ᠦ᠋ ᠯᠢ ᠮᠢᠨ 《ᠪᠥᠬᠥ ᠤᠯᠤᠰ᠎ᠤᠨ ᠰᠢᠨ᠎ᠡ᠎ᠶᠢ ᠡᠬᠦᠳᠦᠨ ᠲᠡᠷᠢᠭᠦᠨ᠎ᠦ ᠬᠢ ᠪᠤᠯᠬᠤ ᠪᠡᠷ ᠴᠢᠷᠮᠠᠢᠭᠰᠠᠨ ᠱᠠᠩᠨᠠᠯ》 ᠢ᠋ ᠭᠥᠷᠳᠡᠪᠡ
2026-07-06 10:26:04
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠦᠪᠦᠷ ᠮᠤᠩᠭᠤᠯ᠎ᠤᠨ ᠶᠡᠭᠡ ᠰᠤᠷᠭᠠᠭᠤᠯᠢ ᠡᠴᠡ ᠤᠢᠯᠠᠭᠠᠭᠰᠠᠨ ᠵᠢᠡᠷ᠂ ᠲᠦᠷᠦᠭᠦᠭᠡᠨ ᠪᠡᠭᠡᠵᠢᠩ ᠳ᠋ᠤ ᠶᠠᠪᠤᠭᠳᠠᠭᠰᠠᠨ ᠳᠥᠷᠪᠡᠳᠦᠭᠡᠷ ᠬᠤᠭᠤᠴᠠᠭᠠᠨ᠎ᠤ 《ᠪᠦᠬᠦ ᠤᠯᠤᠰ᠎ᠤᠨ ᠰᠢᠨ᠎ᠡ᠎ᠶᠢ ᠡᠬᠦᠳᠦᠨ ᠲᠡᠷᠢᠭᠦᠨ᠎ᠤ ᠬᠢ ᠪᠤᠯᠬᠤ ᠪᠡᠷ ᠴᠢᠷᠮᠠᠢᠬᠰᠠᠨ ᠱᠠᠩᠨᠠᠯ》 ᠤ᠋ᠨ ᠬᠦᠬᠢᠬᠦᠯᠦᠨ ᠰᠠᠢᠰᠢᠶᠠᠬᠤ ᠶᠡᠬᠡ ᠬᠤᠷᠠᠯ ᠲᠡᠭᠡᠷ᠎ᠡ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠵᠠᠬᠢᠷᠤᠯ ᠦ᠋ ᠯᠢ ᠮᠢᠨ ᠪᠥᠬᠥ ᠤᠯᠤᠰ᠎ᠤᠨ ᠰᠢᠨ᠎ᠡ᠎ᠶᠢ ᠡᠬᠦᠳᠦᠨ ᠲᠡᠷᠢᠭᠦᠨ᠎ᠤ ᠬᠢ ᠪᠤᠯᠬᠤ ᠪᠡᠷ ᠴᠢᠷᠮᠠᠢᠭᠰᠠᠨ ᠬᠦᠬᠢᠬᠦᠯᠦᠯ᠎ᠤᠨ ᠲᠡᠮᠳᠡᠭ᠎ᠢ ᠭᠥᠷᠳᠡᠵᠦ᠂ ᠲᠣᠰ ᠱᠠᠩᠨᠠᠯ᠎ᠢ ᠲᠤᠰᠤᠭᠰᠠᠨ ᠮᠠᠨ᠎ᠤ ᠤᠷᠤᠨ᠎ᠤ ᠠᠩᠬᠠᠳᠠᠭ᠍ᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ ᠪᠣᠯᠤᠭᠰᠠᠨ ᠪᠠᠢᠨ᠎ᠠ᠃

ᠦ᠋ ᠯᠢ ᠮᠢᠨ ᠫᠷᠤᠹᠧᠰᠰᠤᠷ ᠪᠥᠭᠡᠭᠡᠨᠡᠷᠡᠯ ᠨᠢᠬᠡᠳᠪᠦᠷᠢ ᠵᠢᠨ ᠲᠦᠷᠬᠢᠯ ᠳᠠᠪᠬᠤᠷᠭ᠎ᠠ᠎ᠶᠢᠨ ᠮᠠᠲᠧᠷᠢᠶᠠᠯ᠎ᠤᠨ ᠬᠦᠷᠢᠶ᠎ᠡ᠎ᠳ᠋ᠤ ᠤᠯᠠᠨ ᠵᠢᠯ ᠰᠤᠳᠤᠯᠭᠠᠨ ᠦᠷᠨᠢᠬᠦᠯᠵᠦ᠂ ᠰᠠᠭᠤᠷᠢ ᠰᠤᠳᠤᠯᠭᠠᠨ᠎ᠤ ᠬᠣᠰᠢᠭᠤᠷᠠᠯ ᠪᠣᠯᠣᠨ ᠤᠯᠤᠰ᠎ᠤᠨ ᠴᠢᠬᠤᠯᠠ ᠶᠡᠬᠡ ᠬᠡᠷᠡᠭᠴᠡᠭᠡ ᠱᠠᠭᠠᠷᠳᠠᠯᠭ᠎ᠠ᠎ᠶᠢ ᠭᠦᠨᠵᠡᠭᠡᠢ ᠠᠭᠤᠰᠤᠯᠴᠠᠭᠤᠯᠵᠤ᠂《ᠪᠥᠭᠡᠭᠡᠨᠡᠷᠡᠯ ᠨᠢᠬᠡᠳᠪᠦᠷᠢ ︱ ᠣᠷᠭᠠᠨᠢᠭ᠋ ᠪᠤᠰᠤ ᠬᠣᠯᠢᠮᠠᠭ ᠥᠨᠳᠥᠷ ᠴᠢᠳᠠᠪᠬᠢᠲᠤ ᠲᠦᠷᠬᠢᠯ ᠳᠠᠪᠬᠤᠷᠭ᠎ᠠ》 ᠵᠢᠨ ᠰᠠᠭᠤᠷᠢ ᠤᠨᠤᠯ᠂ ᠪᠡᠯᠡᠳᠬᠡᠯ ᠰᠢᠨ᠎ᠡ ᠠᠷᠭ᠎ᠠ ᠪᠣᠯᠣᠨ ᠢᠨᠵᠧᠨᠧᠷᠢᠩ᠎ᠦᠨ ᠬᠡᠷᠡᠭᠯᠡᠯᠲᠡ᠎ᠶᠢᠨ ᠲᠠᠯ᠎ᠠ᠎ᠪᠠᠷ ᠰᠢᠰᠲ᠋ᠧᠮᠴᠢ ᠴᠢᠨᠠᠷᠲᠠᠢ ᠬᠤᠪᠢ ᠨᠡᠮᠡᠷᠢ ᠦᠵᠡᠭᠦᠯᠪᠡ᠃ ᠦ᠋ ᠯᠢ ᠮᠢᠨ ᠨᠢᠭᠡᠳᠦᠭᠡᠷ ᠪᠡᠶᠡᠯᠡᠭᠦᠯᠦᠭᠴᠢ᠎ᠪᠡᠷ ᠤᠯᠤᠰ᠎ᠤᠨ ᠮᠡᠷᠭᠡᠵᠢᠯ᠎ᠦᠨ ᠡᠭᠦᠳᠦᠯᠲᠡ᠎ᠶᠢᠨ ᠬᠣᠶᠠᠳᠤᠭᠠᠷ ᠳᠡᠰ᠎ᠤᠨ ᠱᠠᠩᠨᠠᠯ᠂ ᠮᠤᠵᠢ ᠶᠠᠮᠤᠨ᠎ᠤ ᠳᠡᠰ᠎ᠤᠨ ᠨᠢᠭᠡᠳᠦᠭᠡᠷ ᠳᠡᠰ᠎ᠤᠨ ᠱᠠᠩᠨᠠᠯ᠎ᠢ᠋ 5 ᠤᠳᠠᠭ᠎ᠠ ᠬᠦᠷᠳᠡᠵᠦ᠂ SCI ᠥᠭᠦᠯᠡᠯ᠎ᠢ ᠨᠡᠢᠳᠡ 527 ᠨᠡᠢᠲᠡᠯᠡᠵᠦ᠂ ᠳᠤᠮᠳᠠᠳᠤ ᠤᠯᠤᠰ᠎ᠤᠨ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ  ᠵᠢ 44᠂ ᠠᠮᠧᠷᠢᠺᠠ᠎ᠶᠢᠨ ᠲᠤᠰᠬᠠᠢ ᠠᠰᠢᠭ᠋᠎ᠤᠨ ᠡᠷᠬᠡ ᠵᠢ  3᠂ PCT ᠲᠤᠰᠬᠠᠢ ᠠᠰᠢᠭ᠋᠎ᠤᠨ ᠡᠷᠬᠡ ᠵᠢ 3᠎ᠬᠦᠷᠳᠡᠪᠡ᠃ ᠤᠯᠤᠰ᠎ᠤᠨ ᠰᠠᠭᠤᠷᠢ ᠮᠥᠩᠭᠥᠨ᠎ᠦ ᠵᠥᠪᠯᠡᠯ᠎ᠦᠨ ᠰᠢᠨ᠎ᠡ᠎ᠶᠢ ᠡᠭᠦᠳᠬᠦ ᠬᠠᠮᠳᠤ ᠨᠡᠢᠳᠡ ᠵᠢᠨ ᠳᠠᠭᠠᠭᠤᠯᠤᠭ᠍ᠴᠢ ᠪᠣᠯᠤᠭᠰᠠᠨ᠎ᠤ ᠬᠤᠪᠢ᠎ᠳᠤ᠂ ᠲᠡᠬᠦᠨ᠎ᠢᠶᠡᠷ ᠲᠦᠷᠦᠬᠦᠯᠡᠬᠦᠯᠦᠭᠰᠡᠨ ᠰᠤᠷᠭᠠᠨ ᠬᠥᠮᠦᠵᠢᠯ᠎ᠦᠨ ᠶᠠᠮᠤᠨ᠎ᠤ ᠲᠡᠷᠢᠭᠦᠨ᠎ᠦ ᠰᠢᠷ᠎ᠪᠤᠳᠤᠭ᠎ᠦᠨ ᠢᠨᠵᠧᠨᠧᠷᠢᠩ᠎ᠦᠨ ᠰᠤᠳᠤᠯᠭᠠᠨ᠎ᠤ ᠲᠥᠪ ᠵᠢᠴᠢ ᠳᠡᠭᠡᠳᠦ ᠲᠡᠰ᠎ᠤᠨ ᠲᠣᠨᠣᠭᠯᠠᠯ᠎ᠤᠨ ᠰᠢᠷ ᠪᠤᠳᠤᠭ᠎ᠦᠨ ᠪᠦᠬᠦ ᠤᠯᠤᠰ᠎ᠤᠨ ᠭᠣᠣᠯᠳᠠᠯᠭ᠎ᠠ᠎ᠲᠠᠢ ᠲᠤᠷᠰᠢᠯᠲᠠ᠎ᠶᠢᠨ ᠳᠠᠰᠤᠭ᠎ᠢ ᠵᠦᠪᠰᠢᠶᠡᠷᠡᠬᠦᠯᠪᠡ᠃

ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠵᠠᠬᠢᠷᠤᠯ᠎ᠤᠨ ᠲᠤᠰᠢᠶᠠᠯ᠎ᠢ ᠬᠠᠷᠢᠭᠤᠴᠠᠭᠰᠠᠨ᠎ᠠᠴᠠ ᠨᠠᠭᠠᠰᠢ᠂ ᠦ᠋ ᠯᠢ ᠮᠢᠨ ᠡᠬᠡ ᠤᠯᠤᠰ᠎ᠤᠨ ᠬᠢᠯᠢ ᠬᠢᠵᠠᠭᠠᠷ᠎ᠲᠤ ᠦᠨᠳᠦᠰᠦᠯᠡᠵᠦ᠂ ᠪᠦᠬᠦ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠢ ᠳᠠᠭᠠᠭᠤᠯᠤᠨ ᠢᠯᠡ ᠲᠣᠳᠣ᠌ ᠤᠨᠴᠠᠯᠢᠭ ᠪᠦᠬᠦᠢ ᠲᠡᠷᠢᠭᠦᠨ ᠵᠡᠷᠭᠡ᠎ᠶᠢᠨ ᠶᠡᠬᠡ ᠰᠤᠷᠭᠠᠭᠤᠯᠢ᠎ᠵᠢ ᠪᠠᠢᠭᠤᠯᠬᠤ ᠬᠠᠷᠠᠯᠲᠠ᠎ᠶᠢ ᠲᠣᠭᠲᠠᠭᠠᠵᠤ᠂ ᠰᠢᠨᠵᠢᠯᠡᠭᠡᠨ᠎ᠦ ᠰᠠᠯᠠᠭ᠎ᠠ᠎ᠶᠢᠨ ᠪᠠᠢᠷᠢᠰᠢᠭᠤᠯᠤᠯᠲᠠ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠡᠢ᠃

ᠣᠢᠯᠠᠭᠠᠭᠰᠠᠨ᠎ᠢᠶᠠᠷ᠂ 《ᠪᠥᠬᠥ ᠤᠯᠤᠰ᠎ᠤᠨ ᠰᠢᠨ᠎ᠡ ᠵᠢ ᠡᠬᠦᠳᠦᠨ ᠲᠡᠷᠢᠭᠦᠨ᠎ᠦ ᠬᠢ ᠪᠤᠯᠬᠤ ᠪᠡᠷ ᠴᠢᠷᠮᠠᠢᠭᠰᠠᠨ ᠱᠠᠩᠨᠠᠯ》᠎ᠢ᠋ 2017 ᠣᠨ᠎ᠳᠤ ᠬᠥᠮᠥᠨ᠎ᠦ ᠬᠦᠴᠦᠨ᠎ᠦ ᠡᠬᠢ ᠪᠠᠶᠠᠯᠢᠭ᠋ ᠨᠡᠢᠭᠡᠮ᠎ᠦᠨ ᠪᠠᠲᠤᠯᠠᠭ᠎ᠠ᠎ᠶᠢᠨ ᠶᠠᠮᠤᠨ᠂ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠡᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠠᠮᠤᠨ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠤᠯᠤᠰ᠎ᠤᠨ ᠥᠮᠴᠢᠯᠡᠯ᠎ᠦᠨ ᠡᠳ᠋ ᠬᠥᠷᠥᠩᠭᠡ᠎ᠶᠢᠨ ᠬᠠᠮᠢᠶᠠᠷᠤᠯᠲᠠ᠎ᠶᠢᠨ ᠵᠥᠪᠯᠡᠯ᠎ᠡᠴᠡ ᠬᠠᠮᠲᠤᠷᠠᠨ ᠡᠷᠭᠢᠯᠡᠵᠦ᠂ ᠰᠠᠭᠤᠷᠢ ᠰᠤᠳᠤᠯᠭᠠᠨ ᠪᠠ ᠬᠣᠰᠢᠭᠤᠷᠠᠯ ᠬᠠᠢᠨ ᠰᠦᠪᠡᠭᠴᠢᠯᠡᠯᠲᠡ᠂ ᠴᠢᠬᠤᠯᠠ ᠶᠡᠬᠡ ᠲᠣᠨᠣᠭ ᠲᠥᠬᠦᠭᠡᠷᠦᠮᠵᠢ ᠪᠠ ᠢᠨᠵᠧᠨᠧᠷᠢᠩ᠎ᠦᠨ ᠪᠤᠭᠤᠮᠳᠠ ᠰᠢᠪᠳᠤᠯᠤᠯᠳᠠ᠂ ᠦᠷ᠎ᠡ ᠪᠦᠲᠦᠭᠡᠯ᠎ᠢ ᠤᠯᠠᠷᠢᠭᠤᠯᠬᠤ ᠪᠠ ᠰᠢᠨ᠎ᠡ᠎ᠶᠢ ᠡᠭᠦᠳᠦᠨ ᠦᠢᠯᠡᠰ ᠪᠤᠰᠬᠠᠬᠤ᠂ ᠨᠡᠢᠭᠡᠮ᠎ᠦᠨ ᠦᠢᠯᠡᠴᠢᠯᠡᠭᠡ ᠵᠡᠷᠭᠡ ᠲᠠᠯ᠎ᠠ᠎ᠪᠠᠷ ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠬᠠᠮᠲᠤ ᠨᠡᠶ᠋ᠢᠲᠡ ᠪᠠ ᠬᠤᠪᠢ ᠬᠥᠮᠥᠨ᠎ᠢ ᠬᠥᠬᠢᠭᠦᠯᠦᠨ ᠰᠠᠢᠰᠢᠶᠠᠳᠠᠭ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号