ᠰᠡᠳᠬᠢᠴᠡ ᠵᠢᠨ ᠲᠣᠬᠠᠢ ᠬᠠᠭᠣᠷᠮᠠᠭ ᠪᠣᠯᠪᠠᠰᠣᠷᠠᠯ᠎ᠦᠨ ᠠᠩᠬᠢ ᠵᠢ ᠰᠡᠷᠡᠮᠵᠢᠯᠡ
2026-07-06 11:20:07
ᠵᠣᠬᠢᠶᠠᠭ᠍ᠴᠢ᠄
ᠴᠧᠨ ᠰᠢ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ ᠮᠡᠳᠡᠭᠡᠯᠡᠭᠰᠡᠨ᠎ᠢ ᠦᠨᠳᠦᠰᠦᠯᠡᠪᠡᠯ᠂ ᠡᠨᠡ ᠵᠢᠯ  ᠵᠠᠷᠢᠮ ᠪᠠᠢᠭᠤᠯᠤᠮᠵᠢ ᠪᠣᠯᠪᠠᠰᠤᠷᠠᠯ᠎ᠤᠨ ᠬᠢᠴᠢᠶᠡᠯ ᠨᠡᠭᠡᠭᠡᠵᠦ ᠣᠷᠣᠯᠴᠠᠭᠰᠠᠳ᠎ᠲᠤ 《ᠣᠶᠤᠨ ᠰᠠᠨᠠᠭᠠᠨ᠎ᠤ ᠡᠵᠡᠮᠳᠡᠯ》 ᠬᠢᠬᠦ ᠪᠣᠶᠣ 《ᠡᠳ᠋ ᠮᠥᠩᠭᠥ ᠴᠤᠭᠯᠠᠭᠤᠯᠬᠤ》 ᠠᠵᠢᠯᠯᠠᠭ᠎ᠠ ᠶᠠᠪᠤᠭᠤᠯᠵᠤ ᠪᠠᠢᠨ᠎ᠠ ᠭᠡᠵᠦ ᠤᠯᠠᠨ ᠬᠦᠮᠦᠨ ᠲᠤᠰᠬᠠᠪᠠ᠃ ᠣᠢᠯᠠᠭᠠᠭᠰᠠᠨ᠎ᠢᠶᠠᠷ ᠡᠳᠡᠭᠡᠷ ᠪᠣᠯᠪᠠᠰᠣᠷᠠᠯ ᠡᠷᠬᠢᠯᠡᠵᠦ ᠪᠠᠢᠭ᠎ᠠ ᠬᠦᠮᠦᠰ ᠰᠡᠳᠬᠢᠴᠡ ᠵᠦᠢ᠎ᠶᠢᠨ ᠲᠣᠰᠬᠠᠢ ᠮᠡᠷᠭᠡᠵᠢᠯ ᠰᠣᠷᠣᠭᠰᠠᠨ ᠦᠬᠡᠢ ᠪᠠᠢᠭᠠᠳ ᠪᠣᠯᠪᠠᠰᠣᠷᠠᠯ᠎ᠦᠨ ᠪᠠᠢᠭᠣᠯᠣᠮᠵᠢ ᠪᠡᠨ 《ᠰᠡᠳᠬᠢᠴᠡ ᠵᠦᠢ ᠵᠢᠨ ᠬᠣᠸᠠᠩᠫᠦ᠋ ᠴᠡᠷᠢᠭ᠎ᠦᠨ ᠰᠣᠷᠭᠠᠭᠣᠯᠢ》 ᠬᠡᠮᠡᠨ ᠬᠦᠬᠡᠷᠭᠡᠳᠡᠵᠦ᠂ ᠬᠠᠮᠣᠭ᠎ᠦᠨ ᠦᠨᠳᠣᠷ ᠲᠡᠰ᠎ᠦᠨ ᠪᠣᠯᠪᠠᠰᠣᠷᠠᠯ᠎ᠦᠨ ᠬᠢᠴᠢᠶᠡᠯ᠎ᠦᠨ ᠦᠨ᠎ᠡ ᠨᠢ 28 ᠲᠦᠮᠡᠨ ᠲᠥᠭᠥᠷᠢᠭ᠎ᠲᠦ ᠬᠦᠷᠴᠡᠢ᠃ ᠵᠠᠷᠢᠮ ᠪᠣᠯᠪᠠᠰᠣᠷᠠᠯ᠎ᠳᠦ ᠣᠷᠣᠯᠴᠠᠬᠰᠠᠳ ᠵᠢᠭᠡᠯᠡᠯᠭᠡ ᠵᠢᠭᠡᠯᠡᠵᠦ ᠰᠦᠢᠳᠬᠡᠯ ᠲᠤᠰᠢᠶᠠᠭᠰᠠᠨ᠎ᠴᠦ ᠡᠳᠡᠭᠡᠷᠡᠵᠦ ᠲᠡᠢᠯᠦᠭᠰᠡᠨ ᠦᠬᠡᠢ ᠮᠥᠷᠲᠡᠭᠡᠨ ᠭᠡᠳᠡᠷᠭᠦ᠎ᠪᠡᠨ ᠬᠣᠶᠠᠳᠠᠬᠢ ᠣᠳᠠᠭ᠎ᠠ ᠎ᠶᠢᠨ ᠣᠶᠤᠨ ᠰᠠᠨᠠᠭᠠᠨ᠎ᠤ ᠰᠢᠷᠬᠠᠳᠣᠯ᠎ᠳᠦ ᠤᠴᠠᠷᠠᠵᠠᠢ᠃


b14cf3a7-a942-49bc-8836-e518979e10c8.png


ᠵᠣᠣ ᠴᠦᠨ ᠴᠢᠩ   ᠵᠢᠷᠣᠪᠠ


ᠣᠢᠷ᠎ᠠ᠎ᠶᠢᠨ ᠵᠢᠯ᠎ᠡᠴᠡ ᠰᠡᠳᠬᠢᠴᠡ᠎ᠶᠢᠨ ᠡᠷᠡᠭᠦᠯ ᠮᠡᠨᠳᠦ ᠣᠯᠠᠮ ᠴᠢᠬᠤᠯᠠᠴᠢᠯᠠᠭᠳᠠᠵᠦ᠂ ᠵᠠᠷᠢᠮ ᠵᠥᠪᠯᠡᠯᠭᠡ ᠥᠭᠬᠦ᠂ ᠡᠮᠨᠡᠨ ᠡᠳᠡᠭᠡᠷᠡᠭᠦᠯᠬᠦ ᠪᠠᠢᠭᠤᠯᠤᠮᠵᠢ ᠴᠤ᠌ ᠠᠭᠠᠵᠢᠮ᠎ᠢᠶᠠᠷ ᠬᠥᠭᠵᠢᠵᠦ ᠡᠬᠢᠯᠡᠵᠡᠢ᠃ ᠡᠳᠡᠭᠡᠷ ᠪᠠᠢᠭᠣᠯᠣᠮᠵᠢ ᠵᠢᠨ ᠲᠣᠳᠣᠷ᠎ᠡ ᠦᠨᠡᠨᠴᠢ ᠢᠲᠡᠭᠡᠮᠵᠢᠲᠡᠢ᠎ᠪᠡᠷ ᠡᠵᠡᠩᠨᠡᠵᠦ᠂ ᠲᠤᠰᠠᠯᠠᠮᠵᠢ ᠬᠦᠰᠡᠭᠰᠡᠨ ᠬᠦᠮᠦᠰ᠎ᠦᠨ ᠬᠦᠴᠢᠷ ᠵᠣᠪᠠᠯᠠᠩ᠎ᠢ ᠰᠢᠢᠳᠪᠦᠷᠢᠯᠡᠵᠦ ᠦᠭᠴᠤ ᠪᠠᠢᠬᠣ ᠪᠠᠢᠭᠤᠯᠤᠮᠵᠢ ᠪᠠᠢᠬᠤ ᠪᠥᠭᠡᠳ ᠪᠠᠰᠠ 《ᠬᠣᠨᠢᠨ ᠲᠣᠯᠣᠭᠠᠢ ᠡᠯᠭᠦᠵᠦ ᠨᠣᠬᠠᠢ᠎ᠶᠢᠨ ᠮᠢᠬ᠎ᠠ ᠬᠤᠳᠠᠯᠳᠤᠬᠰᠠᠨ》 ᠬᠠᠷ᠎ᠠ ᠰᠡᠳᠬᠢᠯᠳᠦ ᠬᠤᠳᠠᠯᠳᠤᠭᠠᠴᠢᠨ᠎ᠴᠤ ᠪᠠᠢᠨ᠎ᠠ᠃ ᠡᠳᠡᠭᠡᠷ ᠬᠠᠷ᠎ᠠ ᠰᠡᠳᠬᠢᠯᠳᠦ ᠡᠵᠡᠩᠨᠡᠭᠴᠢ ᠵᠢᠨ ᠠᠷᠭ᠎ᠠ ᠪᠠᠷᠢᠯ᠎ᠤᠨ ᠣᠯᠠᠩᠬᠢ ᠨᠢ ᠠᠮᠢᠳᠣᠷᠠᠯ᠎ᠳᠠᠭᠠᠨ ᠣᠷᠣᠭᠣᠳᠠᠵᠦ ᠪᠠᠢᠭ᠎ᠠ ᠬᠦᠮᠦᠰ᠎ᠲᠦ ᠴᠢᠭᠯᠡᠬᠦᠯᠵᠦ᠂ ᠤᠷᠢᠳ᠎ᠢᠶᠠᠷ ᠦᠨ᠎ᠡ ᠲᠥᠯᠥᠪᠦᠷᠢ ᠦᠭᠡᠢ ᠰᠡᠳᠬᠢᠴᠡ᠎ᠶᠢᠨ ᠬᠢᠴᠢᠶᠡᠯ ᠵᠢᠡᠷ ᠲᠠᠲᠠᠵᠤ᠂ ᠲᠠᠷᠠᠭ᠎ᠠ ᠨᠢ ᠤᠷᠮ᠎ᠠ ᠰᠡᠳᠬᠢᠯᠭᠡ᠎ᠶᠢᠨ ᠰᠡᠳᠡᠯᠲᠡ ᠥᠭᠬᠦ᠂ ᠤᠶᠤᠨ ᠰᠠᠨᠠᠭᠠᠨ᠎ᠤ ᠡᠵᠡᠮᠳᠡᠯ ᠬᠢᠬᠦ ᠵᠡᠷᠭᠡ᠎ᠪᠡᠷ ᠳᠠᠮᠵᠢᠨ ᠲᠡᠳᠡᠨ᠎ᠢ ᠠᠯᠬᠤᠮ ᠠᠯᠬᠤᠮ᠎ᠢᠶᠠᠷ ᠨᠡᠩ ᠥᠨᠳᠥᠷ ᠲᠡᠰ᠎ᠤᠨ ᠬᠢᠴᠢᠶᠡᠯ ᠬᠤᠳᠠᠯᠳᠤᠨ ᠠᠪᠤᠭᠤᠯᠬᠤ᠎ᠪᠠᠷ ᠣᠷᠣᠯᠳᠣᠳᠠᠭ᠃ ᠲᠡᠳᠡᠨ᠎ᠦ ᠶᠠᠷᠢᠵᠦ ᠪᠠᠢᠭ᠎ᠠ 《ᠦᠰᠦᠨ ᠪᠣᠢᠵᠢᠬᠤ》 ᠪᠠ 《ᠡᠮᠨᠡᠨ ᠵᠠᠰᠠᠬᠣ》 ᠭᠡᠳᠡᠭ ᠨᠢ ᠣᠷᠣᠯᠴᠠᠬᠰᠠᠳ᠎ᠢ ᠠᠯᠪᠠᠳᠠᠵᠤ ᠪᠠᠢᠭᠠᠳ ᠬᠠᠰᠬᠢᠷᠤᠭᠤᠯᠬᠤ᠂ ᠰᠥᠭᠥᠳᠥᠭᠦᠯᠬᠦ᠂ ᠭᠤᠲᠤᠭᠠᠯ ᠳᠣᠷᠣᠮᠵᠢᠯᠠᠯ᠎ᠢ ᠬᠦᠯᠢᠶᠡᠯᠭᠡᠵᠦ ᠤᠯᠠᠨ᠎ᠤ ᠡᠮᠦᠨ᠎ᠡ ᠵᠣᠪᠠᠭᠤᠷᠢ ᠪᠡᠨ ᠢᠯᠡ ᠶᠠᠷᠢᠭᠣᠯᠬᠣ ᠪᠣᠯᠣᠨ᠎ᠠ᠃ ᠡᠢᠮᠦᠷᠬᠦᠦ ᠡᠮᠬᠢ ᠵᠠᠮᠪᠠᠷᠠᠭ᠎ᠠ ᠦᠭᠡᠢ ᠪᠠᠢᠳᠠᠯ ᠨᠢ ᠬᠢᠨᠠᠯᠲᠠ ᠬᠠᠮᠢᠶᠠᠷᠤᠯᠲᠠ᠎ᠳᠤ ᠮᠥᠨ ᠬᠦ᠌ ᠪᠠᠯᠠᠢ ᠣᠷᠣᠨ ᠪᠠᠢᠬᠤ᠎ᠶᠢ ᠲᠤᠰᠬᠠᠵᠤ ᠪᠠᠢᠬᠤ᠎ᠪᠠᠷ ᠪᠠᠷᠠᠬᠤ ᠦᠭᠡᠢ᠂ ᠪᠠᠰᠠ ᠴᠢᠨᠠᠷ ᠰᠠᠢᠲᠠᠢ ᠰᠡᠳᠬᠢᠴᠡ᠎ᠶᠢᠨ ᠦᠢᠯᠡᠴᠢᠯᠡᠭᠡᠨ᠎ᠦ ᠬᠠᠩᠭᠠᠯᠭ᠎ᠠ ᠬᠦᠷᠦᠯᠴᠡᠬᠦ ᠦᠭᠡᠢ ᠪᠠᠢᠬᠤ᠎ᠶᠢ ᠬᠠᠷᠠᠭᠤᠯᠵᠤ ᠪᠠᠢᠨ᠎ᠠ᠃ ᠬᠣᠯᠪᠣᠭᠳᠠᠯ ᠪᠦᠬᠦᠢ ᠲᠠᠯ᠎ᠠ᠎ᠶᠢᠨ ᠬᠢᠨ 《ᠬᠣᠶᠠᠷ᠎ᠢ ᠵᠡᠷᠭᠡ᠎ᠪᠡᠷ ᠠᠳᠬᠤᠵᠤ》᠂ ᠠᠵᠢᠯ ᠲᠥᠷᠥᠯ᠎ᠦᠨ ᠡᠷᠡᠭᠦᠯ ᠪᠥᠭᠡᠳ ᠡᠮᠬᠢ ᠵᠢᠷᠤᠮ᠎ᠲᠠᠢ ᠬᠥᠭᠵᠢᠬᠦ᠎ᠶᠢ ᠠᠬᠢᠭᠣᠯᠬᠣ ᠬᠡᠷᠡᠭᠲᠡᠢ᠃

                   — 《ᠠᠵᠢᠯᠴᠢᠨ᠎ᠤ ᠡᠳᠦᠷ᠎ᠦᠨ ᠰᠣᠨᠢᠨ》 ᠡᠴᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号