ᠣᠶ᠋ᠢᠷ᠎ᠠ᠎ᠳᠤ᠂ ᠪᠠᠶᠠᠨᠨᠠᠭᠤᠷ ᠬᠤᠲᠠ᠎ᠶ᠋ᠢᠨ ᠯᠢᠨ ᠾᠧ ᠲᠣᠭᠤᠷᠢᠭ᠎ᠤᠨ ᠳᠥᠷᠪᠡᠳᠦᠭᠡᠷ ᠪᠠᠭ᠎ᠠ ᠰᠤᠷᠭᠠᠭᠤᠯᠢ᠎ᠶ᠋ᠢᠨ ᠲᠣᠭᠯᠠᠯᠲᠠ᠎ᠶ᠋ᠢᠨ ᠲᠢᠩᠬᠢᠮ᠎ᠳᠤ ᠰᠡᠳᠦᠪ ᠬᠠᠷᠢᠭᠤᠯᠬᠤ ᠬᠠᠪᠳᠠᠰᠤᠨ ᠲᠡᠭᠡᠷ᠎ᠡ ᠦᠰᠦᠭ ᠪᠢᠴᠢᠬᠦ ᠲᠠᠭᠤᠨ ᠡᠴᠡ ᠦᠭᠡᠷ᠎ᠡ ᠠᠨᠢᠷ ᠴᠢᠮᠡᠭᠡ ᠦᠭᠡᠢ ᠪᠠᠢᠯ᠎ᠠ᠃ ᠰᠢᠯᠭᠠᠨ ᠪᠠᠢᠴᠠᠭᠠᠭᠴᠢ ᠡᠴᠡ ᠰᠢᠯᠭᠠᠯᠲᠠ᠎ᠶ᠋ᠢᠨ ᠰᠡᠳᠦᠪ᠎ᠢ ᠤᠩᠰᠢᠬᠤ ᠲᠠᠢ ᠵᠡᠷᠭᠡ ᠯᠢᠨ ᠾᠧ ᠲᠣᠭᠤᠷᠢᠭ᠎ᠤᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠵᠢᠷᠭᠤᠳᠤᠭᠠᠷ ᠣᠨ᠎ᠤ ᠰᠤᠷᠤᠭᠴᠢ ᠶᠠᠩ ᠢ ᠴᠧᠨ ᠬᠦᠨ ᠠᠮᠢᠰᠭᠤᠵᠤ ᠠᠪᠤᠭᠠᠳ᠂ ᠰᠡᠳᠦᠪ ᠬᠠᠷᠢᠭᠤᠯᠬᠤ ᠰᠠᠮᠪᠠᠷ᠎ᠠ ᠳᠡᠭᠡᠷ᠎ᠡ ᠬᠠᠷᠢᠭᠤᠯᠲᠠ᠎ᠪᠠᠨ ᠲᠡᠷᠢ ᠲᠡᠭᠰᠢ ᠪᠢᠴᠢᠵᠦ ᠭᠠᠷᠭᠠᠪᠠ᠃ ᠲᠡᠭᠦᠨ᠎ᠤ ᠬᠠᠵᠠᠭᠤ ᠳ᠋ᠤᠨᠢ ᠪᠠᠰᠠ ᠯᠢᠨ ᠾᠧ ᠲᠣᠭᠤᠷᠢᠭ᠎ᠤᠨ 77 ᠲᠥᠯᠦᠭᠡᠯᠡᠭᠴᠢᠳ᠎ᠤᠨ ᠠᠩᠭᠢ᠎ᠶ᠋ᠢᠨ 309 ᠪᠠᠭᠰᠢ ᠰᠤᠷᠤᠭᠴᠢᠳ ᠲᠡᠬᠦᠨ ᠲᠠᠢ ᠠᠳᠠᠯᠢᠬᠠᠨ ᠵᠢᠡᠷ ᠰᠡᠳᠦᠪ ᠬᠠᠷᠢᠭᠤᠯᠤᠨ ᠦᠷᠢᠰᠦᠯᠳᠦᠬᠦ ᠠᠵᠢ᠃
ᠡᠨᠡ ᠪᠣᠯ ᠯᠢᠨ ᠾᠧ ᠲᠣᠭᠤᠷᠢᠭ᠎ᠤᠨ ᠡᠷᠬᠢᠯᠡᠵᠦ ᠪᠠᠢᠭ᠎ᠠ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠤᠷᠤᠯᠳᠤᠭᠠᠨ᠎ᠤ ᠠᠬᠤᠢ ᠲᠠᠯᠠᠪᠠᠢ ᠪᠣᠯᠤᠨ᠎ᠠ᠃ 77 ᠲᠥᠯᠦᠭᠡᠯᠡᠭᠴᠢᠳ᠎ᠦᠨ ᠠᠩᠭᠢ ᠵᠢᠨ ᠬᠢᠨ ᠦᠭᠡ ᠥᠭᠦᠯᠡᠪᠦᠷᠢ ᠵᠢ ᠰᠣᠨᠤᠰᠴᠤ᠌ ᠪᠢᠴᠢᠬᠦ᠂ ᠬᠤᠯᠪᠤᠭ᠎ᠠ ᠬᠤᠷᠰᠢᠶ᠎ᠠ ᠦᠭᠡ ᠵᠤᠬᠢᠶᠠᠬᠤ᠂ ᠰᠢᠯᠦᠭ ᠳᠠᠭᠤᠯᠠᠯ᠎ᠤᠨ ᠦᠰᠦᠭ ᠲᠠᠭᠯᠠᠬᠤ ᠵᠡᠷᠭᠡ ᠭᠤᠬᠴᠤᠭ᠎ᠠ ᠪᠡᠷ ᠲᠠᠮᠵᠢᠭᠤᠯᠤᠨ ᠬᠢᠷᠢ ᠲᠦᠪᠰᠢᠨ ᠵᠢᠡᠨ ᠰᠢᠯᠭᠠᠨ᠎ᠠ᠃ ᠤᠷᠤᠯᠳᠤᠭᠠᠨ᠎ᠤ ᠠᠬᠤᠢ ᠲᠠᠯᠠᠪᠠᠢ ᠳ᠋ᠦ᠂ ᠵᠠᠷᠢᠮ ᠰᠤᠷᠤᠭᠴᠢ ᠰᠡᠳᠭᠢᠯ ᠲᠠᠯᠪᠢᠨ ᠪᠣᠳᠤᠯᠬᠢᠯᠠᠭᠰᠠᠨᠤ ᠳᠠᠷᠠᠭ᠎ᠠ ᠲᠦᠷᠭᠡᠨ ᠪᠢᠴᠢᠵᠦ ᠬᠠᠷᠢᠭᠤᠯᠤᠨ᠎ᠠ᠂ ᠵᠠᠷᠢᠮ ᠪᠠᠭᠰᠢ ᠨᠢ ᠯᠠᠪᠳᠠᠭᠤᠨ ᠲᠣᠭᠲᠠᠭᠤᠨ ᠪᠢᠴᠢᠵᠦ ᠬᠠᠷᠢᠭᠤᠯᠤᠨ᠎ᠠ᠃ ᠲᠤᠰ ᠤᠳᠠᠭᠠᠨ᠎ᠤ ᠤᠷᠤᠯᠳᠤᠭᠠᠨ᠎ᠤ ᠰᠡᠳᠦᠪ᠎ᠦᠨ ᠬᠡᠯᠪᠡᠷᠢ᠎ᠨᠢ ᠪᠠᠶᠠᠯᠢᠭ᠂ ᠠᠭᠤᠯᠭ᠎ᠠ᠎ᠨᠢ ᠤᠯᠠᠨ ᠡᠰᠢᠵᠢᠭᠰᠡᠨ ᠪᠠᠢᠵᠦ᠍᠂ ᠰᠣᠩᠭᠤᠳᠠᠭ ᠰᠢᠯᠦᠭ ᠳᠠᠭᠤᠯᠠᠯ᠂ ᠤᠯᠠᠮᠵᠢᠯᠠᠯᠲᠤ᠌ ᠰᠣᠶᠤᠯ᠂ ᠯᠤᠷᠵᠤᠤ ᠦᠭᠡ᠂ ᠬᠥᠮᠦᠨ ᠰᠣᠶᠤᠯ᠎ᠤᠨ ᠶᠡᠷᠦ᠎ᠶ᠋ᠢᠨ ᠮᠡᠳᠡᠯᠭᠡ ᠵᠡᠷᠭᠡ ᠠᠭᠤᠯᠭ᠎ᠠ᠎ᠶ᠋ᠢ ᠬᠠᠮᠤᠷᠴᠤ᠌᠂ ᠮᠡᠳᠡᠯᠭᠡᠲᠦ ᠴᠢᠨᠠᠷ ᠪᠠ ᠰᠣᠨᠢᠷᠬᠠᠯᠲᠤ᠌ ᠴᠢᠨᠠᠷ᠎ᠢ ᠪᠦᠷᠢᠳᠦᠬᠦᠯᠵᠡᠢ᠃
《ᠡᠩ᠎ᠤᠨ ᠦᠶ᠎ᠡ᠎ᠳᠤ ᠠᠮᠠᠷᠬᠠᠨ ᠤᠮᠳᠤᠭᠠᠢᠯᠠᠭᠳᠠᠳᠠᠭ ᠵᠦᠢᠯᠡᠰ ᠨᠢ ᠤᠷᠤᠯᠳᠤᠭᠠᠨ ᠵᠢᠡᠷ ᠲᠠᠮᠵᠢᠨ ᠢᠯᠡᠷᠡᠵᠦ ᠭᠠᠷᠴᠠᠢ᠃ ᠬᠠᠷᠢᠬᠰᠠᠨᠤ ᠪᠡᠨ ᠲᠠᠷᠠᠭ᠎ᠠ ᠰᠠᠢᠳᠤᠷ ᠰᠤᠷᠤᠯᠴᠠᠵᠤ᠂ ᠪᠠᠲᠤ᠌ ᠴᠡᠭᠡᠵᠢᠯᠡᠨ᠎ᠠ》 ᠬᠡᠵᠦ ᠯᠢᠨ ᠾᠧ ᠲᠣᠭᠤᠷᠢᠭ᠎ᠤᠨ ᠶᠢᠰᠦᠳᠦᠭᠡᠷ ᠪᠠᠭ᠎ᠠ ᠰᠤᠷᠭᠠᠭᠤᠯᠢ᠎ᠶ᠋ᠢᠨ ᠪᠠᠭᠰᠢ ᠺᠠᠩ ᠶᠦᠩ ᠬᠡᠯᠡᠬᠦ ᠳ᠋ᠡᠭᠡᠨ᠄ 《ᠡᠯ᠎ᠡ ᠰᠤᠷᠭᠠᠭᠤᠯᠢ᠎ᠶ᠋ᠢᠨ ᠪᠠᠭᠰᠢᠨᠠᠷ᠎ᠲᠠᠢ ᠬᠠᠮᠲᠤ ᠥᠷᠢᠰᠦᠯᠳᠦᠭᠡᠳ ᠲᠠᠬᠢᠨ ᠰᠤᠷᠤᠯᠴᠠᠬᠤ ᠤᠷᠮ᠎ᠠ ᠰᠡᠳᠬᠢᠯᠭᠡ ᠲᠠᠢ ᠪᠤᠯᠵᠠᠢ》 ᠬᠡᠪᠡ᠃
ᠤᠷᠤᠯᠳᠤᠭᠠᠨ᠎ᠤ ᠲᠤᠬᠠᠢ᠎ᠶ᠋ᠢᠨ ᠲᠠᠯᠠᠪᠠᠢ᠎ᠶ᠋ᠢᠨ ᠠᠭᠤᠷ ᠠᠮᠢᠰᠭᠤᠯ ᠬᠦᠷ ᠬᠥᠭᠵᠢᠶᠡᠨ᠎ᠲᠠᠢ ᠪᠥᠭᠡᠳ ᠡᠮᠬᠢ ᠳᠢᠭᠯᠢᠮ᠎ᠲᠠᠢ ᠪᠠᠶ᠋ᠢᠵᠦ᠂ ᠡᠯ᠎ᠡ ᠤᠷᠤᠯᠳᠤᠭᠠᠨ᠎ᠤ ᠠᠩᠬᠢ ᠵᠢᠨ ᠬᠢᠨ ᠯᠠᠪᠳᠠᠭᠤᠨ ᠲᠣᠭᠲᠠᠭᠤᠨ᠂ ᠠᠭᠤᠵᠢᠭᠤ ᠲᠠᠯᠪᠢᠭᠤ᠎ᠪᠠᠷ ᠬᠢᠲᠠᠳ ᠦᠰᠦᠭ ᠨᠢᠭᠡᠪᠦᠷᠢ᠎ᠶ᠋ᠢ ᠲᠦᠷᠢᠮᠵᠢᠯ ᠲᠠᠢ ᠰᠠᠢᠬᠠᠨ ᠪᠢᠴᠢᠪᠡ᠃ ᠰᠤᠷᠤᠭᠴᠢ ᠶᠠᠩ ᠢ ᠴᠧᠨ᠎ᠳᠦ ᠠᠪᠴᠤ᠌ ᠬᠡᠯᠡᠪᠡᠯ᠂ ᠡᠨᠡ᠎ᠨᠢ ᠨᠡᠩᠴᠦ᠍ ᠨᠢᠭᠡ ᠤᠳᠠᠭᠠᠨ᠎ᠤ ᠬᠦᠷᠦᠯᠴᠡᠬᠦ᠎ᠦᠭᠡᠢ ᠲᠠᠯ᠎ᠠ ᠪᠡᠨ ᠨᠦᠬᠦᠪᠦᠷᠢᠯᠡᠬᠦ ᠲᠤᠬᠢᠶᠠᠯ ᠪᠤᠯᠵᠠᠢ᠃ 《ᠳᠦᠷᠢᠮᠵᠢᠬᠦᠨ ᠦᠰᠦᠭ ᠪᠢᠴᠢᠵᠦ᠍᠂ ᠨᠡᠢᠲᠡᠯᠢᠭ ᠬᠡᠯᠡ ᠪᠡᠷ ᠶᠠᠷᠢᠬᠤ ᠪᠣᠯ ᠡᠷᠬᠡᠪᠰᠢ ᠰᠠᠢᠨ ᠪᠣᠯᠪᠠᠰᠤᠷᠠᠬᠤ ᠦᠨᠳᠦᠰᠦᠨ ᠪᠣᠯᠪᠠᠰᠤᠷᠠᠯ ᠮᠥᠨ᠃ ᠤᠷᠤᠯᠳᠤᠭᠠᠨ᠎ᠡᠴᠡ ᠪᠢ ᠥᠪᠡᠷ᠎ᠦᠨ ᠦᠭᠡ ᠦᠰᠦᠭ᠎ᠦᠨ ᠬᠤᠷᠠᠮᠳᠤᠯ ᠪᠠ ᠪᠢᠴᠢᠯᠭᠡ᠎ᠶ᠋ᠢᠨ ᠨᠠᠷᠢᠨ ᠵᠦᠢᠯᠡᠰ ᠳᠡᠭᠡᠷᠡᠬᠢ ᠳᠤᠲᠠᠭᠤᠳᠠᠯ᠎ᠢᠶᠠᠨ ᠣᠯᠵᠤ ᠬᠠᠷᠠᠵᠠᠢ᠂ ᠡᠨᠡ ᠤᠳᠠᠭᠠᠨ᠎ᠤ ᠥᠩᠭᠡᠷᠡᠯᠲᠡ᠎ᠨᠢ ᠨᠠᠳᠠ᠎ᠳᠤ ᠬᠢᠲᠠᠳ ᠦᠰᠦᠭ᠎ᠦᠨ ᠥᠷᠭᠡᠨ ᠳᠡᠯᠭᠡᠷ ᠭᠦᠨ ᠭᠦᠨᠵᠡᠭᠡᠢ ᠵᠢ ᠨᠠᠩ ᠮᠡᠳᠡᠷᠡᠭᠦᠯᠵᠦ᠍᠂ ᠰᠡᠭᠦᠯᠡᠷ ᠵᠠᠪᠠᠯ ᠢᠯᠡᠭᠦᠦ ᠤᠩᠰᠢᠵᠤ᠂ ᠢᠯᠡᠭᠦᠦ ᠪᠢᠴᠢᠵᠦ᠍᠂ ᠢᠯᠡᠭᠦᠦ ᠴᠡᠭᠡᠵᠢᠯᠡᠨ᠎ᠠ》 ᠬᠡᠵᠦ ᠶᠠᠩ ᠢ ᠴᠧᠨ ᠬᠡᠯᠡᠪᠡ᠃
《ᠤᠷᠤᠯᠳᠤᠭᠠᠨ᠎ᠳᠤ ᠣᠷᠤᠯᠴᠠᠭᠰᠠᠨ ᠡᠯ᠎ᠡ ᠠᠩᠬᠢ ᠵᠢᠨ ᠬᠢᠨ ᠪᠦᠲᠦᠮᠵᠢᠲᠡᠢ ᠬᠠᠮᠵᠢᠯᠴᠠᠵᠤ᠂ ᠰᠡᠳᠬᠢᠯ᠎ᠢᠶᠠᠨ ᠨᠢᠭᠡᠳᠬᠡᠨ ᠬᠦᠴᠦ᠎ᠪᠠᠨ ᠬᠠᠮᠲᠤᠳᠭᠠᠨ᠂ ᠤᠳᠠᠭ᠎ᠠ ᠪᠦᠷᠢ ᠵᠢᠨ ᠣᠨᠤᠴᠠᠲᠠᠢ ᠬᠠᠷᠢᠭᠤᠯᠲᠠ ᠪᠡᠷ ᠵᠢᠡᠨ ᠳᠤᠮᠳᠠᠳᠤ᠎ᠶ᠋ᠢᠨ ᠰᠣᠶᠤᠯ᠎ᠤᠨ ᠤᠯᠠᠮᠵᠢᠯᠠᠯ᠎ᠢ ᠬᠠᠷᠠᠭᠤᠯᠵᠠᠢ》 ᠭᠡᠵᠦ ᠯᠢᠨ ᠾᠧ ᠲᠣᠭᠤᠷᠢᠭ᠎ᠤᠨ ᠰᠤᠷᠭᠠᠨ ᠬᠥᠮᠦᠵᠢᠯ᠎ᠤᠨ ᠰᠤᠳᠤᠯᠭᠠᠨ ᠬᠥᠭᠵᠢᠯᠲᠡ᠎ᠶ᠋ᠢᠨ ᠲᠥᠪ᠎ᠤᠨ ᠦᠭᠡ ᠬᠡᠯᠡ ᠦᠰᠦᠭ ᠪᠢᠴᠢᠭ᠎ᠤᠨ ᠲᠠᠰᠤᠭ᠎ᠤᠨ ᠳᠠᠷᠤᠭ᠎ᠠ ᠸᠠᠩ ᠢᠦᠢ ᠬᠤᠸᠠᠨ ᠬᠡᠯᠡᠪᠡ᠃ ᠲᠡᠷᠡ᠄《ᠯᠢᠨ ᠾᠧ ᠲᠣᠭᠤᠷᠢᠭ ᠵᠠᠯᠭᠠᠭ᠎ᠠ᠎ᠪᠠᠷ 8 ᠵᠢᠯ ᠤᠷᠤᠯᠳᠤᠭᠠᠨ ᠡᠷᠬᠢᠯᠡᠵᠦ᠍᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠥᠭᠦᠷᠭᠡ ᠬᠤᠯᠪᠤᠭᠠᠰᠤ ᠪᠣᠯᠭᠠᠵᠤ᠂ ᠬᠠᠮᠲᠤ ᠪᠠᠷ ᠰᠤᠷᠤᠯᠴᠠᠵᠤ ᠬᠠᠮᠲᠤ ᠪᠠᠷ ᠤᠷᠤᠯᠳᠤᠬᠤ ᠲᠤᠮᠳᠠ ᠪᠠᠭᠰᠢ ᠰᠤᠷᠤᠭᠴᠢᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠬᠡᠯᠡ᠎ᠦᠰᠦᠭ ᠪᠢᠴᠢᠭ᠎ᠢ ᠵᠢᠷᠤᠮᠵᠢᠭᠤᠯᠤᠨ ᠬᠡᠷᠡᠭᠯᠡᠬᠦ᠌ ᠲᠤᠬᠠᠢ ᠬᠠᠮᠲᠤ᠎ᠶ᠋ᠢᠨ ᠲᠠᠨᠢᠯᠲᠠ ᠵᠢ ᠭᠦᠨᠵᠡᠭᠡᠶ᠋ᠢᠷᠡᠭᠦᠯᠵᠦ᠍᠂ ᠰᠣᠶᠤᠯ᠎ᠢᠶᠠᠷ ᠬᠥᠮᠦᠨ᠎ᠢ ᠬᠥᠮᠦᠵᠢᠭᠦᠯᠬᠦ᠌ ᠰᠠᠭᠤᠷᠢ᠎ᠶ᠋ᠢ ᠪᠠᠲᠤᠳᠭᠠᠵᠤ ᠪᠠᠢᠨ᠎ᠠ》 ᠬᠡᠪᠡ᠃
ᠣᠶ᠋ᠢᠯᠠᠭᠠᠭᠰᠠᠨ᠎ᠢᠶᠠᠷ᠂ ᠲᠣᠰ ᠤᠳᠠᠭᠠᠨ᠎ᠤ ᠤᠷᠤᠯᠳᠤᠭᠠᠨ ᠪᠣᠯ ᠯᠢᠨ ᠾᠧ ᠲᠣᠭᠤᠷᠢᠭ᠎ᠤᠨ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠥᠰᠦᠭ ᠪᠢᠴᠢᠭ᠎ᠢ ᠵᠢᠷᠤᠮᠵᠢᠭᠤᠯᠬᠤ ᠠᠵᠢᠯ᠎ᠢ ᠠᠬᠢᠭᠤᠯᠬᠤ ᠠᠷᠭ᠎ᠠ ᠬᠡᠮᠵᠢᠶ᠎ᠡ᠎ᠶ᠋ᠢᠨ ᠨᠢᠭᠡ ᠪᠣᠯᠤᠨ᠎ᠠ᠃ ᠠᠵᠢᠯᠯᠠᠭ᠎ᠠ᠎ᠨᠢ ᠤᠷᠤᠯᠳᠤᠭᠠᠨ᠎ᠢᠶᠠᠷ ᠰᠤᠷᠤᠯᠴᠠᠯᠭ᠎ᠠ᠎ᠶ᠋ᠢ ᠠᠬᠢᠭᠤᠯᠵᠤ᠂ ᠤᠷᠤᠯᠳᠤᠭᠠᠨ᠎ᠢᠶᠠᠷ ᠪᠣᠯᠪᠠᠰᠤᠷᠠᠯ᠎ᠢ ᠠᠬᠢᠭᠤᠯᠵᠤ᠂ ᠤᠷᠤᠯᠳᠤᠭᠠᠨ᠎ᠢᠶᠠᠷ ᠬᠡᠷᠡᠭᠯᠡᠭᠡ᠎ᠶ᠋ᠢ ᠠᠬᠢᠭᠤᠯᠵᠤ᠂ ᠪᠠᠭᠰᠢ ᠰᠤᠷᠤᠭᠴᠢᠳ᠎ᠤᠨ ᠲᠦᠷᠢᠮᠵᠢᠭᠦᠨ ᠦᠰᠦᠭ ᠬᠡᠷᠡᠭᠯᠡᠬᠦ᠂ ᠲᠦᠷᠢᠮᠵᠢᠭᠦᠨ ᠪᠢᠴᠢᠬᠦ᠌ ᠤᠬᠠᠮᠰᠠᠷ᠎ᠢ ᠪᠦᠲᠦᠮᠵᠢᠲᠡᠢ ᠳᠡᠭᠡᠭᠰᠢᠯᠡᠭᠦᠯᠵᠦ᠍᠂ ᠰᠣᠩᠭᠤᠳᠠᠭ ᠵᠣᠬᠢᠶᠠᠯ᠎ᠢ ᠡᠷᠬᠢᠮᠯᠡᠬᠦ᠂ ᠲᠦᠷᠢᠮᠵᠢᠬᠦᠨ ᠪᠢᠴᠢᠬᠦ᠌ ᠰᠤᠷᠭᠠᠭᠤᠯᠢ᠎ᠶ᠋ᠢᠨ ᠬᠦᠷᠢᠶᠡᠨ᠎ᠤ ᠰᠣᠶᠤᠯ᠎ᠤᠨ ᠠᠭᠤᠷ ᠠᠮᠢᠰᠭᠤᠯ᠎ᠢ ᠪᠤᠢ ᠪᠣᠯᠭᠠᠪᠠ᠃ ᠲᠠᠷᠠᠭᠠᠴᠢ ᠪᠡᠷ᠂ ᠯᠢᠨ ᠾᠧ ᠲᠣᠭᠤᠷᠢᠭ ᠦᠷᠭᠦᠯᠵᠢᠯᠡᠨ ᠤᠯᠠᠨ ᠶᠠᠩᠵᠤᠴᠢᠯᠠᠭᠰᠠᠨ ᠰᠣᠶᠤᠯ᠎ᠤᠨ ᠠᠵᠢᠯᠯᠠᠭ᠎ᠠ᠎ᠪᠠᠷ ᠳᠠᠮᠵᠢᠭᠤᠯᠤᠨ᠂ ᠪᠢᠴᠢᠬᠦ᠌ ᠳᠤᠷᠠᠲᠠᠢ᠂ ᠰᠣᠩᠭᠤᠳᠠᠭ ᠪᠦᠳᠦᠭᠡᠯ᠎ᠢ ᠡᠷᠬᠢᠮᠯᠡᠬᠦ ᠰᠤᠷᠭᠠᠭᠤᠯᠢ᠎ᠶ᠋ᠢᠨ ᠬᠦᠷᠢᠶᠡᠨ᠎ᠤ ᠠᠭᠤᠷ ᠠᠮᠢᠰᠭᠤᠯ᠎ᠢ ᠪᠤᠢ ᠪᠣᠯᠭᠠᠵᠤ᠂ ᠲᠤᠮᠳᠠᠳᠤ ᠵᠢᠨ ᠰᠣᠶᠤᠯ᠎ᠤᠨ ᠤᠯᠠᠮᠵᠢᠯᠠᠯ᠎ᠢ ᠪᠢᠴᠢᠵᠦ ᠤᠩᠰᠢᠬᠤ ᠲᠤᠮᠳᠠ ᠦᠷᠭᠦᠯᠵᠢᠯᠡᠬᠦᠯᠦᠨᠡ᠃