ᠳᠤᠷᠭᠠᠨ ᠵᠠᠮ ᠳᠠᠭᠠᠤ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠭᠦᠳᠬᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠬᠣᠯᠪᠣᠭ᠎ᠠ᠎ᠶᠢᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠵᠠᠢ
2026-07-06 09:55:24
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 1᠎ᠤ᠋ ᠡᠳᠦᠷ᠂ ᠲᠣᠷᠭᠠᠨ ᠵᠠᠮ ᠳᠠᠭᠠᠤ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠭᠦᠳᠬᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠬᠣᠯᠪᠣᠭ᠎ᠠ᠎ᠶᠢᠨ ᠰᠤᠳᠤᠯᠤᠨ ᠶᠠᠷᠢᠯᠴᠠᠬᠤ ᠬᠤᠷᠠᠯ ᠬᠥᠬᠡᠬᠣᠲᠠ᠎ᠳᠤ ᠬᠤᠷᠠᠯᠳᠤᠪᠠ᠃ ᠤᠷᠤᠰ ᠵᠢᠴᠢ ᠭᠤᠸᠠᠩᠰᠢ᠂ ᠨᠢᠩᠰᠢᠶᠠ᠂ ᠱᠠᠨ ᠰᠢ᠂ ᠲᠥᠪᠡᠳ᠂ ᠰᠢᠨᠵᠢᠶᠠᠩ᠂ ᠥᠪᠥᠷ ᠮᠣᠩᠭᠣᠯ᠎ᠤᠨ ᠬᠠᠮᠢᠶ᠎ᠠ ᠪᠦᠬᠦᠢ ᠶᠡᠬᠡ ᠳᠡᠭᠡᠳᠦ ᠰᠤᠷᠭᠠᠭᠤᠯᠢ᠂ ᠠᠵᠢᠯ ᠲᠦᠷᠦᠯ᠂ ᠤᠶᠤᠨ᠎ᠤ ᠬᠥᠮᠥᠷᠭᠡ᠎ᠶᠢᠨ 120 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠨᠢᠭᠡ ᠲᠠᠩᠬᠢᠮ᠎ᠳᠤ ᠴᠤᠭᠯᠠᠷᠠᠵᠤ᠂ ᠬᠢᠯᠢ ᠠᠯᠤᠰᠯᠠᠭᠰᠠᠨ ᠰᠢᠨ᠎ᠡ᠎ᠶᠢ ᠡᠭᠦᠳᠬᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠬᠠᠮᠵᠢᠯᠴᠠᠨ ᠬᠥᠭᠵᠢᠬᠦ ᠠᠷᠭ᠎ᠠ ᠵᠠᠮ᠎ᠢ ᠬᠠᠮᠲᠤ ᠪᠠᠷ ᠶᠠᠷᠢᠯᠴᠠᠪᠠ᠃

ᠰᠤᠳᠤᠯᠤᠨ ᠶᠠᠷᠢᠯᠴᠠᠬᠤ ᠬᠤᠷᠠᠯ᠎ᠢ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠵᠢᠯᠤᠭᠣᠳᠴᠤ᠂ ᠥᠪᠥᠷ ᠮᠣᠩᠭᠣᠯ᠎ᠤᠨ ᠪᠠᠭᠰᠢ ᠵᠢᠨ ᠶᠡᠬᠡ ᠰᠤᠷᠭᠠᠭᠤᠯᠢ ᠡᠴᠡ ᠳᠠᠭᠠᠭᠠᠴᠢᠯᠠᠨ ᠡᠷᠬᠢᠯᠡᠪᠡ᠃ ᠭᠣᠣᠯ ᠵᠣᠷᠢᠯᠲᠠᠳᠤ ᠮᠡᠳᠡᠭᠦᠯᠦᠯᠲᠡ᠎ᠶᠢᠨ ᠭᠣᠭᠴᠣᠭ᠎ᠠ ᠳ᠋ᠤ ᠪᠦᠬᠦ ᠪᠥᠮᠪᠥᠷᠴᠡᠭ᠎ᠦᠨ ᠭᠤᠤᠯᠳᠠᠯᠭ᠎ᠠ ᠲᠠᠢ ᠤᠶᠤᠨ᠎ᠤ ᠬᠥᠮᠥᠷᠭᠡ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ᠂ ᠳᠡᠯᠡᠬᠡᠢ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢᠨ ᠬᠠᠮᠲᠤᠷᠠᠯᠴᠠᠭᠠᠨ᠎ᠤ ᠵᠣᠬᠢᠶᠠᠨ ᠪᠠᠢᠭᠤᠯᠤᠯᠲᠠ᠎ᠶᠢᠨ ᠲᠡᠷᠢᠭᠦᠨ ᠵᠡᠷᠭᠡ ᠵᠢᠨ ᠠᠵᠤ ᠠᠬᠤᠢ᠎ᠶᠢᠨ ᠤᠬᠠᠭᠠᠨᠲᠠᠨ ᠰᠢᠦᠢ ᠬᠣᠩ ᠼᠠᠢ ᠳ᠋ᠣᠺᠲ᠋ᠣᠷ 《ᠶᠡᠬᠡ ᠳᠡᠭᠡᠳᠦ ᠰᠤᠷᠭᠠᠭᠤᠯᠢ᠎ᠨᠤᠭᠤᠳ ᠳᠡᠯᠡᠬᠡᠢ᠎ᠶᠢᠨ ᠠᠵᠤ ᠠᠬᠤᠢ᠎ᠶᠢᠨ ᠰᠢᠨ᠎ᠡ᠎ᠶᠢ ᠡᠭᠦᠳᠬᠦ ᠬᠥᠭᠵᠢᠯᠲᠡ᠎ᠶᠢ ᠠᠬᠢᠭᠤᠯᠬᠤ ᠳᠤᠮᠳᠠ ᠴᠢᠬᠤᠯᠠ ᠶᠡᠬᠡ ᠲᠡᠦᠬᠡᠲᠦ ᠡᠭᠦᠷᠭᠡ᠎ᠶᠢ ᠡᠭᠦᠷᠭᠡᠯᠡᠵᠦ ᠪᠤᠢ》 ᠭᠡᠬᠦ ᠲᠤᠰᠬᠠᠢ ᠰᠡᠳᠦᠪ᠎ᠢᠶᠡᠷ ᠬᠤᠪᠢᠶᠠᠯᠴᠠᠵᠠᠢ᠃ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠂ ᠨᠢᠩᠰᠢᠶᠠ ᠶᠡᠬᠡ ᠰᠤᠷᠭᠠᠭᠤᠯᠢ᠂ ᠭᠤᠸᠠᠩᠰᠢ᠎ᠶᠢᠨ ᠪᠠᠭ᠍ᠰᠢ᠎ᠶᠢᠨ ᠶᠡᠬᠡ ᠰᠤᠷᠭᠠᠭᠤᠯᠢ ᠵᠡᠷᠬᠡ ᠶᠡᠭᠡ ᠰᠤᠷᠭᠠᠭᠤᠯᠢ ᠡᠴᠡ ᠢᠷᠡᠭᠰᠡᠨ ᠲᠤᠰᠬᠠᠢ ᠮᠡᠷᠭᠡᠵᠢᠯᠲᠡᠨ ᠡᠷᠳᠡᠮᠲᠡᠨ ᠦᠢᠯᠡᠰ ᠪᠣᠰᠬᠠᠵᠤ ᠰᠢᠨ᠎ᠡ᠎ᠶᠢ ᠡᠭᠦᠳᠬᠦ ᠬᠥᠮᠦᠵᠢᠯ᠎ᠦᠨ ᠭᠣᠣᠯ ᠰᠡᠳᠦᠪ᠎ᠦᠨ ᠲᠣᠭᠣᠷᠢᠨ᠎ᠳᠤ ᠲᠤᠰ ᠪᠡᠶ᠎ᠡ᠎ᠶᠢᠨ ᠪᠣᠳᠠᠲᠠᠢ᠎ᠲᠠᠢ᠎ᠪᠠᠨ ᠤᠶᠠᠯᠳᠤᠭᠤᠯᠤᠨ ᠬᠤᠪᠢᠶᠠᠯᠴᠠᠪᠠ᠃ ᠭᠣᠣᠯ ᠰᠡᠳᠦᠪᠲᠦ ᠬᠤᠪᠢᠶᠠᠯᠴᠠᠬᠤ ᠭᠣᠭᠴᠣᠭ᠎ᠠ᠎ᠳᠤ᠂ ᠥᠪᠥᠷ ᠮᠣᠩᠭᠣᠯ᠎ᠤᠨ ᠬᠠᠮᠢᠶ᠎ᠠ ᠪᠦᠬᠦᠢ ᠶᠡᠭᠡ ᠲᠡᠭᠡᠳᠦ ᠰᠤᠷᠭᠠᠭᠤᠯᠢ ᠵᠢᠨ ᠵᠢᠩᠬᠢᠨᠢ ᠠᠩᠭᠢ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠦᠢᠯᠡᠰ ᠪᠤᠰᠬᠠᠬᠤ ᠰᠢᠨ᠎ᠡ᠎ᠶᠢ ᠡᠭᠦᠳᠬᠦ ᠬᠠᠷᠢᠭᠤᠴᠠᠯᠭᠠᠲᠠᠨ ᠣᠷᠣᠨ ᠨᠤᠲᠤᠭ᠎ᠤᠨ ᠶᠡᠬᠡ ᠳᠡᠭᠡᠳᠦ ᠰᠤᠷᠭᠠᠭᠤᠯᠢ᠎ᠶᠢᠨ ᠣᠨᠴᠠᠯᠢᠭ᠍ᠲᠤ ᠬᠥᠮᠥᠨ ᠬᠥᠮᠥᠵᠢᠭᠦᠯᠬᠦ ᠵᠠᠭᠪᠤᠷ᠎ᠵᠢᠡᠨ ᠬᠤᠪᠢᠶᠠᠯᠴᠠᠪᠠ᠃ ᠰᠢᠷᠢᠰ ᠮᠡᠳᠡᠭᠦᠯᠦᠯᠲᠡ ᠨᠢ  ᠶᠡᠷᠦᠩᠭᠡᠢᠯᠡᠭᠰᠡᠨ ᠰᠤᠷᠭᠠᠭᠤᠯᠢ᠂  ᠪᠠᠭ᠍ᠰᠢ᠎ᠶᠢᠨ ᠰᠤᠷᠭᠠᠭᠤᠯᠢ᠂ ᠲᠠᠷᠢᠶᠠᠯᠠᠩ ᠣᠶ ᠰᠢᠭᠤᠢ᠂ ᠲᠧᠭᠨᠢᠭ᠎ᠦᠨ ᠤᠬᠠᠭᠠᠨ ᠵᠡᠷᠭᠡ ᠣᠯᠠᠨ ᠲᠥᠷᠥᠯ᠎ᠦᠨ ᠶᠡᠬᠡ ᠳᠡᠭᠡᠳᠦ ᠰᠤᠷᠭᠠᠭᠤᠯᠢ᠎ᠶᠢ ᠬᠠᠮᠤᠷᠴᠤ᠂ ᠤᠯᠤᠰ᠎ᠤᠨ ᠳᠣᠲᠣᠭᠠᠳᠤ᠎ᠶᠢᠨ ᠣᠷᠣᠨ ᠪᠦᠰᠡ᠎ᠶᠢᠨ ᠬᠠᠮᠵᠢᠯᠴᠠᠭ᠎ᠠ ᠪᠠ ᠬᠢᠯᠢ ᠠᠯᠤᠰᠯᠠᠭᠰᠠᠨ ᠣᠯᠠᠨ ᠤᠯᠤᠰ᠎ᠤᠨ ᠬᠠᠮᠲᠤᠷᠠᠯᠴᠠᠭ᠎ᠠ᠎ᠶᠢ ᠬᠠᠮᠲᠤ ᠳ᠋ᠤᠨᠢ ᠬᠠᠷᠠᠭᠠᠯᠵᠠᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠦᠢᠯᠡᠰ ᠪᠤᠰᠬᠠᠬᠤ ᠰᠢᠨ᠎ᠡ ᠵᠢ ᠡᠬᠦᠳᠬᠦ ᠬᠥᠮᠥᠨ᠎ᠢ ᠬᠥᠮᠥᠵᠢᠭᠦᠯᠬᠦ ᠲᠤᠷᠰᠢᠯᠭ᠎ᠠ᠎ᠶᠢ ᠳᠡᠯᠭᠡᠨ ᠦᠵᠡᠭᠦᠯᠵᠡᠢ ᠃

ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠲᠣᠷᠭᠠᠨ ᠵᠠᠮ ᠳᠠᠭᠠᠤ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠬᠦᠳᠴᠦ ᠦᠢᠯᠡᠰ ᠪᠤᠰᠬᠠᠬᠤ ᠰᠤᠷᠭᠠᠨ ᠬᠥᠮᠦᠵᠢᠯ᠎ᠦᠨ ᠬᠣᠯᠪᠣᠭ᠎ᠠ ᠫᠠᠢᠰᠠ ᠰᠡᠬᠦᠭᠰᠡᠨ ᠪᠥᠭᠡᠳ ᠤᠯᠤᠰ᠎ᠤᠨ ᠳᠣᠲᠣᠭᠠᠳᠤ ᠭᠠᠳᠠᠭᠠᠳᠤ᠎ᠶᠢᠨ ᠶᠡᠬᠡ ᠳᠡᠭᠡᠳᠦ ᠰᠤᠷᠭᠠᠭᠤᠯᠢ᠎ᠶᠢᠨ ᠬᠣᠯᠪᠣᠭ᠎ᠠ᠎ᠶᠢᠨ ᠬᠠᠮᠲᠤᠷᠠᠯᠴᠠᠭᠠᠨ᠎ᠤ ᠵᠦᠪᠯᠡᠯᠴᠡᠬᠡᠷ ᠲᠤ᠌ ᠭᠠᠷ᠎ᠤᠨ ᠥᠰᠥᠭ ᠵᠢᠷᠤᠪᠠ᠃ ᠣᠢᠯᠠᠭᠠᠭᠰᠠᠨ ᠵᠢᠡᠷ᠂ ᠲᠣᠷᠭᠠᠨ ᠵᠠᠮ ᠳᠠᠭᠠᠤ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠢᠨ᠎ᠡ᠎ᠶᠢ ᠡᠭᠦᠳᠬᠦ ᠦᠢᠯᠡᠰ ᠪᠣᠰᠬᠠᠬᠤ ᠰᠤᠷᠭᠠᠨ ᠬᠥᠮᠦᠵᠢᠯ᠎ᠦᠨ ᠬᠣᠯᠪᠣᠭ᠎ᠠ ᠨᠢ ᠬᠢᠴᠢᠶᠡᠯ᠎ᠢ ᠬᠠᠮᠲᠤ ᠪᠠᠷ ᠪᠠᠶ᠋ᠢᠭᠤᠯᠬᠤ᠂ ᠪᠠᠭ᠍ᠰᠢ᠎ᠶᠢ ᠬᠠᠷᠢᠯᠴᠠᠨ ᠨᠡᠪᠲᠡᠷᠡᠯᠴᠡᠭᠦᠯᠬᠦ᠂ ᠲᠦᠷᠦᠯ ᠵᠦᠢᠯ᠎ᠢ ᠬᠠᠮᠲᠤ ᠪᠠᠷ ᠰᠤᠳᠤᠯᠬᠤ᠂ ᠤᠷᠤᠯᠳᠤᠭᠠᠨ᠎ᠢ ᠬᠠᠮᠲᠤᠷᠠᠨ ᠡᠷᠬᠢᠯᠡᠬᠦ᠂ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠬᠦ᠎ᠪᠡᠷ ᠭᠣᠣᠯ ᠬᠠᠮᠲᠤᠷᠠᠯᠴᠠᠭᠠᠨ᠎ᠤ ᠠᠷᠭ᠎ᠠ ᠵᠠᠮ ᠪᠤᠯᠭᠠᠵᠤ ᠪᠤᠢ᠃ ᠬᠠᠮᠳᠤᠷᠠᠯᠴᠠᠭ᠎ᠠ ᠳ᠋ᠤ ᠤᠯᠤᠰ᠎ᠤᠨ ᠳᠣᠲᠣᠭᠠᠳᠤ ᠭᠠᠳᠠᠭᠠᠳᠤ᠎ᠶᠢᠨ 42 ᠶᠡᠬᠡ ᠳᠡᠭᠡᠳᠦ ᠰᠤᠷᠭᠠᠭᠤᠯᠢ᠎ᠶᠢ ᠣᠷᠣᠯᠴᠠᠭᠤᠯᠵᠤ᠂ ᠲᠣᠷᠭᠠᠨ ᠵᠠᠮ ᠳᠠᠭᠠᠤ᠎ᠶᠢᠨ ᠶᠡᠬᠡ ᠳᠡᠭᠡᠳᠦ ᠰᠤᠷᠭᠠᠭᠤᠯᠢ᠎ᠳᠤ ᠬᠠᠨᠳᠤᠭᠤᠯᠤᠭᠰᠠᠨ ᠨᠢᠭᠡ ᠴᠣᠭᠴᠠᠵᠢᠭᠤᠯᠤᠭᠰᠠᠨ ᠬᠢᠯᠢ ᠠᠯᠤᠰᠯᠠᠨ ᠦᠢᠯᠡᠰ ᠪᠣᠰᠬᠠᠬᠤ ᠰᠢᠨ᠎ᠡ᠎ᠶᠢ ᠡᠭᠦᠳᠬᠦ ᠬᠥᠮᠥᠨ᠎ᠢ ᠬᠥᠮᠥᠵᠢᠭᠦᠯᠬᠦ ᠬᠠᠮᠵᠢᠯᠴᠠᠭᠠᠨ᠎ᠤ ᠠᠴᠢᠶᠠᠯᠠᠪᠤᠷᠢ᠎ᠶᠢ ᠴᠣᠭᠴᠠᠯᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠬᠢᠯᠢ ᠠᠯᠤᠰᠯᠠᠭᠰᠠᠨ ᠠᠵᠤ ᠠᠬᠤᠢ ᠠᠷᠠᠯᠵᠢᠶ᠎ᠠ᠂ ᠰᠣᠶᠣᠯ ᠵᠢᠭᠤᠯᠴᠢᠯᠠᠯ᠂ ᠰᠣᠶᠣᠯ ᠢᠷᠭᠡᠨᠰᠢᠯ᠎ᠦᠨ ᠰᠣᠯᠢᠯᠴᠠᠭᠠᠨ᠎ᠤ ᠠᠵᠤ ᠦᠢᠯᠡᠰ᠎ᠲᠠᠢ ᠵᠣᠯᠭᠠᠭᠤᠯᠬᠤ᠎ᠶᠢ ᠠᠬᠢᠭᠤᠯᠵᠤ᠂ ᠣᠷᠣᠨ ᠪᠦᠰᠡ᠎ᠶᠢᠨ ᠪᠣᠯᠪᠠᠰᠤᠨ᠎ᠤ ᠬᠠᠷᠢᠯᠴᠠᠨ ᠲᠣᠯᠢᠳᠠᠬᠤ ᠪᠠ ᠠᠵᠤ ᠦᠢᠯᠡᠰ᠎ᠦᠨ ᠠᠭᠤᠰᠤᠯᠴᠠᠯ᠎ᠳᠤ ᠬᠦᠴᠦᠨ ᠨᠡᠮᠡᠷᠢᠯᠡᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号