ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠥᠯᠥᠭᠡᠯᠡᠭᠴᠢᠳ᠎ᠦᠨ ᠪᠦᠯᠬᠦᠮ ᠠᠮᠧᠷᠢᠺᠠ᠎ᠳᠤ ᠬᠦᠷᠴᠦ ᠬᠠᠮᠳᠤᠷᠠᠯᠴᠠᠭ᠎ᠠ ᠰᠤᠯᠢᠯᠴᠠᠭᠠᠨ᠎ᠦ ᠠᠵᠢᠯᠯᠠᠭ᠎ᠠ ᠦᠷᠨᠢᠬᠦᠯᠪᠡ
2026-07-06 11:18:44
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ ᠵᠢᠨ ᠬᠠᠮᠢᠶ᠎ᠠ ᠪᠦᠬᠦᠢ ᠬᠦᠮᠦᠰ ᠵᠢᠡᠷ ᠪᠦᠷᠢᠯᠳᠦᠭᠰᠡᠨ ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠲᠥᠯᠥᠭᠡᠯᠡᠭᠴᠢᠳ᠎ᠦᠨ ᠪᠦᠯᠬᠦᠮ ᠠᠮᠧᠷᠢᠺᠠ᠎ᠳᠤ ᠬᠦᠷᠴᠦ ᠰᠤᠷᠭᠠᠨ ᠬᠥᠮᠦᠵᠢᠯ᠎ᠦᠨ ᠬᠦᠷᠢᠶᠡᠨ᠎ᠳᠡᠬᠢ ᠬᠠᠮᠲᠤᠷᠠᠯᠴᠠᠭ᠎ᠠ ᠰᠣᠯᠢᠯᠴᠠᠭᠠᠨ᠎ᠤ ᠠᠵᠢᠯᠯᠠᠭ᠎ᠠ ᠥᠷᠨᠢᠭᠦᠯᠵᠦ᠂ ᠣᠯᠠᠨ ᠤᠯᠤᠰ᠎ᠤᠨ ᠰᠣᠯᠢᠯᠴᠠᠭ᠎ᠠ ᠬᠠᠮᠲᠤᠷᠠᠯᠴᠠᠭᠠᠨ᠎ᠤ ᠠᠷᠭ᠎ᠠ ᠵᠠᠮ᠎ᠢ ᠤᠯᠠᠮ ᠦᠷᠬᠡᠳᠬᠡᠵᠦ᠂ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠴᠢᠳᠠᠪᠤᠷᠢᠲᠠᠨ᠎ᠢ ᠬᠥᠮᠥᠵᠢᠭᠦᠯᠬᠦ ᠪᠠ ᠪᠠᠭ᠍ᠰᠢ᠎ᠶᠢᠨ ᠡᠩᠨᠡᠬᠡ ᠵᠢᠨ ᠪᠠᠢᠭᠤᠯᠤᠯᠳᠠ ᠵᠢᠨ ᠤᠯᠠᠨ ᠤᠯᠤᠰᠴᠢᠯᠠᠯᠳᠠ ᠵᠢᠨ ᠲᠦᠪᠰᠢᠨ᠎ᠢ ᠳᠡᠬᠡᠭᠰᠢᠯᠡᠬᠦᠯᠪᠡ᠃

ᠰᠣᠯᠢᠯᠴᠠᠭᠠᠨ᠎ᠤ ᠬᠤᠭᠤᠴᠠᠭᠠᠨ᠎ᠳᠤ᠂ ᠲᠥᠯᠥᠭᠡᠯᠡᠭᠴᠢᠳ᠎ᠦᠨ ᠪᠦᠯᠬᠦᠮ᠎ᠤᠨ ᠬᠢᠨ ᠤᠷᠢᠳ ᠬᠣᠵᠢᠳ ᠠᠮᠧᠷᠢᠺᠠ᠎ᠶᠢᠨ ᠡᠮᠦᠨᠡᠲᠦ ᠺᠠᠯᠢᠹᠣᠷᠨᠢᠶ᠎ᠠ ᠶᠡᠬᠡ ᠰᠤᠷᠭᠠᠭᠤᠯᠢ᠂ ᠺᠠᠯᠢᠹᠣᠷᠨᠢᠶ᠎ᠠ ᠵᠧᠦ᠎ᠶᠢᠨ ᠪᠠᠢᠭᠠᠯᠢ ᠲᠧᠭᠨᠢᠭ᠎ᠦᠨ ᠤᠬᠠᠭᠠᠨ᠎ᠤ ᠶᠡᠬᠡ ᠰᠤᠷᠭᠠᠭᠤᠯᠢ᠎ᠶᠢᠨ ᠫᠤᠮᠤᠨᠠ ᠬᠤᠪᠢᠶᠠᠷᠢ ᠰᠤᠷᠭᠠᠭᠤᠯᠢ᠂ ᠫᠤᠷᠲᠯᠠᠨᠳ᠋ ᠵᠧᠦ᠎ᠶᠢᠨ ᠶᠡᠬᠡ ᠰᠤᠷᠭᠠᠭᠤᠯᠢ᠂ ᠤᠷᠸᠭᠠᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠵᠣᠬᠢᠴᠠᠭᠤᠯᠬᠤ ᠵᠥᠪᠯᠡᠯ ᠵᠡᠷᠭᠡ ᠶᠡᠬᠡ ᠳᠡᠭᠡᠳᠦ ᠰᠤᠷᠭᠠᠭᠤᠯᠢ ᠪᠠ ᠪᠠᠢᠭᠤᠯᠤᠮᠵᠢ᠎ᠳᠤ ᠠᠢᠯᠴᠢᠯᠠᠵᠤ᠂ ᠤᠷᠸᠭᠠᠨ ᠵᠧᠦ᠎ᠶᠢᠨ ᠦᠷ᠎ᠡ᠎ᠶᠢᠨ ᠺᠣᠮᠫᠠᠨᠢ᠎ᠶᠢᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠦᠢᠯᠡᠳᠦᠯᠭᠡ᠎ᠶᠢᠨ ᠰᠠᠭᠤᠷᠢᠨ᠎ᠢᠶᠠᠷ ᠲᠣᠭᠣᠷᠢᠨ ᠦᠵᠡᠪᠡ᠃ ᠲᠥᠯᠥᠭᠡᠯᠡᠭᠴᠢᠳ᠎ᠦᠨ ᠪᠦᠯᠬᠦᠮ᠎ᠦᠨ ᠬᠢᠨ ᠠᠮᠧᠷᠢᠺᠠ᠎ᠶᠢᠨ ᠶᠡᠬᠡ ᠳᠡᠭᠡᠳᠦ ᠰᠤᠷᠭᠠᠭᠤᠯᠢ ᠪᠣᠯᠣᠨ ᠪᠠᠢᠭᠤᠯᠤᠮᠵᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠳᠡᠭᠡᠳᠦ ᠰᠤᠷᠭᠠᠭᠤᠯᠢ ᠰᠠᠯᠪᠤᠷᠢ᠎ᠶᠢᠨ ᠲᠥᠯᠥᠭᠡᠯᠡᠭᠴᠢᠳ᠎ᠲᠠᠢ ᠶᠠᠷᠢᠯᠴᠠᠨ ᠰᠣᠯᠢᠯᠴᠠᠭ᠎ᠠ ᠬᠢᠵᠦ᠂ ᠥᠪᠥᠷ ᠮᠣᠩᠭᠣᠯ ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠬᠥᠭᠵᠢᠯᠲᠡ᠎ᠶᠢᠨ ᠦᠷ᠎ᠡ ᠪᠦᠲᠦᠭᠡᠯ᠂ ᠰᠤᠷᠭᠠᠭᠤᠯᠢ ᠡᠷᠬᠢᠯᠡᠬᠦ ᠣᠨᠴᠠᠯᠢᠭ᠋ ᠵᠢᠴᠢ ᠬᠠᠮᠲᠤᠷᠠᠯᠴᠠᠭᠠᠨ᠎ᠤ ᠬᠡᠷᠡᠭᠴᠡᠭᠡ᠎ᠶᠢ ᠪᠦᠬᠦ ᠲᠠᠯ᠎ᠠ᠎ᠪᠠᠷ ᠲᠠᠨᠢᠯᠴᠠᠭᠤᠯᠵᠤ᠂ ᠠᠮᠧᠷᠢᠺᠠ᠎ᠶᠢᠨ ᠶᠡᠬᠡ ᠳᠡᠭᠡᠳᠦ ᠰᠤᠷᠭᠠᠭᠤᠯᠢ᠎ᠶᠢᠨ ᠰᠢᠨᠵᠢᠯᠡᠭᠡᠨ᠎ᠦ ᠰᠠᠯᠠᠭ᠎ᠠ᠎ᠶᠢᠨ ᠳᠠᠪᠠᠭᠤᠯᠢᠭ᠋᠂ ᠵᠢᠭᠠᠨ ᠰᠤᠷᠭᠠᠯᠲᠠ ᠰᠢᠨᠵᠢᠯᠡᠬᠦ ᠤᠬᠠᠭᠠᠨ᠎ᠤ ᠰᠤᠳᠤᠯᠭᠠᠨ᠎ᠤ ᠵᠠᠭᠪᠤᠷ ᠪᠣᠯᠣᠨ ᠤᠯᠠᠨ ᠤᠯᠤᠰ᠎ᠤᠨ ᠬᠠᠮᠲᠤᠷᠠᠯᠴᠠᠭᠠᠨ᠎ᠤ ᠲᠤᠷᠰᠢᠯᠭ᠎ᠠ᠎ᠶᠢ ᠨᠠᠷᠢᠨ ᠣᠢᠯᠠᠭᠠᠪᠠ᠃ ᠬᠣᠶᠠᠷ ᠲᠠᠯ᠎ᠠ᠎ᠪᠠᠷ᠎ᠢᠶᠠᠨ ᠪᠠᠭ᠍ᠰᠢ ᠨᠠᠷ᠎ᠤᠨ ᠠᠢᠯᠴᠢᠯᠠᠨ ᠰᠤᠷᠤᠯᠴᠠᠬᠤ ᠰᠤᠳᠤᠯᠤᠨ ᠰᠤᠷᠤᠯᠴᠠᠬᠤ᠂ ᠰᠤᠷᠤᠭ᠍ᠴᠢ ᠵᠢ ᠬᠠᠮᠲᠤᠷᠠᠨ ᠬᠥᠮᠥᠵᠢᠭᠦᠯᠬᠦ᠂ ᠰᠤᠷᠤᠯᠭ᠎ᠠ᠎ᠶᠢᠨ ᠬᠤᠪᠢ᠎ᠶᠢ ᠬᠠᠷᠢᠯᠴᠠᠨ ᠮᠡᠳᠡᠷᠡᠬᠦ᠂ ᠡᠷᠳᠡᠮ ᠰᠢᠨᠵᠢᠯᠡᠭᠡᠨ᠎ᠦ ᠡᠬᠢ ᠪᠠᠶᠠᠯᠢᠭ᠋᠎ᠢ ᠬᠠᠮᠲᠤ ᠪᠠᠷ ᠡᠳ᠋ᠯᠡᠬᠦ ᠵᠡᠷᠭᠡ ᠠᠭᠤᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠲᠦᠷᠦᠯ ᠵᠦᠢᠯ᠎ᠢ ᠬᠡᠷᠡᠭᠵᠢᠭᠦᠯᠬᠦ ᠠᠷᠭ᠎ᠠ ᠵᠠᠮ᠎ᠢ ᠰᠦᠪᠡᠭᠴᠢᠯᠡᠵᠦ᠂ ᠪᠠᠢᠩᠭᠤᠵᠢᠭᠰᠠᠨ ᠰᠤᠷᠭᠠᠨ ᠬᠥᠮᠦᠵᠢᠯ᠎ᠦᠨ ᠬᠠᠮᠲᠤᠷᠠᠯᠴᠠᠭᠠᠨ᠎ᠤ ᠲᠣᠭᠲᠠᠴᠠ᠎ᠶᠢ ᠪᠠᠶ᠋ᠢᠭᠤᠯᠬᠤ᠂ ᠢᠳᠡᠷ ᠵᠠᠯᠠᠭᠤ ᠪᠠᠭ᠍ᠰᠢ ᠨᠠᠷ᠎ᠤᠨ ᠭᠠᠳᠠᠭᠠᠳᠤ᠎ᠳᠤ ᠰᠤᠷᠤᠯᠴᠠᠵᠤ ᠮᠡᠷᠬᠡᠵᠢᠯ ᠵᠢᠡᠨ ᠳᠡᠬᠡᠭᠰᠢᠯᠡᠬᠦᠯᠬᠦ᠎ᠶᠢ ᠠᠬᠢᠭᠤᠯᠬᠤ᠂ ᠵᠢᠩᠬᠢᠨᠢ ᠠᠩᠭᠢ᠎ᠶᠢᠨ ᠰᠤᠷᠤᠭ᠍ᠴᠢ ᠵᠢᠴᠢ ᠠᠰᠫᠢᠷᠠᠨᠲ᠎ᠢ ᠬᠠᠮᠲᠤᠷᠠᠨ ᠬᠥᠮᠥᠵᠢᠭᠦᠯᠬᠦ ᠵᠡᠷᠭᠡ ᠶᠠᠪᠤᠳᠠᠯ᠎ᠤᠨ ᠲᠤᠬᠠᠢ ᠠᠩᠬ᠎ᠠ ᠠᠯᠬᠤᠮ᠎ᠤᠨ ᠬᠠᠮᠳᠤᠷᠠᠯᠴᠠᠭ᠎ᠠ ᠬᠢᠬᠦ ᠬᠠᠮᠲᠤ᠎ᠶᠢᠨ ᠲᠠᠨᠢᠯᠲᠠ᠎ᠵᠢ ᠪᠤᠢ ᠪᠤᠯᠭᠠᠵᠤ᠂ ᠬᠣᠢᠰᠢᠳᠠ᠎ᠶᠢᠨ ᠪᠣᠳᠠᠲᠠᠢ ᠬᠠᠮᠲᠤᠷᠠᠯᠴᠠᠭ᠎ᠠ᠎ᠳᠤ  ᠰᠠᠭᠤᠷᠢ ᠲᠠᠯᠪᠢᠵᠤ ᠥᠭᠴᠡᠢ᠃

ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠬᠠᠮᠲᠤᠷᠠᠯᠴᠠᠭ᠎ᠠ ᠰᠣᠯᠢᠯᠴᠠᠭᠠᠨ᠎ᠤ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ ᠵᠢᠡᠷ᠂ ᠰᠤᠷᠭᠠᠨ ᠬᠥᠮᠦᠵᠢᠯ᠎ᠦᠨ ᠲᠢᠩᠬᠢᠮ᠎ᠡᠴᠡ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠎ᠶᠢ ᠦᠷᠭᠦᠯᠵᠢᠯᠡᠨ ᠰᠠᠢᠲᠤᠷ ᠬᠢᠵᠦ᠂ ᠬᠠᠮᠲᠤᠷᠠᠯᠴᠠᠭᠠᠨ᠎ᠤ ᠰᠠᠨᠠᠮᠵᠢ᠎ᠶᠢ ᠨᠠᠢᠳᠠᠪᠤᠷᠢᠵᠢᠭᠤᠯᠬᠤ᠎ᠶᠢ ᠲᠦᠷᠭᠡᠳᠬᠡᠵᠦ᠂ ᠬᠣᠶᠠᠷ ᠲᠠᠯ᠎ᠠ᠎ᠶᠢᠨ ᠶᠡᠬᠡ ᠳᠡᠭᠡᠳᠦ ᠰᠤᠷᠭᠠᠭᠤᠯᠢ᠎ᠶᠢᠨ ᠬᠠᠮᠲᠤᠷᠠᠯᠴᠠᠭᠠᠨ᠎ᠤ ᠲᠥᠰᠥᠯ᠎ᠢ ᠨᠠᠷᠢᠯᠢᠭ᠍ᠵᠢᠭᠤᠯᠬᠤ᠎ᠶᠢ ᠠᠬᠢᠭᠤᠯᠬᠤ᠂ ᠪᠠᠭ᠍ᠰᠢ ᠨᠠᠷ᠎ᠤᠨ ᠠᠢᠯᠴᠢᠯᠠᠨ ᠰᠤᠷᠤᠯᠴᠠᠬᠤ᠂ ᠰᠤᠷᠤᠭ᠍ᠴᠢ ᠵᠢ ᠬᠠᠮᠲᠤᠷᠠᠨ ᠬᠥᠮᠥᠵᠢᠭᠦᠯᠬᠦ ᠵᠡᠷᠭᠡ ᠬᠠᠮᠲᠤᠷᠠᠯᠴᠠᠭᠠᠨ᠎ᠤ ᠲᠦᠷᠦᠯ ᠵᠦᠢᠯ᠎ᠢ ᠲᠦᠷᠭᠡᠳᠭᠡᠨ ᠡᠬᠢᠯᠡᠭᠦᠯᠵᠦ᠂ ᠰᠤᠷᠭᠠᠨ ᠬᠥᠮᠦᠵᠢᠯ᠎ᠦᠨ ᠬᠠᠮᠲᠤᠷᠠᠯᠴᠠᠭᠠᠨ᠎ᠤ ᠥᠷᠭᠡᠴᠡ ᠪᠣᠯᠣᠨ ᠭᠦᠨᠴᠡ᠎ᠶᠢ ᠴᠢᠨᠠᠭᠰᠢᠳᠠ ᠴᠢᠩᠭᠠᠳᠬᠠᠵᠤ᠂ ᠥᠨᠳᠥᠷ ᠲᠦᠪᠰᠢᠨ᠎ᠪᠦᠬᠦᠢ ᠭᠠᠳᠠᠭᠠᠳᠤ ᠨᠡᠭᠡᠭᠡᠯᠲᠡ᠎ᠪᠡᠷ ᠥᠪᠥᠷ ᠮᠣᠩᠭᠣᠯ᠎ᠤᠨ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号