᠴᠢᠯᠠᠵᠤ᠂ ᠨᠠᠮ᠎ᠤᠨ ᠪᠦᠭᠦ ᠲᠠᠯ᠎ᠠ᠎ᠶᠢᠨ ᠤᠳᠤᠷᠢᠳᠤᠯᠭ᠎ᠠ ᠪᠣᠯᠣᠨ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶᠢ ᠪᠠᠷᠢᠮᠲᠠᠯᠠᠵᠤ᠂ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠵᠤ᠂ 《ᠲᠦᠷᠪᠡᠨ ᠢᠲᠡᠭᠡᠯ》 ᠵᠢᠨᠨ ᠪᠠᠲᠤᠳᠬᠠᠵᠤ᠂ ᠲᠥᠪ ᠶᠣᠰᠣ᠌᠎ᠶᠢ ᠰᠠᠬᠢᠵᠤ ᠰᠢᠨ᠎ᠡ᠎ᠶᠢ ᠡᠭᠦᠳᠬᠦ᠎ᠶᠢ ᠪᠠᠷᠢᠮᠲᠠᠯᠠᠵᠤ᠂ ᠲᠠᠢ᠍ᠢᠴᠢᠨ ᠪᠡᠬᠢᠯᠡᠯᠲᠡ᠎ᠶᠢᠨ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠬᠤ ᠬᠡᠷᠡᠭᠲᠡᠢ ᠭᠡᠪᠡ᠃
《ᠠᠷᠠᠳ ᠲᠦᠮᠡᠨ ᠪᠣᠯ ᠲᠡᠦᠬᠡ᠎ᠶᠢᠨ ᠡᠭᠦᠳᠦᠨ ᠪᠦᠲᠦᠭᠡᠭᠴᠢ ᠮᠥᠨ᠂ ᠵᠢᠩᠬᠢᠨᠢ ᠪᠠᠭᠠᠲᠤᠷ ᠮᠥᠨ》᠂ 《ᠡᠷᠬᠡᠪᠰᠢ ᠠᠷᠠᠳ ᠲᠦᠮᠡᠨ᠎ᠳᠦ ᠨᠢᠭᠳᠠ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠬᠦ ᠬᠡᠷᠡᠭᠲᠡᠢ》 ᠁ ᠠᠷᠠᠳ᠎ᠤᠨ ᠶᠡᠬᠡ ᠬᠤᠷᠠᠯ᠎ᠤᠨ ᠲᠠᠩᠬᠢᠮ᠎ᠠᠴᠠ ᠠᠯᠬᠤᠨ ᠭᠠᠷᠤᠬᠰᠠᠨ 《ᠲᠤᠯᠤᠭᠠᠨ ᠰᠠᠷ᠎ᠠ᠎ᠶᠢᠨ ᠨᠢᠭᠡᠨ᠎ᠦ ᠭᠠᠪᠢᠶᠠᠨ ᠲᠡᠮᠳᠡᠭ》 ᠭᠦᠷᠳᠡᠭᠴᠢ᠂ ᠳᠠᠯ᠎ᠠ ᠭᠠᠷᠤᠭᠰᠠᠨ 《ᠮᠣᠷᠢᠨ ᠨᠢᠷᠤᠭᠤᠨ ᠲᠡᠭᠡᠷᠡᠬᠢ ᠡᠮᠴᠢ》ᠦᠬᠠᠰ·ᠰᠦᠯᠠᠢ᠍ᠢᠮᠠᠨ ᠮᠥᠨ ᠯᠡ ᠶᠡᠬᠡ ᠬᠤᠷᠠᠯ᠎ᠤᠨ ᠭᠦᠷ ᠬᠥᠭᠵᠢᠶᠡᠨ᠎ᠲᠠᠢ ᠠᠭᠤᠷ ᠠᠮᠢᠰᠬᠤᠯ᠎ᠳᠤ ᠰᠣᠭᠲᠣᠭᠤᠷᠠᠵᠤ ᠪᠠᠢᠯ᠎ᠠ᠃
《ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠪᠣᠯ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠦᠢᠯᠡᠰ ᠮᠥᠨ᠂ ᠶᠡᠷᠦᠨᠭᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠠ ᠨᠢ ᠪᠢᠳᠡᠨ᠎ᠦ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ᠎ᠶᠢ ᠤᠯᠠᠮ ᠬᠥᠭᠵᠢᠭᠡᠵᠡᠢ》᠃ ᠦᠬᠠᠰ· ᠰᠦᠯᠠᠢ᠍ᠢᠮᠠᠨ᠂ 《ᠪᠢ ᠳᠤᠷᠠᠲᠠᠶ᠎ᠠ ᠦᠷᠭᠦᠯᠵᠢᠯᠡᠨ ᠨᠢᠭᠡ ᠬᠡᠰᠡᠭ ᠨᠡᠭᠦᠷᠡᠰᠦ ᠪᠤᠯᠵᠤ᠂ ᠥᠪᠡᠷ᠎ᠢ᠎ᠪᠡᠨ ᠰᠢᠲᠠᠭᠠᠵᠤ᠂ ᠦᠷᠦᠭᠡᠯ᠎ᠢ ᠳᠤᠯᠠᠭᠠᠴᠠᠭᠤᠯᠵᠤ᠂ ᠦᠨᠳᠦᠰᠦᠲᠡᠨ᠎ᠨᠦᠭᠦᠳ᠎ᠦᠨ ᠶᠡᠬᠡ ᠪᠦᠯᠬᠦᠮᠳᠡᠯ᠂ ᠪᠦᠭᠦ ᠤᠯᠤᠰ᠎ᠤᠨ ᠠᠷᠠᠳ ᠲᠦᠮᠡᠨ᠎ᠦ ᠶᠡᠬᠡ ᠪᠦᠯᠬᠦᠮᠳᠡᠯ᠂ ᠪᠦᠭᠦ ᠳᠤᠮᠳᠠᠳᠤ᠎ᠶᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠲᠠᠰᠤᠷᠠᠯᠲᠠ ᠦᠭᠡᠢ ᠪᠡᠬᠢᠵᠢᠭᠦᠯᠦᠨ ᠬᠥᠭᠵᠢᠭᠦᠯᠬᠦ᠎ᠳᠦ ᠭᠡᠷᠡᠯ ᠪᠠ ᠢᠯᠴᠢ᠎ᠪᠡᠨ ᠡᠷᠭᠦᠨ᠎ᠡ》 ᠭᠡᠵᠦ ᠬᠡᠯᠡᠪᠡ᠃
ᠭᠣᠪᠢ ᠬᠢᠵᠠᠭᠠᠷ᠎ᠠᠴᠠ ᠡᠮᠦᠨᠡᠲᠦ ᠲᠠᠩᠭᠢᠰ᠎ᠤᠨ ᠭᠦᠪᠡᠭᠡ ᠭᠦᠷᠲᠡᠯ᠎ᠡ᠂ ᠶᠡᠷᠦᠩᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠠ ᠡᠬᠡ ᠤᠯᠤᠰ᠎ᠤᠨ ᠡᠯ᠎ᠠ ᠭᠠᠵᠠᠷ᠎ᠲᠤ ᠴᠤᠤᠷᠢᠶᠠᠳᠤᠪᠠ᠃
ᠬᠠᠢᠨᠠᠨ᠎ᠤ ᠨᠠᠨ ᠹᠠᠨ ᠦᠷᠡᠵᠢᠭᠦᠯᠦᠨ ᠪᠣᠢᠵᠢᠭᠤᠯᠬᠤ ᠰᠠᠭᠤᠷᠢᠨ ᠤ᠋ ᠭᠢᠨ ᠬᠠᠯᠠᠭᠤᠨ ᠳᠠᠪᠠᠯᠭᠠᠨ᠎ᠳᠤ ᠳᠠᠭᠠᠷᠢᠬ᠍ᠳᠠᠵᠤ᠂ ᠲᠠᠷᠢᠶᠠᠨ ᠭᠠᠵᠠᠷ᠎ᠤᠨ ᠬᠠᠮᠢᠶᠠᠷᠤᠯᠲᠠ᠎ᠶᠢᠨ ᠠᠵᠢᠯᠲᠠᠨ ᠵᠧᠦ ᠲᠢᠶᠠᠨ ᠪᠦᠸᠧ ᠬᠠᠮᠲᠤ ᠠᠵᠢᠯᠯᠠᠭᠰᠠᠳ᠎ᠲᠠᠢ᠎ᠪᠠᠨ ᠵᠤᠷᠴᠢᠯᠳᠤᠨ ᠶᠠᠭᠠᠷᠠᠯᠳᠤᠵᠤ᠂ ᠲᠠᠷᠢᠮᠠᠯ᠎ᠤᠨ ᠤᠷᠭᠤᠴᠠ᠎ᠶᠢᠨ ᠪᠠᠢᠳᠠᠯ᠎ᠢ ᠲᠡᠮᠳᠡᠭᠯᠡᠨ᠎ᠠ᠃
《ᠮᠠᠨ᠎ᠤ ᠤᠯᠤᠰ᠎ᠤᠨ ᠬᠥᠭᠵᠢᠯᠲᠡ᠎ᠳᠤ ᠶᠠᠭ ᠪᠠᠢᠯᠳᠤᠬᠤ ᠪᠣᠳᠣᠯᠭ᠎ᠠ᠎ᠶᠢᠨ ᠠᠵᠠ ᠲᠣᠭᠢᠶᠠᠯ ᠪᠣᠯᠣᠨ ᠠᠶᠤᠯ ᠲᠦᠭᠰᠢᠭᠦᠷᠢ ᠥᠷᠢᠰᠦᠯᠳᠦᠭᠡᠨ ᠵᠡᠷᠭᠡ ᠪᠡᠷ ᠣᠷᠣᠰᠢᠵᠤ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠮᠡᠭᠳᠡᠵᠦ ᠪᠠᠢᠭ᠎ᠠ ᠴᠠᠭ ᠦᠶ᠎ᠡ᠎ᠳᠦ ᠣᠷᠣᠰᠢᠵᠤ ᠪᠤᠢ᠂ ᠶᠡᠷᠦᠩᠬᠡᠢ ᠱᠦᠵᠢ ᠰᠢ᠎ᠶᠢᠨ ᠫᠢᠩ ᠤ᠋ᠨ ᠭᠦᠨᠵᠡᠭᠡᠢ ᠨᠤᠲᠠᠯᠠᠯᠲᠠ ᠨᠢ ᠶᠠᠪᠤᠬᠤ ᠳᠤᠳᠤᠮ ᠪᠢᠳᠡᠨ᠎ᠤ ᠮᠦᠷᠦᠨ᠎ᠳᠦ ᠬᠦᠨᠳᠦ ᠡᠬᠦᠷᠬᠡ ᠳᠠᠯᠪᠢᠬᠳᠠᠵᠤ ᠪᠠᠢᠬᠤ ᠲᠥᠷᠥᠭᠳᠡᠯ ᠥᠭᠴᠡᠢ》᠃ ᠵᠧᠦ ᠲᠢᠶᠠᠨ ᠪᠦᠸᠧ ᠂ 《ᠪᠢᠳᠡ ᠰᠢᠨᠵᠢᠯᠡᠬᠦ ᠤᠬᠠᠭᠠᠨᠴᠢ᠎ᠪᠠᠷ ᠬᠤᠪᠢᠷᠠᠯᠲᠠ᠎ᠶᠢ ᠤᠷᠢᠳᠴᠢᠯᠠᠨ ᠮᠡᠳᠡᠬᠦ᠂ ᠴᠠᠭ ᠲᠤᠬᠠᠢ ᠳ᠋ᠤᠨᠢ ᠠᠶᠤᠯ ᠲᠦᠭᠰᠢᠭᠦᠷᠢ᠎ᠶᠢ ᠠᠵᠢᠭ᠍ᠯᠠᠬᠤ᠂ ᠥᠷᠢᠰᠦᠯᠳᠦᠭᠡᠨ᠎ᠢ ᠪᠦᠲᠦᠮᠵᠢᠲᠡᠶ ᠠᠷᠭᠠᠴᠠᠭᠠᠬᠤ ᠴᠢᠳᠠᠪᠤᠷᠢ᠎ᠪᠠᠨ ᠳᠡᠭᠡᠭᠰᠢᠯᠡᠭᠦᠯᠵᠦ᠂ ᠦᠷ᠎ᠡ ᠡᠳ᠋᠎ᠢ ᠰᠠᠢᠵᠢᠷᠠᠭᠤᠯᠬᠤ ᠪᠡᠷᠬᠡ ᠰᠡᠳᠦᠪ᠎ᠢ ᠨᠢᠭᠡ ᠯᠡ ᠰᠡᠳᠬᠢᠯ᠎ᠢᠶᠡᠷ ᠰᠢᠢᠳᠪᠦᠷᠢᠯᠡᠵᠦ᠂ ᠬᠦᠴᠦ ᠬᠥᠯᠥᠰᠦᠪᠡᠷᠢᠶᠡᠨ ᠰᠠᠢᠨ ᠡᠭᠦᠯᠳᠡᠷ ᠢ ᠪᠤᠢᠵᠢᠭᠤᠯᠵᠤ᠂ ᠪᠣᠳᠠᠲᠠᠢ ᠠᠵᠢᠯᠯᠠᠬᠤ᠎ᠪᠠᠷ᠎ᠢᠶᠠᠨ ᠲᠠᠷᠢᠶᠠᠨ ᠭᠠᠵᠠᠷ᠎ᠢ ᠰᠠᠬᠢᠨ ᠬᠠᠮᠠᠭᠠᠯᠠᠵᠤ᠂ ᠠᠮᠤ ᠪᠤᠳᠠᠭᠠᠨ᠎ᠤ ᠠᠮᠤᠷ ᠲᠦᠪᠰᠢᠨ᠎ᠢ ᠪᠠᠲᠤᠯᠠᠵᠤ᠂ ᠳᠤᠮᠳᠠᠳᠤ ᠤᠯᠤᠰ᠎ᠤᠨ ᠪᠤᠳᠠᠭᠠᠨ ᠠᠶᠠᠭ᠎ᠠ᠎ᠶᠢ ᠦᠪᠡᠷ᠎ᠤᠨ ᠭᠠᠷ ᠲᠠᠭᠠᠨ ᠠᠳᠬᠤᠬᠤ᠎ᠶᠢ ᠪᠡᠬᠢᠵᠢᠭᠦᠯᠬᠦ᠎ᠶᠢᠨ ᠲᠥᠯᠥᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠠᠯᠬᠠᠪᠴᠢ᠎ᠶᠢ ᠪᠠᠲᠤ ᠴᠣᠭᠴᠠᠯᠠᠬᠤ ᠬᠡᠷᠡᠭᠲᠡᠢ》 ᠭᠡᠵᠡᠢ ᠃
ᠲᠦᠮᠡᠨ ᠭᠠᠵᠠᠷ᠎ᠤᠨ ᠠᠯᠤᠰ᠎ᠲᠤ᠂ ᠳᠤᠮᠳᠠᠳᠤ ᠤᠯᠤᠰ᠎ᠤᠨ ᠡᠷᠲᠡᠨ᠎ᠦ ᠪᠣᠯᠪᠠᠰᠤᠨ᠎ᠤ ᠰᠤᠳᠤᠯᠭᠠᠨ᠎ᠤ ᠬᠦᠷᠢᠶᠡᠯᠡᠩ᠎ᠦᠨ ᠰᠤᠳᠤᠯᠭᠠᠨ᠎ᠤ ᠪᠦᠯᠭᠦᠮ᠎ᠦᠨ ᠭᠢᠨ ᠭᠷᠧᠭ᠎ᠦᠨ ᠪᠠᠷᠠᠭᠤᠨ ᠬᠡᠰᠡᠭ᠎ᠲᠦ ᠪᠠᠢᠭ᠎ᠠ ᠠᠨᠵᠠᠢᠯᠤᠺᠠᠰᠲᠷᠣ᠋ ᠵᠢᠨ ᠪᠠᠭᠤᠷᠢ᠎ᠳᠤ ᠳᠤᠮᠳᠠᠳᠤ ᠭᠷᠧᠭ᠎ᠦᠨ ᠠᠩᠬᠠᠳᠠᠭ᠍ᠴᠢ ᠬᠠᠭᠤᠴᠢ ᠰᠤᠳᠤᠯᠤᠯ᠎ᠤᠨ ᠬᠠᠮᠲᠤᠷᠠᠯᠴᠠᠭᠠᠨ᠎ᠤ ᠲᠦᠷᠦᠯ ᠵᠦᠢᠯ᠎ᠢ ᠡᠬᠢᠯᠡᠭᠦᠯᠵᠡᠢ᠃
《ᠬᠥᠮᠥᠨ ᠲᠥᠷᠥᠯᠬᠢᠲᠡᠨ ᠪᠠᠰᠠ ᠨᠢᠭᠡ ᠤᠳᠠᠭ᠎ᠠ ᠬᠠᠮᠢᠭᠠᠰᠢ ᠶᠠᠪᠤᠬᠤ ᠲᠣᠨᠣᠯᠵᠢᠨ ᠵᠠᠮ ᠳᠡᠭᠡᠷ᠎ᠡ ᠵᠣᠬ᠍ᠰᠣᠬᠤᠳᠤ᠂ ᠶᠡᠷᠦᠩᠬᠡᠢ ᠱᠦᠵᠢ ᠰᠢ᠎ᠶᠢᠨ ᠫᠢᠩ ᠡᠷᠬᠡᠪᠰᠢ ᠬᠥᠮᠥᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠶᠢ ᠦᠷᠭᠦᠯᠵᠢᠯᠡᠨ ᠠᠬᠢᠭᠤᠯᠵᠤ᠂ ᠬᠥᠮᠥᠰ᠎ᠦᠨ ᠰᠡᠳᠬᠢᠯ᠎ᠦᠨ ᠬᠠᠨᠳᠤᠰᠢ᠂ ᠶᠡᠬᠡ ᠪᠠᠢᠳᠠᠯ᠎ᠤᠨ ᠬᠠᠨᠳᠤᠰᠢ᠎ᠳᠤ ᠨᠡᠢᠴᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ》᠃ ᠳᠤᠮᠳᠠᠳᠤ ᠤᠯᠤᠰ᠎ᠤᠨ ᠡᠷᠲᠡᠨ᠎ᠦ ᠪᠣᠯᠪᠠᠰᠤᠨ᠎ᠤ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠯᠢ ᠰᠢᠨ ᠸᠧᠢ᠄ 《ᠪᠢᠳᠡ ᠬᠠᠭᠤᠴᠢ ᠰᠤᠳᠤᠯᠤᠯ᠎ᠤᠨ 〈ᠭᠠᠳᠠᠭ᠍ᠰᠢ ᠭᠠᠷᠬᠤ〉 ᠪᠡᠷ ᠭᠠᠷᠳᠠᠴᠠ ᠪᠤᠯᠭᠠᠵᠤ᠂ ᠪᠦᠭᠦ ᠬᠥᠮᠥᠨ ᠲᠥᠷᠥᠯᠬᠢᠲᠡᠨ᠎ᠦ ᠬᠠᠮᠲᠤ᠎ᠶᠢᠨ ᠦᠷᠳᠡᠭ᠎ᠢ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠳᠡᠯᠡᠬᠡᠢ᠎ᠶᠢᠨ ᠪᠣᠯᠪᠠᠰᠤᠨ᠎ᠳᠤ ᠦᠵᠡᠭᠦᠯᠭᠦ ᠤᠤᠭᠠᠯ ᠡᠭᠦᠳᠦᠯᠲᠡ᠎ᠶᠢᠨ ᠴᠢᠨᠠᠷᠲᠠᠢ ᠬᠤᠪᠢ ᠨᠡᠮᠡᠷᠢ᠎ᠶᠢ ᠨᠡᠮᠡᠭᠳᠡᠭᠦᠯᠵᠦ᠂ ᠳᠡᠯᠡᠬᠡᠢ᠎ᠶᠢᠨ ᠡᠩᠬᠡ ᠲᠠᠢᠪᠤᠩ ᠪᠣᠯᠣᠨ ᠬᠥᠭᠵᠢᠯᠲᠡ᠎ᠳᠦ ᠨᠡᠩ ᠤᠯᠠᠨ ᠢᠳᠡᠪᠬᠢ ᠬᠦᠴᠦᠨ ᠨᠡᠮᠡᠷᠢᠯᠡᠬᠦ ᠬᠡᠷᠡᠭᠲᠡᠢ》 ᠭᠡᠵᠦ ᠬᠡᠯᠡᠪᠡ᠃
ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠎ᠶᠢᠨ ᠵᠠᠩᠭᠢᠯᠠᠭ᠎ᠠ ᠨᠢ ᠨᠠᠮ᠎ᠳᠤ ᠪᠤᠢ᠃ ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠣᠭᠰᠣᠰᠢ ᠦᠭᠡᠢ ᠶᠠᠪᠤᠭᠳᠠᠨ᠎ᠠ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠢᠩᠳᠧ ᠬᠤᠳᠠ᠎ᠶᠢᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭᠠᠭᠤᠯᠢ᠎ᠶᠢᠨ ᠡᠳᠦᠷ ᠳᠤᠳᠤᠮ᠎ᠤᠨ ᠠᠵᠢᠯ᠎ᠢ ᠬᠤᠪᠢᠳᠠᠨ ᠬᠠᠮᠢᠶᠠᠷᠴᠤ ᠪᠠᠢᠭ᠎ᠠ ᠳᠡᠳ᠋ ᠵᠠᠬᠢᠷᠤᠯ ᠵᠦᠩ ᠹᠧᠨᠭ ᠪᠠᠩ ᠬᠡᠯᠡᠬᠦ᠎ᠳᠡᠭᠡᠨ᠄ 《ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠤᠷᠳᠤ ᠬᠤᠭᠤᠴᠠᠭ᠎ᠠ᠎ᠪᠠᠷ ᠴᠢᠷᠮᠠᠢᠬᠤ᠎ᠳᠤ᠂ ᠪᠢᠳᠡ ᠰᠢ᠎ᠶᠢᠨ ᠫᠢᠩ᠎ᠤᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭᠠᠵᠤ᠂ ᠳᠦᠷᠢᠮ᠎ᠢᠶᠡᠷ ᠨᠠᠮ᠎ᠢ ᠵᠠᠰᠠᠬᠤ᠂ ᠳᠦᠷᠢᠮ ᠲᠣᠭᠲᠠᠭᠠᠯ᠎ᠢᠶᠠᠷ ᠨᠠᠮ᠎ᠢ ᠵᠠᠰᠠᠬᠤ ᠤᠬᠠᠮᠰᠠᠷᠲᠤ ᠴᠢᠨᠠᠷ ᠪᠣᠯᠣᠨ ᠡᠷᠡᠰ ᠪᠠᠲᠤ ᠴᠢᠨᠠᠷ᠎ᠢ ᠲᠠᠰᠤᠷᠠᠯᠳᠠ ᠦᠭᠡᠢ ᠴᠢᠩᠭᠠᠳᠬᠠᠵᠤ᠂ ᠪᠦᠭᠦ ᠨᠠᠮ᠎ᠢᠶᠠᠷ᠎ᠢᠶᠠᠨ ᠪᠦᠯᠬᠦᠮᠳᠡᠨ ᠨᠢᠭᠡᠳᠬᠦ᠂ ᠠᠵᠢᠯᠯᠠᠭ᠎ᠠ ᠨᠢᠭᠡᠳᠦᠯᠲᠡᠢ ᠪᠠᠢᠬᠤ᠎ᠶᠢ ᠨᠡᠩ ᠬᠦᠴᠦᠲᠡᠢ ᠪᠠᠲᠤᠯᠠᠵᠤ᠂ ᠨᠠᠮ᠎ᠤᠨ ᠰᠢᠨ᠎ᠡ ᠴᠠᠭ ᠦᠶ᠎ᠡ᠎ᠳᠦ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭᠵᠢᠭᠦᠯᠬᠦ ᠲᠡᠦᠬᠡᠨ ᠶᠠᠪᠤᠴᠠ᠎ᠳᠤ ᠢᠮᠠᠭᠲᠠ ᠪᠠᠲᠤ ᠴᠢᠩᠭ᠎ᠠ ᠤᠳᠤᠷᠢᠳᠬᠤ ᠭᠣᠣᠯᠯᠠᠭ᠍ᠴᠢ ᠪᠤᠯᠬᠤ᠎ᠶᠢ ᠪᠠᠲᠤᠯᠠᠬᠤ ᠬᠡᠷᠡᠭᠲᠡᠢ》᠃
(ᠰᠢᠨᠬᠤᠸᠠ ᠬᠤᠷᠢᠶ᠎ᠠ ᠵᠢᠨ ᠪᠡᠭᠡᠵᠢᠩ᠎ᠦᠨ 7 ᠰᠠᠷ᠎ᠠ᠎ᠶᠢᠨ 1 ᠤ᠋ ᠴᠠᠬᠢᠯᠭᠠᠨ ᠮᠡᠳᠡᠭᠡ)