ᠠᠵᠢᠯ ᠎ᠤᠨ ᠪᠠᠢᠷᠢ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠤ ᠰᠡᠳᠬᠢᠯ ᠨᠢᠭᠡᠳᠦᠨ ᠬᠦᠴᠦ ᠎ᠪᠡᠨ ᠬᠠᠮᠲᠤᠳᠬᠠᠵᠤ ᠰᠢᠨ᠎ᠡ ᠠᠶᠠᠨ᠎ᠢᠶᠠᠨ ᠡᠬᠢᠯᠡᠭᠦᠯᠦᠨ᠎ᠠ
2026-07-04 13:12:10
ᠵᠣᠬᠢᠶᠠᠭ᠍ᠴᠢ᠄
ᠯᠢᠦ ᡁᠢ ᠰᠢᠶᠠᠨ ᠰᠢᠦᠢ ᠵᠢᠩ ᠬᠤᠤ ᠵᠢᠶᠠ ᠯᠢ ᠯᠢ ᠶᠦᠩ ᠲᠤᠤ ᠺᠠᠩ ᠯᠢ ᠨᠠ ᠵᠠᠩ ᠬᠤᠢ ᠯᠢᠩ ᠮᠧᠢ ᠭᠠᠩ ᠸᠠᠩ ᠬᠤᠤ ᠮᠠ ᠹᠠᠩ
ᠣᠩᠱᠢᠭ᠍ᠰᠠᠨ ᠣᠳᠠᠭ᠎ᠠ᠄
★★★☆☆

—  ᠶᠡᠷᠦᠩᠬᠡᠢ ᠱᠦᠵᠢ ᠰᠢ ᠵᠢᠨ ᠫᠢᠩ ᠎ᠦᠨ ᠳᠤᠮᠳᠠᠳᠤ ᠤᠯᠤᠰ ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠦᠪᠦᠷ ᠮᠤᠨᠭᠭᠤᠯ᠎ᠤᠨ ᠦᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ ᠵᠢᠨ  ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ ᠬᠠᠯᠠᠭᠤᠨ ᠲᠤᠰᠬᠠᠯ ᠭᠠᠷᠪᠠ


7 ᠰᠠᠷ᠎ᠠ᠎ᠶᠢᠨ 1 ᠎ᠤ᠋ ᠦᠳᠡ᠎ᠶᠢᠨ ᠡᠮᠦᠨ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ ᠎ᠦᠨ ᠣᠶ ᠎ᠶᠢ ᠪᠡᠯᠭᠡᠯᠡᠬᠦ ᠶᠡᠬᠡ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ ᠎ᠳᠤ ᠦᠪᠡᠳᠡᠭᠰᠢ ᠶᠡᠬᠡ᠎ᠪᠡᠷ ᠶᠠᠪᠤᠭᠳᠠᠪᠠ᠃ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ᠎ᠳᠦ ᠭᠠᠪᠢᠶ᠎ᠠ ᠪᠠᠶ᠋ᠢᠭᠤᠯᠬᠤ ᠡᠷᠡᠰ ᠵᠣᠷᠢᠭ᠋ ᠪᠣᠯᠣᠨ ᠢᠲᠡᠭᠡᠯ ᠵᠣᠷᠢᠭ᠋᠎ᠢ ᠡᠷᠡᠰ ᠲᠤᠩᠬᠠᠭᠯᠠᠵᠤ᠂ ᠬᠥᠮᠥᠰ᠎ᠢ ᠤᠷᠮᠠᠰᠢᠭᠤᠯᠤᠨ ᠤᠷᠤᠭᠰᠢᠯᠠᠭᠤᠯᠤᠨ᠎ᠠ᠃ ᠥᠪᠥᠷ ᠮᠣᠩᠭᠣᠯ᠎ᠤᠨ ᠡᠯ᠎ᠡ ᠭᠠᠵᠠᠷ ᠣᠷᠣᠨ᠎ᠤ ᠰᠢᠭᠤᠳ ᠬᠠᠷᠢᠶ᠎ᠠ ᠪᠠᠢᠭᠤᠯᠭ᠎ᠠ ᠨᠢ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠵᠣᠬᠢᠶᠠᠨ ᠪᠠᠢᠭᠤᠯᠵᠤ ᠲᠥᠪᠯᠡᠷᠡᠭᠦᠯᠦᠨ ᠬᠦᠯᠢᠶᠡᠨ ᠠᠪᠴᠤ ᠰᠣᠨᠣᠰᠤᠬᠰᠠᠨ ᠪᠠ ᠬᠤᠷᠠᠯ᠎ᠤᠨ ᠦᠪᠡᠳᠡᠭᠰᠢ ᠪᠠᠢᠳᠠᠯ ᠎ᠢ ᠦᠵᠡᠵᠦ᠂ ᠤᠯᠠᠨ᠎ᠢᠶᠠᠷ᠎ᠢᠶᠠᠨ ᠶᠡᠬᠡᠳᠡ ᠵᠣᠷᠢᠭ᠍ᠵᠢᠵᠤ᠂ ᠳᠤᠮᠳᠠᠳᠤ᠎ᠶᠢᠨ ᠦᠨᠳᠦᠰᠦᠲᠡᠨ ᠎ᠦ ᠨᠡᠩ ᠭᠡᠭᠡᠨ ᠰᠠᠷᠠᠭᠤᠯ᠂ ᠨᠡᠩ ᠰᠠᠢᠨ ᠰᠠᠢᠬᠠᠨ ᠢᠷᠡᠭᠡᠳᠦᠢ᠎ᠳᠦ ᠢᠲᠡᠭᠡᠯ ᠲᠡᠭᠦᠯᠳᠡᠷ ᠪᠤᠯᠵᠤ᠂ ᠥᠪᠡᠷ ᠥᠪᠡᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠦᠷᠭᠦᠯᠵᠢᠯᠡᠨ ᠲᠡᠮᠡᠴᠡᠵᠦ᠂ ᠲᠡᠦᠬᠡ ᠎ᠶᠢᠨ  ᠭᠡᠷᠡᠯ ᠰᠠᠴᠤᠷᠠᠩᠭᠤᠢ ᠰᠢᠨ᠎ᠠ ᠠᠮᠵᠢᠯᠲᠠ ᠪᠦᠳᠦᠮᠵᠢ᠎ᠶᠢ ᠴᠢᠷᠮᠠᠢᠨ ᠡᠭᠦᠳᠦᠨ᠎ᠡ ᠭᠡᠵᠦ ᠢᠯᠡᠳᠬᠡᠵᠡᠭᠡᠪᠡ!

ᠠᠵᠢᠯ᠎ᠤᠨ ᠪᠠᠢᠷᠢ᠎ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠡᠷᠴᠢ ᠵᠣᠷᠢᠭ᠋ ᠪᠠᠳᠠᠷᠠᠨᠭᠭᠤᠢ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠨᠢᠭᠡᠳᠦᠭᠡᠷ ᠭᠠᠵᠠᠷ᠎ᠤᠨ ᠳᠠᠷᠤᠭ᠎ᠠ ᠵᠠᠩ ᠰᠢᠶᠣᠣ ᠰᠢᠶᠠ᠂ ᠦᠨᠳᠦᠰᠦᠨ ᠱᠠᠲᠤᠨ᠎ᠤ ᠵᠠᠰᠠᠯᠲᠠ᠎ᠶᠢᠨ ᠹᠷᠣᠨᠲ᠎ᠤᠨ ᠨᠢᠬᠡᠨ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ᠂ ᠪᠢ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 《1571》ᠠᠵᠢᠯ ᠎ᠤᠨ ᠪᠠᠢᠷᠢᠯᠠᠭᠤᠯᠤᠯᠲᠠ᠎ᠶᠢ ᠭᠦᠨᠵᠡᠭᠡᠢ ᠨᠠᠢᠳᠠᠪᠤᠷᠢᠵᠢᠭᠤᠯᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠢᠳᠡᠪᠬᠢᠲᠡᠢ ᠤᠷᠤᠭᠰᠢᠯᠠᠨ ᠳᠠᠪᠰᠢᠵᠤ᠂ ᠪᠣᠳᠠᠲᠠᠢ ᠠᠵᠢᠯᠯᠠᠨ ᠲᠡᠷᠢᠭᠦᠨ᠎ᠤ ᠬᠢ ᠪᠤᠯᠬᠤ  ᠪᠡᠷ ᠴᠢᠷᠮᠠᠢᠵᠤ᠂ ᠪᠥᠬᠥ ᠣᠷᠣᠨ᠎ᠤ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢᠨ ᠠᠵᠢᠯ᠎ᠢ ᠬᠥᠲᠥᠯᠥᠨ ᠳᠠᠭᠠᠭᠤᠯᠬᠤ ᠠᠵᠢᠯ᠎ᠤᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ᠎ᠶᠢ ᠠᠬᠢᠭᠤᠯᠤᠨ᠎ᠠ ᠭᠡᠵᠦ ᠢᠯᠡᠳᠬᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠰᠠᠨ᠎ᠤ ᠲᠠᠷᠠᠭ᠎ᠠ᠂ ᠪᠢ ᠶᠡᠬᠡᠳᠡ ᠵᠣᠷᠢᠭ᠍ᠵᠢᠵᠤ᠂ ᠬᠦᠰᠡᠯᠡᠩ ᠢᠲᠡᠭᠡᠯ ᠪᠢᠰᠢᠷᠡᠯ ᠨᠡᠩ ᠪᠠᠲᠤ ᠴᠢᠩᠭ᠎ᠠ ᠪᠣᠯᠵᠤ᠂ ᠲᠡᠮᠡᠴᠡᠬᠦ ᠬᠠᠷᠠᠯᠲᠠ ᠨᠡᠩ ᠲᠣᠳᠣᠷᠬᠠᠢ ᠪᠣᠯᠵᠠᠢ》᠃        

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠰᠤᠷᠭᠠᠨ ᠬᠥᠮᠦᠵᠢᠯ᠎ᠦᠨ ᠠᠵᠢᠯ ᠎ᠤᠨ ᠬᠤᠷᠢᠶ᠎ᠠ᠎ᠵᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ᠂ ᠰᠤᠷᠭᠠᠨ ᠬᠥᠮᠦᠵᠢᠯ ᠎ᠦᠨ ᠲᠢᠩᠬᠢᠮ᠎ᠦᠨ ᠠᠵᠢᠯᠲᠠᠨ᠎ᠤ ᠶᠠᠪᠤᠳᠠᠯ᠎ᠤᠨ ᠭᠠᠵᠠᠷ᠎ᠤᠨ ᠳᠠᠷᠤᠭ᠎ᠠ ᠼᠦᠢ ᠫᠧᠩ ᠹᠧᠢ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠭᠣᠣᠯ ᠡᠭᠦᠷᠭᠡ᠎ᠶᠢ ᠪᠡᠶᠡᠯᠡᠭᠦᠯᠬᠦ᠎ᠳᠦ ᠴᠢᠭᠯᠡᠯ᠎ᠢ ᠤᠯᠠᠮ ᠨᠢᠭᠡ ᠠᠯᠬᠤᠮ ᠲᠣᠳᠣᠷᠬᠠᠢ ᠵᠢᠭᠠᠵᠤ ᠦᠭᠴᠤ᠂ ᠵᠢᠷᠤᠮᠯᠠᠯ ᠬᠠᠩᠭᠠᠪᠠ᠃ ᠪᠥᠬᠥ ᠣᠷᠣᠨ᠎ᠤ ᠰᠤᠷᠭᠠᠨ ᠬᠥᠮᠦᠵᠢᠯ᠎ᠦᠨ ᠰᠢᠰᠲᠧᠮ᠎ᠦᠨ ᠬᠢᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠲᠡᠷᠢᠭᠦᠨ ᠴᠢᠬᠤᠯᠠ ᠤᠯᠤᠰ ᠲᠥᠷᠥ ᠎ᠶᠢᠨ ᠡᠭᠦᠷᠭᠡ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠎ᠲᠠᠢ ᠤᠶᠠᠯᠳᠤᠭᠤᠯᠤᠨ᠂ ᠨᠠᠮ᠎ᠤᠨ ᠭᠡᠰᠢᠭᠦᠨ ᠎ᠦ ᠪᠣᠯᠪᠠᠰᠤᠷᠠᠯ᠂ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠪᠠ ᠣᠨᠣᠯ ᠎ᠤᠨ ᠲᠠᠢᠯᠪᠤᠷᠢᠯᠠᠯᠲᠠ ᠵᠡᠷᠭᠡ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠵᠤ᠂  ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠵᠤ᠂ ᠨᠠᠮ ᠎ᠤᠨ ᠲᠥᠯᠥᠭᠡ ᠬᠥᠮᠥᠨ᠎ᠢ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ ᠎ᠢ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ᠂ ᠠᠷᠠᠳ ᠲᠦᠮᠡᠨ ᠎ᠦ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠎ᠢ ᠰᠠᠢᠲᠤᠷ ᠡᠷᠭᠢᠯᠡᠨ᠎ᠡ ᠭᠡᠵᠦ ᠢᠯᠡᠳᠭᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠥᠨᠳᠥᠷ᠎ᠲᠦ ᠵᠣᠭᠰᠣᠨ ᠠᠯᠤᠰ᠎ᠢ ᠪᠠᠷᠠᠯᠠᠵᠥ᠂ ᠠᠭᠤᠯᠤᠭᠳᠠᠬᠤᠨ ᠡᠯᠪᠡᠭ ᠪᠠᠶᠠᠯᠢᠭ᠋ ᠪᠠᠢᠵᠤ᠂ ᠪᠢᠳᠡᠨ᠎ᠦ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠬᠦ᠎ᠳᠦ ᠴᠢᠭᠯᠡᠯ᠎ᠢ ᠤᠯᠠᠮ ᠲᠣᠳᠣᠷᠬᠠᠢ ᠵᠢᠭᠠᠵᠤ ᠦᠭᠴᠤ᠂ ᠵᠢᠷᠤᠮᠯᠠᠯ ᠬᠠᠩᠭᠠᠵᠠᠢ》᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶᠢᠨ ᠲᠢᠩᠬᠢᠮ᠎ᠦᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ᠎ᠵᠢᠨ ᠲᠤᠰᠬᠠᠢ ᠲᠤᠰᠢᠶᠠᠯᠲᠤ ᠳᠡᠳ᠋ ᠱᠦᠵᠢ ᠰᠢᠤᠸᠠᠢ ᠵᠢᠶᠧ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠰᠠᠨ᠎ᠤ ᠳᠠᠷᠠᠭ᠎ᠠ ᠶᠡᠬᠡᠳᠡ ᠵᠣᠷᠢᠭ᠍ᠵᠢᠪᠠ᠃ ᠲᠡᠷᠡ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠤᠯᠤᠰ ᠲᠥᠷᠥ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠬᠤ᠎ᠶᠢ ᠢᠮᠠᠭᠲᠠ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠎ᠢᠶᠡᠨ ᠪᠠᠲᠤᠳᠬᠠᠵᠤ᠂ ᠠᠷᠠᠳ ᠲᠦᠮᠡᠨ ᠎ᠢ ᠳᠡᠭᠡᠳᠦᠯᠡᠬᠦ᠎ᠶᠢ ᠦᠢᠯᠡᠳᠦᠯᠭᠡᠵᠢᠭᠦᠯᠵᠦ᠂ ᠲᠡᠮᠡᠴᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠨᠠᠮ ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠥᠷᠥ᠎ᠶᠢᠨ ᠦᠢᠯᠡᠳᠦᠯ ᠴᠢᠳᠠᠮᠵᠢ ᠪᠣᠯᠣᠨ ᠵᠣᠬᠢᠶᠠᠨ ᠪᠠᠢᠭᠤᠯᠬᠤ ᠦᠢᠯᠡᠳᠦᠯ ᠴᠢᠳᠠᠮᠵᠢ᠎ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠶ᠋ᠢᠴᠢᠨ ᠪᠡᠬᠢᠯᠡᠯᠲᠡ᠎ᠶᠢᠨ ᠦᠢᠯᠡᠳᠦᠯ ᠪᠣᠯᠣᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠪᠥᠬᠥ ᠲᠠᠯ᠎ᠠ᠎ᠪᠠᠷ ᠬᠠᠤᠯᠢ᠎ᠪᠠᠷ ᠣᠷᠣᠨ᠎ᠢᠶᠠᠨ ᠵᠠᠰᠠᠬᠤ ᠪᠠ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠤᠨ᠎ᠠ ᠭᠡᠵᠦ ᠢᠯᠡᠳᠬᠡᠪᠡ᠃

 ᠦᠨᠡᠨᠬᠦ ᠦᠢᠯᠡᠳᠦᠯᠬᠡᠵᠢᠬᠦᠯᠦᠨ ᠪᠤᠲᠠᠲᠠᠢ ᠠᠵᠢᠯᠯᠠᠵᠤ᠂ ᠤᠭ ᠰᠠᠨᠠᠭ᠎ᠠ ᠪᠠᠨ ᠪᠠᠲᠤ ᠰᠠᠬᠢᠬᠤ ᠢᠳᠡᠬᠡᠯ ᠵᠤᠷᠢᠭ ᠬᠦᠢᠴᠡᠳ

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠬᠥᠮᠥᠰ᠎ᠢ ᠤᠷᠮᠠᠰᠢᠭᠤᠯᠤᠨ ᠵᠣᠷᠢᠭ᠍ᠵᠢᠭᠤᠯᠵᠤ᠂ ᠪᠢᠳᠡᠨ᠎ᠳᠦ ᠤᠷᠤᠭᠰᠢᠯᠠᠬᠤ ᠴᠢᠭᠯᠡᠯ᠎ᠢ ᠵᠢᠭᠠᠵᠤ ᠥᠭᠴᠡᠢ᠃ ᠪᠢᠳᠠ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠶᠠᠪᠤᠴᠠ᠎ᠡᠴᠡ ᠤᠶᠤᠨ ᠤᠬᠠᠭᠠᠨ ᠪᠠ ᠬᠦᠴᠦᠨ ᠴᠢᠳᠠᠯ ᠣᠯᠵᠤ᠂ ᠠᠭᠤᠤ ᠶᠡᠬᠡ ᠨᠠᠮ ᠪᠠᠶ᠋ᠢᠭᠤᠯᠬᠤ ᠵᠣᠷᠢᠭ᠋ ᠰᠠᠨᠠᠭ᠎ᠠ᠎ᠶᠢ ᠠᠵᠢᠯ᠎ᠤᠨ ᠳᠤᠮᠳᠠ᠎ᠪᠠᠨ ᠠᠭᠤᠰᠬᠠᠵᠤ ᠦᠢᠯᠡᠳᠦᠯᠬᠡᠵᠢᠬᠦᠯᠦᠨ᠎ᠡ》᠃ ᠥᠪᠡᠷᠲᠡᠭᠡᠨ ᠵᠠᠰᠠᠬᠤ ᠣᠷᠣᠨ᠎ᠤ ᠬᠢᠨᠠᠨ ᠪᠤᠳᠤᠬᠤ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠡᡁᠦ᠋ᠸᠸ ᠵᠤᠤ ᠯᠢᠶᠠᠩ᠂ 《ᠲᠠᠷᠠᠭᠠᠴᠢ᠎ᠶᠢᠨ ᠠᠯᠬᠤᠮ᠎ᠳᠤ᠂ ᠪᠦᠬᠦ ᠣᠷᠣᠨ᠎ᠤ ᠬᠢᠨᠠᠨ ᠪᠤᠳᠤᠬᠤ ᠰᠢᠰᠲᠧᠮ᠎ᠦᠨ ᠬᠢᠨ 〈 ᠠᠷᠪᠠᠨ ᠲᠠᠪᠤᠳᠤᠭᠠᠷ ᠲᠠᠪᠤᠨ ᠵᠢᠯ 〉 ᠤ᠋ᠨ ᠬᠠᠷᠠᠯᠲᠠ ᠡᠭᠦᠷᠭᠡ᠎ᠲᠠᠢ ᠨᠢᠭ᠍ᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ 〈1571〉 ᠠᠵᠢᠯ ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠴᠢᠬᠤᠯᠠ ᠶᠡᠬᠡ ᠲᠦᠷᠦ᠎ᠶᠢᠨ ᠪᠣᠳᠣᠯᠭ᠎ᠠ᠎ᠶᠢ ᠮᠥᠷᠳᠡᠨ ᠨᠠᠢᠳᠠᠪᠤᠷᠢᠵᠢᠭᠤᠯᠬᠤ᠂ ᠡᠳ᠋᠎ᠦᠨ ᠵᠠᠰᠠᠭ᠎ᠤᠨ ᠪᠡᠯᠡ ᠮᠥᠩᠭᠥ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ ᠪᠠ ᠠᠷᠠᠳ᠎ᠤᠨ ᠠᠮᠢᠳᠤᠷᠠᠯ᠎ᠤᠨ ᠦᠨᠳᠦᠰᠦᠨ ᠵᠦᠢᠯ᠎ᠢ ᠪᠠᠲᠤᠯᠠᠬᠤ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠠᠵᠤ ᠠᠬᠤᠢ᠎ᠶᠢᠨ ᠡᠷᠡᠭᠦᠯ᠎ᠢᠶᠡᠷ ᠬᠥᠭᠵᠢᠬᠦ᠎ᠶᠢ ᠠᠬᠢᠭᠤᠯᠬᠤ᠂ ᠤᠯᠤᠰ᠎ᠤᠨ ᠠᠵᠤ ᠠᠬᠤᠢ᠎ᠶᠢᠨ ᠠᠮᠤᠷ ᠲᠦᠪᠰᠢᠨ᠎ᠢ ᠬᠠᠮᠠᠭᠠᠯᠠᠬᠤ ᠵᠡᠷᠭᠡ ᠲᠠᠯ᠎ᠠ᠎ᠪᠠᠷ ᠬᠢ ᠬᠢᠨᠠᠨ ᠪᠤᠳᠤᠬᠤ ᠠᠵᠢᠯ᠎ᠤᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠵᠤ᠂ ᠴᠢᠨᠠᠷ ᠰᠠᠢᠲᠠᠢ ᠬᠢᠨᠠᠨ ᠪᠤᠳᠤᠯᠳᠠ ᠵᠢᠨ ᠬᠢᠨᠠᠯᠲᠠ᠎ᠲᠠᠯᠪᠢᠬᠤ ᠪᠠᠷ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠬᠤ᠎ᠳᠤ ᠦᠢᠯᠡᠴᠢᠯᠡᠵᠦ᠂ ᠰᠢᠨ᠎ᠡ ᠠᠶᠠᠨ᠎ᠳᠤ ᠨᠠᠮ ᠪᠣᠯᠣᠨ ᠠᠷᠠᠳ ᠲᠦᠮᠡᠨ᠎ᠳᠦ ᠰᠢᠨ᠎ᠡ ᠬᠤᠪᠢ ᠨᠡᠮᠡᠷᠢ ᠦᠵᠡᠭᠦᠯᠬᠦ ᠪᠡᠷ ᠴᠢᠷᠮᠠᠢᠨ᠎ᠠ》 ᠭᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠨᠠᠮᠠᠶ᠋ᠢ ᠶᠡᠬᠡᠳᠡ ᠵᠣᠷᠢᠭ᠍ᠵᠢᠭᠤᠯᠪᠠ᠃ ᠡᠨᠧᠷᠭᠢ᠎ᠶᠢᠨ ᠠᠵᠤ ᠦᠢᠯᠡᠰ ᠪᠣᠯ ᠥᠪᠥᠷ ᠮᠣᠩᠭᠣᠯ᠎ᠤᠨ ᠭᠤᠤᠯ ᠪᠣᠯᠬᠤ ᠠᠵᠤ ᠦᠢᠯᠡᠰ ᠮᠥᠨ᠂ ᠤᠳᠤ ᠦᠶ᠎ᠡ᠎ᠶᠢᠨ ᠡᠨᠧᠷᠭᠢ᠎ᠶᠢᠨ ᠠᠵᠤ ᠠᠬᠤᠢ᠎ᠶᠢ ᠪᠤᠵᠠᠭᠠᠢᠷᠠᠭᠤᠯᠤᠨ ᠬᠦᠴᠦᠷᠬᠡᠭᠵᠢᠭᠦᠯᠬᠦ ᠪᠣᠯ ᠪᠢᠳᠡᠨ᠎ᠦ ᠡᠷᠬᠡᠪᠰᠢ ᠡᠭᠦᠷᠭᠡᠯᠡᠬᠦ ᠬᠠᠷᠢᠭᠤᠴᠠᠯᠭ᠎ᠠ ᠮᠥᠨ᠃ ᠣᠢᠷ᠎ᠠ᠎ᠶᠢᠨ ᠵᠢᠯ᠎ᠦᠨ ᠲᠤᠷᠰᠢ᠂ ᠪᠥᠬᠥ ᠣᠷᠣᠨ᠎ᠤ ᠰᠢᠨ᠎ᠡ ᠡᠨᠧᠷᠭᠢ᠎ᠶᠢᠨ ᠮᠠᠰᠢᠨ ᠴᠣᠭᠴᠠᠯᠠᠪᠤᠷᠢ ᠲᠠᠰᠤᠷᠠᠯᠳᠠ ᠦᠬᠡᠢ ᠰᠢᠨ᠎ᠡ ᠲᠡᠮᠳᠡᠭᠯᠡᠯ᠎ᠢ ᠡᠭᠦᠳᠴᠦ᠂ ᠨᠡᠭᠦᠷᠡᠰᠦ᠎ᠶᠢ ᠠᠷᠢᠭᠤᠨ ᠴᠡᠪᠡᠷ ᠥᠨᠳᠥᠷ ᠪᠦᠲᠦᠮᠵᠢᠲᠡᠶ᠎ᠪᠡᠷ ᠠᠰᠢᠭ᠍ᠯᠠᠬᠤ ᠠᠵᠢᠯ ᠲᠣᠭᠲᠠᠭᠤᠨ᠎ᠢᠶᠠᠷ ᠠᠬᠢᠪᠠ᠂ ᠡᠲᠡᠭᠡᠷ ᠦᠨᠡᠨ ᠪᠣᠳᠠᠲᠠᠢ ᠠᠮᠵᠢᠯᠲᠠ ᠪᠦᠲᠦᠮᠵᠢ᠎ᠳᠦ ᠪᠢ ᠲᠤᠢᠯ᠎ᠢᠶᠠᠷ ᠣᠮᠣᠭᠰᠢᠵᠤ ᠪᠠᠢᠬᠤ ᠪᠥᠭᠡᠳ ᠨᠠᠩ ᠴᠤ᠌ ᠡᠭᠦᠷᠭᠡ ᠬᠠᠷᠢᠭᠤᠴᠠᠯᠭ᠎ᠠ᠎ᠬᠦᠨᠳᠦ ᠰᠠᠨᠠᠭᠳᠠᠵᠤ ᠪᠠᠢᠨ᠎ᠠ》᠃ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠭᠤᠷᠪᠠᠳᠤᠭᠠᠷ ᠳᠡᠰ᠎ᠤᠨ ᠡᠷᠬᠢᠯᠡᠭᠴᠢ ᠭᠡᠰᠢᠭᠦᠴᠢ ᠸᠠᠩ ᠵᠢᠶᠦ᠋ᠨ ᠬᠣᠩ᠂ 《ᠬᠣᠢᠰᠢᠳᠠ᠎ᠶᠢᠨ ᠠᠵᠢᠯ ᠲᠤᠮᠳᠠ ᠪᠠᠨ ᠪᠢ ᠨᠠᠮ ᠪᠠᠶ᠋ᠢᠭᠤᠯᠬᠤ ᠠᠭᠤᠤ ᠶᠡᠬᠡ ᠵᠣᠷᠢᠭ᠋ ᠰᠠᠨᠠᠭ᠎ᠠ᠎ᠶᠢ ᠡᠨᠧᠷᠭᠢ᠎ᠶᠢᠨ ᠬᠥᠭᠵᠢᠯᠲᠡ᠎ᠳᠦ ᠦᠢᠯᠡᠴᠢᠯᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠯᠠᠪᠳᠠᠭᠤᠨ ᠪᠠᠲᠤᠲᠠᠢ ᠠᠵᠢᠯᠯᠠᠭ᠎ᠠ᠎ᠪᠠᠷ᠎ᠢᠶᠠᠨ ᠪᠦᠬᠦ ᠣᠷᠣᠨ᠎ᠤ ᠡᠨᠧᠷᠭᠢ᠎ᠶᠢᠨ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠳᠦ ᠪᠦᠬᠦ ᠬᠦᠴᠦᠨ ᠴᠢᠳᠠᠯ᠎ᠢᠶᠠᠨ ᠡᠷᠭᠦᠵᠦ᠂ ᠡᠨᠧᠷᠭᠢ᠎ᠶᠢᠨ ᠬᠦᠷᠢᠶᠡᠨ᠎ᠳ᠋ᠤ ᠠᠵᠢᠯᠯᠠᠵᠤ ᠪᠠᠢᠭ᠎ᠠ ᠮᠠᠨ᠎ᠤ ᠡᠨᠡ ᠦᠶ᠎ᠡ᠎ᠶᠢᠨ ᠬᠥᠮᠥᠰ᠎ᠦᠨ ᠲᠡᠮᠡᠴᠡᠯ᠎ᠦᠨ ᠬᠠᠭᠤᠳᠠᠰᠤ᠎ᠶᠢ ᠪᠢᠴᠢᠭᠯᠡᠨ᠎ᠡ》ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠡᠳ᠋ ᠳᠠᠷᠤᠭ᠎ᠠ ᠦ᠋ ᠭᠦᠸᠧ ᠴᠢᠩ᠂ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠡᠶᠡᠯᠡᠭᠦᠯᠬᠦ᠎ᠳᠦ᠂  ᠳᠤᠮᠳᠠᠳᠤ ᠤᠯᠤᠰ᠎ᠤᠨ ᠪᠦᠬᠦ ᠡᠪ ᠬᠠᠮᠲᠤᠴᠤᠳ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠂ ᠴᠠᠭ ᠦᠶ᠎ᠡ ᠪᠠ ᠠᠷᠠᠳ ᠲᠦᠮᠡᠨ᠎ᠳᠦ ᠦᠯᠦ ᠣᠰᠣᠯᠳᠠᠬᠤ ᠰᠢᠨ᠎ᠡ ᠠᠮᠵᠢᠯᠲᠠ᠎ᠶᠢ ᠲᠠᠰᠤᠷᠠᠯᠳᠠ ᠦᠭᠡᠢ ᠡᠭᠦᠳᠬᠦ᠎ᠵᠢ ᠱᠠᠭᠠᠷᠳᠠᠵᠤ ᠪᠤᠢ᠃ ᠣᠶ ᠰᠢᠭᠤᠢ ᠨᠤᠲᠤᠭ ᠪᠡᠯᠴᠢᠭᠡᠷ᠎ᠦᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢ ᠲᠡᠷᠢᠭᠦᠨ᠎ᠦ ᠵᠢᠱ᠌ᠢᠶᠡᠴᠢ᠎ᠪᠡᠷ ᠥᠯᠢᠭᠡᠷ ᠳᠠᠭᠤᠷᠢᠶᠠᠯ ᠪᠣᠯᠭᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠠᠲᠤ ᠪᠣᠶ ᠪᠣᠯᠭᠠᠵᠤ᠂ ᠰᠤᠷᠤᠯᠴᠠᠭᠰᠠᠨ ᠲᠥᠷᠥᠭᠳᠡᠯ᠎ᠢᠶᠡᠨ ᠡᠯᠡᠰᠦᠷᠬᠡᠭᠵᠢᠯ ᠎ᠢ ᠰᠡᠷᠭᠡᠢᠯᠡᠨ ᠡᠯᠡᠰᠦ᠎ᠵᠢ ᠵᠠᠰᠠᠬᠤ᠂ ᠣᠢᠵᠢᠭᠤᠯᠵᠤ ᠨᠣᠭᠣᠭᠠᠷᠠᠭᠤᠯᠬᠤ᠂ ᠣᠶ ᠰᠢᠭᠤᠢ᠎ᠶᠢᠨ ᠲᠦᠢᠮᠡᠷ᠎ᠢ ᠰᠡᠷᠭᠡᠢᠯᠡᠬᠦ ᠵᠡᠷᠭᠡ ᠠᠵᠢᠯ᠎ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠢᠮᠠᠭᠲᠠ ᠣᠶ ᠰᠢᠭᠤᠢ ᠨᠤᠲᠤᠭ ᠪᠡᠯᠴᠢᠭᠡᠷ᠎ᠦᠨ ᠠᠵᠢᠯ᠎ᠤᠨ ᠪᠠᠢᠷᠢ᠎ᠳᠤ  ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠨᠤᠮᠢᠨ ᠤᠰᠤ ᠬᠥᠬᠡᠮᠳᠦᠭ ᠠᠭᠤᠯᠠ᠎ᠵᠢ ᠰᠠᠬᠢᠨ ᠬᠠᠮᠠᠭᠠᠯᠠᠬᠤ ᠪᠣᠳᠠᠲᠤ ᠠᠵᠢᠯᠯᠠᠭ᠎ᠠ᠎ᠪᠠᠷ᠎ᠢᠶᠠᠨ ᠳᠤᠮᠳᠠᠳᠤ ᠤᠯᠤᠰ ᠎ᠤᠨ ᠡᠪ ᠬᠠᠮᠲᠤᠴᠤᠳ ᠎ᠤᠨ ᠬᠠᠷᠢᠭᠤᠴᠠᠯᠭ᠎ᠠ ᠡᠭᠦᠷᠭᠡᠯᠡᠯ᠎ᠢ ᠦᠢᠯᠡᠳᠦᠯᠭᠡᠵᠢᠭᠦᠯᠦᠨ᠎ᠡ ᠭᠡᠪᠡ᠃

ᠬᠦᠨᠳᠦ ᠡᠭᠦᠷᠭᠡ᠎ᠶᠢ ᠵᠣᠷᠢᠭ᠍ᠲᠠᠢ ᠡᠭᠦᠷᠭᠡᠯᠡᠵᠦ᠂ ᠳᠠᠬᠢᠨ ᠰᠢᠨ᠎ᠡ ᠭᠠᠪᠢᠶ᠎ᠠ ᠪᠠᠢᠭᠤᠯᠬᠤ ᠢᠲᠡᠭᠡᠯ ᠵᠤᠷᠢᠭ ᠲᠡᠭᠦᠯᠳᠡᠷ

ᠥᠪᠡᠷᠲᠡᠭᠡᠨ ᠵᠠᠰᠠᠬᠤ ᠣᠷᠣᠨ᠎ᠤ ᠡᠮ ᠡᠮᠨᠡᠯᠬᠡ ᠵᠢᠨ ᠪᠠᠲᠤᠯᠠᠭ᠎ᠠ᠎ᠶᠢᠨ ᠲᠣᠪᠴᠢᠶ᠎ᠠ᠎ᠶᠢᠨ ᠨᠠᠮ ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ᠂ ᠪᠥᠬᠥ ᠣᠷᠣᠨ᠎ᠤ ᠡᠮ ᠡᠮᠨᠡᠯᠬᠡ ᠵᠢᠨ ᠪᠠᠲᠤᠯᠠᠭ᠎ᠠ᠎ᠶᠢᠨ ᠰᠢᠰᠲᠧᠮ᠎ᠤᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ 《ᠵᠢᠷᠭᠤᠭᠠᠨ ᠢᠮᠠᠭᠲᠠ》 ᠵᠢᠨ ᠰᠢᠯᠢᠳᠡᠭ ᠣᠨᠴᠠᠯᠢᠭ᠋ ᠰᠢᠨᠵᠢ᠎ᠵᠢ ᠤᠯᠠᠮᠵᠢᠯᠠᠨ ᠪᠠᠳᠠᠷᠠᠭᠤᠯᠵᠤ᠂ ᠵᠠᠰᠠᠭ᠎ᠤᠨ ᠠᠵᠢᠯ ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ ᠎ᠶᠢ ᠪᠠᠲᠤ ᠪᠣᠶ ᠪᠣᠯᠭᠠᠨ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠬᠣᠷᠢᠶ᠎ᠠ᠎ᠶᠢᠨ 《1571 》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠤᠨ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠷᠭᠦᠯᠵᠢᠯᠡᠨ ᠲᠡᠮᠡᠴᠡᠵᠦ᠂ ᠣᠯᠠᠨ ᠲᠠᠰ ᠳᠠᠪᠬᠤᠷᠭ᠎ᠠ᠎ᠶᠢᠨ ᠡᠮ ᠡᠮᠨᠡᠯᠬᠡ ᠵᠢᠨ ᠪᠠᠲᠤᠯᠠᠭ᠎ᠠ᠎ᠶᠢᠨ ᠰᠢᠰᠲᠧᠮ᠎ᠢ ᠪᠦᠷᠢᠨᠰᠢᠭᠦᠯᠵᠦ᠂ ᠦᠨᠳᠦᠰᠦᠨ ᠡᠮ ᠡᠮᠨᠡᠯᠭᠡ᠎ᠵᠢᠨ ᠳᠠᠭᠠᠳᠬᠠᠯ ᠬᠢᠭᠡᠳ ᠬᠤᠳᠠᠯᠳᠤᠭᠠᠨ᠎ᠤ ᠡᠷᠡᠭᠦᠯ ᠮᠡᠨᠳᠦ᠎ᠶᠢᠨ ᠳᠠᠭᠠᠳᠬᠠᠯ᠎ᠤᠨ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠭᠦᠨᠵᠡᠭᠡᠢᠷᠡᠭᠦᠯᠦᠨ᠎ᠡ᠃ ᠬᠥᠮᠥᠨ ᠠᠮᠠ᠎ᠶᠢᠨ ᠬᠥᠭᠵᠢᠯᠲᠡ᠎ᠶᠢᠨ ᠪᠠᠢᠯᠳᠤᠬᠤ ᠪᠣᠳᠣᠯᠭ᠎ᠠ᠎ᠳᠤ ᠵᠣᠬᠢᠴᠠᠭᠤᠯᠤᠨ᠂ ᠣᠷᠳᠣ᠌ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠦᠨ ᠪᠠᠢᠭᠤᠯᠤᠯᠲᠠ᠎ᠶᠢ ᠠᠬᠢᠭᠤᠯᠵᠤ᠂ ᠦᠷᠡᠵᠢᠯ᠎ᠦᠨ ᠪᠠᠲᠤᠯᠠᠭ᠎ᠠ᠎ᠶᠢᠨ ᠲᠦᠪᠰᠢᠨ᠎ᠢ ᠳᠡᠭᠡᠭᠰᠢᠯᠡᠭᠦᠯᠦᠨ᠂ 《ᠦᠲᠡᠭᠦᠰ ᠨᠢᠯᠬᠠᠰ》  ᠲᠤ᠌ ᠬᠦᠴᠦ ᠣᠷᠣᠭᠤᠯᠤᠨ ᠰᠠᠢᠲᠤᠷ ᠦᠢᠯᠡᠴᠢᠯᠡᠨ᠎ᠡ ᠭᠡᠵᠦ ᠢᠯᠡᠳᠭᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠪᠢᠳᠡᠨ᠎ᠦ ᠰᠢᠨ᠎ᠡ ᠠᠶᠠᠨ᠎ᠳᠤ ᠡᠷᠡᠮᠡᠬᠡᠢᠯᠡᠨ ᠤᠷᠤᠭᠰᠢᠯᠠᠬᠤ ᠴᠢᠭᠯᠡᠯ᠎ᠢ ᠲᠣᠳᠣᠷᠬᠠᠢ ᠵᠢᠭᠠᠵᠤ ᠥᠭᠴᠡᠢ》᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ᠎ᠶᠢᠨ ᠰᠢᠭᠦᠬᠦ ᠬᠤᠷᠢᠶ᠎ᠠ᠎ᠵᠢᠨ ᠠᠯᠪᠠᠨ ᠭᠡᠷ ᠎ᠦᠨ ᠳᠡᠳ᠋ ᠡᠷᠬᠢᠯᠡᠭᠴᠢ ᠮᠠ ᠴᠢᠶᠦ᠋ᠨ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠠᠴᠢ ᠡᠨᠡᠷᠢᠯ ᠳ᠋ᠤ ᠲᠠᠯᠡᠷᠬᠠᠨ  ᠡᠷᠡᠮᠡᠬᠡᠢᠯᠡᠨ ᠤᠷᠤᠭᠰᠢᠯᠠᠵᠤ᠂ ᠨᠠᠮ ᠎ᠤᠨ ᠬᠠᠤᠯᠢ ᠪᠠᠷᠢᠬᠤ ᠠᠵᠢᠯ ᠎ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠵᠤ᠂ ᠠᠷᠠᠳ᠎ᠤᠨ ᠲᠥᠯᠥᠭᠡ ᠬᠠᠤᠯᠢ ᠪᠠᠷᠢᠬᠤ ᠤᠭ ᠰᠠᠨᠠᠭ᠎ᠠ᠎ᠪᠠᠨ ᠪᠠᠲᠤ ᠰᠠᠬᠢᠵᠤ᠂ ᠲᠥᠪ ᠭᠣᠣᠯᠴᠢ ᠰᠢᠳᠤᠷᠭᠤ ᠶᠣᠰᠣᠨ᠎ᠤ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠰᠢᠭᠦᠨ ᠲᠠᠰᠤᠯᠬᠤ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠰᠡᠳᠬᠢᠯ ᠲᠠᠯᠪᠢᠨ ᠦᠢᠯᠡᠴᠢᠯᠡᠵᠦ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠳᠤ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠢ ᠪᠦᠲᠦᠭᠡᠨ ᠪᠠᠶ᠋ᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠬᠡᠪᠡ᠃

ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ᠎ᠵᠢᠨ ᠲᠤᠰᠬᠠᠢ ᠲᠤᠰᠢᠶᠠᠯᠲᠤ ᠳᠡᠳ᠋ ᠱᠦᠵᠢ ᠯᠢ ᠽᠦ᠍ ᠭᠤᠸᠠᠩ᠄《ᠪᠢ ᠰᠠᠨᠠᠭᠠᠴᠢᠯᠠᠭ᠎ᠠ᠎ᠡᠴᠡ᠎ᠪᠠᠨ ᠲᠡᠷᠢᠭᠦᠨ ᠎ᠦ ᠬᠢ᠎ᠪᠡᠷ ᠪᠠᠷᠢᠮᠵᠢᠶᠠᠯᠠᠵᠤ᠂ ᠤᠷᠤᠭᠰᠢᠯᠠᠨ ᠳᠠᠪᠰᠢᠬᠤ ᠬᠦᠴᠦᠨ ᠎ᠢ ᠰᠢᠩᠭᠡᠬᠡᠨ ᠠᠪᠴᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠶᠢ ᠰᠢ ᠵᠢᠨ ᠫᠢᠩ᠎ᠦᠨ ᠨᠠᠮ ᠎ᠤᠨ ᠪᠠᠢᠭᠤᠯᠤᠯᠲᠠ ᠎ᠶᠢᠨ ᠦᠵᠡᠯ ᠰᠠᠨᠠᠭ᠎ᠠ ᠎ᠶᠢ ᠰᠤᠷᠤᠯᠴᠠᠨ ᠲᠤᠭᠤᠰᠢᠯᠠᠭᠤᠯᠬᠤ᠎ᠲᠠᠢ ᠨᠢᠭ᠍ᠲᠠ ᠤᠶᠠᠯᠳᠤᠭᠤᠯᠤᠨ᠂ ᠨᠠᠮ ᠎ᠤᠨ ᠤᠯᠤᠰ ᠲᠦᠷᠦ᠎ᠶᠢᠨ ᠪᠠᠢᠭᠤᠯᠤᠯᠲᠠ᠎ᠶᠢ ᠢᠮᠠᠭᠲᠠ ᠲᠡᠷᠢᠭᠦᠨ᠎ᠳᠤ ᠲᠠᠯᠪᠢᠵᠤ᠂  ᠵᠠᠰᠠᠭ᠎ᠤᠨ ᠠᠵᠢᠯ ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠎ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠪᠠᠢᠭᠤᠯᠭ᠎ᠠ᠎ᠶᠢᠨ ᠨᠠᠮ ᠎ᠤᠨ ᠪᠠᠢᠭᠤᠯᠤᠯᠲᠠ ᠬᠢᠭᠡᠳ ᠠᠵᠢᠯᠴᠢᠨ᠎ᠤ ᠡᠪᠯᠡᠯ᠎ᠦᠨ ᠭᠣᠣᠯ ᠬᠠᠷᠢᠭᠤᠴᠠᠯᠭ᠎ᠠ ᠭᠣᠣᠯ ᠠᠵᠢᠯ ᠎ᠤᠨ ᠭᠦᠨᠵᠡᠭᠡᠢ ᠠᠭᠤᠰᠤᠯᠴᠠᠯ᠎ᠢ ᠦᠷᠭᠦᠯᠵᠢᠯᠡᠨ ᠠᠬᠢᠭᠤᠯᠵᠤ᠂ ᠨᠠᠮ᠎ᠤᠨ ᠦᠢᠯᠡᠰ᠎ᠲᠦ ᠦᠨᠡᠨᠴᠢ ᠰᠢᠳᠤᠷᠭᠤ ᠪᠠᠢᠵᠤ᠂ ᠦᠨᠡᠨ ᠰᠡᠳᠬᠢᠯ᠎ᠡᠴᠡ᠎ᠪᠡᠨ ᠠᠵᠢᠯᠲᠠᠨ ᠠᠵᠢᠯᠴᠢᠨ᠎ᠳᠤ ᠦᠢᠯᠡᠴᠢᠯᠡᠵᠦ᠂ ᠠᠵᠢᠯᠴᠢᠨ ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶᠢᠨ ᠬᠥᠭᠥᠷᠭᠡ ᠬᠣᠯᠪᠣᠭᠠᠰᠤ᠎ᠶᠢᠨ ᠦᠢᠯᠡᠳᠦᠯ ᠎ᠢ ᠭᠦᠢᠴᠡᠳ ᠪᠠᠳᠠᠷᠠᠭᠤᠯᠵᠤ᠂ ᠪᠥᠬᠥ ᠣᠷᠣᠨ ᠎ᠤ ᠦᠨᠳᠦᠰᠦᠲᠡᠨ᠎ᠨᠦᠭᠦᠳ᠎ᠦᠨ ᠠᠵᠢᠯᠲᠠᠨ ᠠᠵᠢᠯᠴᠢᠨ᠎ᠢ ᠪᠦᠯᠬᠦᠮᠳᠡᠭᠦᠯᠦᠨ ᠳᠠᠶ᠋ᠢᠴᠢᠯᠠᠵᠤ ᠨᠠᠩ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠣᠶ᠋ᠶ᠎ᠠ᠎ᠳᠤ ᠭᠠᠪᠢᠶ᠎ᠠ ᠪᠠᠢᠭᠤᠯᠤᠨ᠎ᠠ》ᠬᠡᠵᠤ ᠵᠤᠷᠢᠬᠵᠢᠨ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号