ᠰᠤᠷᠪᠤᠯᠵᠢᠯᠠᠭ᠍ᠴᠢ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠰᠢᠯᠭᠠᠯᠲᠠ᠎ᠶᠢᠨ ᠬᠦᠷᠢᠶᠡᠯᠡᠩ᠎ᠡᠴᠡ ᠣᠢᠯᠠᠭᠠᠭᠰᠠᠨ ᠵᠢᠡᠷ᠂ ᠥᠪᠥᠷ ᠮᠣᠩᠭᠣᠯ᠎ᠤᠨ 2026 ᠣᠨ᠎ᠤ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠠᠵᠢᠯ ᠡᠬᠢᠯᠡᠬᠦ᠎ᠶᠢ ᠳᠠᠭᠠᠯᠳᠤᠨ᠂ ᠥᠪᠥᠷ ᠮᠣᠩᠭᠣᠯ ᠶᠡᠬᠡ ᠳᠡᠭᠡᠳᠦ ᠰᠤᠷᠭᠠᠭᠤᠯᠢ᠎ᠳᠤ ᠰᠤᠷᠤᠭᠴᠢ ᠡᠯᠰᠡᠬᠦ ᠤᠯᠤᠰ᠎ᠤᠨ ᠨᠢᠭᠡᠳᠦᠯᠳᠡᠢ ᠰᠢᠯᠭᠠᠯᠲᠠ᠎ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ᠎ᠢ ᠰᠢᠯᠢᠳᠡᠭᠵᠢᠭᠦᠯᠦᠭᠰᠡᠨᠦ ᠳᠠᠷᠠᠭ᠎ᠠ ᠲᠠᠬᠢᠨ ᠰᠢᠨ᠎ᠡ ᠪᠡᠷ ᠰᠦᠯᠵᠢᠶᠡᠨ᠎ᠳᠦ ᠨᠡᠪᠳᠡᠷᠡᠬᠦᠯᠵᠦ᠂ ᠰᠢᠯᠭᠠᠭᠤᠯᠤᠭ᠍ᠰᠠᠳ᠎ᠤᠨ ᠰᠢᠨᠵᠢᠯᠡᠬᠦ ᠤᠬᠠᠭᠠᠨᠴᠢ ᠪᠡᠷ ᠵᠦᠢ ᠵᠣᠬᠢᠰᠲᠠᠢ᠎ᠪᠠᠷ ᠡᠷᠡᠮᠡᠯᠵᠡᠯ ᠲᠠᠭᠯᠠᠬᠤ᠎ᠳᠤ ᠬᠦᠴᠦᠨ ᠨᠡᠮᠡᠷᠢᠯᠡᠪᠡ᠃
ᠣᠢᠯᠠᠭᠠᠭᠰᠠᠨ᠎ᠢᠶᠠᠷ᠂ ᠲᠤᠰ ᠲᠤᠰᠠᠯᠠᠬᠤ ᠰᠢᠰᠲᠧᠮ ᠨᠢ 2025 ᠣᠨ᠎ᠤ ᠠᠩᠬᠠᠳᠤᠭᠠᠷ ᠬᠤᠭᠤᠴᠠᠭᠠᠨ᠎ᠤ ᠰᠢᠨ᠎ᠡ ᠮᠠᠶᠢᠭ᠋᠎ᠤᠨ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠤᠯᠤᠰ᠎ᠤᠨ ᠨᠢᠬᠡᠳᠦᠯᠳᠡᠢ ᠰᠢᠯᠭᠠᠯᠲᠠ᠎ᠶᠢᠨ ᠰᠣᠷᠣᠭ᠍ᠴᠢ ᠡᠯᠰᠡᠬᠦ ᠲᠥᠯᠥᠪᠯᠡᠭᠡ ᠪᠠ ᠡᠯᠰᠡᠬᠦ ᠲᠣᠭ᠎ᠠ ᠪᠠᠷᠢᠮᠲᠠ᠎ᠶᠢ ᠪᠥᠬᠥ ᠲᠠᠯ᠎ᠠ᠎ᠪᠠᠷ ᠨᠡᠢᠳᠭᠡᠭᠰᠡᠨᠦ ᠬᠠᠮᠲᠤ 2026 ᠣᠨ᠎ᠤ ᠬᠠᠮᠤᠭ᠎ᠤᠨ ᠰᠢᠨ᠎ᠡ ᠰᠣᠷᠣᠭ᠍ᠴᠢ ᠡᠯᠰᠡᠬᠦ ᠲᠥᠯᠥᠪᠯᠡᠭᠡ᠎ᠲᠠᠢ ᠤᠶᠠᠯᠳᠤᠭᠤᠯᠤᠨ᠂ ᠨᠠᠩ ᠤᠶᠤᠨᠴᠢ᠂ ᠨᠠᠩ ᠳᠥᠭᠥᠮ ᠳᠥᠲᠡ ᠠᠷᠭ᠎ᠠ ᠮᠠᠶᠢᠭ᠋᠎ᠢᠶᠠᠷ ᠰᠦᠯᠵᠢᠶᠡᠨ᠎ᠳᠦ ᠭᠠᠷᠭᠠᠵᠤ᠂ ᠰᠢᠯᠭᠠᠭᠤᠯᠤᠭ᠍ᠰᠠᠳ᠎ᠤᠨ ᠡᠷᠡᠮᠡᠯᠵᠡᠯ ᠲᠠᠭᠯᠠᠬᠤ ᠳ᠋ᠤ ᠴᠢᠨᠠᠷ ᠰᠠᠢᠲᠠᠢ ᠦᠢᠯᠡᠴᠢᠯᠡᠭᠡ᠎ᠶᠢ ᠦᠷᠭᠦᠯᠵᠢᠯᠡᠨ ᠬᠠᠩᠭᠠᠨ᠎ᠠ᠃ ᠲᠣᠰ ᠤᠳᠠᠭ᠎ᠠ ᠭᠣᠣᠯᠳᠠᠭᠤ ᠰᠣᠷᠣᠭ᠍ᠴᠢ ᠡᠯᠰᠡᠬᠦ ᠲᠥᠯᠥᠪᠯᠡᠭᠡ᠎ᠶᠢ ᠠᠰᠠᠭᠤᠨ ᠯᠠᠪᠯᠠᠬᠤ᠂ ᠶᠡᠬᠡ ᠳᠡᠭᠡᠳᠦ ᠰᠤᠷᠭᠠᠭᠤᠯᠢ᠎ᠶᠢ ᠠᠰᠠᠭᠤᠨ ᠯᠠᠪᠯᠠᠬᠤ᠂ ᠲᠤᠰᠬᠠᠢ ᠮᠡᠷᠭᠡᠵᠢᠯ᠎ᠢ᠋ ᠠᠰᠠᠭᠤᠨ ᠯᠠᠪᠯᠠᠬᠤ᠂ ᠮᠢᠨᠤ ᠠᠩᠬᠠᠷᠤᠯ ᠵᠡᠷᠭᠡ ᠦᠨᠳᠦᠰᠦᠨ ᠬᠡᠷᠡᠭᠯᠡᠭᠡᠨ᠎ᠦ ᠵᠠᠭᠪᠤᠷ᠎ᠢ ᠦᠯᠡᠳᠡᠭᠡᠭᠰᠡᠨ᠎ᠢᠶᠡᠷ ᠪᠠᠷᠠᠬᠤ ᠦᠭᠡᠢ ᠪᠠᠰᠠ ᠡᠷᠡᠮᠡᠯᠵᠡᠯᠲᠠᠭᠯᠠᠭᠰᠠᠨ ᠵᠢᠡᠨ ᠠᠰᠠᠭᠤᠨ ᠯᠠᠪᠯᠠᠭᠰᠠᠨ ᠦᠷ᠎ᠡ ᠳ᠋ᠦᠩ ᠵᠢᠴᠢ ᠲᠤᠰᠬᠠᠢ ᠮᠡᠷᠭᠡᠵᠢᠯ᠎ᠦᠨ ᠬᠠᠨᠳᠤᠰᠢ᠎ᠶᠢ ᠰᠢᠯᠭᠠᠨ ᠲᠣᠭᠲᠠᠭᠠᠬᠤ ᠪᠠᠭᠠᠵᠢ᠎ᠶᠢ ᠲᠤᠬᠢᠷᠠᠭᠤᠯᠵᠤ᠂ ᠰᠢᠯᠭᠠᠭᠤᠯᠤᠭ᠍ᠰᠠᠳ᠎ᠤᠨ ᠣᠯᠠᠨ ᠡᠰᠢᠲᠦ ᠬᠡᠷᠡᠭᠴᠡᠭᠡ᠎ᠶᠢ ᠪᠥᠬᠥ ᠲᠠᠯ᠎ᠠ᠎ᠪᠠᠷ ᠬᠠᠩᠭᠠᠵᠤ᠂ ᠤᠷᠠᠯᠢᠭ᠋᠎ᠤᠨ ᠲᠥᠷᠥᠯ᠂ ᠪᠡᠶ᠎ᠡ᠎ᠶᠢᠨ ᠲᠠᠮᠢᠷ᠎ᠤᠨ ᠲᠥᠷᠥᠯ᠎ᠦᠨ ᠰᠢᠯᠭᠠᠭᠤᠯᠤᠭ᠍ᠰᠠᠳᠲᠸ᠋ ᠦᠢᠯᠡᠴᠢᠯᠡᠨ᠎ᠡ᠃ ᠤᠳᠤ ᠵᠢᠨ ᠪᠠ ᠦᠩᠬᠡᠷᠡᠭᠰᠡᠨ᠎ᠤ ᠲᠤᠰᠬᠠᠢ ᠮᠡᠷᠭᠡᠵᠢᠯ᠎ᠦᠨ ᠪᠦᠯᠦᠭ᠎ᠤᠨ ᠬᠤᠪᠢᠷᠠᠯᠲᠠ ᠵᠢ ᠬᠠᠷᠢᠴᠠᠭᠤᠯᠬᠤ ᠴᠢᠳᠠᠮᠵᠢ᠎ᠶᠢ ᠰᠢᠨ᠎ᠡ᠎ᠪᠡᠷ ᠨᠡᠮᠡᠵᠦ᠂ ᠥᠩᠭᠡᠷᠡᠭᠰᠡᠨ ᠵᠢᠯ᠎ᠦᠳ᠎ᠦᠨ ᠰᠤᠷᠤᠭᠴᠢ ᠡᠯᠰᠡᠭᠰᠡᠨ ᠲᠣᠭ᠎ᠠ ᠪᠠᠷᠢᠮᠲᠠ ᠪᠣᠯᠣᠨ ᠡᠨᠡ ᠵᠢᠯ᠎ᠦᠨ ᠰᠣᠷᠣᠭ᠍ᠴᠢ ᠡᠯᠰᠡᠬᠦ ᠲᠥᠯᠥᠪᠯᠡᠭᠡ᠎ᠳᠦ ᠢᠯᠡᠷᠡᠭᠰᠡᠨ ᠲᠤᠰᠬᠠᠢ ᠮᠡᠷᠭᠡᠵᠢᠯ᠎ᠦᠨ ᠪᠦᠯᠦᠭ᠎ᠢ ᠰᠠᠯᠭᠠᠭᠰᠠᠨ᠂ ᠨᠡᠢᠯᠡᠭᠦᠯᠦᠭᠰᠡᠨ ᠵᠡᠷᠭᠡ ᠴᠢᠬᠤᠯᠠ ᠶᠡᠬᠡ ᠬᠤᠪᠢᠷᠠᠯᠲᠠ᠎ᠳᠤ ᠴᠢᠭᠯᠡᠭᠦᠯᠦᠨ᠂ ᠦᠵᠡᠵᠦ ᠲᠡᠢᠯᠬᠦ ᠦᠵᠡᠭᠦᠯᠭᠡ ᠬᠢᠵᠦ᠂ ᠲᠣᠭ᠎ᠠ ᠪᠠᠷᠢᠮᠲᠠ᠎ᠶᠢᠨ ᠬᠠᠷᠢᠴᠠᠭᠤᠯᠤᠯ᠎ᠢ ᠢᠯᠡ ᠲᠣᠳᠣ᠌ ᠪᠤᠯᠭᠠᠪᠠ᠃ ᠡᠨᠡ ᠬᠦ᠌ ᠴᠢᠳᠠᠮᠵᠢ ᠨᠢ ᠰᠢᠯᠭᠠᠭᠤᠯᠤᠭ᠍ᠰᠠᠳ ᠲᠸ᠋ ᠲᠤᠰᠬᠠᠢ ᠮᠡᠷᠭᠡᠵᠢᠯ᠎ᠦᠨ ᠨᠡᠮᠡᠭᠳᠡᠯ ᠬᠠᠰᠤᠭᠳᠠᠯ ᠪᠠ ᠲᠣᠬᠢᠷᠠᠭᠤᠯᠤᠯᠲᠠ᠎ᠶᠢᠨ ᠪᠠᠢᠳᠠᠯ᠎ᠢ ᠲᠣᠳᠣᠷᠬᠠᠢ ᠡᠵᠡᠮᠰᠢᠭᠦᠯᠵᠦ᠂ ᠵᠠᠷᠢᠮ ᠲᠦᠭᠰᠢᠭᠦᠷᠢ᠎ᠡᠴᠡ ᠪᠦᠲᠦᠮᠵᠢᠲᠡᠶᠵᠠᠢᠯᠠᠰᠬᠢᠵᠦ ᠴᠢᠳᠠᠬᠤ ᠪᠤᠯᠭᠠᠵᠠᠢ; ᠡᠷᠡᠮᠡᠯᠵᠡᠯᠲᠠᠭᠯᠠᠬᠤ ᠠᠰᠠᠭᠤᠨ ᠯᠠᠪᠯᠠᠯᠲᠠ᠎ᠶᠢᠨ ᠦᠷ᠎ᠡ ᠳ᠋ᠦᠩ ᠪᠣᠯᠣᠨ ᠲᠤᠰᠬᠠᠢ ᠮᠡᠷᠭᠡᠵᠢᠯ᠎ᠦᠨ ᠬᠠᠨᠳᠤᠰᠢ᠎ᠶᠢᠨ ᠵᠢᠱ᠌ᠢᠨ ᠦᠨᠡᠯᠡᠯᠳᠡ ᠵᠢ ᠵᠠᠪᠰᠠᠷ ᠦᠭᠡᠢ ᠬᠤᠯᠪᠤᠯᠳᠤᠭᠤᠯᠪᠠ᠃ ᠰᠢᠯᠭᠠᠭᠤᠯᠤᠭᠰᠠᠳ ᠰᠤᠷᠭᠠᠨ ᠬᠥᠮᠦᠵᠢᠯ᠎ᠦᠨ ᠶᠠᠮᠤᠨ᠎ᠤ ᠶᠡᠬᠡ ᠳᠡᠭᠡᠳᠦ ᠰᠤᠷᠭᠠᠭᠤᠯᠢ᠎ᠳᠤ ᠰᠣᠷᠣᠭ᠍ᠴᠢ ᠡᠯᠰᠡᠬᠦ ᠢᠯᠡ ᠲᠠᠪᠴᠠᠩ᠎ᠳᠤ ᠰᠢᠭᠤᠳ ᠰᠢᠯᠵᠢᠵᠦ᠂ ᠠᠯᠪᠠᠨ᠎ᠤ ᠲᠠᠯ᠎ᠠ᠎ᠶᠢᠨ ᠡᠷᠬᠡ ᠰᠦᠷᠲᠦ ᠲᠠᠪᠴᠠᠩ ᠳᠡᠭᠡᠷ᠎ᠡ ᠥᠪᠡᠷ᠎ᠦᠨ ᠡᠷᠡᠮᠡᠯᠵᠡᠯ᠎ᠦᠨ ᠲᠥᠰᠥᠯ᠎ᠢᠶᠡᠨ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠤᠲᠠᠯᠠᠵᠤ᠂ ᠰᠢᠨᠵᠢᠯᠡᠬᠦ ᠤᠬᠠᠭᠠᠨᠴᠢ᠎ᠪᠠᠷ ᠲᠠᠭᠯᠠᠨ ᠮᠡᠳᠡᠭᠦᠯᠬᠦ᠂ ᠨᠠᠷᠢᠯᠢᠭ᠋ ᠣᠨᠣᠴᠠᠲᠠᠢ᠎ᠪᠠᠷ ᠲᠠᠭᠯᠠᠨ ᠮᠡᠳᠡᠭᠦᠯᠬᠦ᠎ᠶᠢ ᠪᠡᠶᠡᠯᠡᠭᠦᠯᠵᠦ ᠴᠢᠳᠠᠬᠤ ᠪᠣᠯᠭᠠᠵᠠᠢ᠃
ᠡᠭᠦᠨ᠎ᠡᠴᠡ ᠭᠠᠳᠠᠨ᠎ᠠ᠂ ᠲᠤᠰ ᠲᠤᠰᠠᠯᠠᠬᠤ ᠰᠢᠰᠲᠧᠮ ᠨᠢ ᠪᠠᠰᠠ ᠰᠤᠷᠭᠠᠨ ᠬᠥᠮᠦᠵᠢᠯ᠎ᠦᠨ ᠶᠠᠮᠤᠨ᠎ᠤ ᠨᠡᠷᠡᠨ ᠬᠡᠷᠡᠯᠳᠦ ᠡᠷᠡᠮᠡᠯᠵᠡᠯ ᠳᠠᠭᠯᠠᠬᠤ ᠮᠡᠳᠡᠬᠡ ᠵᠠᠩᠬᠢ ᠵᠢᠨ ᠦᠢᠯᠡᠴᠢᠯᠡᠭᠡᠨ᠎ᠦ ᠰᠢᠰᠲᠧᠮ᠎ᠲᠠᠢ ᠭᠦᠨᠵᠡᠭᠡᠢ ᠵᠣᠯᠭᠠᠭᠤᠯᠬᠤ ᠴᠢᠳᠠᠮᠵᠢ᠎ᠶᠢ ᠰᠢᠯᠢᠳᠡᠭᠵᠢᠭᠦᠯᠵᠦ᠂ ᠰᠣᠷᠣᠭ᠍ᠴᠢ ᠡᠯᠰᠡᠬᠦ ᠳᠦᠷᠢᠮ᠂ ᠶᠡᠬᠡ ᠳᠡᠭᠡᠳᠦ ᠰᠤᠷᠭᠠᠭᠤᠯᠢ᠎ᠶᠢᠨ ᠬᠠᠨᠤᠮᠵᠢ᠎ᠶᠢᠨ ᠬᠡᠮᠵᠢᠶ᠎ᠡ᠂ ᠲᠤᠰᠬᠠᠢ ᠮᠡᠷᠭᠡᠵᠢᠯ᠎ᠦᠨ ᠬᠠᠨᠤᠮᠵᠢ᠎ᠶᠢᠨ ᠬᠡᠮᠵᠢᠶ᠎ᠡ᠂ ᠲᠤᠰᠬᠠᠢ ᠮᠡᠷᠭᠡᠵᠢᠯ᠎ᠦᠨ ᠲᠠᠨᠢᠯᠴᠠᠭᠤᠯᠭ᠎ᠠ ᠵᠡᠷᠭᠡ ᠪᠥᠬᠥ ᠲᠠᠯ᠎ᠠ᠎ᠶᠢᠨ ᠲᠣᠭ᠎ᠠ ᠪᠠᠷᠢᠮᠲᠠ᠎ᠶᠢ ᠬᠠᠩᠭᠠᠵᠤ᠂ ᠰᠢᠯᠭᠠᠭᠤᠯᠤᠭ᠍ᠰᠠᠳ᠎ᠤᠨ ᠬᠠᠷᠠᠯᠲᠠᠲᠤ ᠶᠡᠬᠡ ᠳᠡᠭᠡᠳᠦ ᠰᠤᠷᠭᠠᠭᠤᠯᠢ ᠪᠠ ᠲᠤᠰᠬᠠᠢ ᠮᠡᠷᠭᠡᠵᠢᠯ᠎ᠢᠶᠡᠨ ᠵᠠᠳᠠᠯᠬᠤ᠎ᠳᠤ ᠡᠷᠬᠡ ᠰᠦᠷᠲᠦ᠂ ᠪᠤᠰᠤᠳᠴᠢ ᠲᠣᠭ᠎ᠠ ᠪᠠᠷᠢᠮᠲᠠ᠎ᠶᠢᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃