ᠸᠠᠩ ᠸᠧᠢ ᠵᠦᠩ ᠬᠠᠮᠲᠤ᠎ᠶᠢᠨ ᠰᠤᠷᠤᠯᠴᠠᠯᠭ᠎ᠠ ᠵᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ
ᠪᠤᠤ ᠭᠠᠩ ᠵᠠᠩ ᠶᠠᠨ ᠺᠦᠨ ᠱᠢ ᠭᠤᠸᠠᠩ ᠬᠤᠢ ᠤᠷᠤᠯᠴᠠᠵᠠᠢ
7 ᠰᠠᠷ᠎ᠠ᠎ᠶᠢᠨ 3 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠨᠤᠯ ᠰᠤᠷᠤᠯᠴᠠᠬᠤ ᠭᠣᠣᠯ ᠳᠤᠭᠤᠶ᠋ᠢᠯᠠᠩ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠪᠠᠷ ᠭᠣᠣᠯ ᠰᠡᠳᠦᠪ ᠪᠣᠯᠭᠠᠵᠤ᠂ 2026 ᠣᠨ᠎ᠤ ᠠᠷᠪᠠᠳᠤᠭᠠᠷ ᠤᠳᠠᠭ᠎ᠠ᠎ᠶᠢᠨ ᠬᠠᠮᠲᠤ᠎ᠶᠢᠨ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ ᠬᠠᠮᠲᠤ᠎ᠶᠢᠨ ᠰᠤᠷᠤᠯᠴᠠᠯᠭ᠎ᠠ ᠵᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃
ᠭᠤᠤᠯ ᠳᠤᠭᠤᠶ᠋ᠢᠯᠠᠩ᠎ᠤᠨ ᠪᠦᠷᠢᠯᠳᠦᠬᠦᠨ ᠦᠵᠡᠯ ᠰᠠᠨᠠᠭ᠎ᠠ ᠪᠠ ᠠᠵᠢᠯ᠎ᠤᠨ ᠪᠣᠳᠠᠲᠤ᠌ ᠪᠠᠢᠳᠠᠯ᠎ᠲᠠᠶ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ᠎ᠢᠶᠠᠨ ᠰᠣᠯᠢᠯᠴᠠᠪᠠ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠨᠢ 《ᠠᠷᠪᠠᠨ ᠳᠥᠷᠪᠡᠨ ᠪᠠᠷᠢᠮᠲᠠᠯᠠᠯ》 ᠵᠢᠡᠷ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢᠶᠠᠨ ᠮᠠᠨᠳᠤᠭᠤᠯᠵᠤ ᠨᠠᠮ᠎ᠢᠶᠠᠨ ᠬᠦᠴᠦᠷᠬᠡᠭᠵᠢᠭᠦᠯᠬᠦ᠌ ᠪᠠ ᠬᠦᠴᠦᠷᠬᠡᠭ ᠤᠯᠤᠰ᠎ᠤᠨ ᠰᠡᠷᠭᠦᠨ ᠮᠠᠨᠳᠤᠯᠲᠠ᠎ᠶᠢᠨ ᠳᠣᠲᠣᠭᠠᠳᠤ ᠬᠠᠷᠢᠴᠠᠭ᠎ᠠ᠎ᠶᠢ ᠭᠦᠨᠵᠡᠭᠡᠶ ᠡᠵᠡᠮᠳᠡᠵᠦ᠂ ᠨᠠᠮ᠎ᠤᠨ ᠪᠠᠶ᠋ᠢᠭᠤᠯᠤᠯᠲᠠ᠎ᠶᠢᠨ ᠬᠠᠮᠤᠭ᠎ᠤᠨ ᠳᠡᠭᠡᠳᠦ ᠵᠠᠷᠴᠢᠮ᠂ ᠪᠠᠶ᠋ᠢᠯᠳᠤᠬᠤ ᠪᠤᠳᠤᠯᠭ᠎ᠠ᠎ᠶᠢᠨ ᠴᠢᠭᠯᠡᠯᠲᠡ᠂ ᠦᠷᠳᠡᠭ᠎ᠦᠨ ᠬᠥᠭᠡᠭᠡᠴᠡᠯᠳᠦᠯ᠂ ᠠᠵᠢᠯ᠎ᠤᠨ ᠪᠠᠶ᠋ᠢᠷᠢᠯᠠᠭᠤᠯᠤᠯᠲᠠ᠂ ᠠᠷᠭ᠎ᠠ ᠵᠠᠮ᠎ᠢ ᠭᠦᠨᠵᠡᠭᠡᠶ ᠲᠣᠳᠣᠷᠬᠠᠶ᠋ᠢᠯᠠᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠶᠠᠮᠠᠷ ᠪᠣᠯᠬᠤ᠂ ᠶᠠᠭᠤ ᠬᠢᠬᠦ᠌ ᠭᠡᠰᠡᠨ ᠦᠨᠳᠦᠰᠦᠨ ᠠᠰᠠᠭᠤᠳᠠᠯ ᠪᠠ ᠥᠩᠭᠡᠷᠡᠭᠰᠡᠨ᠎ᠳᠦ ᠶᠠᠭᠠᠬᠢᠭᠠᠳ ᠠᠮᠵᠢᠯᠲᠠ ᠣᠯᠤᠭᠰᠠᠨ᠂ ᠢᠷᠡᠭᠡᠳᠦᠢ᠎ᠳᠦ ᠶᠠᠭᠠᠬᠢᠪᠠᠯ ᠰᠠᠶᠢ ᠦᠷᠭᠦᠯᠵᠢᠯᠡᠨ ᠠᠮᠵᠢᠯᠲᠠ ᠣᠯᠬᠤ ᠲᠡᠤᠬᠡᠲᠤ ᠴᠢᠨᠠᠷᠲᠠᠢ ᠰᠡᠲᠦᠪ ᠲᠤ᠌ ᠰᠢᠨᠵᠢᠯᠡᠬᠦ᠌ ᠤᠬᠠᠭᠠᠨᠴᠢ᠎ᠪᠠᠷ ᠬᠠᠷᠢᠭᠤᠯᠲᠠ ᠦᠭᠴᠦ᠂ ᠪᠠᠲᠤ᠌ ᠴᠢᠩᠭ᠎ᠠ ᠬᠦᠰᠡᠯᠡᠩ ᠢᠲᠡᠭᠡᠯ ᠪᠢᠰᠢᠷᠡᠯ᠂ ᠳᠡᠭᠡᠳᠦ ᠬᠡᠮᠵᠢᠶᠡᠨ᠎ᠦ ᠲᠡᠦᠬᠡ᠎ᠶᠢᠨ ᠰᠠᠨᠠᠭᠠᠴᠢᠯᠠᠭ᠎ᠠ᠂ ᠢᠯᠡ ᠲᠣᠳᠣ ᠠᠰᠠᠭᠤᠳᠠᠯ᠎ᠤᠨ ᠤᠳᠤᠷᠢᠳᠤᠮᠵᠢ᠂ ᠴᠢᠩᠭ᠎ᠠ ᠡᠭᠦᠷᠭᠡ ᠬᠠᠷᠢᠭᠤᠴᠠᠯᠭ᠎ᠠ᠂ ᠠᠷᠠᠳ᠎ᠤᠨ ᠲᠥᠯᠥᠭᠡ ᠵᠢᠳᠬᠦᠬᠦ᠌ ᠭᠦᠨ ᠵᠤᠵᠠᠭᠠᠨ ᠬᠠᠶ᠋ᠢᠷ᠎ᠠ ᠰᠡᠳᠬᠢᠯᠭᠡ᠂ ᠰᠢᠨᠵᠢᠯᠡᠬᠦ᠌ ᠤᠬᠠᠭᠠᠨᠴᠢ ᠦᠵᠡᠯ ᠰᠠᠨᠠᠭ᠎ᠠ ᠠᠷᠭ᠎ᠠ ᠠᠭᠤᠯᠤᠭᠳᠠᠵᠤ᠂ ᠮᠠᠷᠺᠰ᠎ᠤᠨ ᠦᠵᠡᠯ᠎ᠦᠨ ᠨᠠᠮ ᠪᠠᠶ᠋ᠢᠭᠤᠯᠬᠤ ᠰᠤᠷᠭᠠᠯ᠎ᠢ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠰᠢᠨ᠎ᠡ ᠠᠬᠤᠶ ᠪᠠᠶ᠋ᠢᠳᠠᠯ᠎ᠢ ᠨᠡᠭᠡᠭᠡᠵᠦ᠂ ᠰᠢᠨ᠎ᠡ ᠴᠠᠭ ᠦᠶ᠎ᠡ᠎ᠶᠢᠨ ᠨᠠᠮ᠎ᠤᠨ ᠪᠠᠶ᠋ᠢᠭᠤᠯᠤᠯᠲᠠ᠎ᠶᠢᠨ ᠰᠢᠨ᠎ᠡ ᠠᠭᠤᠤ ᠶᠡᠬᠡ ᠢᠨᠵᠧᠨᠧᠷᠢᠩ᠎ᠦᠨ ᠭᠦᠨᠵᠡᠭᠡᠶ᠋ᠢᠷᠡᠨ ᠬᠥᠭᠵᠢᠬᠦ᠌᠎ᠶᠢ ᠠᠬᠢᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ ᠭᠡᠵᠦ ᠰᠠᠨᠠᠯ ᠨᠢᠭᠡᠲᠡᠢ ᠦᠵᠡᠵᠡᠬᠡᠪᠡ᠃ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ᠎ᠶᠢ ᠨᠠᠶ᠋ᠢᠳᠠᠪᠤᠷᠢᠵᠢᠭᠤᠯᠬᠤ᠎ᠶᠢ ᠠᠬᠢᠭᠤᠯᠬᠤ᠎ᠲᠠᠶ ᠤᠶᠠᠯᠳᠤᠭᠤᠯᠵᠤ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠭᠦᠨᠵᠡᠭᠡᠢ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ᠌ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌ ᠬᠡᠷᠡᠭᠲᠡᠢ ᠭᠡᠵᠦ ᠰᠠᠨᠠᠯ ᠨᠢᠭᠡᠲᠡᠢ ᠢᠯᠡᠳᠭᠡᠵᠡᠭᠡᠪᠡ᠃
ᠸᠠᠩ ᠸᠧᠢ ᠵᠦᠩ ᠶᠠᠷᠢᠶᠠᠨ᠎ᠳᠠᠭᠠᠨ᠂ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠵᠤ᠂ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠬᠠᠮᠤᠭ᠎ᠤᠨ ᠪᠣᠳᠠᠲᠠᠢ ᠠᠵᠢᠯᠯᠠᠭ᠎ᠠ ᠪᠣᠯ ᠳᠠᠷᠤᠢ ᠨᠠᠮ᠎ᠢ ᠬᠠᠮᠢᠶᠠᠷᠴᠤ᠌ ᠨᠠᠮ᠎ᠢ ᠵᠠᠰᠠᠬᠤ᠂ ᠨᠠᠮ᠎ᠢ ᠮᠠᠨᠳᠤᠭᠤᠯᠵᠤ ᠨᠠᠮ᠎ᠢ ᠬᠦᠴᠦᠷᠬᠡᠭᠵᠢᠭᠦᠯᠬᠦ᠌ ᠤᠯᠤᠰ ᠲᠦᠷᠦ᠎ᠶᠢᠨ ᠬᠠᠷᠢᠭᠤᠴᠠᠯᠭ᠎ᠠ᠎ᠶᠢ ᠡᠭᠦᠷᠭᠡᠯᠡᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠬᠦᠰᠡᠯ ᠱᠠᠭᠠᠷᠳᠠᠯᠭ᠎ᠠ᠎ᠶᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠥᠪᠥᠷ ᠮᠣᠩᠭᠣᠯ᠎ᠤᠨ ᠶᠠᠪᠤᠳᠠᠯ᠎ᠢ ᠰᠠᠶ᠋ᠢᠲᠤᠷ ᠬᠢᠬᠦ᠌ ᠶᠠᠪᠤᠳᠠᠯ ᠪᠣᠯᠤᠨ᠎ᠠ᠃ ᠨᠠᠮ᠎ᠤᠨ ᠤᠯᠤᠰ ᠲᠦᠷᠦ᠎ᠶᠢᠨ ᠪᠠᠶ᠋ᠢᠭᠤᠯᠤᠯᠲᠠ᠎ᠶᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠨᠠᠮ᠎ᠤᠨ ᠡᠯ᠎ᠡ ᠲᠠᠯ᠎ᠠ᠎ᠶᠢᠨ ᠪᠠᠶ᠋ᠢᠭᠤᠯᠤᠯᠲᠠ᠎ᠶᠢ ᠠᠬᠢᠭᠤᠯᠵᠤ ᠤᠯᠤᠰ ᠲᠦᠷᠦ᠎ᠶᠢᠨ ᠴᠢᠭᠯᠡᠯ᠎ᠢ ᠰᠠᠶ᠋ᠢᠲᠤᠷ ᠡᠵᠡᠮᠳᠡᠵᠦ᠍᠂ ᠤᠯᠤᠰ ᠲᠦᠷᠦ᠎ᠶᠢᠨ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠬᠤ ᠬᠡᠷᠡᠭᠲᠡᠢ᠃ ᠨᠠᠮ᠎ᠤᠨ ᠤᠯᠤᠰ ᠲᠦᠷᠦ᠎ᠶᠢᠨ ᠰᠠᠬᠢᠯᠭ᠎ᠠ ᠪᠠᠲᠤ᠌ ᠪᠣᠯᠤᠨ ᠤᠯᠤᠰ ᠲᠦᠷᠦ᠎ᠶᠢᠨ ᠶᠣᠰᠣ ᠲᠦᠷᠢᠮ᠎ᠢ ᠴᠢᠩᠳᠠᠯᠠᠵᠤ᠂ ᠤᠯᠤᠰ ᠲᠦᠷᠦ᠎ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠎ᠶᠢᠨ ᠤᠬᠠᠪᠦᠷᠢᠯᠠᠬᠤ ᠴᠢᠳᠠᠪᠤᠷᠢ᠂ ᠤᠯᠤᠰ ᠲᠦᠷᠦ᠎ᠶᠢᠨ ᠭᠦᠢᠴᠡᠳᠭᠡᠬᠦ ᠴᠢᠳᠠᠪᠤᠷᠢ᠎ᠶᠢ ᠳᠡᠭᠡᠭᠰᠢᠯᠡᠭᠦᠯᠵᠦ᠍᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠴᠢᠬᠤᠯᠠ ᠶᠡᠬᠡ ᠰᠢ᠌ᠳᠪᠦᠷᠢᠲᠦ᠍ ᠪᠤᠳᠤᠯᠭ᠎ᠠ ᠪᠠᠶ᠋ᠢᠷᠢᠯᠠᠭᠤᠯᠤᠯᠲᠠ᠎ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ᠎ᠶᠢᠨ ᠲᠠᠯ᠎ᠠ᠎ᠪᠠᠷ ᠢᠮᠠᠭᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠢ᠎ᠠ᠎ᠲᠠᠶ ᠳᠡᠭᠡᠳᠦ ᠬᠡᠮᠵᠢᠢ᠎ᠡ᠎ᠪᠡᠷ ᠨᠢᠭᠡᠳᠦᠯᠲᠡᠢ ᠪᠠᠶ᠋ᠢᠬᠤ ᠬᠡᠷᠡᠭᠲᠡᠢ᠃ 《ᠰᠤᠷᠤᠯᠴᠠᠯᠭ᠎ᠠ ᠪᠡᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ ᠪᠡᠷ ᠤᠶᠤᠨ ᠤᠬᠠᠭᠠᠨ᠎ᠢ ᠨᠡᠮᠡᠭᠳᠡᠭᠦᠯᠬᠦ᠂ ᠰᠤᠷᠤᠯᠴᠠᠯᠭ᠎ᠠ ᠪᠡᠷ ᠰᠤᠷᠲᠠᠯ᠎ᠢ ᠲᠦᠪ ᠪᠤᠯᠭᠠᠬᠤ᠂ ᠰᠤᠷᠤᠯᠴᠠᠯᠭ᠎ᠠ ᠪᠡᠷ ᠠᠵᠢᠯ᠎ᠢ ᠠᠬᠢᠭᠤᠯᠬᠤ》 ᠣᠷᠳᠣ ᠬᠤᠭᠤᠴᠠᠭᠠᠨ᠎ᠤ ᠪᠦᠲᠦᠮᠵᠢᠲᠡᠶ ᠲᠣᠭᠲᠠᠴᠠ᠎ᠶᠢ ᠪᠦᠷᠢᠨᠰᠢᠭᠦᠯᠦᠨ ᠨᠠᠶ᠋ᠢᠳᠠᠪᠤᠷᠢᠵᠢᠭᠤᠯᠵᠤ᠂ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠶᠢ ᠴᠥᠬᠥᠷᠡᠰᠢ ᠥᠬᠡᠶ ᠰᠤᠷᠤᠯᠴᠠᠨ᠂ ᠬᠦᠰᠡᠯᠡᠩ ᠢᠲᠡᠭᠡᠯ ᠪᠢᠰᠢᠷᠡᠯ᠎ᠢᠶᠡᠨ ᠦᠨᠡᠨ ᠬᠦ᠌ ᠪᠠᠲᠤᠳᠬᠠᠵᠤ᠂ ᠦᠵᠡᠯ ᠰᠠᠨᠠᠭᠠᠨ᠎ᠤ ᠦᠨᠳᠦᠰᠦ ᠰᠠᠭᠤᠷᠢ᠎ᠪᠠᠨ ᠪᠡᠬᠢᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠸᠠᠩ ᠸᠧᠢ ᠵᠦᠩ᠂ ᠬᠥᠮᠦᠨ ᠰᠣᠩᠭᠣᠵᠤ ᠬᠥᠮᠦᠨ ᠬᠡᠷᠡᠭᠯᠡᠬᠦ᠌ ᠲᠥᠪ ᠪᠤᠰᠤ ᠰᠤᠷᠲᠠᠯ᠎ᠢ ᠭᠦᠨᠵᠡᠭᠡᠢ ᠴᠡᠭᠴᠡᠯᠡᠨ ᠵᠠᠰᠠᠵᠤ᠂ ᠰᠢᠨ᠎ᠡ ᠴᠠᠭ ᠦᠶ᠎ᠡ᠎ᠶᠢᠨ ᠰᠠᠢ᠌ᠨ ᠺᠠᠳ᠋ᠷ᠎ᠤᠨ ᠪᠠᠷᠢᠮᠵᠢᠶ᠎ᠠ ᠶᠣᠰᠣᠭᠠᠷ ᠡᠯ᠎ᠡ ᠱᠠᠲᠤᠨ᠎ᠤ ᠤᠳᠤᠷᠢᠳᠬᠤ ᠪᠠᠭ ᠪᠣᠯᠤᠨ ᠺᠠᠳ᠋ᠷ᠎ᠤᠨ ᠡᠩᠨᠡᠭᠡ᠎ᠶᠢ ᠰᠠᠶ᠋ᠢᠲᠤᠷ ᠪᠠᠶ᠋ᠢᠭᠤᠯᠬᠤ ᠬᠡᠷᠡᠭᠲᠡᠢ᠃ ᠰᠢᠨ᠎ᠡ ᠴᠠᠭ ᠦᠶ᠎ᠡ᠎ᠶᠢᠨ ᠨᠠᠮ᠎ᠤᠨ ᠵᠣᠬᠢᠶᠠᠨ ᠪᠠᠶ᠋ᠢᠭᠤᠯᠤᠯᠲᠠ᠎ᠶᠢᠨ ᠱᠤᠭᠤᠮ᠎ᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠮᠣᠷᠠᠯ ᠴᠢᠳᠠᠪᠤᠷᠢ᠎ᠶᠢ ᠬᠣᠣᠰᠯᠠᠭᠤᠯᠵᠤ᠂ ᠮᠣᠷᠠᠯ᠎ᠢ ᠲᠡᠷᠢᠭᠦᠨ᠎ᠳᠦ ᠲᠠᠯᠪᠢᠬᠤ᠂ ᠦᠷᠭᠡᠨ ᠬᠡᠪᠴᠢᠶ᠎ᠡ ᠪᠡᠷ ᠰᠢᠯᠢᠵᠦ᠂ ᠡᠷᠳᠡᠮᠳᠡᠨ ᠴᠢᠳᠠᠪᠤᠷᠢᠳᠠᠨ᠎ᠢ ᠬᠡᠷᠡᠭᠯᠡᠬᠦ ᠵᠢ ᠪᠠᠷᠢᠮᠳᠠᠯᠠᠵᠤ᠂ ᠤᠯᠤᠰ ᠲᠦᠷᠦ᠎ᠶᠢᠨ ᠲᠠᠯ᠎ᠠ᠎ᠪᠠᠷ ᠡᠷᠡᠰ ᠪᠠᠲᠤ᠌᠂ ᠵᠢᠩᠬᠢᠨᠢ ᠡᠷᠳᠡᠮ ᠴᠢᠳᠠᠪᠤᠷᠢ᠎ᠲᠠᠶ᠂ ᠪᠣᠳᠠᠲᠤ᠌ ᠠᠮᠵᠢᠯᠲᠠ᠎ᠪᠠᠷ ᠲᠤᠪᠤᠢ᠌ᠮ᠎ᠠ᠂ ᠤᠯᠠᠨ ᠲᠦᠮᠡᠨ᠎ᠳᠦ ᠮᠡᠳᠡᠷᠡᠭᠳᠡᠭᠰᠡᠨ ᠺᠠᠳ᠋ᠷ᠎ᠢ ᠶᠡᠬᠡᠪᠡᠷ ᠰᠢᠯᠢᠨ ᠳᠡᠪᠰᠢᠭᠦᠯᠬᠦ ᠬᠡᠷᠡᠭᠳᠡᠢ᠃ ᠪᠣᠳᠠᠲᠠᠢ ᠪᠠᠶ᠋ᠢᠳᠠᠯ᠎ᠢᠶᠠᠨ ᠦᠨᠳᠦᠰᠦᠯᠡᠨ ᠺᠠᠳ᠋ᠷ᠎ᠢ ᠲᠤᠬᠢᠷᠠᠭᠤᠯᠵᠦ᠍᠂ ᠠᠵᠢᠯ ᠦᠢᠯᠡᠰ᠎ᠲᠦ᠍ ᠶᠠᠮᠠᠷ ᠬᠥᠮᠦᠨ᠎ᠢ ᠬᠡᠷᠡᠭᠰᠡᠪᠡᠯ ᠶᠠᠮᠠᠷ ᠬᠥᠮᠦᠨ᠎ᠢ ᠰᠣᠩᠭᠣᠵᠤ᠂ ᠠᠵᠢᠯ᠎ᠤᠨ ᠪᠠᠶ᠋ᠢᠷᠢ᠎ᠳᠤ ᠶᠠᠮᠠᠷ ᠬᠥᠮᠦᠨ ᠳᠤᠲᠠᠭᠳᠠᠪᠠᠯ ᠶᠠᠮᠠᠷ ᠬᠥᠮᠦᠨ᠎ᠢ ᠲᠤᠬᠢᠷᠠᠭᠤᠯᠵᠦ᠍᠂ ᠲᠣᠬᠢᠷᠠᠮᠵᠢᠲᠠᠢ ᠺᠠᠳ᠋ᠷ᠎ᠢ ᠲᠣᠬᠢᠷᠠᠮᠵᠢᠲᠠᠢ ᠠᠵᠢᠯ᠎ᠤᠨ ᠪᠠᠶ᠋ᠢᠷᠢᠨ᠎ᠳᠤ ᠲᠤᠬᠢᠷᠠᠭᠤᠯᠬᠤ ᠬᠡᠷᠡᠭᠲᠡᠢ᠃ ᠠᠭᠤᠴᠢᠯᠠᠬᠤ ᠪᠠ ᠴᠢᠩᠭ᠎ᠠ ᠰᠢᠢᠳᠬᠡᠬᠦ᠌ᠶᠢ ᠬᠤᠤᠰᠯᠠᠭᠤᠯᠵᠤ ᠺᠠᠳ᠋ᠷ᠎ᠢ ᠬᠠᠮᠢᠶᠠᠷᠴᠤ᠌᠂ 《ᠭᠤᠷᠪᠠ᠎ᠶᠢ ᠢᠯᠭᠠᠬᠤ》 ᠱᠠᠭᠠᠷᠳᠠᠯᠭ᠎ᠠ᠎ᠶᠢ ᠴᠢᠩᠭ᠎ᠠ ᠨᠠᠶ᠋ᠢᠳᠠᠪᠤᠷᠢᠵᠢᠭᠤᠯᠵᠤ᠂ ᠺᠠᠳ᠋ᠷ᠎ᠤᠨ ᠳᠠᠪᠰᠢᠵᠦ ᠪᠠᠭᠤᠵᠤ ᠪᠦᠷ ᠪᠣᠯᠬᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠬᠤ᠎ᠶᠢ ᠨᠡᠩ ᠶᠡᠬᠡ ᠡᠷᠴᠢᠮ᠎ᠢᠶᠡᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠴᠢᠩᠭ᠎ᠠ ᠬᠦᠴᠦᠲᠡᠢ ᠪᠡᠷ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠡᠯ᠎ᠢ ᠡᠰᠡᠷᠭᠦᠴᠡᠵᠦ᠍᠂ ᠤᠯᠤᠰ ᠲᠦᠷᠦ᠎ᠶᠢᠨ ᠠᠮᠢ ᠠᠬᠤᠢ᠎ᠶᠢ ᠲᠦᠷᠭᠡᠨ ᠴᠡᠪᠡᠷᠰᠢᠭᠦᠯᠵᠦ᠍᠂ ᠰᠠᠢ᠌ᠨ ᠰᠠᠶ᠋ᠢᠬᠠᠨ ᠬᠥᠭᠵᠢᠯᠲᠡ᠎ᠶᠢᠨ ᠣᠷᠴᠢᠨ ᠨᠦᠭᠦᠴᠡᠯ᠎ᠢ ᠪᠤᠢ ᠪᠣᠯᠭᠠᠬᠤ ᠬᠡᠷᠡᠭᠲᠡᠢ᠃ ᠰᠦᠨ ᠱᠤᠤ ᠴᠧᠩ᠂ ᠸᠠᠩ ᠯᠢ ᠰᠢᠶᠠ ᠵᠡᠷᠭᠡ ᠵᠢᠨ ᠰᠠᠬᠢᠯᠭ᠎ᠠ ᠪᠠᠲᠤ᠌ ᠬᠠᠤᠯᠢ ᠴᠠᠭᠠᠵᠠ᠎ᠶᠢ ᠬᠦᠨᠳᠦ ᠨᠣᠴᠢᠲᠠᠶ ᠵᠥᠷᠢᠴᠡᠭᠰᠡᠨ ᠰᠤᠷᠭᠠᠮᠵᠢ᠎ᠶᠢ ᠭᠦᠨᠵᠡᠭᠡᠶ ᠰᠢᠩᠭᠡᠭᠡᠨ ᠠᠪᠴᠤ᠌᠂ ᠣᠯᠠᠨ ᠨᠡᠶ᠋ᠢᠲᠡ᠎ᠶᠢᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶᠢᠨ ᠬᠢᠨᠠᠯᠲᠠ ᠬᠠᠮᠢᠶᠠᠷᠤᠯᠲᠠ ᠪᠠ ᠡᠷᠬᠡ᠎ᠶᠢᠨ ᠠᠵᠢᠯᠯᠠᠭᠠᠨ᠎ᠳᠤ ᠬᠢᠨᠠᠯᠲᠠ ᠲᠠᠯᠪᠢᠵᠤ ᠬᠢᠵᠠᠭᠠᠷᠯᠠᠬᠤ᠎ᠶᠢ ᠴᠢᠩᠭᠠᠳᠬᠠᠬᠤ ᠬᠡᠷᠡᠭᠳᠡᠢ᠃ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠰᠤᠷᠲᠠᠯ᠎ᠢ ᠴᠡᠭᠴᠡᠯᠡᠨ ᠰᠠᠬᠢᠯᠭ᠎ᠠ ᠪᠠᠲᠤ᠎ᠶᠢ ᠴᠢᠩᠳᠠᠯᠠᠵᠤ ᠢᠯᠵᠢᠷᠠᠯ᠎ᠢ ᠡᠰᠡᠷᠭᠦᠴᠡᠬᠦ᠌᠎ᠶᠢ ᠬᠠᠷᠢᠯᠴᠠᠨ ᠨᠡᠪᠲᠡᠷᠡᠯᠴᠡᠭᠦᠯᠵᠦ᠍᠂ ᠬᠢᠳᠤᠭᠠᠨ ᠢᠷ᠎ᠢ ᠳᠣᠲᠣᠭᠰᠢ ᠬᠠᠨᠳᠤᠭᠤᠯᠬᠤ ᠥᠪᠡᠷ ᠪᠡᠶ᠎ᠡ᠎ᠵᠢᠨ ᠬᠤᠪᠢᠰᠬᠠᠯ ᠬᠢᠬᠦ ᠵᠣᠷᠢᠭ ᠰᠠᠨᠠᠭ᠎ᠠ᠎ᠪᠠᠷ ᠰᠤᠷᠲᠠᠯ ᠢᠯᠵᠢᠷᠡᠯ᠎ᠢ ᠵᠡᠷᠭᠡ ᠪᠡᠷ ᠪᠠᠶ᠋ᠢᠴᠠᠭᠠᠵᠤ ᠵᠡᠷᠭᠡ ᠪᠡᠷ ᠵᠠᠰᠠᠬᠤ ᠵᠢ ᠭᠦᠨᠵᠡᠭᠡᠶ᠋ᠢᠷᠡᠭᠦᠯᠵᠦ᠂ 《ᠢᠯᠵᠢᠷᠡᠬᠦ ᠡᠴᠡ ᠵᠢᠷᠦᠬᠡᠰᠢᠶᠡᠬᠦ᠂ ᠢᠯᠵᠢᠷᠠᠵᠤ ᠪᠤᠯᠬᠤ ᠦᠭᠡᠢ᠂ ᠢᠯᠵᠢᠷᠠᠬᠦ ᠵᠢ ᠪᠤᠳᠤᠬᠤ ᠦᠭᠡᠢ》 ᠪᠠᠢᠬᠤ ᠵᠢ ᠨᠢᠭᠡ ᠴᠤᠬᠴᠠᠵᠢᠭᠤᠯᠤᠨ ᠠᠬᠢᠭᠤᠯᠵᠤ᠂ ᠢᠯᠵᠢᠷᠡᠯ᠎ᠢ ᠡᠰᠡᠷᠭᠦᠴᠡᠬᠦ᠌ ᠲᠡᠮᠡᠴᠡᠯ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭᠠᠨ ᠤᠳᠠᠭᠠᠨ ᠳᠠᠭᠠᠭᠠᠮᠠᠭᠠᠢ ᠳᠠᠶ᠋ᠢᠯᠠᠯᠳᠤᠭᠠᠨ ᠶᠡᠷᠦᠩᠬᠡᠢ ᠳᠠᠶ᠋ᠢᠯᠠᠯᠳᠤᠭᠠᠨ᠎ᠢ ᠡᠷᠡᠰ ᠰᠠᠶ᠋ᠢᠲᠤᠷ ᠬᠢᠬᠦ᠌ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠸᠧᠢ ᠵᠦᠩ᠂ ᠵᠠᠰᠠᠭ᠎ᠤᠨ ᠠᠵᠢᠯ᠎ᠤᠨ ᠪᠦᠳᠦᠮᠵᠢ ᠵᠢᠨ ᠲᠤᠬᠠᠢ ᠵᠦᠪ ᠦᠵᠡᠯᠲᠡ᠎ᠶᠢ ᠪᠠᠲᠤ᠌ ᠪᠤᠢ ᠪᠣᠯᠭᠠᠨ ᠦᠢᠯᠡᠳᠦᠯᠭᠡᠵᠢᠭᠦᠯᠵᠦ᠍᠂ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠭᠣᠣᠯ ᠴᠣᠭᠴᠠ᠎ᠶᠢᠨ ᠬᠠᠷᠢᠭᠤᠴᠠᠯᠭ᠎ᠠ᠂ ᠡᠯ᠎ᠡ ᠱᠠᠲᠤᠨ᠎ᠤ ᠰᠠᠬᠢᠯᠭ᠎ᠠ ᠪᠠᠲᠤ᠌ ᠪᠠᠶ᠋ᠢᠴᠠᠭᠠᠬᠤ ᠬᠤᠷᠢᠶ᠎ᠠ ᠵᠢᠨ ᠬᠢᠨᠠᠯᠲᠠ ᠲᠠᠯᠪᠢᠬᠤ ᠬᠠᠷᠢᠭᠤᠴᠠᠯᠭ᠎ᠠ᠎ᠶᠢ ᠱᠠᠳᠤ ᠱᠠᠳᠤ᠎ᠪᠠᠷ ᠪᠣᠳᠠᠲᠠᠶ᠋ᠢᠵᠢᠭᠤᠯᠵᠤ᠂ ᠡᠯ᠎ᠡ ᠱᠠᠲᠤᠨ᠎ᠤ ᠨᠠᠮ᠎ᠤᠨ ᠬᠣᠷᠢᠢ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ᠎ᠶᠢᠨ ᠨᠢᠭᠡᠳᠦᠭᠡᠷ ᠬᠠᠷᠢᠭᠤᠴᠠᠯᠭᠠᠲᠠᠨ᠎ᠤ ᠬᠠᠷᠢᠭᠤᠴᠠᠯᠭ᠎ᠠ᠎ᠪᠠᠨ ᠭᠦᠢᠴᠡᠳᠬᠡᠬᠦ᠌᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ ᠤ᠋ 《ᠨᠢᠭᠡ ᠠᠵᠢᠯ᠎ᠤᠨ ᠪᠠᠶ᠋ᠢᠷᠢ᠎ᠳᠦ ᠬᠤᠤᠰ ᠬᠠᠷᠢᠭᠤᠴᠠᠯᠭᠠᠡᠭᠦᠷᠭᠡᠯᠡᠬᠦ》 ᠵᠢ ᠠᠬᠢᠭᠤᠯᠵᠤ᠂ ᠡᠯ᠎ᠡ ᠱᠠᠳᠤ ᠳᠠᠪᠬᠤᠷᠭ᠎ᠠ ᠡᠯ᠎ᠡ ᠬᠦᠷᠢᠶ᠎ᠡ ᠡᠯ᠎ᠡ ᠠᠵᠢᠯ ᠲᠦᠷᠦᠯ᠎ᠦᠨ ᠨᠠᠮ᠎ᠤᠨ ᠪᠠᠶ᠋ᠢᠭᠤᠯᠤᠯᠲᠠ᠎ᠶᠢᠨ ᠠᠵᠢᠯ᠎ᠢ ᠠᠳᠬᠤᠵᠤ ᠰᠢᠨ᠎ᠡ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠬᠠᠷᠢᠭᠤᠴᠠᠯᠭ᠎ᠠ᠎ᠶᠢ ᠨᠠᠶ᠋ᠢᠳᠠᠪᠤᠷᠢᠵᠢᠭᠤᠯᠬᠤ᠎ᠶᠢ ᠰᠢᠯᠭᠠᠨ ᠦᠨᠡᠯᠡᠬᠦ᠌ ᠲᠣᠭᠲᠠᠴᠠ᠎ᠶᠢ ᠰᠢᠯᠢᠳᠡᠭᠵᠢᠭᠦᠯᠵᠦ᠍᠂ ᠲᠤᠰᠢᠶᠠᠯ᠎ᠳᠠᠭᠠᠨ ᠣᠰᠣᠯᠳᠠᠵᠤ ᠬᠠᠷᠢᠭᠤᠴᠠᠯᠭ᠎ᠠ᠎ᠪᠠᠨ ᠠᠯᠳᠠᠭᠰᠠᠳ᠎ᠡᠴᠡ ᠨᠠᠷᠢᠯᠢᠭ ᠣᠨᠣᠪᠴᠢᠲᠠᠢ᠎ᠪᠠᠷ ᠰᠢᠨᠵᠢᠯᠡᠬᠦ᠌ ᠤᠬᠠᠭᠠᠨᠴᠢ ᠪᠠᠷ ᠬᠠᠷᠢᠭᠤᠴᠠᠯᠭ᠎ᠠ ᠨᠡᠬᠡᠮᠵᠢᠯᠡᠵᠦ᠍᠂ ᠡᠷᠬᠡ ᠬᠠᠷᠢᠭᠤᠴᠠᠯᠭ᠎ᠠ᠎ᠶᠢ ᠠᠳᠠᠯᠢ ᠲᠡᠭᠰᠢ ᠪᠠᠶ᠋ᠢᠯᠭᠠᠬᠤ᠂ ᠬᠠᠷᠢᠭᠤᠴᠠᠯᠭ᠎ᠠ ᠠᠯᠳᠠᠪᠠᠯ ᠡᠷᠭᠡᠪᠰᠢ ᠨᠡᠬᠡᠮᠵᠢᠯᠡᠬᠦ᠌᠎ᠶᠢ ᠪᠡᠶᠡᠯᠡᠭᠦᠯᠬᠦ᠌ ᠬᠡᠷᠡᠭᠲᠡᠢ ᠭᠡᠵᠦ ᠴᠢᠬᠤᠯᠠᠴᠢᠯᠠᠪᠠ᠃