ᠳᠠᠷᠢᠶᠠᠨ ᠦᠷ᠎ᠡ᠎ᠵᠢ 《ᠭᠡᠷᠡᠯ》 ᠵᠢᠠᠷ 《ᠠᠨᠠᠭᠠᠭᠰᠠᠨ》 ᠰᠢᠨ᠎ᠠ ᠮᠡᠷᠭᠡᠵᠢᠯ
2026-07-06 09:53:12
ᠵᠣᠬᠢᠶᠠᠭ᠍ᠴᠢ᠄
ᠸ·ᠭᠡᠷᠡᠯᠳᠤ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ᠂ ᠨᠢᠭᠡ ᠤᠳᠠᠭᠠᠨ᠎ᠤ ᠣᠨᠴᠠᠭᠠᠶ ᠰᠣᠨᠢᠨ ᠮᠡᠳᠡᠭᠡ ᠨᠡᠢᠲᠡᠯᠡᠬᠦ ᠬᠤᠷᠠᠯ ᠶᠠᠪᠤᠬᠳᠠᠯ᠎ᠠ᠃ ᠤᠯᠠᠮᠵᠢᠯᠠᠯᠲᠤ ᠳᠡᠯᠭᠡᠨ ᠪᠣᠷᠣᠯᠠᠭᠤᠯᠬᠤ ᠲᠠᠢᠰᠠ ᠥᠬᠡᠶ᠂ ᠣᠪᠣᠭᠠᠯᠠᠭᠰᠠᠨ ᠲᠠᠷᠢᠶᠠᠯᠠᠩ᠎ᠤᠨ ᠪᠦᠲᠦᠭᠡᠭᠳᠡᠬᠦᠨ᠎ᠦ ᠥᠯᠢᠭᠡᠷ ᠡᠳ᠋ ᠴᠤ᠌ ᠪᠠᠶ᠋ᠢᠬᠤ ᠥᠬᠡᠶ᠂ ᠲᠡᠷᠡ ᠪᠦᠬᠦᠨ ᠨᠢ ᠡᠯᠧᠺᠲ᠋ᠷᠣᠨ ᠬᠤᠷᠳᠤᠳᠬᠠᠭᠤᠷ᠎ᠤᠨ ᠵᠠᠭᠪᠤᠷ᠂ ᠤᠭᠤᠲᠠ ᠤᠭᠤᠲᠠ ᠰᠠᠴᠤᠷᠠᠭ ᠲᠤᠰᠤᠯᠲᠠ᠎ᠪᠠᠷ ᠰᠢᠢᠳᠪᠦᠷᠢᠯᠡᠭᠰᠡᠨ ᠦᠷ᠎ᠡ ᠵᠢᠴᠢ ᠲᠤᠰᠬᠠᠶ ᠮᠡᠷᠭᠡᠵᠢᠯᠲᠡᠳ᠎ᠦᠨ 《ᠰᠠᠴᠤᠷᠠᠭ ᠵᠢᠡᠷ ᠦᠷ᠎ᠡ᠎ᠶᠢ ᠬᠡᠷᠬᠢᠨ ᠤᠨᠳᠤᠤᠰᠢᠭᠤᠯᠤᠨ ᠰᠠᠢᠵᠢᠷᠠᠭᠤᠯᠬᠤ》 ᠲᠤᠬᠠᠶ ᠠᠮᠢᠳᠤᠯᠢᠭ ᠲᠠᠢᠯᠪᠤᠷᠢᠯᠠᠯᠲᠠ᠎ᠪᠠᠷ ᠣᠷᠣᠯᠠᠭᠳᠠᠵᠠᠶ᠃

ᠤᠤᠯ ᠨᠢ ᠡᠨᠳᠡ ᠰᠠᠴᠤᠷᠠᠭ ᠲᠤᠰᠤᠯᠲᠠ ᠪᠡᠷ ᠦᠷ᠎ᠡ ᠪᠣᠶ᠋ᠢᠵᠢᠭᠤᠯᠬᠤ᠂ ᠪᠠᠺᠲ᠋ᠧᠷᠢ ᠤᠰᠠᠳᠬᠠᠬᠤ ᠮᠡᠷᠭᠡᠵᠢᠯ᠎ᠦᠨ ᠬᠡᠷᠡᠭᠯᠡᠭᠡᠨ᠎ᠦ ᠪᠠᠢᠳᠠᠯ ᠠᠬᠤᠢ ᠵᠢ ᠦᠵᠡᠬᠦᠯᠬᠦ ᠪᠡᠷ ᠭᠤᠤᠯ  ᠪᠤᠯᠭᠠᠬᠰᠨᠨ 《ᠮᠧᠩ ᠺᠧ ᠵᠢᠤᠢ》 ᠵᠢᠨ ᠭᠤᠤᠯᠳᠠᠯᠭ᠎ᠠ᠎ᠲᠠᠶ ᠨᠡᠢᠲᠡᠯᠡᠬᠦ ᠬᠤᠷᠠᠯ ᠶᠠᠪᠤᠭᠳᠠᠵᠦ ᠪᠠᠢᠭᠰᠠᠨ ᠠᠵᠢ᠃ ᠪᠤᠭᠤᠲᠤ ᠬᠣᠲᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ᠎ᠶᠢᠨ ᠲᠣᠪᠴᠢᠶ᠎ᠠ᠂ ᠡᠯ᠎ᠡ ᠬᠣᠰᠢᠭᠤ ᠰᠢᠶᠠᠨ ᠲᠣᠭᠣᠷᠢᠭ᠎ᠤᠨ ᠠᠵᠢᠯ ᠲᠥᠷᠥᠯ᠎ᠦᠨ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠵᠢᠴᠢ ᠠᠵᠤ ᠠᠬᠤᠢᠯᠠᠯ᠎ᠤᠨ ᠲᠥᠯᠥᠭᠡᠯᠡᠭᠴᠢᠳ ᠴᠤᠬᠯᠠᠷᠠᠵᠦ᠂ ᠵᠠᠷᠢᠮ᠎ᠨᠢ ᠰᠠᠴᠤᠷᠠᠭ ᠲᠤᠰᠤᠯᠲᠠ᠎ᠶᠢᠨ ᠳᠠᠷᠠᠭᠠᠬᠢ ᠦᠷ᠎ᠡ᠎ᠶᠢᠨ ᠦᠨᠳᠦᠰᠦᠨ ᠰᠢᠰᠲ᠋ᠧᠮ᠎ᠦᠨ ᠬᠠᠷᠢᠴᠠᠭᠤᠯᠤᠯ᠎ᠢ ᠪᠥᠬᠥᠢᠨ ᠠᠵᠢᠭᠯᠠᠵᠤ᠂ ᠵᠠᠷᠢᠮ᠎ᠨᠢ ᠭᠠᠷ ᠤᠲᠠᠰᠤ᠎ᠪᠠᠷ᠎ᠢᠶᠠᠨ ᠡᠯᠧᠺᠲ᠋ᠷᠣᠨ ᠰᠠᠴᠤᠷᠠᠭ ᠲᠤᠰᠤᠯᠲᠠ᠎ᠶᠢᠨ ᠥᠷᠲᠡᠭᠡ᠎ᠶᠢᠨ ᠦᠢᠯᠡᠳᠪᠦᠷᠢᠯᠡᠯ᠎ᠦᠨ ᠱᠤᠭᠤᠮ᠎ᠤᠨ ᠪᠣᠳᠠᠲᠤ ᠦᠵᠡᠮᠵᠢ᠎ᠶᠢ ᠰᠡᠭᠦᠳᠡᠷᠯᠡᠵᠦ ᠪᠠᠢᠪᠠ᠃ ᠲᠤᠬᠠᠢ ᠵᠢᠨ ᠲᠠᠯᠠᠪᠤᠷ ᠲᠤ᠌ ᠬᠠᠮᠠᠷ ᠭᠠᠳᠠᠮ᠎ᠠ ᠤᠰᠤᠨ ᠡᠮ᠎ᠤᠨ ᠦᠨᠦᠷ ᠪᠠᠢᠬᠤ ᠦᠭᠡᠢ᠂ ᠲᠠᠷᠢᠶᠠᠨ ᠡᠮ᠎ᠦᠨ ᠦᠯᠡᠳᠡᠭᠳᠡᠯ ᠴᠤ᠌ ᠪᠠᠢᠬᠤ ᠦᠭᠡᠢ᠂ ᠡᠨᠡ ᠨᠢ ᠶᠠᠭ ᠰᠠᠴᠤᠷᠠᠭ᠎ᠢᠶᠠᠷ ᠪᠠᠺᠲ᠋ᠧᠷᠢ᠎ᠶᠢ ᠤᠰᠠᠳᠬᠠᠬᠤ ᠮᠡᠷᠭᠡᠵᠢᠯ᠎ᠦᠨ ᠷᠢᠳᠢ ᠰᠢᠳᠢ ᠪᠣᠯᠤᠨ᠎ᠠ᠃

ᠰᠣᠨᠢᠨ ᠮᠡᠳᠡᠭᠡ ᠨᠡᠶ᠋ᠢᠲᠡᠯᠡᠬᠦ ᠬᠤᠷᠠᠯ᠎ᠨᠢ ᠰᠠᠴᠤᠷᠠᠭ᠎ᠤᠨ ᠮᠡᠷᠭᠡᠵᠢᠯ᠎ᠢ ᠪᠤᠭᠤᠲᠤ ᠬᠣᠲᠠ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠬᠦᠷᠢᠶ᠎ᠠ ᠴᠠᠷᠠᠭ᠎ᠠ᠎ᠳᠦ ᠨᠠᠢᠳᠠᠪᠤᠷᠢᠵᠢᠭᠤᠯᠤᠭᠰᠠᠨ ᠦᠷ᠎ᠡ ᠪᠦᠲᠦᠭᠡᠯ᠂ ᠬᠡᠷᠡᠭᠵᠢᠭᠦᠯᠬᠦ ᠠᠷᠭ᠎ᠠ ᠵᠠᠮ ᠪᠠ ᠪᠣᠳᠠᠲᠠᠶ ᠬᠡᠷᠡᠭᠵᠢᠭᠦᠯᠬᠦ ᠲᠥᠰᠦᠯ᠎ᠢ ᠲᠥᠪᠯᠡᠷᠡᠭᠦᠯᠦᠨ ᠳᠡᠯᠭᠡᠨ ᠦᠵᠡᠭᠦᠯᠦᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠶ᠎ᠶᠢᠨ ᠠᠵᠤ ᠦᠶ᠋ᠯᠡᠰ᠎ᠦᠨ ᠪᠣᠬᠢᠷᠲᠤᠯ ᠥᠬᠡᠶ᠎ᠪᠡᠷ ᠪᠠᠺᠲ᠋ᠧᠷᠢ ᠤᠰᠠᠳᠬᠠᠬᠤ ᠲᠠᠯᠠᠪᠠᠶ᠎ᠶᠢᠨ ᠬᠡᠷᠡᠭᠯᠡᠯᠲᠡ᠎ᠶᠢ ᠲᠥᠪᠯᠡᠷᠡᠭᠦᠯᠦᠨ ᠳᠡᠯᠭᠡᠨ ᠦᠵᠡᠭᠦᠯᠬᠦ ᠬᠣᠭᠣᠰᠣᠨ᠎ᠢ ᠨᠥᠬᠥᠪᠥᠷᠢᠯᠡᠭᠰᠡᠨ ᠪᠠᠢᠨ᠎ᠠ᠃

ᠬᠤᠷᠠᠯ ᠳ᠋ᠤ ᠤᠷᠤᠯᠴᠠᠬᠰᠠᠳ ᠡᠴᠡ ᠰᠠᠴᠤᠷᠠᠭ᠎ᠲᠤᠰᠤᠯᠳᠠ ᠪᠡᠷ ᠦᠷ᠎ᠡ ᠪᠣᠢᠵᠢᠭᠤᠯᠵᠤ ᠪᠠᠺᠲ᠋ᠧᠷᠢ ᠤᠰᠠᠳᠬᠠᠬᠤ ᠰᠢᠨ᠎ᠡ ᠮᠡᠷᠭᠡᠵᠢᠯ᠎ᠢ ᠪᠣᠳᠠᠲᠠᠢᠵᠢᠭᠤᠯᠤᠨ ᠬᠡᠷᠡᠭᠯᠡᠭᠰᠡᠨ ᠪᠠᠢᠳᠠᠯ᠎ᠢ ᠲᠤᠬᠠᠶ᠎ᠶᠢᠨ ᠭᠠᠵᠠᠷ᠎ᠲᠤᠨᠢ ᠲᠣᠭᠣᠷᠢᠨ ᠦᠵᠡᠵᠦ ᠣᠢᠯᠠᠭᠠᠪᠠ᠃

ᠭᠡᠷ᠎ᠡ ᠲᠣᠭᠲᠠᠬᠤ ᠭᠣᠭᠴᠣᠭ᠎ᠠ ᠲᠡᠭᠡᠷ᠎ᠠ᠂ ᠡᠯ᠎ᠠ ᠶᠡᠬᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠪᠣᠯᠤᠨ ᠲᠤᠰ ᠭᠠᠵᠠᠷ᠎ᠤᠨ ᠲᠤᠯᠤᠭᠠᠢᠯᠠᠬᠴᠢ ᠠᠵᠤ ᠠᠬᠤᠢᠯᠠᠯ ᠪᠠᠢᠯᠳᠤᠬᠤ ᠪᠤᠳᠤᠯᠭ᠎ᠠ᠎ᠶᠢᠨ ᠬᠠᠮᠲᠤᠷᠠᠯᠴᠠᠭ᠎ᠠ᠎ᠳᠤ ᠭᠠᠷ᠎ᠤᠨ ᠦᠰᠦᠭ ᠵᠢᠷᠤᠵᠤ᠂ ᠵᠠᠰᠠᠭ᠎ᠤᠨ ᠣᠷᠳᠣᠨ ᠠᠵᠤ ᠠᠬᠤᠢᠯᠠᠯ ᠰᠤᠷᠭᠠᠭᠤᠯᠢ ᠰᠤᠳᠤᠯᠭᠠᠨ᠎ᠦ ᠭᠠᠵᠠᠷ ᠬᠠᠮᠵᠢᠯᠴᠠᠬᠤ ᠰᠢᠰᠲᠸᠮ᠎ᠢ ᠪᠠᠢᠭᠤᠯᠵᠠᠢ᠃ ᠪᠤᠭᠤᠲᠤ ᠬᠣᠲᠠ᠎ᠶᠢᠨ ᠲᠠᠷᠢᠶᠠᠯᠠᠩ ᠮᠠᠯ ᠠᠵᠤ ᠠᠬᠤᠶ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠥᠮᠥᠰᠥ ᠰᠤᠳᠤᠯᠤᠨ ᠳᠡᠯᠭᠡᠷᠡᠭᠦᠯᠬᠦ ᠲᠥᠪ᠎ᠦᠨ ᠡᠷᠬᠢᠯᠡᠭᠴᠢ ᠸᠠᠩ ᠰᠧ ᠮᠢᠩ  ᠲᠠᠨᠢᠯᠴᠠᠭᠤᠯᠬᠤ ᠳ᠋ᠠᠭᠠᠨ᠂ ᠲᠣᠰ ᠤᠳᠠᠭ᠎ᠠ ᠨᠡᠢᠲᠡᠯᠡᠭᠰᠡᠨ ᠡᠯᠧᠺᠲ᠋ᠷᠣᠨ ᠬᠤᠷᠳᠤᠳᠬᠠᠭᠤᠷ ᠵᠢᠡᠷ ᠡᠭᠦᠯᠳᠡᠷ ᠦᠳᠦᠭᠡᠨ ᠪᠣᠢᠵᠢᠭᠤᠯᠬᠤ ᠮᠡᠷᠭᠡᠵᠢᠯ᠎ᠢ ᠭᠤᠤᠯᠳᠠᠭᠤ ᠡᠷᠳᠡᠨᠢ ᠰᠢᠰᠢ᠂ ᠤᠰᠤᠨ ᠲᠤᠲᠤᠷᠭ᠎ᠠ᠂ ᠪᠣᠭᠣᠳᠠᠶ᠂ ᠲᠥᠪᠡᠳ ᠬᠠᠰᠢ ᠵᠡᠷᠭᠡ ᠡᠯ᠎ᠡ ᠲᠥᠷᠥᠯ᠎ᠦᠨ ᠲᠠᠷᠢᠮᠠᠯ᠎ᠤᠨ ᠰᠠᠢᠨ ᠡᠭᠦᠯᠳᠡᠷ᠎ᠢ ᠰᠣᠩᠭᠣᠨ ᠪᠣᠢᠵᠢᠭᠤᠯᠬᠤ ᠠᠵᠢᠯ᠎ᠳᠤ ᠬᠡᠷᠡᠭᠯᠡᠵᠦ᠂ ᠡᠯᠧᠺᠲ᠋ᠷᠣᠨ ᠬᠤᠷᠳᠤᠳᠬᠠᠭᠤᠷ᠎ᠢᠶᠠᠷ ᠳᠠᠮᠵᠢᠭᠤᠯᠤᠨ ᠲᠠᠷᠢᠮᠠᠯ᠎ᠤᠨ ᠦᠷ᠎ᠠ ᠳ᠋ᠤ ᠰᠠᠴᠤᠷᠠᠭ ᠲᠤᠰᠤᠯᠲᠠ᠎ᠶᠢᠨ ᠰᠢᠢᠳᠪᠦᠷᠢᠯᠡᠯᠲᠡ ᠬᠢᠵᠦ᠂ ᠶᠡᠬᠡ ᠬᠡᠮᠵᠢᠶᠡᠨ᠎ᠦ ᠴᠢᠨᠠᠷ ᠰᠠᠢᠲᠠᠶ᠂ ᠥᠨᠳᠥᠷ ᠤᠨᠠᠯᠲᠠ᠎ᠲᠠᠶ᠂ ᠰᠥᠷᠬᠦ ᠴᠢᠨᠠᠷ᠎ᠢᠶᠠᠷ ᠴᠢᠩᠭ᠎ᠠ ᠦᠷ᠎ᠡ ᠡᠳ᠋᠎ᠦᠨ ᠡᠬᠢ ᠪᠠᠶᠠᠯᠢᠭ᠎ᠢ ᠪᠣᠢᠵᠢᠭᠤᠯᠤᠨ ᠰᠢᠭᠰᠢᠨ ᠰᠣᠩᠭᠣᠵᠤ᠂ ᠲᠠᠷᠢᠮᠠᠯ᠎ᠤᠨ ᠰᠠᠢᠨ ᠡᠭᠦᠯᠳᠡᠷ᠎ᠢ ᠪᠣᠢᠵᠢᠭᠤᠯᠬᠤ᠎ᠳᠤ ᠴᠢᠨᠠᠷ ᠰᠠᠢᠲᠠᠶ ᠲᠦᠭᠦᠬᠡᠶ ᠮᠠᠲ᠋ᠧᠷᠢᠶᠠᠯ᠎ᠢ ᠨᠥᠭᠡᠴᠡᠯᠡᠵᠦ᠂ ᠦᠷ᠎ᠡ᠎ᠶᠢᠨ ᠦᠢᠯᠡᠰ᠎ᠦᠨ ᠰᠢᠨ᠎ᠡ᠎ᠶᠢ ᠡᠭᠦᠳᠦᠨ ᠬᠥᠭᠵᠢᠬᠦ ᠴᠢᠳᠠᠪᠤᠷᠢ᠎ᠶᠢ ᠪᠦᠲᠦᠮᠵᠢᠲᠡᠶ ᠳᠡᠭᠡᠭᠰᠢᠯᠡᠭᠦᠯᠬᠦ ᠪᠤᠯᠤᠨ᠎ᠠ᠃ ᠣᠢᠯᠠᠭᠠᠮᠵᠢᠲᠠᠶ᠎ᠪᠠᠷ ᠬᠡᠯᠡᠪᠡᠯ᠂ ᠳᠠᠷᠤᠶ ᠨᠠᠷᠢᠯᠢᠭ ᠣᠨᠣᠴᠠᠲᠠᠶ ᠰᠠᠴᠤᠷᠠᠭ᠎ᠢᠶᠠᠷ ᠦᠷ᠎ᠡ᠎ᠳᠦ ᠨᠢᠭᠡ ᠤᠳᠠᠭᠠᠨ᠎ᠤ 《ᠭᠧᠨ᠎ᠦ ᠥᠳᠥᠭᠡᠯᠲᠡ᠎ᠶᠢᠨ ᠪᠡᠶ᠎ᠡ᠎ᠶᠢᠨ ᠪᠠᠢᠴᠠᠭᠠᠯᠲᠠ》 ᠬᠢᠵᠦ᠂ ᠲᠡᠭᠦᠨ᠎ᠦ ᠳᠣᠲᠣᠷ᠎ᠠ᠎ᠠᠴᠠ ᠨᠠᠩ ᠬᠦᠴᠦᠷᠬᠡᠭ 《ᠬᠣᠢᠴᠢ ᠦᠶ᠎ᠡ》 ᠵᠢ ᠨᠢ ᠰᠣᠩᠭᠣᠨ ᠭᠠᠷᠭᠠᠨ᠎ᠠ᠃

ᠮᠡᠷᠭᠡᠵᠢᠯ ᠬᠤᠪᠢᠶᠠᠯᠴᠠᠨ ᠰᠣᠯᠢᠯᠴᠠᠬᠤ ᠭᠣᠭᠴᠣᠭ᠎ᠠ᠎ᠳᠤ᠂ ᠠᠵᠢᠯ ᠲᠥᠷᠥᠯ᠎ᠦᠨ ᠲᠤᠰᠬᠠᠶ ᠮᠡᠷᠭᠡᠵᠢᠯᠲᠡᠨ ᠪᠣᠯᠤᠨ ᠠᠵᠤ ᠠᠬᠤᠶ᠋ᠢᠯᠠᠯ᠎ᠤᠨ ᠬᠠᠷᠢᠭᠤᠴᠠᠯᠭᠠᠲᠠᠨ ᠪᠣᠳᠣᠯ ᠰᠠᠨᠠᠯ᠎ᠢᠶᠠᠨ ᠶᠠᠷᠢᠵᠤ᠂ ᠠᠵᠤ ᠦᠢᠯᠡᠰ᠎ᠦᠨ ᠬᠠᠨᠳᠤᠰᠢ᠎ᠶᠢ ᠰᠤᠳᠤᠯᠤᠨ ᠮᠠᠭᠠᠳᠯᠠᠵᠠᠭᠠᠪᠠ᠃ ᠥᠪᠥᠷ ᠮᠣᠩᠭᠣᠯ᠎ᠤᠨ ᠵᠢᠶᠠ ᠶᠢᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶᠢᠨ ᠬᠠᠷᠢᠭᠤᠴᠠᠯᠭᠠᠲᠠᠨ᠄ 《ᠲᠣᠰ ᠤᠳᠠᠭ᠎ᠠ ᠮᠠᠨ᠎ᠤ ᠠᠵᠤ ᠠᠬᠤᠢᠯᠠᠯ ᠦᠷ᠎ᠡ ᠪᠣᠢᠵᠢᠭᠤᠯᠬᠤ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭᠲᠠᠵᠤ᠂ ᠤᠨᠴᠠᠯᠢᠬᠳᠤ ᠲᠠᠷᠢᠮᠠᠯ᠎ᠢ ᠥᠳᠥᠭᠡᠨ ᠪᠣᠢᠵᠢᠭᠤᠯᠬᠤ᠂ ᠰᠥᠷᠬᠦ᠎ᠶᠢ ᠡᠰᠡᠷᠭᠦᠴᠡᠬᠦ ᠡᠭᠦᠯᠳᠡᠷ᠎ᠢ ᠪᠣᠢᠵᠢᠭᠤᠯᠬᠤ᠂ ᠡᠭᠦᠯᠳᠡᠷ᠎ᠢ ᠰᠢᠯᠢᠳᠡᠭᠵᠢᠭᠦᠯᠬᠦ᠂ ᠦᠷ᠎ᠡ ᠪᠣᠢᠵᠢᠭᠤᠯᠬᠤ ᠤᠷ᠎ᠠ ᠮᠡᠷᠭᠡᠵᠢᠯ᠎ᠢ ᠲᠠᠰ ᠳᠡᠪᠰᠢᠭᠦᠯᠬᠦ ᠵᠡᠷᠭᠡ ᠴᠢᠭᠯᠡᠯ᠎ᠦᠨ ᠲᠣᠭᠣᠷᠢᠨ᠎ᠳᠤ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠤᠯᠳᠠ᠎ᠶᠢ ᠭᠤᠤᠯᠳᠠᠯᠭ᠎ᠠ᠎ᠲᠠᠶ ᠥᠷᠨᠢᠭᠦᠯᠦᠨ᠎ᠡ᠃ ᠪᠢᠳᠡ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠶᠡᠬᠡ ᠳᠡᠭᠡᠳᠦ ᠰᠤᠷᠭᠠᠭᠤᠯᠢ᠎ᠲᠠᠶ ᠬᠠᠮᠲᠤᠷᠠᠨ ᠪᠠᠷᠠᠭᠤᠨ ᠬᠣᠢᠲᠤ᠎ᠶᠢᠨ ᠣᠷᠣᠨ ᠪᠦᠰᠡ᠎ᠶᠢᠨ ᠲᠡᠷᠢᠭᠦᠨ᠎ᠦ ᠰᠠᠴᠤᠷᠠᠭ ᠲᠤᠰᠤᠯᠲᠠ᠎ᠲᠠᠶ ᠡᠭᠦᠯᠳᠡᠷ ᠪᠣᠢᠵᠢᠭᠤᠯᠬᠤ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠢ ᠬᠠᠮᠲᠤ᠎ᠪᠠᠷ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠡᠯᠧᠺᠲ᠋ᠷᠣᠨ ᠬᠤᠷᠳᠤᠳᠬᠠᠭᠤᠷ ᠲᠠᠶ ᠲᠤᠷᠰᠢᠯᠲᠠ᠎ᠶᠢᠨ ᠲᠠᠰᠤᠭ᠎ᠢ ᠢᠳᠡᠪᠬᠢᠲᠡᠶ ᠭᠤᠶᠤᠴᠢᠯᠠᠨ ᠮᠡᠳᠡᠭᠦᠯᠵᠦ᠂ ᠤᠮᠠᠷᠠᠲᠤ᠎ᠶᠢᠨ ᠰᠠᠴᠤᠷᠠᠭ ᠲᠤᠰᠤᠯᠲᠠ᠎ᠲᠠᠶ ᠮᠡᠷᠭᠡᠵᠢᠯ᠎ᠦᠨ ᠬᠡᠷᠡᠭᠯᠡᠭᠡᠨ᠎ᠦ ᠰᠢᠨ᠎ᠡ᠎ᠶᠢ ᠡᠭᠦᠳᠬᠦ ᠥᠨᠳᠥᠷᠯᠢᠭ ᠭᠠᠵᠠᠷ᠎ᠢ ᠪᠥᠬᠥ ᠬᠦᠴᠦᠨ᠎ᠢᠶᠡᠷ᠎ᠢᠶᠡᠨ ᠪᠠᠢᠭᠤᠯᠤᠨ᠎ᠠ》 ᠬᠡᠵᠠᠢ᠃

ᠰᠦᠷ ᠳᠠᠯᠠᠶ᠋ᠢᠴᠠᠲᠠᠶ ᠬᠤᠷᠳᠤᠳᠬᠠᠭᠤᠷ ᠲᠥᠬᠥᠭᠡᠷᠦᠮᠵᠢ᠎ᠶᠢᠨ ᠬᠠᠵᠠᠭᠤ᠎ᠳᠤ᠂ ᠬᠤᠷᠠᠯ᠎ᠳᠤ ᠣᠷᠣᠯᠴᠠᠭᠰᠠᠳ ᠲᠤᠬᠠᠶ᠎ᠶᠢᠨ ᠭᠠᠵᠠᠷ᠎ᠲᠤᠨᠢ ᠲᠣᠭᠣᠷᠢᠨ ᠦᠵᠡᠬᠦ ᠮᠡᠷᠭᠡᠵᠢᠯᠲᠡᠨ᠎ᠡᠴᠡ ᠬᠡᠷᠬᠢᠨ ᠡᠯᠧᠺᠲ᠋ᠷᠣᠨ ᠪᠠᠭᠴᠠ᠎ᠪᠠᠷ ᠮᠠᠯ᠎ᠤᠨ ᠠᠰᠢᠭ ᠰᠢᠮ᠎ᠡ᠎ᠳᠠᠷᠢᠶᠠᠯᠠᠩ᠎ᠤᠨ ᠪᠦᠲᠦᠭᠡᠭᠳᠡᠬᠦᠨ᠎ᠳᠦ ᠪᠠᠺᠲ᠋ᠧᠷᠢ ᠤᠰᠠᠳᠬᠠᠬᠤ ᠰᠢᠢᠳᠪᠦᠷᠢᠯᠡᠯᠲᠡ ᠬᠢᠬᠦ᠎ᠶᠢ ᠲᠤᠬᠠᠶ᠎ᠶᠢᠨ ᠲᠠᠯᠠᠪᠤᠷ᠎ᠲᠤ ᠳᠡᠯᠭᠡᠨ ᠦᠵᠡᠭᠦᠯᠵᠠᠢ᠃ ᠪᠦᠬᠦᠶ᠋ᠢᠯᠡ ᠶᠠᠪᠤᠴᠠ᠎ᠳᠤ ᠥᠨᠳᠥᠷ ᠳᠤᠯᠠᠭᠠᠨ ᠬᠡᠷᠡᠭᠰᠡᠬᠦ ᠥᠬᠡᠶ᠂ ᠬᠢᠮᠢ᠎ᠶᠢᠨ ᠡᠮ ᠬᠡᠷᠡᠭᠰᠡᠬᠦ ᠥᠬᠡᠶ᠂ ᠬᠡᠳᠦᠬᠡᠨ ᠮᠢᠨᠦ᠋ᠲ᠎ᠲᠦ ᠪᠡᠶᠡᠯᠡᠭᠦᠯᠵᠦ ᠳᠡᠶ᠋ᠢᠯᠬᠦ ᠪᠥᠭᠡᠳ ᠶᠠᠮᠠᠷᠪᠠ ᠬᠤᠤᠷᠲᠤ ᠪᠣᠳᠠᠰ ᠦᠯᠡᠳᠡᠬᠦ ᠥᠬᠡᠶ ᠪᠠᠢᠯ᠎ᠠ᠃ 

ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ᠎ᠠᠴᠠ ᠢᠷᠡᠭᠰᠡᠨ ᠨᠢᠭᠡᠨ ᠠᠵᠤ ᠠᠬᠤᠶ᠋ᠢᠯᠠᠯ᠎ᠤᠨ ᠲᠥᠯᠥᠭᠡᠯᠡᠭᠴᠢ᠄ 《ᠬᠡᠷᠪᠡ ᠡᠨᠡᠬᠦ ᠮᠡᠷᠭᠡᠵᠢᠯ᠎ᠢᠶᠡᠷ ᠤᠯᠠᠮᠵᠢᠯᠠᠯᠲᠤ ᠤᠳᠤᠵᠤ ᠵᠢᠩᠨᠡᠬᠦ ᠪᠠ ᠡᠮ ᠰᠦᠷᠴᠢᠬᠦ᠎ᠶᠢ ᠣᠷᠣᠯᠠᠭᠤᠯᠵᠤ ᠴᠢᠳᠠᠪᠠᠯ᠂ ᠮᠠᠨ᠎ᠤ ᠦᠬᠡᠷ ᠬᠣᠨᠢᠨ ᠮᠢᠬ᠎ᠠ ᠪᠠ ᠬᠢᠲᠠᠳ ᠡᠮ᠎ᠦᠨ ᠮᠠᠲ᠋ᠧᠷᠢᠶᠠᠯ᠎ᠤᠨ ᠭᠠᠳᠠᠭᠠᠳᠤ ᠭᠠᠷᠭᠠᠯᠲᠠ ᠭᠠᠳᠠᠭᠠᠳᠤ᠎ᠶᠢᠨ ᠲᠠᠷᠢᠶᠠᠯᠠᠩ᠎ᠤᠨ ᠦᠯᠡᠳᠡᠭᠳᠡᠯ ᠪᠡᠬᠢᠯᠡᠯᠲᠡ᠎ᠶᠢ ᠲᠤᠶ᠋ᠢᠯᠪᠤᠷᠢᠲᠠᠶ ᠰᠢᠪᠲᠤᠯᠵᠤ ᠴᠢᠳᠠᠨ᠎ᠠ》 ᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号