ᠵᠠᠭᠤᠨ ᠵᠢᠯ᠎ᠦᠨ ᠢᠷᠠᠭᠤ ᠠᠯᠳᠠᠷ᠎ᠢ ᠦᠷᠭᠦᠯᠵᠢᠯᠡᠭᠦᠯᠵᠦ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠬᠥᠭᠵᠢᠭᠡᠨ᠎ᠡ
2026-07-05 12:06:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠶᠡᠷᠦᠨᠭᠬᠡᠢ ᠱᠦᠵᠢ ᠰᠢ᠎ᠶᠢᠨ ᠫᠢᠩ ᠤ᠋ᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠭᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ ᠬᠠᠯᠠᠭᠤᠨ ᠲᠤᠰᠬᠠᠯ ᠭᠠᠷᠪᠠ


ᠣᠢᠷ᠎ᠠ᠎ᠶᠢᠨ ᠡᠳᠦᠷ᠎ᠦᠳ᠎ᠲᠦ᠂ ᠶᠡᠷᠦᠨᠭᠬᠡᠢ ᠱᠦᠵᠢ ᠰᠢ᠎ᠶᠢᠨ ᠫᠢᠩ ᠤ᠋ᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠪᠦᠭᠦ ᠣᠷᠣᠨ᠎ᠤ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠤᠨ ᠳᠤᠮᠳᠠ ᠦᠷᠭᠦᠯᠵᠢᠯᠡᠨ ᠬᠠᠯᠠᠭᠤᠨ ᠶᠠᠷᠢᠯᠴᠠᠭ᠎ᠠ᠎ᠶᠢ ᠡᠭᠦᠰᠬᠡᠵᠡᠢ᠃ ᠤᠯᠠᠨ᠎ᠢᠶᠠᠷ᠎ᠢᠶᠠᠨ᠂ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠰᠤᠷᠤᠯᠴᠠᠯᠭ᠎ᠠ᠎ᠶᠢᠨ ᠦᠷ᠎ᠡ ᠪᠦᠲᠦᠮᠵᠢ᠎ᠶᠢ ᠣᠷᠣᠨ ᠪᠦᠰᠡ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠤᠨ᠎ᠠ ᠭᠡᠵᠦ ᠢᠯᠡᠳᠬᠡᠵᠡᠭᠡᠪᠡ᠃

ᠲᠤᠬᠠᠢᠯᠠᠭᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠯ᠎ᠢ ᠰᠠᠢᠲᠤᠷ ᠪᠢᠴᠢᠭᠯᠡᠨ᠎ᠡ

ᠭᠦᠭᠡᠬᠣᠲᠠ᠎ᠶᠢᠨ ᠰᠠᠢᠬᠠᠨ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠪᠠᠢᠩᠭᠤ᠎ᠶᠢᠨ ᠭᠡᠰᠢᠭᠦᠨ᠂ ᠵᠣᠬᠢᠶᠠᠨ ᠪᠠᠶ᠋ᠢᠭᠤᠯᠬᠤ ᠬᠡᠯᠲᠡᠰ᠎ᠦᠨ ᠳᠠᠷᠤᠭ᠎ᠠ ᠸᠠᠩ ᠸᠸᠨ ᠲᠤᠤ ᠢᠯᠡᠳᠬᠡᠬᠦ᠎ᠳᠡᠭᠡᠨ᠂ ᠶᠡᠷᠦᠩᠬᠡᠢ ᠱᠦᠵᠢ ᠰᠢ᠎ᠶᠢᠨ ᠫᠢᠩ᠂ 《 ᠴᠠᠭ ᠮᠥᠴᠡ ᠬᠥᠮᠥᠨ᠎ᠢ ᠬᠦᠯᠢᠶᠡᠬᠦ ᠦᠭᠡᠢ ! ᠲᠡᠦᠬᠡ ᠬᠥᠮᠥᠨ᠎ᠢ ᠬᠦᠯᠢᠶᠡᠬᠦ ᠦᠭᠡᠢ !》 ᠭᠡᠵᠦ ᠵᠢᠭᠠᠵᠤ ᠭᠠᠷᠭᠠᠪᠠ᠃ ᠦᠭᠡ ᠪᠤᠯᠭᠠᠨ ᠨᠢ ᠢᠳᠡᠯᠢᠭ ᠬᠦᠴᠦᠳᠡᠢ᠂ ᠬᠥᠮᠥᠰ᠎ᠲᠦ ᠭᠦᠨ ᠰᠡᠳᠬᠢᠭᠳᠡᠯ ᠲᠥᠷᠥᠭᠦᠯᠵᠦ᠂ ᠡᠪ ᠬᠠᠮᠲᠤᠴᠤᠳ᠎ᠤᠨ ᠥᠷᠯᠥᠭᠡ ᠦᠳᠡᠰᠢ᠎ᠶᠢ ᠲᠡᠮᠡᠴᠡᠬᠦ ᠲᠡᠦᠬᠡ᠎ᠶᠢᠨ ᠰᠠᠨᠠᠭᠠᠴᠢᠯᠠᠭᠠᠲᠤ ᠵᠣᠷᠢᠭ᠋ ᠰᠠᠨᠠᠭ᠎ᠠ᠎ᠶᠢ ᠭᠦᠨᠵᠡᠭᠡᠢ ᠲᠠᠢᠯᠪᠤᠷᠢᠯᠠᠵᠠᠢ ᠬᠡᠪᠡ᠃ ᠲᠡᠷᠡ ᠰᠢᠨ᠎ᠡ ᠴᠠᠭ ᠦᠶ᠎ᠡ᠎ᠶᠢᠨ ᠵᠣᠬᠢᠶᠠᠨ ᠪᠠᠶ᠋ᠢᠭᠤᠯᠬᠤ ᠠᠵᠢᠯ᠎ᠤᠨ ᠡᠭᠦᠷᠭᠡ ᠬᠠᠷᠢᠭᠤᠴᠠᠯᠭ᠎ᠠ᠎ᠶᠢ ᠭᠦᠨᠵᠡᠭᠡᠢ ᠡᠵᠡᠮᠳᠡᠵᠦ᠂ ᠬᠠᠷᠢᠶ᠎ᠠ ᠣᠷᠣᠨ᠎ᠤ ᠬᠥᠭᠵᠢᠯᠲᠡ᠎ᠶᠢᠨ ᠪᠣᠳᠠᠲᠠᠢ᠎ᠳᠤ ᠰᠠᠭᠤᠷᠢᠯᠠᠵᠤ᠂ ᠺᠠᠳ᠋ᠷ᠎ᠤᠨ ᠡᠩᠨᠡᠭᠡ᠎ᠶᠢᠨ ᠪᠠᠢᠭᠤᠯᠤᠯᠲᠠ᠂ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ᠎ᠶᠢᠨ ᠶᠠᠰᠤ ᠴᠢᠨᠠᠷ᠎ᠢ ᠳᠡᠭᠡᠭᠰᠢᠯᠡᠭᠦᠯᠭᠦ᠂ ᠴᠢᠳᠠᠪᠤᠷᠢᠲᠠᠨ᠎ᠤ ᠡᠩᠨᠡᠭᠡ᠎ᠶᠢ ᠬᠥᠮᠥᠵᠢᠭᠦᠯᠬᠦ ᠡᠯ᠎ᠡ ᠵᠦᠢᠯ᠎ᠦᠨ ᠭᠣᠣᠯᠳᠠᠯᠭ᠎ᠠ᠎ᠲᠠᠢ ᠠᠵᠢᠯ᠎ᠢ ᠪᠣᠳᠠᠲᠠᠢ ᠠᠳᠬᠤᠨ᠎ᠠ᠃ ᠠᠵᠠ ᠲᠣᠭᠢᠶᠠᠯ᠎ᠢ ᠠᠮᠵᠢᠵᠤ᠂ ᠳᠤᠲᠠᠭᠤᠳᠠᠯ᠎ᠢᠶᠠᠨ ᠨᠥᠬᠥᠪᠦᠷᠢᠯᠡᠵᠦ᠂ ᠪᠦᠭᠦ ᠬᠦᠴᠦᠨ᠎ᠢᠶᠡᠷ᠎ᠢᠶᠡᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠪᠠᠭᠤᠯᠢᠭ᠋᠎ᠢ ᠣᠷᠣᠨ ᠪᠦᠰᠡ᠎ᠶᠢᠨ ᠬᠥᠭᠵᠢᠯᠲᠡ᠎ᠶᠢᠨ ᠳᠠᠪᠠᠭᠤᠯᠢᠭ᠋ ᠪᠣᠯᠭᠠᠨ ᠬᠤᠪᠢᠷᠠᠭᠤᠯᠵᠤ᠂ ᠰᠢᠨ᠎ᠡ ᠴᠠᠭ ᠦᠶ᠎ᠡ᠎ᠶᠢᠨ ᠵᠣᠬᠢᠶᠠᠨ ᠪᠠᠶ᠋ᠢᠭᠤᠯᠬᠤ ᠠᠵᠢᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠪᠤᠯᠤᠨ᠎ᠠ᠃

ᠪᠦᠭᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠲᠦᠴᠢᠦᠸᠠᠨ ᠰᠢᠶᠠᠨ᠎ᠤ ᠡᠮᠡᠭᠲᠡᠢᠴᠦᠳ᠎ᠦᠨ ᠬᠣᠯᠪᠤᠭ᠎ᠠ᠎ᠶᠢᠨ ᠲᠡᠷᠢᠭᠦᠯᠡᠭᠴᠢ ᠯᠢ ᠵᠢᠶᠦ᠋ᠨ ᠲᠣᠰᠬᠣᠨ᠎ᠳᠤ ᠰᠠᠭᠤᠵᠤ ᠠᠵᠢᠯᠯᠠᠵᠤ ᠥᠩᠭᠡᠷᠡᠭᠰᠡᠨ᠎ᠲᠠᠢ ᠫᠢᠩ ᠰᠢᠶᠠᠩ᠎ᠤᠨ ᠳ᠋ᠠ ᠴᠢᠩ ᠱᠠᠨ ᠲᠣᠰᠬᠣᠨ᠎ᠳ᠋ᠠᠭᠠᠨ ᠪᠤᠴᠠᠵᠤ᠂ ᠲᠣᠰᠬᠣᠨ᠎ᠤ ᠠᠷᠠᠳ᠎ᠲᠠᠢ ᠬᠠᠮᠲᠤ᠎ᠪᠠᠷ ᠶᠡᠬᠡ ᠬᠤᠷᠠᠯ᠎ᠤᠨ ᠰᠢᠭᠤᠳ ᠨᠡᠪᠲᠡᠷᠡᠭᠦᠯᠭᠡ᠎ᠶᠢ ᠭᠥᠯᠢᠶᠡᠨ ᠠᠪᠴᠤ ᠦᠵᠡᠪᠡ᠃ ᠲᠡᠷᠡ᠂ ᠡᠮᠡᠭᠲᠡᠢᠴᠦᠳ᠎ᠦᠨ ᠬᠣᠯᠪᠤᠭ᠎ᠠ᠎ᠶᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠳᠤ ᠰᠠᠭᠤᠷᠢᠯᠠᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠂ ᠡᠮᠡᠭᠲᠡᠢᠴᠦᠳ᠎ᠦᠨ ᠦᠢᠯᠡᠰ ᠪᠣᠰᠬᠠᠵᠤ ᠠᠵᠢᠯ ᠣᠯᠭᠣᠬᠤ᠂ ᠭᠡᠷ ᠪᠦᠯᠢ᠎ᠶᠢᠨ ᠪᠣᠯᠪᠠᠰᠤᠨ᠎ᠤ ᠪᠠᠢᠭᠤᠯᠤᠯᠲᠠ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ ᠵᠡᠷᠭᠡ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠬᠢᠯ ᠲᠠᠯᠪᠢᠨ ᠬᠠᠢᠷ᠎ᠠ ᠰᠡᠳᠬᠢᠯᠭᠡ ᠲᠠᠢ᠎ᠪᠡᠷ ᠰᠠᠢᠲᠤᠷ ᠬᠢᠨ᠎ᠡ ᠭᠡᠵᠦ ᠢᠯᠡᠳᠬᠡᠪᠡ᠃ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠨᠠᠮ᠎ᠤᠨ ᠠᠵᠢᠯ᠎ᠤᠨ ᠠᠵᠢᠯᠲᠠᠨ᠂ ᠵᠠᠯᠠᠢᠳ ᠬᠣᠰᠢᠭᠤᠨ᠎ᠤ ᠵᠠᠰᠠᠭ᠎ᠤᠨ ᠶᠠᠪᠤᠳᠠᠯ᠎ᠤᠨ ᠦᠢᠯᠡᠴᠢᠯᠡᠭᠡ ᠪᠣᠯᠣᠨ ᠲᠣᠭ᠎ᠠ ᠪᠠᠷᠢᠮᠲᠠ᠎ᠶᠢᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠯᠢ ᠴᠠᠩ ᠷᠦᠨ᠄《ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ᠎ᠶᠢ ᠰᠣᠨᠣᠰᠤᠭᠠᠳ᠂ ᠪᠢ 〈ᠲᠦᠷᠦ ᠭᠦᠷᠦᠨ ᠪᠣᠯ ᠠᠷᠠᠳ ᠲᠦᠮᠡᠨ ᠮᠦᠨ᠂ ᠠᠷᠠᠳ ᠲᠦᠮᠡᠨ ᠪᠣᠯ ᠲᠦᠷᠦ ᠭᠦᠷᠦᠨ ᠮᠦᠨ〉 ᠬᠡᠬᠦ ᠵᠢᠨ ᠭᠦᠨᠵᠡᠭᠡᠢ ᠠᠭᠤᠯᠤᠭᠳᠠᠬᠤᠨ᠎ᠢ ᠤᠯᠠᠮ ᠨᠢᠭᠡ ᠠᠯᠬᠤᠮ ᠣᠢᠯᠠᠭᠠᠪᠠ᠃ ᠵᠠᠯᠭᠠᠭᠠᠳ ᠮᠠᠨ᠎ᠤ ᠲᠣᠪᠴᠢᠶ᠎ᠠ ᠨᠢᠭᠡ ᠰᠦᠯᠵᠢᠶ᠎ᠡ᠎ᠪᠡᠷ ᠪᠦᠭᠦᠨ᠎ᠢ ᠬᠥᠢᠴᠡᠳᠬᠡᠬᠥ ᠎ᠶᠢ ᠦᠷᠭᠦᠯᠵᠢᠯᠡᠨ ᠠᠬᠢᠭᠤᠯᠵᠤ᠂ ᠥᠨᠳᠥᠷ ᠳᠠᠪᠲᠠᠮᠵᠢᠲᠤ ᠬᠡᠷᠡᠭ ᠶᠠᠪᠤᠳᠠᠯ᠎ᠢ ᠣᠢᠷ᠎ᠠ ᠬᠠᠪᠢ᠎ᠳᠠᠭᠠᠨ ᠰᠢᠢᠳᠪᠦᠷᠢᠯᠡᠬᠦ᠂ ᠠᠯᠠᠭᠠᠨ ᠳᠡᠭᠡᠷ᠎ᠡ᠎ᠪᠡᠨ ᠭᠦᠢᠴᠡᠳᠬᠡᠬᠦ᠎ᠶᠢ ᠪᠡᠶᠡᠯᠡᠭᠦᠯᠦᠨ᠎ᠡ; ᠡᠭᠦᠯᠡᠨ ᠪᠣᠳᠣᠯᠲᠠ᠎ᠶᠢᠨ ᠬᠠᠪᠰᠤᠷᠤᠨ ᠭᠦᠢᠴᠡᠳᠬᠡᠬᠦ ᠠᠯᠪᠠᠨ ᠭᠡᠷ᠂ ᠲᠣᠭᠠᠴᠢᠯᠠᠭᠰᠠᠨ ᠵᠠᠰᠠᠭ᠎ᠤᠨ ᠶᠠᠪᠤᠳᠠᠯ᠎ᠤᠨ ᠡᠭᠦᠳᠡᠨ ᠫᠠᠢᠰᠠ ᠵᠡᠷᠭᠡ ᠲᠣᠭᠠᠴᠢᠯᠠᠭᠰᠠᠨ ᠦᠢᠯᠡᠴᠢᠯᠡᠭᠡ᠎ᠶᠢ ᠰᠠᠢᠵᠢᠷᠠᠭᠤᠯᠤᠨ᠎ᠠ; 12345 ᠬᠠᠯᠠᠮᠰᠢᠯ  ᠤᠲᠠᠰᠤ᠎ᠶᠢ ᠵᠢᠷᠤᠮᠵᠢᠭᠤᠯᠤᠨ ᠠᠵᠢᠯᠯᠠᠭᠤᠯᠵᠤ᠂ ᠣᠯᠠᠨ ᠲᠦᠮᠡᠨ᠎ᠦ ᠬᠦᠴᠢᠷ ᠵᠣᠪᠠᠭᠤᠷᠢ᠎ᠳᠤ ᠲᠦᠷᠭᠡᠨ ᠬᠠᠷᠢᠭᠤᠯᠲᠠ ᠥᠭᠴᠦ᠂ ᠵᠠᠰᠠᠭ᠎ᠤᠨ ᠶᠠᠪᠤᠳᠠᠯ᠎ᠤᠨ ᠦᠷ᠎ᠡ ᠪᠦᠲᠦᠮᠵᠢ᠎ᠪᠡᠷ ᠪᠦᠭᠦ ᠬᠣᠰᠢᠭᠤᠨ᠎ᠤ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠨ᠎ᠡ》 ᠭᠡᠵᠡᠢ᠃

《ᠶᠡᠷᠦᠨᠭᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶ᠎ᠠ ᠨᠢ ᠰᠢᠨ᠎ᠡ ᠴᠠᠭ ᠦᠶ᠎ᠡ᠎ᠶᠢᠨ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠳᠤ ᠦᠨᠳᠦᠰᠦᠨ ᠵᠢᠷᠤᠮᠯᠠᠯ ᠬᠠᠩᠭᠠᠪᠠ》᠃ ᠤᠯᠠᠭᠠᠨᠬᠠᠳᠠ ᠬᠣᠲᠠ᠎ᠶᠢᠨ ᠪᠠᠭᠠᠷᠢᠨ ᠪᠠᠷᠠᠭᠤᠨ ᠬᠣᠰᠢᠭᠤᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠡᠳ᠋ ᠳᠠᠷᠤᠭ᠎ᠠ᠂ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠦᠪᠯᠡᠯ ᠤ᠋ᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ ᠬᠤᠷᠴᠠ᠂ ᠦᠨᠳᠦᠰᠦᠨ ᠱᠠᠲᠤᠨ᠎ᠤ ᠦᠨᠳᠦᠰᠦᠲᠡᠨ᠎ᠦ ᠠᠵᠢᠯ᠎ᠤᠨ ᠡᠮᠦᠨ᠎ᠡ ᠹᠷᠣᠨᠲ᠎ᠲᠤ ᠤᠷᠲᠤ ᠬᠤᠭᠤᠴᠠᠭ᠎ᠠ ᠦᠨᠳᠦᠰᠦᠯᠡᠭᠰᠡᠨ ᠨᠠᠮ᠎ᠤᠨ ᠭᠡᠰᠢᠭᠦᠨ ᠺᠠᠳ᠋ᠷ ᠪᠣᠯᠤᠭᠰᠠᠨ᠎ᠤ ᠬᠤᠪᠢ᠎ᠳᠤ᠂ ᠶᠡᠷᠦᠨᠭᠬᠡᠢ ᠱᠦᠵᠢ ᠰᠢ᠎ᠶᠢᠨ ᠫᠢᠩ ᠤ᠋ᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠪᠠᠷ ᠬᠥᠲᠥᠯᠥᠨ ᠳᠠᠭᠠᠭᠤᠯᠵᠤ᠂ ᠭᠣᠣᠯ ᠬᠠᠷᠢᠭᠤᠴᠠᠯᠭ᠎ᠠ ᠭᠣᠣᠯ ᠠᠵᠢᠯ ᠦᠢᠯᠡᠰ᠎ᠦᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠪᠦᠭᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ》 ᠶ᠋ᠢ ᠲᠦᠷᠦᠭᠦᠯᠡᠨ ᠤᠬᠠᠭᠤᠯᠤᠨ ᠲᠤᠭᠤᠰᠢᠯᠠᠭᠤᠯᠵᠤ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠭᠦ ᠵᠦᠪᠯᠡᠯ ᠤ᠋ᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ᠬᠠᠮᠲᠤ᠎ᠶᠢᠨ ᠣᠳᠣᠬᠢᠴᠢᠯᠠᠯᠲᠠ᠎ᠶᠢᠨ ᠲᠤᠷᠰᠢᠯᠲᠠ᠎ᠶᠢᠨ ᠴᠡᠭ᠎ᠤᠨ ᠪᠦᠲᠦᠭᠡᠨ ᠪᠠᠢᠭᠤᠯᠤᠯᠲᠠ᠎ᠶᠢᠨ ᠡᠯ᠎ᠡ ᠵᠦᠢᠯ᠎ᠦᠨ ᠡᠭᠦᠷᠭᠡ᠎ᠶᠢ ᠪᠦᠭᠦ ᠲᠠᠯ᠎ᠠ᠎ᠪᠠᠷ ᠨᠠᠢᠳᠠᠪᠤᠷᠢᠵᠢᠭᠤᠯᠵᠤ᠂ ᠵᠣᠯ ᠵᠢᠷᠭᠠᠯᠲᠤ ᠪᠠᠭᠠᠷᠢᠨ ᠪᠠᠷᠠᠭᠤᠨ ᠬᠣᠰᠢᠭᠤᠨ᠎ᠤ ᠴᠢᠨᠠᠷ ᠰᠠᠢᠲᠠᠢ ᠬᠥᠭᠵᠢᠯᠲᠡ᠎ᠳᠦ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠬᠡᠪᠡ᠃

ᠦᠬᠠᠢ ᠬᠤᠳᠠ᠎ᠶᠢᠨ ᠨᠠᠮ᠎ᠤᠨ ᠬᠣᠷᠢᠶ᠎ᠡ ᠵᠢᠨ ᠯᠧᠺᠲ᠋ᠣᠷ᠎ᠤᠨ ᠪᠦᠯᠭᠦᠮ᠎ᠦᠨ ᠳᠠᠷᠤᠭ᠎ᠠ ᠵᠢᠶᠠᠩ ᠭᠦᠢ ᡁᠢ᠄ 《ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶ᠎ᠠ ᠨᠢ 23 ᠵᠢᠯ᠎ᠦᠨ ᠨᠠᠮ ᠤ᠋ᠨ ᠬᠡᠰᠢᠬᠦᠨ ᠪᠤᠯᠤᠬᠰᠠᠨ ᠨᠠᠮ᠎ᠠ᠎ᠶᠢ ᠲᠤᠢᠯ᠎ᠢᠶᠠᠷ ᠣᠮᠣᠭᠰᠢᠭᠤᠯᠵᠠᠢ᠃ ᠨᠠᠮ ᠪᠠᠢᠭᠤᠯᠤᠭᠳᠠᠭᠰᠠᠨ 105 ᠵᠢᠯ᠎ᠦᠨ ᠣᠶ᠎ᠶᠢᠨ ᠴᠢᠬᠤᠯᠠ ᠶᠡᠬᠡ ᠲᠡᠦᠬᠡ᠎ᠶᠢᠨ ᠵᠠᠩᠭᠢᠯᠠᠭ᠎ᠠ᠎ᠶᠢᠨ ᠴᠠᠭ ᠦᠶ᠎ᠡ᠎ᠳᠦ ᠵᠣᠭᠰᠣᠵᠤ᠂ ᠪᠢ ᠴᠠᠭ ᠦᠶ᠎ᠡ᠎ᠡᠴᠡ ᠤᠨᠤᠯ᠎ᠤᠨ ᠠᠵᠢᠯᠲᠠᠳ᠎ᠲᠤ ᠣᠯᠭᠣᠭᠰᠠᠨ ᠲᠥᠪ ᠴᠢᠩᠭ᠎ᠠ ᠬᠦᠨᠳᠦ ᠡᠭᠦᠷᠭᠡ᠎ᠶᠢ ᠡᠭᠦᠷᠭᠡᠯᠡᠵᠦ᠂ ᠠᠷᠠᠳ᠎ᠤᠨ ᠲᠦᠯᠦᠭᠡ ᠲᠤᠭᠳᠠᠭᠠᠭᠰᠠᠨ ᠪᠠᠢᠷᠢᠰᠢᠯ᠎ᠢ ᠡᠵᠡᠮᠳᠡᠵᠦ᠂ ᠤᠬᠠᠭᠤᠯᠤᠨ ᠲᠠᠢᠯᠪᠤᠷᠢᠯᠠᠬᠤ ᠠᠷᠭ᠎ᠠ ᠭᠡᠯᠪᠡᠷᠢ᠎ᠶᠢᠨ ᠲᠠᠯ᠎ᠠ᠎ᠪᠠᠷ ᠦᠷᠭᠦᠯᠵᠢᠯᠡᠨ ᠰᠢᠨ᠎ᠡ᠎ᠶᠢ ᠡᠭᠦᠳᠴᠦ᠂ ᠤᠨᠤᠯ᠎ᠢ ᠲᠣᠳᠣᠷᠬᠠᠢ ᠶᠠᠷᠢᠵᠤ᠂ ᠨᠡᠪᠲᠡᠷᠬᠡᠢ ᠶᠠᠷᠢᠵᠤ᠂ ᠲᠤᠢᠯᠪᠤᠷᠢᠲᠠᠢ ᠶᠠᠷᠢᠵᠤ᠂ ᠨᠠᠮ᠎ᠤᠨ ᠰᠢᠨ᠎ᠠ ᠡᠭᠦᠳᠦᠯᠳᠡ ᠵᠢᠨ ᠤᠨᠤᠯ᠎ᠤᠨ  ᠲᠤᠰ ᠪᠡᠶ᠎ᠡ᠎ᠳᠦ ᠠᠭᠤᠯᠤᠭᠳᠠᠵᠤ ᠪᠠᠢᠭ᠎ᠠ ᠰᠡᠩᠬᠡᠷᠡᠭᠦᠯᠬᠦ ᠴᠢᠨᠠᠷᠲᠠᠢ ᠷᠢᠳᠢ ᠰᠢᠳᠢ᠎ᠶᠢ ᠭᠦᠢᠴᠡᠳ ᠢᠯᠡᠷᠡᠭᠦᠯᠵᠦ᠂ ᠤᠨᠤᠯ᠎ᠢᠶᠠᠷ ᠰᠡᠳᠬᠢᠯ ᠵᠢᠨᠨ ᠨᠢᠭᠡᠳᠬᠡᠨ ᠰᠦᠭ ᠰᠦᠨᠡᠰᠦ᠎ᠶᠢ ᠱᠤᠭᠤᠵᠤ᠂ ᠤᠯᠤᠰ᠎ᠢᠶᠠᠨ ᠬᠦᠴᠦᠷᠬᠡᠭᠵᠢᠭᠦᠯᠬᠦ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ ᠬᠦᠴᠦᠨ ᠴᠢᠳᠠᠯ᠎ᠢᠶᠠᠨ ᠡᠷᠭᠦᠨ᠎ᠡ》 ᠭᠡᠪᠡ᠃

ᠬᠤᠪᠢᠰᠬᠠᠯ᠎ᠤᠨ ᠤᠳᠤᠮᠰᠢᠯ᠎ᠢ ᠦᠷᠭᠦᠯᠵᠢᠯᠡᠭᠦᠯᠵᠦ ᠴᠠᠭ ᠦᠶ᠎ᠡ᠎ᠶᠢᠨ ᠡᠭᠦᠷᠭᠡ ᠬᠠᠷᠢᠭᠤᠴᠠᠯᠭ᠎ᠠ᠎ᠶᠢ ᠡᠷᠡᠯᠬᠡᠭᠯᠡᠨ ᠡᠭᠦᠷᠭᠡᠯᠡᠨ᠎ᠡ

ᠪᠤᠭᠤᠳᠤ ᠬᠤᠳᠠ᠎ᠶᠢᠨ ᠬᠥᠨᠳᠡᠯᠡᠨ ᠲᠣᠭᠣᠷᠢᠭ᠋᠎ᠤᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ᠎ᠦᠨ ᠬᠠᠷᠢᠭᠤᠴᠠᠯᠭᠠᠲᠠᠨ᠂ ᠶᠡᠷᠦᠩᠬᠡᠢ ᠱᠦᠵᠢ ᠰᠢ᠎ᠶᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠰᠠᠨ᠎ᠤ ᠳᠠᠷᠠᠭ᠎ᠠ ᠵᠣᠬᠢᠶᠠᠨ ᠪᠠᠢᠭᠤᠯᠤᠯᠲᠠ᠎ᠶᠢ ᠬᠦᠴᠦᠷᠬᠡᠭᠵᠢᠭᠦᠯᠬᠦ᠂ ᠡᠩᠨᠡᠭᠡ᠎ᠶᠢ ᠳᠠᠪᠲᠠᠨ ᠪᠤᠯᠪᠠᠰᠤᠷᠠᠭᠤᠯᠬᠤ ᠬᠠᠷᠢᠭᠤᠴᠠᠯᠭ᠎ᠠ ᠬᠦᠨᠳᠦ ᠶᠡᠬᠡ ᠪᠠᠢᠬᠤ᠎ᠶᠢ ᠭᠦᠨᠵᠡᠭᠡᠢ ᠣᠢᠯᠠᠭᠠᠵᠤ᠂ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠤ᠂ ᠦᠨᠳᠦᠰᠦᠨ ᠱᠠᠲᠤ᠎ᠶᠢ ᠶᠡᠬᠡ ᠪᠡᠷ ᠠᠳᠬᠤᠬᠤ᠎ᠶᠢ ᠪᠠᠷᠢᠮᠲᠠᠯᠠᠵᠤ᠂ ᠲᠥᠪ ᠭᠣᠣᠯᠴᠢ ᠲᠥᠪ ᠴᠢᠬᠡᠴᠢ ᠪᠡᠷ ᠬᠥᠮᠥᠨ ᠬᠡᠷᠡᠭᠯᠡᠬᠦ ᠤᠳᠤᠷᠢᠳᠤᠮᠵᠢ᠎ᠶᠢ ᠪᠠᠲᠤ ᠪᠤᠢ ᠪᠤᠯᠭᠠᠵᠤ᠂ ᠴᠢᠳᠠᠪᠤᠷᠢᠲᠠᠨ᠎ᠢ ᠰᠡᠳᠬᠢᠯ ᠲᠠᠯᠪᠢᠨ ᠬᠥᠮᠥᠵᠢᠭᠦᠯᠵᠦ᠂ ᠴᠢᠨᠠᠷ ᠰᠠᠢᠲᠠᠢ ᠨᠠᠮ᠎ᠤᠨ ᠪᠠᠢᠭᠤᠯᠤᠯᠲᠠ᠎ᠪᠠᠷ ᠴᠢᠨᠠᠷ ᠰᠠᠢᠲᠠᠢ ᠬᠥᠭᠵᠢᠯᠲᠡ᠎ᠶᠢ ᠬᠥᠲᠥᠯᠥᠨ ᠳᠠᠭᠠᠭᠤᠯᠤᠨ᠎ᠠ ᠭᠡᠵᠦ ᠢᠯᠡᠳᠬᠡᠪᠡ᠃ ᠪᠤᠭᠤᠲᠤ ᠬᠤᠳᠠ᠎ᠶᠢᠨ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠂ ᠬᠤᠪᠢᠰᠬᠠᠯᠲᠤ  ᠤᠯᠠᠮᠵᠢᠯᠠᠯ᠎ᠢ ᠦᠷᠭᠦᠯᠵᠢᠯᠡᠨ ᠵᠠᠯᠭᠠᠮᠵᠢᠯᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠳᠠ ᠵᠢᠨ ᠪᠤᠭᠤᠲᠤ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ ᠭᠡᠵᠦ ᠢᠯᠡᠳᠭᠡᠪᠡ᠃

《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠨᠢ ᠬᠢᠯᠢ ᠬᠢᠵᠠᠭᠠᠷ᠎ᠤᠨ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ ᠪᠤᠯᠤᠭᠰᠠᠨ ᠮᠢᠨᠤᠬᠢ  ᠠᠵᠢᠯ᠎ᠤᠨ ᠪᠠᠢᠷᠢ᠎ᠶᠢᠨ ᠲᠤᠰᠢᠶᠠᠯ ᠬᠠᠷᠢᠭᠤᠴᠠᠯᠭ᠎ᠠ ᠪᠣᠯᠣᠨ ᠴᠠᠭ ᠦᠶ᠎ᠡ᠎ᠶᠢᠨ ᠡᠭᠦᠷᠭᠡ᠎ᠶᠢ ᠨᠡᠩ ᠲᠣᠳᠣᠷᠬᠠᠢ ᠪᠣᠯᠭᠠᠪᠠ》᠃ ᠪᠠᠶᠠᠨᠨᠠᠭᠤᠷ ᠬᠤᠳᠠ᠎ᠶᠢᠨ ᠤᠷᠠᠳ᠎ᠤᠨ ᠳᠤᠮᠳᠠᠳᠤ ᠬᠣᠰᠢᠭᠤᠨ᠎ᠤ ᠭᠠᠭᠴᠠᠮᠣᠳᠤ ᠪᠠᠯᠭᠠᠰᠤᠨ᠎ᠤ ᠬᠠᠩᠭᠠᠢ ᠨᠡᠢᠭᠡᠮ ᠲᠣᠭᠣᠷᠢᠭ᠋᠎ᠤᠨ ᠨᠠᠮ᠎ᠤᠨ ᠡᠭᠦᠷ᠎ᠦᠨ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠦᠨ ᠡᠷᠬᠢᠯᠡᠭᠴᠢ ᠲᠤᠤ ᠶᠦᠩ ᠬᠤᠸᠠ᠄ 《ᠪᠢᠳᠡ ᠢᠮᠠᠭᠲᠠ ᠨᠠᠮ᠎ᠤᠨ ᠪᠠᠢᠭᠤᠯᠤᠯᠲᠠ᠎ᠪᠠᠷ ᠭᠣᠣᠯ ᠠᠵᠢᠯ᠎ᠢᠶᠠᠨ ᠵᠢᠯᠣᠭᠣᠳᠤᠭᠤᠯᠵᠤ᠂ ᠬᠢᠯᠢ ᠬᠢᠵᠠᠭᠠᠷ᠎ᠤᠨ ᠦᠨᠳᠦᠰᠦᠨ ᠱᠠᠲᠤᠨ᠎ᠤ ᠲᠠᠢ᠍ᠢᠴᠢᠨ ᠪᠡᠬᠢᠯᠡᠯᠲᠡ᠎ᠶᠢ ᠦᠷᠭᠦᠯᠵᠢᠯᠡᠨ ᠪᠡᠬᠢᠵᠢᠭᠦᠯᠦᠨ᠎ᠡ᠃ 〈ᠬᠢᠯᠢ᠎ᠶᠢᠨ ᠬᠥᠰᠢᠶ᠎ᠡ᠎ᠶᠢᠨ ᠳᠡᠷᠭᠡᠳᠡᠬᠢ ᠰᠠᠢᠨ ᠳᠤᠷᠠᠴᠤᠳ〉 ᠤ᠋ᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠨᠠᠷᠠᠲᠤ ᠲᠥᠷᠥᠯ ᠲᠡᠮᠳᠡᠭ᠎ᠢ ᠪᠣᠳᠠᠲᠠᠢᠵᠢᠭᠤᠯᠤᠨ ᠰᠢᠯᠢᠳᠡᠭᠵᠢᠭᠦᠯᠵᠦ᠂ ᠨᠠᠷᠢᠯᠢᠭ᠍ᠵᠢᠭᠤᠯᠤᠭᠰᠠᠨ ᠲᠤᠤᠷᠵᠢᠯ᠎ᠤᠨ ᠵᠠᠰᠠᠯᠲᠠ᠎ᠶᠢᠨ ᠵᠠᠭᠪᠤᠷ᠎ᠲᠤ ᠲᠦᠰᠢᠭᠯᠡᠨ ᠨᠡᠭᠦᠳᠡᠯ ᠬᠥᠮᠥᠨ ᠠᠮᠠ᠎ᠶᠢᠨ ᠬᠥᠳᠡᠯᠦᠩᠭᠦᠢ ᠬᠠᠮᠢᠶᠠᠷᠤᠯᠲᠠ᠎ᠶᠢᠨ ᠰᠢᠰᠲᠧᠮ᠎ᠢ ᠪᠦᠷᠢᠨᠰᠢᠭᠦᠯᠵᠦ᠂ ᠬᠦᠴᠢᠷᠳᠡᠯᠲᠡᠢ ᠬᠥᠮᠥᠰ᠎ᠢ ᠬᠠᠪᠰᠤᠷᠤᠨ ᠲᠡᠳᠬᠦᠬᠦ᠂ ᠮᠤᠵᠢ ᠠᠯᠤᠰᠯᠠᠨ ᠬᠥᠯᠥᠰᠦᠨ ᠠᠵᠢᠯ ᠬᠢᠵᠦ ᠪᠠᠢᠭ᠎ᠠ ᠬᠥᠮᠥᠰ᠎ᠢ ᠠᠪᠤᠷᠠᠨ ᠲᠤᠰᠠᠯᠠᠬᠤ᠂ ᠡᠮᠡᠭᠲᠡᠢᠴᠦᠳ ᠬᠡᠦᠬᠡᠳ᠎ᠢ ᠬᠠᠯᠠᠮᠵᠢᠯᠠᠨ ᠬᠠᠢᠷᠠᠯᠠᠬᠤ ᠵᠡᠷᠭᠡ ᠠᠷᠠᠳ᠎ᠤᠨ ᠠᠮᠢᠳᠤᠷᠠᠯ᠎ᠤᠨ ᠠᠵᠢᠯ᠎ᠢ ᠤᠨᠤᠴᠠᠳᠠᠢ ᠨᠠᠢᠳᠠᠪᠤᠷᠢᠵᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠂ ᠨᠠᠮ ᠵᠠᠰᠠᠭ ᠴᠡᠷᠢᠭ ᠴᠠᠭᠳᠠᠭ᠎ᠠ ᠠᠷᠠᠳ ᠠᠵᠤ ᠠᠬᠤᠢᠯᠠᠯ ᠬᠣᠯᠪᠤᠭᠠᠯᠠᠨ ᠬᠥᠳᠡᠯᠦᠯᠴᠡᠵᠦ ᠬᠠᠮᠲᠤ᠎ᠪᠠᠷ ᠵᠠᠰᠠᠬᠤ᠎ᠶᠢ ᠭᠦᠨᠵᠡᠭᠡᠢᠷᠡᠭᠦᠯᠵᠦ᠂ ᠠᠷᠠᠳ᠎ᠤᠨ ᠲᠥᠯᠥᠭᠡ ᠭᠡᠬᠦ ᠵᠣᠷᠢᠯᠲᠠ᠎ᠶᠢ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢᠭᠡᠪᠦᠷᠢ᠎ᠳᠦ ᠨᠠᠢᠳᠠᠪᠤᠷᠢᠵᠢᠭᠤᠯᠤᠨ᠎ᠠ》 ᠭᠡᠪᠡ᠃

ᠲᠦᠩᠯᠢᠶᠣᠣ ᠬᠣᠲᠠ᠎ᠶᠢᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠲᠥᠪ᠎ᠦᠨ ᠨᠠᠮ᠎ᠤᠨ ᠭᠡᠰᠢᠭᠦᠨ ᠺᠠᠳ᠋ᠷᠴᠤᠳ᠂ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠨᠠᠮ᠎ᠤᠨ ᠡᠭᠦᠷᠭᠡ ᠬᠠᠷᠢᠭᠤᠴᠠᠯᠭ᠎ᠠ᠎ᠶᠢ ᠪᠠᠳᠤ ᠡᠵᠡᠮᠳᠡᠵᠦ᠂ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠣᠷᠣᠯᠭ᠎ᠠ᠎ᠶᠢ ᠨᠡᠮᠡᠭᠳᠡᠭᠦᠯᠬᠦ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠠᠵᠢᠯ ᠣᠯᠭᠣᠯᠲᠠ᠎ᠶᠢᠨ ᠦᠢᠯᠡᠴᠢᠯᠡᠭᠡᠨ᠎ᠦ ᠠᠮᠢ ᠠᠬᠤᠢ᠎ᠶᠢ ᠦᠷᠭᠦᠯᠵᠢᠯᠡᠨ ᠰᠢᠯᠢᠳᠡᠭᠵᠢᠭᠦᠯᠵᠦ᠂ ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠵᠤ ᠪᠠᠭᠲᠠᠭᠠᠮᠵᠢ᠎ᠶᠢ ᠥᠷᠭᠡᠳᠬᠡᠨ ᠶᠠᠰᠤ ᠴᠢᠨᠠᠷ᠎ᠢ ᠳᠡᠭᠡᠭᠰᠢᠯᠡᠭᠦᠯᠵᠦ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠲᠤᠰᠬᠠᠢ ᠲᠠᠯᠠᠪᠤᠷ᠎ᠢᠶᠡᠷ ᠠᠵᠢᠯᠲᠠᠨ ᠡᠯᠰᠡᠬᠦ ᠪᠠ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ᠎ᠦ ᠬᠠᠮᠵᠢᠯᠴᠠᠭ᠎ᠠ᠎ᠶᠢ ᠪᠠᠢᠩᠭᠤ ᠥᠷᠨᠢᠭᠦᠯᠵᠦ᠂ ᠮᠠᠯᠴᠢᠨ ᠲᠠᠷᠢᠶᠠᠴᠢᠨ᠎ᠢ ᠰᠢᠯᠵᠢᠭᠦᠯᠦᠨ ᠠᠵᠢᠯ ᠣᠯᠭᠣᠬᠤ ᠠᠷᠭ᠎ᠠ ᠵᠠᠮ᠎ᠢ ᠥᠷᠭᠡᠳᠬᠡᠵᠦ᠂ ᠣᠨᠴᠠᠭᠠᠶ ᠬᠠᠮᠳᠤᠯᠢᠭ᠎ᠲᠦ ᠴᠢᠭᠯᠡᠭᠦᠯᠦᠨ ᠦᠨᠳᠦᠰᠦᠨ ᠵᠦᠢᠯ᠎ᠢ ᠪᠠᠲᠤᠯᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠎ᠶᠢ ᠪᠦᠷᠢᠨᠰᠢᠭᠦᠯᠵᠦ᠂ ᠠᠵᠢᠯ ᠲᠠᠢ ᠬᠥᠮᠥᠨ ᠦᠭᠡᠢ ᠭᠡᠷ ᠪᠦᠯᠢ᠎ᠳᠦ ᠬᠥᠳᠡᠯᠦᠩᠭᠦᠢ᠎ᠪᠡᠷ ᠠᠵᠢᠯ ᠣᠯᠭᠣᠬᠤ ᠵᠢ ᠪᠡᠶᠡᠯᠡᠬᠦᠯᠦᠨ᠎ᠡ᠃ ᠡᠭᠦᠨ᠎ᠦ ᠬᠠᠮᠲᠤ᠂ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠣᠷᠣᠨ ᠨᠤᠲᠤᠭ᠎ᠤᠨ ᠣᠨᠴᠠᠯᠢᠭ᠋᠎ᠲᠠᠢ ᠬᠥᠳᠡᠯᠮᠦᠷᠢ ᠦᠢᠯᠡᠴᠢᠯᠡᠭᠡᠨ᠎ᠦ ᠲᠥᠷᠥᠯ ᠲᠡᠮᠳᠡᠭ᠎ᠢ ᠡᠭᠦᠳᠴᠦ᠂ ᠦᠢᠯᠡᠰ ᠪᠤᠰᠬᠠᠬᠤ᠎ᠨᠡᠪᠴᠢᠭᠦᠯᠦᠯᠳᠡ ᠪᠠ ᠮᠥᠩᠭᠥᠨ ᠭᠦᠢᠯᠭᠡᠭᠡᠨ᠎ᠤ ᠲᠡᠮᠵᠢᠯᠭᠡ  ᠵᠢᠨ ᠢᠵᠢ ᠪᠦᠷᠢᠳᠦᠭᠰᠡᠨ ᠲᠣᠭᠲᠠᠴᠠ᠎ᠶᠢ ᠪᠦᠷᠢᠨᠰᠢᠭᠦᠯᠵᠦ᠂ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶᠢᠨ ᠦᠷ᠎ᠡ ᠪᠦᠲᠦᠭᠡᠯ᠎ᠢᠶᠡᠷ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢᠯᠡᠳᠦᠯᠭᠡᠵᠢᠭᠦᠯᠦᠨ᠎ᠡ ᠭᠡᠵᠦ ᠰᠠᠨᠠᠯ ᠨᠢᠭᠡᠳᠡᠢ ᠢᠯᠡᠳᠬᠡᠵᠡᠭᠡᠪᠡ᠃

ᠰᠢᠯᠢ᠎ᠶᠢᠨ ᠭᠣᠣᠯ ᠠᠢᠮᠠᠭ᠎ᠤᠨ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠂ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠢᠭᠤᠯᠵᠤ ᠶᠡᠬᠡ ᠬᠤᠷᠠᠯ᠎ᠤᠨ ᠪᠣᠳᠠᠲᠤ ᠪᠠᠢᠳᠠᠯ᠎ᠤᠨ ᠰᠢᠭᠤᠳ ᠨᠡᠪᠲᠡᠷᠡᠭᠦᠯᠭᠡ᠎ᠶᠢ ᠲᠥᠪᠯᠡᠷᠡᠭᠦᠯᠦᠨ ᠦᠵᠡᠵᠦ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠪᠠ᠃ ᠳᠣᠲᠣᠭᠠᠳᠤ᠎ᠶᠢ ᠬᠠᠮᠠᠭᠠᠯᠠᠬᠤ ᠠᠷᠠᠳ᠎ᠤᠨ ᠴᠠᠭᠳᠠᠭ᠎ᠠ ᠸᠠᠩ ᠵᠢᠶᠠ ᠰᠢᠩ᠄ 《ᠪᠢ ᠲᠤᠬᠠᠢᠯᠠᠭᠰᠠᠨ ᠠᠵᠢᠯ᠎ᠤᠨ ᠪᠠᠢᠷᠢ ᠳᠡᠭᠡᠷ᠎ᠡ᠎ᠪᠡᠨ ᠡᠷᠳᠡᠮ ᠴᠢᠳᠠᠪᠤᠷᠢ᠎ᠪᠠᠨ ᠳᠠᠪᠲᠠᠨ ᠪᠣᠯᠪᠠᠰᠤᠷᠠᠭᠤᠯᠵᠤ᠂ ᠪᠣᠳᠠᠲᠠᠢ ᠠᠵᠢᠯᠯᠠᠭ᠎ᠠ ᠪᠡᠷ᠎ᠢᠶᠡᠨ ᠴᠠᠭᠳᠠᠭ᠎ᠠ ᠪᠣᠯᠤᠭᠰᠠᠨ ᠤᠭ ᠰᠠᠨᠠᠭ᠎ᠠ᠎ᠪᠠᠨ ᠦᠢᠯᠡᠳᠦᠯᠭᠡᠵᠢᠭᠦᠯᠦᠨ᠎ᠡ》 ᠭᠡᠪᠡ᠃ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠲᠣᠪᠴᠢᠶ᠎ᠠ᠎ᠶᠢᠨ ᠪᠠᠢᠭᠤᠯᠭ᠎ᠠ᠎ᠶᠢᠨ ᠨᠠᠮ᠎ᠤᠨ ᠬᠤᠷᠢᠶ᠎ᠠ᠎ᠶᠢᠨ ᠲᠤᠰᠬᠠᠢ ᠲᠤᠰᠢᠶᠠᠯᠲᠤ ᠳᠡᠳ᠋ ᠱᠦᠵᠢ ᠵᠠᠩ ᠳ᠋ᠠᠨ ᠳ᠋ᠠᠨ᠄ 《ᠵᠠᠯᠠᠭᠤ ᠺᠠᠳ᠋ᠷ ᠪᠣᠯᠤᠭᠰᠠᠨ᠎ᠤ ᠬᠤᠪᠢ᠎ᠳᠤ᠂ ᠠᠵᠢᠯ᠎ᠤᠨ ᠪᠠᠢᠷᠢ᠎ᠳᠠᠭᠠᠨ ᠰᠠᠭᠤᠷᠢᠯᠠᠨ ᠨᠠᠮ᠎ᠤᠨ ᠭᠡᠰᠢᠭᠦᠨ᠎ᠦ ᠬᠣᠰᠢᠭᠤᠴᠢ ᠵᠢᠱ᠌ᠢᠶᠡᠴᠢ ᠦᠢᠯᠡᠳᠦᠯ᠎ᠢ ᠪᠠᠳᠠᠷᠠᠭᠤᠯᠵᠤ᠂ ᠣᠯᠠᠨ ᠲᠦᠮᠡᠨ᠎ᠦ ᠳᠡᠷᠭᠡᠳᠡᠬᠢ ᠬᠥᠮᠥᠨ᠎ᠦ ᠬᠦᠴᠦᠨ᠎ᠦ ᠡᠬᠢ ᠪᠠᠶᠠᠯᠢᠭ᠋ ᠪᠠ ᠨᠡᠢᠭᠡᠮ᠎ᠦᠨ ᠪᠠᠲᠤᠯᠠᠭ᠎ᠠ᠎ᠶᠢᠨ ᠦᠢᠯᠡᠴᠢᠯᠡᠭᠡ᠎ᠶᠢ ᠦᠨᠡᠨ ᠰᠡᠳᠬᠢᠯ᠎ᠡᠴᠡ᠎ᠪᠡᠨ ᠰᠠᠢᠲᠤᠷ ᠬᠢᠨ᠎ᠠ》 ᠭᠡᠵᠦ ᠢᠯᠡᠳᠬᠡᠪᠡ᠃ ᠲᠠᠢᠹᠤᠰᠧ ᠬᠣᠰᠢᠭᠤᠨ᠎ᠤ ᠲᠡᠮᠡᠭᠡᠨ ᠠᠭᠤᠯᠠ ᠪᠠᠯᠭᠠᠰᠤᠨ᠎ᠤ ᠴᠢᠯᠠᠭᠤ ᠤᠰᠤ ᠲᠣᠰᠬᠣᠨ᠎ᠤ ᠨᠠᠮ᠎ᠤᠨ ᠡᠭᠦᠷ᠎ᠦᠨ ᠱᠦᠵᠢ ᠵᠠᠩ ᠬᠠᠢ᠂ ᠪᠦᠬᠦ ᠲᠣᠰᠬᠣᠨ᠎ᠤ ᠨᠠᠮ᠎ᠤᠨ ᠭᠡᠰᠢᠭᠦᠨ ᠤᠯᠠᠨ ᠲᠦᠮᠡᠨ᠎ᠢ ᠳᠠᠭᠠᠭᠤᠯᠤᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠮᠢᠳᠤᠯᠢᠭ᠋ ᠦᠢᠯᠡᠳᠦᠯᠭᠡ ᠪᠣᠯᠭᠠᠨ ᠤᠨᠳᠤᠤᠰᠢᠭᠤᠯᠵᠤ᠂ ᠣᠨᠴᠠᠯᠢᠭ᠍ᠲᠤ ᠳᠠᠷᠢᠵᠤ ᠲᠡᠵᠢᠭᠡᠬᠦ ᠠᠵᠤ ᠦᠢᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠂ ᠣᠷᠣᠯᠭ᠎ᠠ᠎ᠶᠢ ᠨᠡᠮᠡᠭᠳᠡᠭᠦᠯᠬᠦ ᠠᠷᠭ᠎ᠠ ᠵᠠᠮ᠎ᠢ ᠦᠷᠭᠦᠯᠵᠢᠯᠡᠨ ᠥᠷᠭᠡᠳᠬᠡᠵᠦ᠂ ᠪᠣᠳᠠᠲᠠᠢ ᠦᠷ᠎ᠡ ᠪᠦᠲᠦᠮᠵᠢ᠎ᠪᠡᠷ ᠠᠷᠠᠳ᠎ᠤᠨ ᠢᠲᠡᠭᠡᠯ᠎ᠢ ᠣᠯᠵᠤ᠂ ᠠᠷᠠᠳ᠎ᠲᠤ ᠪᠤᠶᠠᠨ ᠦᠢᠯᠡᠳᠦᠨ᠎ᠡ ᠭᠡᠵᠦ ᠢᠯᠡᠳᠬᠡᠪᠡ᠃

ᠦᠨᠳᠦᠰᠦᠨ ᠱᠠᠲᠤᠨ᠎ᠤ ᠰᠢᠮᠡᠯᠢᠭ ᠬᠦᠷᠦᠰᠦᠨ ᠳ᠋ᠦ ᠦᠨᠳᠦᠰᠦᠯᠡᠵᠦ ᠠᠷᠠᠳ᠎ᠤᠨ ᠲᠥᠯᠥᠭᠡ ᠭᠡᠬᠦ ᠤᠭ ᠰᠠᠨᠠᠭ᠎ᠠ ᠪᠠᠨ ᠦᠢᠯᠡᠳᠦᠯᠭᠡᠵᠢᠭᠦᠯᠦᠨ᠎ᠡ

ᠵᠦᠸᠧᠽᠢ ᠰᠢᠶᠠᠨ᠎ᠤ ᠵᠤᠰᠤᠳᠤ᠎ᠶᠢᠨ ᠠᠭᠤᠯᠠ ᠪᠠᠯᠭᠠᠰᠤᠨ᠎ᠤ ᠲᠧᠦ ᠬᠤᠤ ᠲᠣᠰᠬᠣᠨ᠎ᠤ ᠨᠠᠮ᠎ᠤᠨ ᠡᠭᠦᠷ᠎ᠦᠨ ᠱᠦᠵᠢ ᠶᠣᠣ ᠺᠠᠢ ᠵᠢᠶᠦ᠋ᠨ ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶᠢ ᠰᠣᠨᠣᠰᠤᠭᠠᠳ ᠶᠡᠬᠡᠳᠡ ᠰᠡᠳᠬᠢᠯ ᠬᠥᠳᠡᠯᠪᠡ᠃ ᠨᠠᠮ᠎ᠤᠨ ᠭᠡᠰᠢᠭᠦᠨ ᠪᠠ ᠣᠯᠠᠨ ᠲᠦᠮᠡᠨ᠎ᠦ ᠦᠢᠯᠡᠴᠢᠯᠡᠭᠡᠨ᠎ᠦ ᠲᠥᠪ᠎ᠦᠨ ᠠᠵᠢᠯᠲᠠᠨ ᠪᠣᠯᠤᠭᠰᠠᠨ᠎ᠤ ᠬᠤᠪᠢ᠎ᠳᠤ ᠡᠳᠦᠷ ᠳᠤᠵᠢ ᠣᠯᠠᠨ ᠲᠦᠮᠡᠨ᠎ᠳᠦ ᠰᠢᠭᠤᠳ ᠬᠠᠨᠳᠤᠵᠤ᠂ ᠣᠯᠠᠨ ᠲᠦᠮᠡᠨ᠎ᠳᠦ ᠦᠢᠯᠡᠴᠢᠯᠡᠬᠦ ᠪᠤᠯᠬᠤᠷ ᠮᠥᠷᠥᠨ ᠳᠡᠭᠡᠷᠡᠬᠢ ᠬᠠᠷᠢᠭᠤᠴᠠᠯᠭ᠎ᠠ᠎ᠪᠠᠨ ᠨᠠᠩ ᠭᠦᠨᠵᠡᠭᠡᠢ ᠣᠢᠯᠠᠭᠠᠬᠤ ᠬᠡᠷᠡᠭᠲᠡᠢ᠃ ᠬᠣᠢᠰᠢᠳᠠ ᠠᠷᠠᠳ᠎ᠤᠨ ᠲᠥᠯᠥᠭᠡ ᠭᠡᠬᠦ ᠤᠭ ᠰᠠᠨᠠᠭ᠎ᠠ᠎ᠪᠠᠨ ᠪᠠᠲᠤ ᠴᠡᠭᠡᠵᠢᠯᠡᠵᠦ᠂ ᠠᠷᠠᠳ᠎ᠲᠤ ᠳᠥᠭᠥᠮ ᠦᠵᠡᠭᠦᠯᠬᠦ ᠦᠢᠯᠡᠴᠢᠯᠡᠭᠡ᠎ᠶᠢ ᠰᠠᠢᠲᠤᠷ ᠬᠢᠵᠦ᠂ ᠨᠠᠷᠢᠨ ᠨᠢᠮᠪᠠᠢ ᠪᠦᠭᠡᠳ ᠪᠣᠳᠠᠲᠠᠢ᠎ᠶᠢ ᠡᠷᠬᠢᠮᠯᠡᠭᠰᠡᠨ ᠠᠵᠢᠯ᠎ᠢᠶᠠᠷ ᠨᠠᠮ᠎ᠤᠨ ᠭᠡᠰᠢᠭᠦᠨ᠎ᠦ ᠡᠭᠦᠷᠭᠡ ᠬᠠᠷᠢᠭᠤᠴᠠᠯᠭ᠎ᠠ᠎ᠶᠢ ᠦᠢᠯᠡᠳᠦᠯᠭᠡᠵᠢᠭᠦᠯᠦᠨ᠎ᠡ ᠭᠡᠵᠦ ᠢᠯᠡᠳᠬᠡᠪᠡ᠃ ᠵᠦᠸᠧᠽᠢ ᠰᠢᠶᠠᠨ᠎ᠤ ᠵᠤᠰᠤᠳᠤ᠎ᠶᠢᠨ ᠠᠭᠤᠯᠠ ᠪᠠᠯᠭᠠᠰᠤᠨ᠎ᠤ ᠵᠢᠷᠭᠤᠳᠤᠭᠠᠷ ᠰᠤᠮᠤ ᠲᠣᠰᠬᠣᠨ᠎ᠤ ᠨᠠᠮ᠎ᠤᠨ ᠡᠭᠦᠷ᠎ᠦᠨ ᠵᠥᠪᠯᠡᠯ᠎ᠦᠨ ᠨᠠᠮ᠎ᠤᠨ ᠡᠭᠦᠷ᠎ᠦᠨ ᠭᠡᠰᠢᠭᠦᠨ ᠯᠢ ᠵᠢᠶᠠ᠂ ᠬᠣᠢᠰᠢᠳᠠ ᠬᠥᠳᠡᠭᠡ ᠲᠣᠰᠬᠣᠨ᠎ᠳᠤ ᠦᠨᠳᠦᠰᠦᠯᠡᠵᠦ᠂ ᠲᠠᠷᠢᠶᠠᠴᠢᠳ᠎ᠲᠤ ᠠᠰᠢᠭ᠋ ᠬᠦᠷᠲᠡᠭᠡᠬᠦ ᠲᠦᠷᠦ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠵᠤ᠂ ᠲᠣᠰᠬᠣᠨ᠎ᠤ ᠠᠷᠠᠳ᠎ᠤᠨ ᠰᠠᠨᠠᠭ᠎ᠠ ᠵᠣᠪᠠᠵᠤ ᠪᠠᠢᠭ᠎ᠠ ᠶᠠᠪᠤᠳᠠᠯ᠎ᠢ ᠰᠡᠳᠬᠢᠯ ᠲᠠᠯᠪᠢᠨ ᠰᠢᠢᠳᠪᠦᠷᠢᠯᠡᠵᠦ᠂ ᠬᠥᠳᠡᠭᠡ ᠲᠣᠰᠬᠣᠨ᠎ᠤ ᠬᠥᠭᠵᠢᠯᠲᠡ᠎ᠶᠢ ᠰᠠᠢᠲᠤᠷ ᠠᠳᠬᠤᠵᠤ᠂ ᠦᠨᠳᠦᠰᠦᠨ ᠱᠠᠲᠤᠨ᠎ᠳᠡᠬᠢ ᠪᠣᠳᠠᠲᠠᠢ ᠠᠵᠢᠯᠯᠠᠭ᠎ᠠ᠎ᠪᠠᠷ ᠨᠠᠮ᠎ᠤᠨ ᠬᠥᠮᠦᠵᠢᠯ ᠪᠣᠯᠣᠨ ᠲᠣᠰᠬᠣᠨ᠎ᠤ ᠠᠷᠠᠳ᠎ᠤᠨ ᠢᠲᠡᠭᠡᠯ᠎ᠳᠤ ᠬᠠᠷᠢᠭᠤᠯᠲᠠ ᠦᠭᠭᠦᠨ᠎ᠠ  ᠭᠡᠵᠦ ᠢᠯᠡᠳᠬᠡᠪᠡ᠃

ᠣᠷᠳᠣᠰ ᠬᠣᠲᠠ᠎ᠶᠢᠨ ᠦᠦᠰᠢᠨ ᠬᠣᠰᠢᠭᠤᠨ᠎ᠤ ᠰᠦᠯᠳᠡ ᠰᠤᠮᠤ᠎ᠶᠢᠨ ᠱᠠᠷᠯᠢᠭ ᠭᠠᠴᠠᠭᠠᠨ᠎ᠤ ᠨᠠᠮ᠎ᠤᠨ ᠭᠡᠰᠢᠭᠦᠨ ᠺᠠᠳ᠋ᠷᠴᠤᠳ ᠨᠠᠮ᠎ᠤᠨ ᠡᠨᠡᠷᠢᠯ ᠬᠠᠢᠷ᠎ᠠ᠎ᠶᠢ ᠪᠠᠲᠤ ᠴᠡᠭᠡᠵᠢᠯᠡᠵᠦ᠂ ᠠᠷᠠᠳ ᠲᠦᠮᠡᠨ᠎ᠳᠦ ᠦᠢᠯᠡᠴᠢᠯᠡᠬᠦ ᠤᠭ ᠰᠠᠨᠠᠭ᠎ᠠ᠎ᠪᠠᠨ ᠪᠠᠲᠤ ᠰᠠᠬᠢᠨ᠎ᠠ ᠭᠡᠵᠦ ᠢᠯᠡᠳᠬᠡᠵᠡᠭᠡᠪᠡ᠃ ᠭᠠᠴᠠᠭᠠᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠰᠣᠶᠣᠯᠳᠠᠯᠠᠢ᠄ 《ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠠᠵᠢᠯᠲᠠᠨ ᠪᠣᠯᠤᠭᠰᠠᠨ᠎ᠤ ᠬᠤᠪᠢ᠎ᠳᠤ᠂ ᠪᠢᠳᠡ ᠦᠨᠳᠦᠰᠦᠨ ᠱᠠᠲᠤᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠠᠵᠤ ᠦᠢᠯᠡᠰ᠎ᠦᠨ ᠬᠥᠭᠵᠢᠯᠲᠡ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠭᠣᠣᠯᠳᠠᠯᠭ᠎ᠠ᠎ᠲᠠᠢ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠦᠷᠭᠦᠯᠵᠢᠯᠡᠨ ᠨᠡᠮᠡᠭᠳᠡᠭᠦᠯᠵᠦ᠂ ᠰᠣᠶᠣᠯ᠎ᠤᠨ ᠬᠠᠩᠭᠠᠯᠭ᠎ᠠ᠎ᠶᠢ ᠳᠡᠭᠡᠭᠰᠢᠯᠡᠭᠦᠯᠦᠨ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯᠡᠰ᠎ᠢ ᠰᠡᠳᠬᠢᠯ ᠲᠠᠯᠪᠢᠨ ᠰᠢᠢᠳᠪᠦᠷᠢᠯᠡᠵᠦ᠂ ᠶᠠᠷᠢᠶᠠᠨ᠎ᠤ ᠵᠣᠷᠢᠭ᠋ ᠰᠠᠨᠠᠭ᠎ᠠ᠎ᠶᠢ ᠠᠷᠠᠳ᠎ᠲᠤ ᠠᠰᠢᠭ᠋ ᠬᠦᠷᠲᠡᠭᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠣᠯᠠᠨ ᠲᠦᠮᠡᠨ᠎ᠦ ᠠᠮᠢᠳᠤᠷᠠᠯ᠎ᠢ ᠨᠠᠩ ᠪᠠᠶᠠᠨ ᠴᠢᠨᠡᠭᠡᠯᠢᠭ ᠠᠮᠤᠷ ᠠᠮᠤᠭᠤᠯᠠᠩ ᠪᠣᠯᠭᠠᠨ᠎ᠠ》 ᠭᠡᠪᠡ᠃

ᠬᠥᠯᠥᠨ ᠪᠤᠢ᠍ᠢᠷ ᠬᠤᠳᠠ᠎ᠶᠢᠨ ᠰᠢᠨ᠎ᠡ ᠪᠠᠷᠭᠤ ᠪᠠᠷᠠᠭᠤᠨ ᠬᠣᠰᠢᠭᠤᠨ᠎ᠤ ᠬᠡᠷᠦᠯᠦᠨ ᠰᠤᠮᠤ᠎ᠶᠢᠨ ᠨᠠᠮ᠎ᠤᠨ ᠬᠤᠷᠢᠶ᠎ᠠ᠎ᠶᠢᠨ ᠱᠦᠵᠢ ᠶᠦᠩ ᠬᠣᠩ᠂ ᠶᠡᠷᠦᠩᠬᠡᠢ ᠱᠦᠵᠢ ᠰᠢ ᠵᠢᠨ ᠫᠢᠩ᠎ᠦᠨ ᠶᠠᠷᠢᠶ᠎ᠠ᠎ᠶᠢᠨ ᠦᠭᠡ ᠦᠰᠦᠭ ᠪᠤᠯᠭᠠᠨ ᠨᠢ ᠬᠠᠢᠷ᠎ᠠ ᠬᠠᠯᠠᠮᠵᠢ᠎ᠪᠠᠷ ᠪᠢᠯᠬᠠᠵᠤ᠂ ᠲᠠᠯ᠎ᠠ ᠨᠤᠲᠤᠭ᠎ᠲᠤ ᠦᠨᠳᠦᠰᠦᠯᠡᠵᠦ᠂ ᠬᠢᠯᠢ ᠬᠢᠵᠠᠭᠠᠷ᠎ᠢ ᠰᠠᠬᠢᠨ ᠬᠢᠯᠢ ᠬᠢᠵᠠᠭᠠᠷ᠎ᠢ ᠬᠥᠭᠵᠢᠭᠦᠯᠬᠦ᠎ᠳᠦ ᠴᠢᠭᠯᠡᠯ᠎ᠢ ᠵᠢᠭᠠᠵᠤ ᠥᠭᠴᠡᠢ᠃ ᠵᠣᠷᠢᠭ᠋ ᠰᠠᠨᠠᠭᠠᠨ᠎ᠤ ᠴᠢᠬᠤᠯᠠ ᠠᠭᠤᠯᠭ᠎ᠠ᠎ᠶᠢ ᠬᠢᠯᠪᠠᠷ ᠣᠢᠯᠠᠭᠠᠮᠵᠢᠲᠠᠢ ᠦᠭᠡ ᠬᠡᠯᠡ ᠪᠣᠯᠭᠠᠨ ᠪᠣᠯᠪᠠᠰᠤᠷᠠᠭᠤᠯᠬᠤ᠎ᠶᠢᠨ ᠬᠠᠮᠲᠤ ᠵᠣᠰᠠᠯᠠᠩ᠎ᠳᠦ ᠭᠦᠨᠵᠡᠭᠡᠢᠷᠡᠨ᠂ ᠮᠣᠩᠭᠣᠯ ᠭᠡᠷ᠎ᠲᠦ ᠬᠦᠷᠴᠦ᠂ ᠨᠢᠭᠤᠷᠳᠠᠨ ᠤᠬᠠᠭᠤᠯᠤᠨ ᠲᠠᠢᠯᠪᠤᠷᠢᠯᠠᠵᠤ᠂ ᠨᠠᠮ᠎ᠤᠨ ᠬᠠᠢᠷ᠎ᠠ ᠬᠠᠯᠠᠮᠵᠢ᠎ᠶᠢ ᠳᠠᠮᠵᠢᠭᠤᠯᠤᠨ᠎ᠠ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠠᠢᠲᠤᠷ ᠬᠢᠵᠦ᠂ ᠬᠢᠯᠢ ᠬᠢᠵᠠᠭᠠᠷ᠎ᠤᠨ ᠠᠮᠤᠷ ᠲᠣᠭᠲᠠᠭᠤᠨ᠎ᠢ ᠰᠠᠬᠢᠨ ᠬᠠᠮᠠᠭᠠᠯᠠᠵᠤ᠂ ᠡᠬᠡ ᠤᠯᠤᠰ᠎ᠤᠨ ᠬᠢᠯᠢ ᠬᠢᠵᠠᠭᠠᠷ᠎ᠤᠨ ᠠᠮᠤᠷ ᠲᠣᠭᠲᠠᠭᠤᠨ ᠦᠵᠡᠰᠬᠦᠯᠡᠩᠲᠦ ᠰᠠᠢᠬᠠᠨ ᠦᠵᠡᠮᠵᠢ᠎ᠶᠢᠨ ᠣᠷᠣᠨ᠎ᠢ ᠪᠠᠲᠤ ᠴᠣᠭᠴᠠᠯᠠᠨ᠎ᠠ ᠭᠡᠵᠦ ᠢᠯᠡᠳᠬᠡᠪᠡ᠃

ᠠᠯᠠᠱᠠ ᠠᠢᠮᠠᠭ᠎ᠤᠨ ᠠᠯᠠᠱᠠ ᠵᠡᠭᠦᠨ ᠬᠣᠰᠢᠭᠤᠨ᠎ᠤ ᠪᠠᠷᠠᠭᠤᠨ ᠪᠡᠯ ᠪᠠᠯᠭᠠᠰᠤᠨ᠎ᠤ ᠰᠢᠷ᠎ᠠ ᠬᠥᠳᠡᠭᠡ ᠭᠠᠴᠠᠭᠠᠨ᠎ᠤ ᠨᠠᠮ᠎ᠤᠨ ᠡᠭᠦᠷ᠎ᠦᠨ ᠱᠦᠵᠢ᠂ ᠡᠷᠬᠢᠯᠡᠭᠴᠢ ᠴᠢᠦ ᠢ ᠹᠠᠨ᠄ 《ᠭᠠᠴᠠᠭᠠᠨ᠎ᠤ ᠨᠠᠮ᠎ᠤᠨ ᠡᠭᠦᠷ᠎ᠦᠨ ᠱᠦᠵᠢ ᠪᠣᠯᠤᠭᠰᠠᠨ᠎ᠤ ᠬᠤᠪᠢ᠎ᠳᠤ᠂ ᠪᠢ ᠭᠠᠴᠠᠭᠠᠨ᠎ᠤ ᠨᠠᠮ᠎ᠤᠨ ᠭᠡᠰᠢᠭᠦᠳ᠎ᠢ ᠳᠠᠭᠠᠭᠤᠯᠤᠨ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠣᠢᠯᠠᠭᠠᠵᠤ᠂ ᠡᠷᠦᠬᠡ᠎ᠳᠦ ᠪᠠᠢᠩᠭᠤ ᠬᠦᠷᠴᠦ ᠰᠤᠷᠪᠤᠯᠵᠢᠯᠠᠨ᠂ ᠠᠷᠠᠳ᠎ᠤᠨ ᠠᠮᠢᠳᠤᠷᠠᠯ᠎ᠤᠨ ᠬᠦᠰᠡᠯ ᠱᠠᠭᠠᠷᠳᠠᠯᠭ᠎ᠠ᠎ᠶᠢ ᠰᠡᠳᠬᠢᠯ ᠲᠠᠯᠪᠢᠨ ᠰᠢᠢᠳᠪᠦᠷᠢᠯᠡᠵᠦ᠂ ᠡᠯ᠎ᠡ ᠵᠦᠢᠯ᠎ᠦᠨ ᠵᠥᠷᠢᠴᠡᠯ ᠵᠢᠭᠤᠷᠠᠯᠳᠤᠭᠠᠨ᠎ᠢ ᠰᠢᠢᠳᠪᠦᠷᠢᠯᠡᠵᠦ᠂ ᠦᠨᠳᠦᠰᠦᠨ ᠱᠠᠲᠤᠨ᠎ᠤ ᠵᠠᠰᠠᠯᠲᠠ᠎ᠶᠢᠨ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠨᠠᠷᠢᠯᠢᠭ᠋ ᠪᠣᠳᠠᠲᠠᠢ ᠬᠢᠨ᠎ᠡ᠃ ᠡᠭᠦᠨ᠎ᠦ ᠬᠠᠮᠲᠤ᠂ ᠭᠠᠴᠠᠭᠠᠨ᠎ᠤ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠨᠠᠮ᠎ᠤᠨ ᠪᠠᠢᠭᠤᠯᠤᠯᠲᠠ᠎ᠪᠠᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠦ ᠡᠨ᠋ᠸᠷᠬᠢ ᠣᠯᠭᠣᠵᠤ᠂ ᠣᠨᠴᠠᠯᠢᠭ᠍ᠲᠤ ᠠᠵᠤ ᠦᠢᠯᠡᠰ᠎ᠦᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠡᠯᠧᠺᠲᠷᠣᠨ ᠬᠤᠳᠠᠯᠳᠤᠭ᠎ᠠ᠎ᠶᠢ ᠶᠡᠬᠡ᠎ᠪᠡᠷ ᠬᠥᠭᠵᠢᠭᠦᠯᠵᠦ᠂ ᠰᠦᠯᠵᠢᠶᠡᠨ ᠳᠡᠭᠡᠷᠡᠬᠢ ᠪᠣᠷᠤᠯᠠᠭᠤᠯᠭ᠎ᠠ᠎ᠶᠢᠨ ᠠᠷᠭ᠎ᠠ ᠵᠠᠮ᠎ᠢ ᠪᠠᠢᠭᠤᠯᠵᠤ᠂ ᠬᠠᠮᠲᠤ᠎ᠶᠢᠨ ᠠᠵᠤ ᠠᠬᠤᠢ᠎ᠶᠢ ᠪᠤᠵᠠᠭᠠᠢᠷᠠᠭᠤᠯᠵᠤ᠂ ᠮᠠᠯᠴᠢᠨ ᠲᠠᠷᠢᠶᠠᠴᠢᠳ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠵᠤ᠂ ᠠᠮᠢᠳᠤᠷᠠᠯ᠎ᠢ ᠨᠢ ᠶᠠᠪᠤᠬᠤ ᠲᠤᠲᠤᠮ ᠰᠠᠢᠵᠢᠷᠠᠭᠤᠯᠤᠨ᠎ᠠ》 ᠭᠡᠪᠡ᠃

(ᠲᠤᠰ ᠰᠣᠨᠢᠨ᠎ᠤ ᠰᠤᠷᠪᠤᠯᠵᠢᠯᠠᠭ᠍ᠴᠢ ᠵᠧᠩ ᠰᠢᠤᠸᠠᠢ ᠯᠢᠶᠠᠩ  ᠭᠤᠤ ᠮᠢᠨ ᠨᠠ  ᠸᠠᠩ ᠳᠠᠨ᠎ᠠ  ᠬᠤᠤ ᠪᠢᠶᠣᠣ   ᠰᠥᠩ ᠠ ᠨᠠᠨ  ᠰᠢᠤᠸᠠᠢ ᠯᠠᠢ  ᠾᠦᠸᠸ ᠰᠢᠶᠣᠣ ᠴᠢᠩ  ᠪᠠᠶᠠᠰᠬᠤᠯᠠᠩ  ᠬᠠᠢ ᠵᠢᠶᠦ᠋ᠨ  ᠪᠤᠶᠠᠨ᠌ᠡᠨᠡᠷᠢᠯ  ᠯᠢ ᠰᠢᠨ ᠵᠢᠶᠦ᠋ᠨ  ᠯᠢᠦ ᠬᠣᠩ ᠵᠠᠩ  ᠵᠣᠣ ᠮᠢᠨ ᠳᠠᠳᠤᠯᠭ᠎ᠠ᠎ᠶᠢᠨ ᠰᠤᠷᠪᠤᠯᠵᠢᠯᠠᠭ᠍ᠴᠢ  ᠯᠢ ᡁᠢ  ᠶᠡᠷᠦᠩᠬᠡᠢᠯᠡᠨ ᠮᠡᠳᠡᠭᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号