《ᠰᠢ ᠵᠢᠨ ᠫᠢᠩ ᠲᠦᠷᠦ᠎ᠶᠢ ᠵᠠᠰᠠᠬᠤ ᠲᠤᠬᠠᠢ》 ᠭᠡᠬᠦ᠌ ᠨᠣᠮ᠎ᠤᠨ ᠲᠠᠪᠤᠳᠤᠭᠠᠷ ᠪᠤᠳᠢ᠎ᠶᠢᠨ ᠳᠤᠮᠳᠠᠳᠤ ᠰᠷᠢ ᠯᠠᠨᠺᠠ ᠵᠢᠨ ᠤᠩᠰᠢᠭᠴᠢᠳ᠎ᠤᠨ ᠬᠤᠷᠠᠯ 3᠎ᠤ᠋ ᠡᠳᠦᠷ ᠰᠷᠢ ᠯᠠᠨᠺᠠ ᠵᠢᠨ ᠨᠡᠶ᠋ᠢᠰᠯᠡᠯ ᠺᠤᠯᠤᠮᠪᠤ ᠳ᠋ᠤ ᠶᠠᠪᠤᠭᠳᠠᠪᠠ᠃
ᠬᠤᠷᠠᠯ᠎ᠳᠤ ᠣᠷᠣᠯᠴᠠᠭᠰᠠᠨ ᠬᠦᠨᠳᠦᠲᠦ᠍ ᠵᠣᠴᠢᠳ᠂ 《ᠰᠢ ᠵᠢᠨ ᠫᠢᠩ ᠲᠥᠷᠥ᠎ᠶᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠣᠲᠢ ᠪᠣᠯ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭᠠᠨ᠎ᠤ ᠬᠠᠮᠤᠭ᠎ᠤᠨ ᠰᠢᠨ᠎ᠡ ᠦᠷ᠎ᠡ ᠪᠦᠲᠦᠭᠡᠯ᠎ᠢ ᠪᠥᠬᠥ᠌ ᠲᠠᠯ᠎ᠠ᠎ᠪᠠᠷ ᠰᠢᠰᠲ᠋ᠧᠮ᠎ᠲᠡᠶ ᠲᠤᠰᠬᠠᠭᠰᠠᠨ ᠡᠷᠬᠡ ᠰᠦᠷᠲᠦ᠍ ᠪᠦᠲᠦᠭᠡᠯ ᠮᠥᠨ᠂ ᠡᠨᠡ᠎ᠨᠢ ᠳᠡᠯᠡᠬᠡᠶ ᠨᠡᠶ᠋ᠢᠭᠡᠮᠦᠨᠬᠢᠨᠦ ᠳᠤᠮᠳᠠᠳᠤ ᠤᠯᠤᠰ᠎ᠤᠨ ᠵᠠᠮ᠂ ᠳᠤᠮᠳᠠᠳᠤ ᠤᠯᠤᠰ᠎ᠤᠨ ᠵᠠᠰᠠᠯᠲᠠ᠂ ᠳᠤᠮᠳᠠᠳᠤ ᠤᠯᠤᠰ᠎ᠤᠨ ᠶᠣᠰᠣ ᠰᠤᠷᠲᠠᠬᠤᠨ᠎ᠤ ᠲᠤᠬᠠᠶ ᠣᠶ᠋ᠢᠯᠠᠭᠠᠯᠲᠠ ᠲᠠᠨᠢᠯᠲᠠ᠎ᠪᠠᠨ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠌᠎ᠳᠦ ᠠᠰᠢᠭᠲᠠᠶ ᠶᠤᠮ ᠭᠡᠵᠦ ᠦᠵᠡᠪᠡ᠃ ᠬᠤᠷᠠᠯ᠎ᠳᠤ ᠣᠷᠣᠯᠴᠠᠭᠰᠠᠨ ᠬᠦᠨᠳᠦᠲᠦ᠍ ᠵᠣᠴᠢᠳ᠂ ᠳᠤᠮᠳᠠᠳᠤ ᠰᠷᠢ ᠯᠠᠨᠺᠠ ᠪᠣᠯ ᠣᠳᠣᠬᠢᠴᠢᠯᠠᠯᠲᠠ᠎ᠶᠢᠨ ᠵᠠᠮ᠎ᠢᠶᠠᠷ ᠵᠠᠮᠨᠠᠭᠴᠢ ᠮᠥᠨ᠂ ᠡᠨᠡ ᠤᠳᠠᠭ᠎ᠠ᠎ᠶᠢᠨ ᠤᠩᠰᠢᠭᠴᠢᠳ᠎ᠤᠨ ᠬᠤᠷᠠᠯ᠎ᠢ ᠡᠷᠬᠢᠯᠡᠭᠰᠡᠨ ᠨᠢ ᠬᠣᠶᠠᠷ ᠤᠯᠤᠰ᠎ᠤᠨ ᠣᠶ᠋ᠢᠯᠠᠭᠠᠯᠴᠠᠭᠠᠪᠠᠨ ᠨᠡᠮᠡᠭᠳᠡᠭᠦᠯᠬᠦ᠌᠂ ᠬᠠᠮᠲᠤ᠎ᠶᠢᠨ ᠲᠠᠨᠢᠯᠲᠠ᠎ᠪᠠᠨ ᠨᠢᠭᠲᠠᠷᠠᠭᠤᠯᠬᠤ᠂ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠬᠦ᠌᠂ ᠭᠠᠷ ᠬᠣᠯᠪᠣᠨ ᠳᠤᠮᠳᠠᠳᠤ ᠰᠷᠢ ᠯᠠᠨᠺᠠ ᠵᠢᠨ ᠬᠤᠪᠢ ᠵᠠᠶᠠᠭᠠᠨ᠎ᠤ ᠬᠠᠮᠲᠤ᠎ᠶᠢᠨ ᠴᠣᠭᠴᠠ᠎ᠶᠢ ᠪᠠᠶ᠋ᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠶ ᠶᠤᠮ ᠭᠡᠵᠦ ᠢᠯᠡᠳᠭᠡᠪᠡ᠃
ᠰᠷᠢ ᠯᠠᠨᠺᠠ᠎ᠶᠢᠨ ᠵᠥᠪᠯᠡᠯᠭᠡᠨ᠎ᠦ ᠬᠤᠷᠠᠯ᠎ᠤᠨ ᠳᠠᠷᠤᠭ᠎ᠠ ᠵᠠᠭᠠᠴᠧ·ᠸᠢᠺᠷᠠᠮᠠᠷᠠᠲᠧᠨᠠ᠂ 《ᠰᠢ ᠵᠢᠨ ᠫᠢᠩ ᠲᠥᠷᠥ᠎ᠶᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠤᠳᠢ ᠨᠢ ᠳᠡᠯᠡᠬᠡᠢ ᠳ᠋ᠠᠬᠢᠨ᠎ᠳᠤ ᠳᠤᠮᠳᠠᠳᠤ ᠤᠯᠤᠰ᠎ᠤᠨ ᠵᠠᠰᠠᠯᠲᠠ᠎ᠶᠢᠨ ᠠᠷᠭ᠎ᠠ ᠪᠤᠳᠤᠯᠭ᠎ᠠ᠂ ᠬᠥᠭᠵᠢᠯᠲᠡ᠎ᠶᠢᠨ ᠰᠡᠳᠬᠢᠴᠡ᠂ ᠰᠢᠨ᠎ᠡ᠎ᠶᠢ ᠡᠭᠦᠳᠬᠦ᠌ ᠣᠶ᠋ᠢᠯᠠᠭᠠᠭᠳᠠᠬᠤᠨ ᠪᠣᠯᠤᠨ ᠤᠯᠠᠨ ᠤᠯᠤᠰ᠎ᠤᠨ ᠬᠠᠮᠲᠤᠷᠠᠯᠴᠠᠭᠠᠨ᠎ᠤ ᠵᠣᠷᠢᠯᠲᠠ᠎ᠶᠢ ᠣᠶ᠋ᠢᠯᠠᠭᠠᠬᠤ᠎ᠳᠤ ᠡᠷᠬᠢᠮ ᠨᠠᠨᠳᠢᠨ ᠬᠠᠷᠠᠭᠠᠰᠤ ᠬᠠᠩᠭᠠᠪᠠ᠃ ᠡᠨᠡ ᠬᠦ᠌ ᠪᠦᠲᠦᠭᠡᠯ ᠨᠢ ᠳᠤᠮᠳᠠᠳᠤ ᠤᠯᠤᠰ᠎ᠤᠨ ᠬᠥᠭᠵᠢᠯᠲᠡ᠎ᠶᠢᠨ ᠦᠢᠯᠡᠳᠦᠯᠭᠡ᠎ᠶᠢᠨ ᠲᠤᠷᠰᠢᠯᠭ᠎ᠠ᠎ᠶᠢ ᠲᠡᠮᠳᠡᠭᠯᠡᠭᠰᠡᠨ᠎ᠢᠶᠡᠷ ᠪᠠᠷᠠᠬᠤ ᠦᠭᠡᠢ ᠪᠠᠰᠠ ᠳᠤᠮᠳᠠᠳᠤ ᠤᠯᠤᠰ᠎ᠤᠨ ᠳᠡᠯᠡᠬᠡᠢ᠎ᠶᠢᠨ ᠡᠩᠬᠡ ᠲᠠᠶ᠋ᠢᠪᠤᠩ᠎ᠢ ᠬᠠᠮᠠᠭᠠᠯᠠᠬᠤ ᠪᠠ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠬᠤ ᠲᠤᠬᠠᠢ ᠭᠦᠨᠵᠡᠭᠡᠢ ᠪᠣᠳᠣᠯᠬᠢᠯᠠᠯ᠎ᠢ ᠢᠯᠡᠷᠡᠭᠦᠯᠦᠭᠰᠡᠨ ᠪᠠᠶ᠋ᠢᠨ᠎ᠠ᠃ ᠰᠷᠢ ᠯᠠᠨᠺᠠ ᠳᠤᠷᠠᠲᠠᠶ᠎ᠠ ᠳᠤᠮᠳᠠᠳᠤ ᠤᠯᠤᠰ᠎ᠯᠤᠭ᠎ᠠ ᠡᠯ᠎ᠡ ᠬᠦᠷᠢᠶᠡᠨ᠎ᠦ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠬᠡᠵᠦ᠍᠂ ᠰᠷᠢ ᠯᠠᠨᠺᠠ ᠳᠤᠮᠳᠠᠳᠤ᠎ᠶᠢᠨ ᠦᠨᠡᠨᠴᠢ ᠬᠠᠪᠰᠤᠷᠤᠯᠴᠠᠭ᠎ᠠ᠂ ᠦᠶ᠎ᠡ᠎ᠶᠢᠨ ᠦᠶ᠎ᠡ᠎ᠳᠡᠭᠡᠨ ᠨᠥᠬᠥᠷᠰᠡᠭ ᠪᠠᠶ᠋ᠢᠬᠤ ᠪᠠᠶ᠋ᠢᠯᠳᠤᠬᠤ ᠪᠤᠳᠤᠯᠭ᠎ᠠ᠎ᠶᠢᠨ ᠬᠠᠮᠲᠤᠷᠠᠯᠴᠠᠭᠠᠨ᠎ᠤ ᠬᠠᠨᠢᠲᠠᠨ᠎ᠤ ᠬᠠᠷᠢᠯᠴᠠᠭ᠎ᠠ᠎ᠶᠢᠨ ᠲᠠᠰᠤᠷᠠᠯᠳᠠ ᠦᠭᠡᠢ ᠰᠢᠨ᠎ᠡ ᠠᠬᠢᠴᠠ᠎ᠲᠠᠶ ᠪᠣᠯᠬᠤ᠎ᠶᠢ ᠠᠬᠢᠭᠤᠯᠤᠨ᠎ᠠ ᠭᠡᠵᠦ᠍ ᠢᠯᠡᠳᠬᠡᠪᠡ᠃
ᠰᠷᠢ ᠯᠠᠨᠺᠠ ᠵᠢᠨ ᠰᠤᠷᠭᠠᠨ ᠬᠥᠮᠦᠵᠢᠯ ᠪᠠ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠶᠠᠮᠤᠨ᠎ᠤ ᠳᠡᠳ᠋ ᠰᠠᠶ᠋ᠢᠳ ᠮᠠᠲ᠋ᠦᠢ᠍ᠯᠠ·ᠰᠸᠨ᠋ᠸᠸᠢᠯᠠᠲᠸᠨᠠ᠂ 《ᠰᠢ ᠵᠢᠨ ᠫᠢᠩ ᠲᠥᠷᠥ᠎ᠶᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠤᠳᠢ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠲᠣᠳᠣᠷᠬᠠᠢ ᠪᠦᠲᠦᠴᠡ᠎ᠶᠢ ᠵᠢᠷᠤᠭᠯᠠᠵᠤ᠂ ᠠᠵᠤ ᠠᠬᠤᠢ᠎ᠶᠢᠨ ᠬᠥᠭᠵᠢᠯᠲᠡ᠂ ᠰᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠬᠦ᠂ ᠤᠳᠤ ᠦᠶ᠎ᠡ᠎ᠶᠢᠨ ᠰᠤᠷᠭᠠᠨ ᠬᠥᠮᠦᠵᠢᠯ ᠵᠢᠴᠢ ᠰᠣᠶᠣᠯ᠎ᠤᠨ ᠤᠯᠠᠮᠵᠢᠯᠠᠯ ᠪᠠ ᠬᠠᠮᠠᠭᠠᠯᠠᠯᠲᠠ ᠵᠡᠷᠭᠡ ᠡᠯ᠎ᠡ ᠬᠦᠷᠢᠶ᠎ᠡ᠎ᠶᠢ ᠬᠠᠮᠤᠷᠴᠠᠢ᠃ ᠣᠳᠣᠬᠢᠴᠢᠯᠠᠯᠲᠠ᠎ᠶᠢ ᠪᠡᠶᠡᠯᠡᠭᠦᠯᠬᠦ᠌᠎ᠶᠢ ᠬᠦᠰᠡᠳᠡᠭ ᠪᠥᠭᠡᠳ ᠲᠡᠦᠬᠡ᠎ᠶᠢᠨ ᠦᠨᠳᠦᠰᠦ ᠰᠤᠷᠪᠤᠯᠵᠢ᠎ᠪᠠᠨ ᠠᠯᠳᠠᠬᠤ ᠳᠤᠷ᠎ᠠ ᠦᠭᠡᠢ ᠤᠯᠤᠰ ᠪᠦᠬᠦᠨ ᠴᠥᠮ ᠲᠡᠭᠦᠨ᠎ᠦ ᠳᠤᠮᠳᠠ᠎ᠡᠴᠡ ᠡᠷᠬᠢᠮ ᠨᠠᠨᠳᠢᠨ ᠰᠡᠩᠬᠡᠷᠡᠭᠦᠯᠦᠯ ᠣᠯᠵᠤ ᠴᠢᠳᠠᠨ᠎ᠠ ᠭᠡᠪᠡ᠃
ᠰᠷᠢ ᠯᠠᠨᠺᠠ ᠵᠢᠨ ᠡᠪ ᠬᠠᠮᠲᠤ᠌ ᠨᠠᠮ᠎ᠤᠨ ᠶᠡᠷᠦᠩᠬᠡᠢ ᠱᠦᠵᠢ ᠵᠢᠭᠠᠨᠨᠠᠭ᠌ᠸ·ᠸᠢᠷᠠᠰᠢᠨᠬᠠ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭᠵᠢᠭᠦᠯᠬᠦ᠌᠂ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠬᠤ᠂ ᠰᠢᠨᠵᠢᠯᠡᠬᠦ᠌ ᠤᠬᠠᠭᠠᠨ ᠲᠸᠭᠨᠢ᠌ᠡ᠋ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭᠵᠢᠬᠦ᠌᠎ᠶᠢ ᠪᠡᠶᠡᠯᠡᠭᠦᠯᠬᠦ᠌᠂ ᠠᠮᠢ ᠠᠬᠤᠢ᠎ᠶᠢᠨ ᠪᠣᠯᠪᠠᠰᠤᠨ᠎ᠢ ᠪᠠᠶ᠋ᠢᠭᠤᠯᠬᠤ ᠵᠡᠷᠭᠡ ᠲᠠᠯ᠎ᠠ᠎ᠪᠠᠷ ᠣᠯᠤᠭᠰᠠᠨ ᠠᠮᠵᠢᠯᠲᠠ ᠨᠢ ᠨᠡᠶ᠋ᠢᠭᠡᠮ ᠵᠢᠷᠤᠮ᠎ᠤᠨ ᠪᠠᠶ᠋ᠢᠭᠤᠯᠤᠯ ᠨᠡᠩ ᠥᠨᠳᠥᠷ ᠪᠦᠲᠦᠮᠵᠢᠲᠡᠢ ᠪᠡᠷ ᠣᠳᠣᠬᠢᠴᠢᠯᠠᠯᠲᠠ᠎ᠶᠢᠨ ᠪᠦᠳᠦᠭᠡᠨ ᠪᠠᠶ᠋ᠢᠭᠤᠯᠤᠯᠲᠠ᠎ᠶᠢ ᠵᠣᠬᠢᠶᠠᠨ ᠪᠠᠶ᠋ᠢᠭᠤᠯᠵᠤ᠂ ᠦᠷ᠎ᠡ ᠪᠦᠲᠦᠮᠵᠢ ᠪᠣᠯᠤᠨ ᠡᠷᠬᠡ ᠲᠡᠭᠰᠢ᠎ᠶᠢ ᠨᠡᠩ ᠰᠠᠶ᠋ᠢᠲᠤᠷ ᠬᠠᠷᠠᠭᠠᠯᠵᠠᠵᠤ ᠴᠢᠳᠠᠨ᠎ᠠ ᠬᠡᠳᠡᠭ᠎ᠢ ᠭᠦᠢᠴᠡᠳ ᠭᠡᠷᠡᠴᠢᠯᠡᠪᠡ ᠭᠡᠵᠦ ᠢᠯᠡᠳᠭᠡᠪᠡ᠃
ᠠᠵᠢᠯᠯᠠᠭ᠎ᠠ ᠳᠤᠮᠳᠠ᠂ ᠳᠤᠮᠳᠠᠳᠤ ᠤᠯᠤᠰ᠎ᠡᠴᠡ ᠰᠷᠢ ᠯᠠᠨᠺᠠ ᠵᠢᠨ ᠬᠦᠨᠳᠦᠲᠦ᠍ ᠵᠣᠴᠢᠳᠲᠤ᠌ 《ᠰᠢ ᠵᠢᠨ ᠫᠢᠩ ᠲᠥᠷᠥ᠎ᠶᠢ ᠵᠠᠰᠠᠬᠤ ᠲᠤᠬᠠᠶ》 ᠭᠡᠬᠦ᠌ ᠨᠣᠮ᠎ᠤᠨ ᠲᠠᠪᠤᠳᠤᠭᠠᠷ ᠪᠤᠲᠢ᠎ᠶᠢᠨ ᠠᠨᠭ᠌ᠭ᠌ᠯᠢ ᠬᠡᠯᠡᠨ᠎ᠦ ᠬᠡᠪᠯᠡᠯ᠂ ᠬᠣᠶᠠᠳᠤᠭᠠᠷ ᠪᠤᠲᠢ᠎ᠶᠢᠨ ᠰᠢᠨᡁᠠᠯᠠ ᠬᠡᠯᠡᠨ᠎ᠦ ᠬᠡᠪᠯᠡᠯ᠎ᠦᠨ ᠨᠣᠮ᠎ᠢ ᠬᠦᠷᠭᠡᠪᠡ᠃ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠳ ᠤᠯᠤᠰ᠎ᠤᠨ ᠵᠠᠰᠠᠯᠲᠠ᠂ ᠪᠣᠬᠢᠷᠲᠤᠯ ᠥᠬᠡᠶ ᠬᠥᠭᠵᠢᠯᠲᠡ᠂ ᠨᠡᠭᠡᠭᠡᠯᠲᠡ ᠬᠢᠵᠦ᠍ ᠬᠠᠮᠲᠤᠷᠠᠯᠴᠠᠬᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠶ᠋ᠢᠭᠤᠯᠬᠤ ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃
ᠲᠤᠰ ᠤᠳᠠᠭ᠎ᠠ᠎ᠶᠢᠨ ᠤᠩᠰᠢᠭᠴᠢᠳ᠎ᠤᠨ ᠬᠤᠷᠠᠯ ᠨᠢ 《ᠬᠤᠪᠢ ᠵᠠᠶᠠᠭ᠎ᠠ᠎ᠪᠠᠨ ᠬᠠᠮᠲᠤᠳᠬᠠᠶᠠ᠄ ᠳᠤᠮᠳᠠᠳᠤ ᠰᠷᠢ ᠯᠠᠨᠺᠠ ᠬᠣᠶᠠᠷ ᠤᠯᠤᠰ ᠣᠳᠣᠬᠢᠴᠢᠯᠠᠯᠲᠠ᠎ᠶᠢᠨ ᠵᠠᠮ᠎ᠢᠶᠠᠷ ᠬᠠᠮᠲᠤ᠎ᠪᠠᠷ ᠵᠠᠮᠨᠠᠶ᠎ᠠ》 ᠭᠡᠬᠦ᠌ ᠭᠣᠣᠯ ᠰᠡᠳᠦᠪ᠎ᠢᠶᠡᠷ ᠶᠠᠪᠤᠭᠳᠠᠵᠤ᠂ ᠳᠤᠮᠳᠠᠳᠤ ᠤᠯᠤᠰ᠎ᠤᠨ ᠲᠦᠷᠦ᠎ᠶᠢᠨ ᠶᠠᠪᠤᠳᠠᠯ᠎ᠤᠨ ᠬᠤᠷᠢᠶ᠎ᠠ ᠵᠢᠨ ᠰᠣᠨᠢᠨ ᠮᠡᠳᠡᠭᠡᠨ᠎ᠦ ᠠᠯᠪᠠᠨ ᠭᠡᠷ᠂ ᠳᠤᠮᠳᠠᠳᠤ ᠤᠯᠤᠰ᠎ᠤᠨ ᠭᠠᠳᠠᠭᠠᠳᠤ ᠬᠡᠯᠡᠨ᠎ᠦ ᠬᠡᠪᠯᠡᠨ ᠲᠠᠷᠬᠠᠭᠠᠬᠤ ᠦᠢᠯᠡᠰ᠎ᠦᠨ ᠲᠣᠪᠴᠢᠢ᠎ᠠ ᠪᠣᠯᠤᠨ ᠰᠷᠢ ᠯᠠᠨᠺᠠ ᠳ᠋ᠤ ᠰᠠᠭᠤᠭ᠎ᠠ ᠳᠤᠮᠳᠠᠳᠤ ᠤᠯᠤᠰ᠎ᠤᠨ ᠡᠯᠴᠢᠨ ᠰᠠᠶ᠋ᠢᠳ᠎ᠤᠨ ᠶᠠᠮᠤᠨ᠎ᠡᠴᠡ ᠬᠠᠮᠲᠤᠷᠠᠨ ᠡᠷᠬᠢᠯᠡᠪᠡ᠃ ᠳᠤᠮᠳᠠᠳᠤ ᠰᠷᠢ ᠯᠠᠨᠺᠠ ᠬᠣᠶᠠᠷ ᠤᠯᠤᠰ᠎ᠤᠨ ᠤᠯᠤᠰ ᠲᠦᠷᠦ᠎ᠶᠢᠨ ᠡᠲᠡᠭᠡᠳ᠂ ᠶᠡᠬᠡ ᠳᠡᠭᠡᠳᠦ ᠰᠤᠷᠭᠠᠭᠤᠯᠢ᠂ ᠤᠶᠤᠨ᠎ᠤ ᠬᠥᠮᠥᠷᠭᠡ᠂ ᠵᠠᠭᠤᠴᠢᠯᠠᠭᠤᠷ ᠵᠡᠷᠭᠡ ᠡᠯ᠎ᠡ ᠡᠲᠡᠭᠡᠳ᠎ᠦᠨ 300 ᠰᠢᠬᠠᠮ ᠬᠥᠮᠦᠨ ᠠᠵᠢᠯᠯᠠᠭ᠎ᠠ᠎ᠳᠤ ᠣᠷᠣᠯᠴᠠᠪᠠ᠃
(ᠰᠢᠨᠬᠤᠸᠠ ᠬᠤᠷᠢᠶ᠎ᠠ ᠵᠢᠨ ᠺᠤᠯᠤᠮᠪᠤ ᠵᠢᠨ 7 ᠰᠠᠷ᠎ᠠ᠎ᠶᠢᠨ 3᠎ᠤ᠋ ᠴᠠᠬᠢᠯᠭᠠᠨ ᠮᠡᠳᠡᠭᠡ)