ᠥᠪᠥᠷ ᠮᠣᠩᠭᠣᠯ ᠵᠣᠨ᠎ᠤ ᠠᠮᠠᠷᠠᠯᠲᠠ᠎ᠶᠢᠨ ᠬᠤᠭᠤᠴᠠᠭᠠᠨ᠎ᠤ ᠠᠮᠤᠷ ᠲᠦᠪᠰᠢᠨ᠎ᠦ ᠠᠵᠢᠯ᠎ᠢ ᠨᠠᠢᠳᠠᠪᠤᠷᠢᠵᠢᠭᠤᠯᠪᠠ
2026-07-06 10:15:33
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠦᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠳᠣᠲᠣᠭᠠᠳᠤ ᠎ᠶᠢ ᠬᠠᠮᠠᠭᠠᠯᠠᠬᠤ ᠲᠢᠩᠬᠢᠮ᠂ ᠠᠷᠠᠳ᠎ᠤᠨ ᠶᠠᠪᠤᠳᠠᠯ᠎ᠤᠨ ᠲᠢᠩᠬᠢᠮ᠂ ᠤᠰᠤᠨ ᠠᠰᠢᠭ᠍ᠯᠠᠯᠲᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠳᠤᠰᠬᠤᠨ ᠮᠠᠯᠵᠢᠬᠤ ᠤᠷᠤᠨ᠎ᠤ ᠲᠢᠩᠬᠢᠮ᠂ ᠰᠣᠶᠣᠯ ᠵᠢᠭᠤᠯᠴᠢᠯᠠᠯ᠎ᠤᠨ ᠲᠢᠩᠬᠢᠮ ᠵᠡᠷᠭᠡ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ ᠎ᠦ ᠵᠥᠪᠯᠡᠯ᠎ᠦᠨ ᠪᠦᠷᠢᠯᠳᠦᠭᠦᠨ ᠨᠢᠭᠡᠴᠢ ᠬᠠᠮᠲᠤᠷᠠᠨ ᠬᠤᠷᠠᠯ ᠬᠤᠷᠠᠯᠳᠤᠭᠤᠯᠵᠤ᠂ ᠪᠥᠬᠥ ᠣᠷᠣᠨ ᠎ᠤ ᠰᠤᠷᠭᠠᠨ ᠬᠥᠮᠦᠵᠢᠯ ᠎ᠦᠨ ᠰᠢᠰᠲᠧᠮ ᠎ᠦᠨ ᠵᠣᠨ᠎ᠤ ᠠᠮᠠᠷᠠᠯᠲᠠ᠎ᠶᠢᠨ ᠬᠤᠭᠤᠴᠠᠭᠠᠨ ᠎ᠤ ᠠᠮᠤᠷ ᠲᠦᠪᠰᠢᠨ ᠵᠢᠴᠢ ᠤᠰᠤᠨ᠎ᠳᠤ ᠴᠠᠴᠠᠬᠤ᠎ᠶᠢ ᠰᠡᠷᠭᠡᠢᠯᠡᠬᠦ ᠠᠵᠢᠯ᠎ᠢ ᠪᠠᠢᠷᠢᠯᠠᠭᠤᠯᠪᠠ ᠃

ᠬᠤᠷᠠᠯ᠎ᠠᠴᠠ᠂ ᠪᠦᠬᠦ ᠣᠷᠣᠨ᠎ᠤ ᠰᠤᠷᠭᠠᠨ ᠬᠥᠮᠦᠵᠢᠯ᠎ᠦᠨ ᠰᠢᠰᠲ᠋ᠸᠮ᠎ᠤᠨ ᠬᠢᠨ ᠠᠮᠤᠷ ᠲᠦᠪᠰᠢᠨ᠎ᠦ ᠠᠵᠢᠯ ᠪᠣᠯᠣᠨ ᠠᠮᠠᠷᠠᠯᠲᠠ᠎ᠶᠢᠨ ᠬᠤᠭᠤᠴᠠᠭᠠᠨ᠎ᠤ ᠠᠵᠢᠯ᠎ᠢ ᠬᠠᠮᠲᠤ ᠳ᠋ᠤᠨᠢ ᠲᠥᠯᠥᠪᠵᠢᠭᠦᠯᠵᠦ᠂ ᠬᠠᠮᠲᠤ ᠳ᠋ᠤᠨᠢ ᠪᠠᠢᠷᠢᠯᠠᠭᠤᠯᠵᠤ᠂ ᠬᠠᠮᠲᠤ ᠳ᠋ᠤᠨᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠡᠯ᠎ᠡ ᠰᠤᠷᠭᠠᠭᠤᠯᠢ᠎ᠶᠢᠨ ᠬᠢᠨ ᠬᠤᠭᠤᠴᠠᠭᠠᠨ ᠡᠴᠦᠰ᠎ᠦᠨ ᠰᠢᠯᠭᠠᠯᠲᠠ᠎ᠠᠴᠠ ᠡᠮᠦᠨᠡᠬᠢ᠂ ᠰᠤᠷᠤᠭ᠍ᠴᠢᠳ᠎ᠤᠨ ᠰᠤᠷᠭᠠᠭᠤᠯᠢ᠎ᠠᠴᠠ᠎ᠪᠠᠨ ᠰᠠᠯᠬᠤ᠎ᠡᠴᠡ ᠡᠮᠦᠨᠡᠬᠢ᠂ ᠰᠢᠨ᠎ᠡ ᠰᠤᠷᠤᠯᠭ᠎ᠠ᠎ᠶᠢᠨ ᠬᠤᠭᠤᠴᠠᠭ᠎ᠠ ᠡᠬᠢᠯᠡᠬᠦ᠎ᠡᠴᠡ ᠡᠮᠦᠨᠡᠬᠢ ᠭᠤᠷᠪᠠᠨ ᠵᠠᠩᠭᠢᠯᠠᠭ᠎ᠠ᠎ᠶᠢᠨ ᠬᠤᠭᠤᠴᠠᠭ᠎ᠠ ᠎ᠶᠢ ᠲᠤᠬᠢᠶᠠᠯᠳᠤᠭᠤᠯᠤᠨ᠂ ᠪᠦᠬᠦᠨ᠎ᠢ ᠬᠠᠮᠤᠷᠤᠭᠤᠯᠤᠭᠰᠠᠨ ᠬᠡᠯᠪᠡᠷᠢ ᠪᠡᠷ ᠠᠮᠤᠷ ᠲᠦᠪᠰᠢᠨ᠎ᠦ ᠬᠡᠮ ᠰᠣᠭᠣᠭ ᠎ᠢ ᠶᠡᠬᠡ ᠪᠡᠷ ᠪᠠᠢᠴᠠᠭᠠᠵᠤ᠂ ᠶᠡᠬᠡ ᠪᠡᠷ ᠴᠡᠭᠴᠡᠯᠡᠨ ᠵᠠᠰᠠᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠠᠯᠬᠠᠪᠴᠢ᠎ᠶᠢ ᠪᠦᠬᠦ ᠲᠠᠯ᠎ᠠ᠎ᠪᠠᠷ ᠪᠡᠬᠢᠵᠢᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ᠎ᠦᠨ ᠦᠨᠳᠦᠰᠦ᠎ᠡᠴᠡ ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢ ᠠᠬᠢᠭᠤᠯᠵᠤ᠂ ᠰᠤᠷᠭᠠᠭᠤᠯᠢ᠎ᠶᠢᠨ ᠬᠦᠷᠢᠶᠡᠨ᠎ᠦ ᠠᠶᠤᠯᠭᠦᠢ ᠦᠢᠯᠡᠳᠪᠦᠷᠢᠯᠡᠯ᠎ᠦᠨ ᠭᠡᠮ ᠰᠣᠭᠣᠭ᠎ᠢ ᠴᠡᠭᠴᠡᠯᠡᠨ ᠰᠠᠢᠵᠢᠷᠠᠭᠤᠯᠬᠤ ᠠᠵᠢᠯ᠎ᠢ ᠪᠣᠳᠠᠲᠠᠢ ᠠᠳᠬᠤᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠲᠥᠬᠦᠭᠡᠷᠦᠮᠵᠢ᠎ᠶᠢ ᠴᠢᠩᠭᠠᠳᠬᠠᠵᠤ᠂ ᠲᠤᠷᠰᠢᠯᠲᠠ᠎ᠶᠢᠨ ᠲᠠᠰᠤᠭ ᠵᠢᠴᠢ ᠠᠶᠤᠯᠲᠠᠢ ᠬᠢᠮᠢ᠎ᠶᠢᠨ ᠪᠣᠳᠠᠰ᠎ᠤᠨ ᠠᠮᠤᠷ ᠲᠦᠪᠰᠢᠨ᠎ᠦ ᠬᠠᠮᠢᠶᠠᠷᠤᠯᠲᠠ᠎ᠶᠢ ᠴᠢᠩᠭᠠᠳᠬᠠᠵᠤ᠂ ᠵᠤᠨ᠎ᠤ ᠠᠮᠠᠷᠠᠯᠲᠠ᠎ᠶᠢᠨ ᠬᠤᠭᠤᠴᠠᠭᠠᠨ᠎ᠤ ᠰᠤᠷᠭᠠᠭᠤᠯᠢ᠎ᠶᠢᠨ ᠭᠠᠳᠠᠨᠠᠬᠢ ᠪᠣᠯᠪᠠᠰᠤᠷᠠᠯ᠎ᠤᠨ ᠪᠠᠢᠭᠤᠯᠤᠮᠵᠢ᠎ᠶᠢᠨ ᠠᠮᠤᠷ ᠲᠦᠪᠰᠢᠨ᠎ᠦ ᠵᠠᠰᠠᠯᠲᠠ᠎ᠶᠢ ᠪᠤᠳᠠᠳᠠᠢ ᠴᠢᠩᠭ᠎ᠠ ᠠᠳᠬᠤᠵᠤ᠂ ᠰᠤᠷᠤᠭ᠍ᠴᠢᠳ᠎ᠤᠨ ᠠᠮᠤᠷ ᠲᠦᠪᠰᠢᠨ᠎ᠳ᠋ᠤ ᠬᠤᠯᠪᠤᠭᠳᠠᠬᠤ ᠭᠣᠣᠯᠳᠠᠯᠭ᠎ᠠ᠎ᠲᠠᠢ ᠠᠶᠤᠯ ᠲᠦᠭᠰᠢᠭᠦᠷᠢ᠎ᠶᠢ ᠰᠡᠷᠭᠡᠢᠯᠡᠨ ᠠᠷᠢᠯᠭᠠᠬᠤ ᠬᠡᠷᠡᠭᠳᠡᠢ ᠭᠡᠵᠦ ᠱᠠᠭᠠᠷᠳᠠᠪᠠ᠃

ᠬᠤᠷᠠᠯ ᠡᠴᠡ᠂ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠦᠨ ᠬᠢᠨ ᠨᠢᠭᠡ ᠰᠡᠳᠬᠢᠯ ᠨᠢᠭᠡ ᠴᠢᠭᠯᠡᠯ᠎ᠢᠶᠡᠷ ᠠᠷᠭ᠎ᠠ ᠪᠣᠳᠣᠯᠭ᠎ᠠ᠎ᠶᠢ ᠣᠨᠣᠪᠴᠢᠲᠠᠢ ᠬᠡᠷᠡᠭᠵᠢᠭᠦᠯᠵᠦ᠂ ᠤᠰᠤᠨ᠎ᠳᠤ ᠴᠠᠴᠠᠬᠤ ᠵᠢ ᠰᠡᠷᠭᠡᠢᠯᠡᠬᠦ ᠠᠵᠢᠯ᠎ᠢ ᠰᠠᠢᠲᠤᠷ ᠠᠳᠬᠤᠵᠤ᠂  ᠰᠡᠷᠡᠮᠵᠢ᠎ᠶᠢᠨ ᠫᠠᠢᠰᠠ᠂  ᠠᠪᠤᠷᠠᠯᠳᠠ᠎ᠶᠢᠨ ᠴᠠᠭᠠᠷᠢᠭ᠋᠂ ᠠᠪᠤᠷᠠᠯᠳᠠ᠎ᠶᠢᠨ ᠳᠡᠭᠡᠰᠦ᠂  ᠠᠪᠤᠷᠠᠯᠳᠠ᠎ᠶᠢᠨ ᠮᠤᠳᠤ᠎ᠶᠢ ᠨᠠᠢᠳᠠᠪᠤᠷᠢᠵᠢᠭᠤᠯᠬᠤ ᠬᠡᠷᠡᠭᠲᠡᠢ᠃ ᠰᠤᠷᠭᠠᠨ ᠬᠥᠮᠦᠵᠢᠯ᠎ᠦᠨ ᠬᠣᠯᠪᠣᠭᠠᠲᠤ ᠴᠣᠭᠴᠠ᠎ᠶᠢᠨ ᠠᠵᠢᠯ᠎ᠤᠨ ᠲᠣᠭᠲᠠᠴᠠ᠎ᠪᠡᠷ ᠠᠴᠢᠶᠠᠯᠠᠪᠤᠷᠢ ᠪᠤᠯᠭᠠᠵᠤ᠂ ᠪᠠᠭ᠍ᠰᠢ ᠰᠤᠷᠤᠭ᠍ᠴᠢᠳ᠎ᠤᠨ ᠬᠠᠷᠢᠯᠴᠠᠬᠤ ᠪᠠ ᠬᠠᠮᠳᠤ ᠰᠤᠷᠤᠭᠴᠢᠳ᠎ᠤᠨ ᠬᠠᠷᠢᠯᠴᠠᠨ ᠬᠠᠪᠰᠤᠷᠤᠯᠴᠠᠬᠤ ᠳᠦᠷᠢᠮ ᠎ᠢ ᠪᠠᠢᠭᠤᠯᠤᠨ ᠲᠡᠭᠦᠯᠳᠡᠷᠵᠢᠭᠦᠯᠵᠦ᠂ ᠭᠡᠷ᠎ᠦᠨ ᠠᠬᠠᠮᠠᠳ᠎ᠲᠠᠢ ᠨᠡᠪᠲᠡᠷᠡᠯᠴᠡᠬᠦ ᠠᠷᠭ᠎ᠠ ᠵᠠᠮ ᠎ᠢ ᠰᠠᠭᠠᠳ ᠦᠭᠡᠢ ᠨᠠᠪᠲᠠᠷᠡᠭᠦᠯᠵᠦ᠂ ᠰᠤᠷᠤᠭ᠍ᠴᠢᠳ᠎ᠤᠨ ᠰᠡᠳᠬᠢᠴᠡ᠎ᠶᠢᠨ ᠡᠷᠡᠭᠦᠯ ᠮᠡᠨᠳᠤ᠎ᠶᠢ ᠰᠠᠢᠲᠤᠷ ᠠᠩᠬᠠᠷᠴᠤ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠵᠦ᠂ ᠰᠢᠨᠤᠯ ᠲᠠᠢ ᠪᠤᠯᠬᠤ ᠪᠣᠳᠠᠰ ᠵᠡᠷᠭᠡ᠎ᠶᠢ ᠪᠦᠳᠦᠮᠵᠢᠳᠡᠢ ᠰᠡᠷᠭᠡᠢᠯᠡᠬᠦ ᠬᠡᠷᠡᠭᠲᠡᠢ᠃   ᠰᠤᠳᠤᠯᠤᠨ ᠰᠤᠷᠤᠯᠴᠠᠬᠤ ᠵᠢᠭᠤᠯᠴᠢᠯᠠᠯ᠂ ᠨᠡᠢᠭᠡᠮ᠎ᠦᠨ ᠦᠢᠯᠡᠳᠦᠯᠭᠡ᠂ ᠭᠠᠳᠠᠭ᠍ᠰᠢ ᠭᠠᠷᠴᠤ ᠲᠥᠪᠯᠡᠷᠡᠭᠦᠯᠦᠨ ᠪᠣᠯᠪᠠᠰᠤᠷᠠᠭᠤᠯᠬᠤ᠂ ᠠᠵᠢᠯ᠎ᠤᠨ ᠪᠠᠢᠷᠢ ᠣᠷᠣᠯᠠᠨ ᠳᠠᠳᠤᠯᠭ᠎ᠠ ᠬᠢᠬᠦ ᠵᠡᠷᠭᠡ ᠬᠠᠮᠲᠤ᠎ᠶᠢᠨ ᠠᠵᠢᠯᠯᠠᠭ᠎ᠠ᠎ᠶᠢ ᠴᠢᠩᠭ᠎ᠠ ᠵᠢᠷᠤᠮᠵᠢᠭᠤᠯᠬᠤ ᠬᠡᠷᠡᠭᠲᠡᠢ᠃《ᠶᠡᠬᠡ ᠦᠶᠡᠷ ᠎ᠢ ᠰᠡᠷᠭᠡᠢᠯᠡᠬᠦ᠂ ᠶᠡᠬᠡ ᠠᠶᠤᠯ᠎ᠡᠴᠡ ᠵᠠᠢᠯᠠᠬᠤ᠂ ᠶᠡᠬᠡ ᠭᠠᠮᠰᠢᠭ᠋᠎ᠠᠴᠠ ᠠᠪᠤᠷᠠᠬᠤ》 ᠬᠣᠷᠢᠭ᠎ᠠ ᠱᠤᠭᠤᠮ᠎ᠤᠨ ᠱᠠᠭᠠᠷᠳᠠᠯᠭ᠎ᠠ᠎ᠶᠢ ᠪᠠᠷᠢᠮᠲᠠᠯᠠᠵᠤ᠂ ᠰᠤᠷᠭᠠᠭᠤᠯᠢ᠎ᠶᠢᠨ ᠬᠦᠷᠢᠶᠡᠨ᠎ᠦ ᠦᠶᠡᠷ᠎ᠢ ᠰᠡᠷᠭᠡᠢᠯᠡᠵᠦ ᠤᠰᠤᠲᠤᠯ᠎ᠢ ᠵᠠᠯᠠᠬᠤ᠂ ᠠᠭᠤᠯᠠ ᠶᠡᠭᠦᠷᠡᠬᠦ᠂ ᠬᠡᠷᠡᠮ ᠨᠤᠷᠠᠬᠤ᠂ ᠮᠣᠳᠣ᠌ ᠤᠨᠠᠬᠤ᠂ ᠠᠶᠤᠩᠭ᠎ᠠ᠎ᠳᠤ ᠳᠠᠭᠠᠷᠢᠭ᠍ᠳᠠᠬᠤ ᠵᠢᠴᠢ ᠭᠠᠵᠠᠷ ᠬᠥᠳᠡᠯᠦᠯᠲᠡ᠎ᠶᠢᠨ ᠠᠶᠤᠯ ᠲᠦᠭᠰᠢᠭᠦᠷᠢ ᠎ᠶᠢ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠪᠠᠢᠩᠭᠤᠵᠢᠭᠤᠯᠤᠨ ᠥᠷᠨᠢᠭᠦᠯᠵᠦ᠂ ᠦᠶᠡᠷ ᠎ᠢ ᠰᠡᠷᠭᠡᠢᠯᠡᠬᠦ᠂ ᠠᠶᠤᠩᠭ᠎ᠠ᠎ᠳᠤ ᠳᠠᠭᠠᠷᠢᠭ᠍ᠳᠠᠬᠤ᠎ᠶᠢ ᠰᠡᠷᠭᠡᠢᠯᠡᠬᠦ᠂  ᠭᠠᠵᠠᠷ ᠬᠥᠳᠡᠯᠦᠯᠲᠡ ᠎ᠶᠢ ᠰᠡᠷᠭᠡᠢᠯᠡᠬᠦ᠂ ᠥᠨᠳᠥᠷ ᠳᠤᠯᠠᠭᠠᠨ᠎ᠳᠤ ᠨᠠᠷᠠᠰᠢᠬᠤ᠎ᠶᠢ ᠰᠡᠷᠭᠡᠢᠯᠡᠬᠦ ᠵᠡᠷᠭᠡ ᠭᠠᠮᠰᠢᠭ᠋ ᠡᠴᠡ ᠰᠡᠷᠬᠡᠢᠯᠡᠨ ᠭᠠᠮᠰᠢᠭ᠎ᠢ ᠪᠠᠭᠠᠰᠬᠠᠬᠤ ᠰᠢᠨᠵᠢᠯᠡᠬᠦ ᠤᠬᠠᠭᠠᠨ᠎ᠢ ᠲᠦᠬᠡᠮᠡᠯᠵᠢᠬᠦᠯᠬᠦ ᠬᠦᠮᠦᠵᠢᠯ᠎ᠢ ᠰᠠᠢᠳᠤᠷ ᠬᠢᠵᠦ᠂  ᠪᠠᠭᠰᠢ ᠰᠤᠷᠤᠭᠴᠢᠳ᠎ᠤᠨ ᠬᠡᠷ ᠳᠡᠬᠡᠨ ᠪᠠᠢᠬᠤ ᠳ᠋ᠠᠭᠠᠨ ᠠᠶᠤᠯ ᠡᠴᠡ ᠵᠠᠢᠯᠠᠬᠤ᠂ ᠭᠠᠳᠠᠭ᠍ᠰᠢ ᠭᠠᠷᠬᠤ ᠳ᠋ᠠᠭᠠᠨ ᠭᠠᠮᠰᠢᠭ᠋᠎ᠢ ᠰᠡᠷᠭᠡᠢᠯᠡᠬᠦ᠂ ᠪᠠᠴᠢᠮ ᠪᠠᠢᠳᠠᠯ᠎ᠢ ᠠᠷᠭᠠᠴᠠᠭᠠᠵᠤ ᠥᠪᠡᠷ᠎ᠢ᠎ᠪᠡᠨ ᠠᠪᠤᠷᠠᠬᠤ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ 《ᠰᠤᠷᠭᠠᠭᠤᠯᠢ᠎ᠶᠢᠨ ᠬᠦᠷᠢᠶᠡᠨ᠎ᠦ ᠬᠣᠭᠣᠯᠠ》᠂ ᠵᠢᠭᠠᠨ ᠰᠤᠷᠭᠠᠯᠲᠠ᠎ᠶᠢᠨ ᠬᠠᠪᠰᠤᠷᠤᠮᠵᠢ ᠪᠢᠴᠢᠭ ᠵᠠᠬᠢᠶᠠᠯᠠᠬᠤ᠂ ᠰᠤᠷᠭᠠᠭᠤᠯᠢ᠎ᠶᠢᠨ ᠬᠤᠪᠴᠠᠰᠤ ᠬᠤᠳᠠᠯᠳᠤᠨ ᠠᠪᠬᠤ ᠭᠤᠷᠪᠠᠨ ᠵᠦᠢᠯ᠎ᠦᠨ ᠴᠡᠭᠴᠡᠯᠡᠨ ᠵᠠᠰᠠᠯᠲᠠ᠎ᠶᠢ ᠦᠷᠭᠦᠯᠵᠢᠯᠡᠨ ᠠᠬᠢᠭᠤᠯᠵᠤ᠂ ᠵᠣᠨ ᠎ᠤ ᠠᠮᠠᠷᠠᠯᠲᠠ᠎ᠶᠢᠨ ᠡᠯ᠎ᠡ ᠵᠦᠢᠯ ᠎ᠦᠨ ᠠᠮᠤᠷ ᠲᠦᠪᠰᠢᠨ᠎ᠦ ᠠᠵᠢᠯ᠎ᠢ ᠴᠢᠩᠭ᠎ᠠ᠂ ᠪᠣᠳᠠᠲᠠᠢ᠂ ᠨᠠᠷᠢᠯᠢᠭ᠋ ᠰᠠᠢᠲᠤᠷ ᠠᠳᠬᠤᠵᠤ᠂ ᠠᠮᠤᠷ ᠲᠦᠪᠰᠢᠨ ᠲᠣᠭᠲᠠᠭᠤᠨ᠎ᠢ ᠪᠥᠬᠥ ᠬᠦᠴᠦᠨ᠎ᠢᠶᠡᠷ᠎ᠢᠶᠡᠨ ᠪᠠᠲᠤᠯᠠᠬᠤ ᠬᠡᠷᠡᠭᠲᠡᠢ  ᠬᠡᠵᠦ ᠴᠢᠬᠤᠯᠠᠴᠢᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号