1600 ᠬᠤᠪᠢ ᠠᠷᠠᠳ᠎ᠤᠨ ᠠᠮᠢᠳᠤᠷᠠᠯ᠎ᠤᠨ ᠪᠣᠳᠠᠲᠤ᠌ ᠶᠠᠪᠤᠳᠠᠯ᠎ᠢ ᠣᠯᠠᠨ ᠲᠦᠮᠡᠨ ᠳ᠋ᠤ ᠬᠠᠨᠤᠮᠵᠢᠳᠠᠢ ᠰᠢᠢᠳᠪᠦᠷᠢᠯᠡᠵᠤ ᠦᠭᠪᠡ
2026-07-06 09:31:13
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

— ᠪᠥᠬᠥ᠌ ᠤᠯᠤᠰ᠎ᠤᠨ ᠰᠢᠯᠢᠳᠡᠭ ᠨᠠᠮ᠎ᠤᠨ ᠠᠵᠢᠯᠲᠠᠨ᠂ ᠤᠳᠠ ᠵᠢᠨ ᠲᠤᠬᠤᠢ ᠲᠣᠭᠣᠷᠢᠭ᠎ᠤᠨ ᠪᠠᠶᠠᠨᠰᠠᠶ᠋ᠢᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠤᠷᠢᠶ᠎ᠠ ᠵᠢᠨ ᠱᠦᠵᠢ ᠸᠠᠩ ᠭᠠᠢ ᠮᠧᠶ ᠵᠢ ᠲᠡᠮᠳᠡᠭᠯᠡᠪᠡ


ᠸᠠᠩ ᠭᠠᠢ ᠮᠧᠢ᠎ᠶᠢᠨ ᠠᠯᠪᠠᠨ ᠭᠡᠷ᠎ᠲᠦ᠍ ᠠᠷᠠᠳ᠎ᠤᠨ ᠪᠠᠶ᠋ᠢᠳᠠᠯ᠎ᠤᠨ ᠲᠤᠬᠠᠢ ᠵᠣᠪ ᠵᠤᠵᠠᠭᠠᠨ ᠡᠳᠦᠷ᠎ᠦᠨ ᠲᠡᠮᠳᠡᠭᠯᠡᠯ᠎ᠤᠳ ᠨᠢ ᠤᠨᠴᠠ ᠵᠢᠨ ᠦᠵᠡᠮᠵᠢ ᠪᠤᠯᠤᠨ᠎ᠠ᠂ ᠭᠠᠷ ᠎ᠤᠨ ᠠᠶ᠎ᠠ ᠪᠡᠷ ᠤᠷᠪᠠᠭᠤᠯᠵᠤ ᠦᠵᠡᠭᠦᠶ᠎ᠡ᠂ ᠠᠯᠢ ᠠᠢᠯ᠎ᠤᠨ ᠪᠣᠬᠢᠷ ᠤᠰᠤ ᠭᠠᠳᠠᠭᠰᠢᠯᠠᠭᠤᠯᠬᠤ ᠬᠤᠭᠤᠯᠠᠢ ᠨᠢ ᠪᠥᠭᠯᠡᠷᠡᠭᠰᠡᠨ᠂ ᠭᠠᠭᠴᠠᠭᠠᠷ ᠰᠠᠭᠤᠵᠤ ᠪᠠᠢᠭ᠎ᠠ ᠠᠯᠢ ᠨᠢᠭᠡᠨ ᠨᠠᠰᠤᠲᠠᠨ ᠡᠮ ᠲᠠᠩ ᠠᠪᠬᠤ ᠴᠢᠬᠤᠯᠠᠲᠠᠶ ᠪᠠᠢᠬᠤ᠂ ᠠᠯᠢ ᠰᠠᠭᠤᠭᠠᠯᠢ ᠠᠷᠠᠳ᠎ᠤᠨ ᠲᠣᠭᠣᠷᠢᠭ᠎ᠤᠨ ᠲᠡᠷᠭᠡ ᠵᠣᠭᠰᠣᠬᠤ ᠣᠷᠣ ᠨᠢ ᠬᠦᠷᠦᠯᠴᠡᠬᠦ᠌ ᠦᠭᠡᠢ ᠪᠠᠢᠬᠤ ᠬᠡᠬᠦᠴᠢᠯᠡᠨ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠵᠦᠢᠯ᠎ᠤᠳ᠎ᠢ ᠲᠤᠳᠤᠷᠬᠠᠢ ᠵᠢᠭᠰᠠᠭᠠᠵᠤ ᠪᠠᠢᠯ᠎ᠠ᠃

《ᠤᠯᠠᠨ ᠲᠦᠮᠡᠨ᠎ᠤ ᠪᠤᠲᠠᠲᠠᠢ ᠪᠠᠢᠳᠠᠯ᠎ᠢ ᠤᠢᠯᠠᠭᠠᠪᠠᠯ ᠰᠠᠶᠢ ᠪᠤᠲᠠᠳᠠᠢ ᠠᠰᠠᠭᠤᠳᠠᠯ᠎ᠢ ᠨᠢ ᠰᠢᠢᠳᠪᠦᠷᠢᠯᠡᠵᠦ ᠦᠭᠴᠦ ᠴᠢᠳᠠᠨ᠎ᠠ》᠃ ᠡᠨᠡ ᠦᠭᠡ᠎ᠶᠢ ᠸᠠᠩ ᠭᠠᠢ ᠮᠧᠢ ᠤᠯᠠᠨ ᠵᠢᠯ ᠬᠡᠯᠡᠵᠦ᠍ ᠶᠠᠪᠤᠭᠰᠠᠨ ᠮᠦᠷᠲᠡᠭᠡᠨ ᠪᠠᠰᠠ ᠤᠯᠠᠨ ᠵᠢᠯ ᠦᠨᠡᠨ ᠪᠣᠳᠠᠲᠠᠢ᠎ᠪᠠᠷ ᠬᠢᠵᠦ ᠢᠷᠡᠭᠰᠡᠨ ᠶᠤᠮ᠃ ᠵᠡᠭᠡᠯᠢ ᠭᠤᠳᠤᠮᠵᠢ᠎ᠪᠠᠷ ᠲᠤᠭᠤᠷᠢᠨ ᠪᠠᠢᠴᠠᠭᠠᠬᠤ ᠲᠤᠮᠳᠠ ᠪᠠᠨ ᠲᠡᠷᠡ ᠪᠡᠷ ᠠᠭᠠᠵᠢᠮ᠎ᠢᠶᠠᠷ ᠥᠪᠡᠷ᠎ᠦᠨ᠎ᠢᠶᠡᠨ ᠭᠡᠰᠡᠨ ᠠᠷᠭ᠎ᠠ ᠬᠢᠳᠡᠯ ᠎ᠢ ᠰᠦᠪᠡᠭᠴᠢᠯᠡᠨ ᠭᠠᠷᠭᠠᠪᠠ᠄《ᠮᠢᠩᠭᠠᠨ ᠠᠶ᠋ᠢᠯ᠎ᠳᠤ ᠣᠷᠣᠵᠤ᠂ ᠮᠢᠩᠭᠠᠨ ᠠᠶ᠋ᠢᠯ᠎ᠤᠨ ᠪᠠᠢᠳᠠᠯ᠎ᠢ ᠤᠢᠯᠠᠭᠠᠵᠤ᠂ ᠮᠢᠩᠭᠠᠨ ᠠᠶ᠋ᠢᠯ᠎ᠳᠤ ᠬᠠᠯᠠᠭᠤᠨ ᠳᠤᠯᠠᠭᠠᠨ᠎ᠢ ᠬᠦᠷᠭᠡᠵᠦ᠍᠂ ᠮᠢᠩᠭᠠᠨ ᠠᠶ᠋ᠢᠯ ᠲᠠᠢ ᠤᠢᠷ᠎ᠠ ᠲᠤᠳᠤᠨᠤ ᠪᠤᠯᠤᠨ᠎ᠠ》᠃

ᠡᠨᠡ ᠵᠢᠯ 51 ᠨᠠᠰᠤᠲᠠᠢ ᠸᠠᠩ ᠭᠠᠢ ᠮᠧᠢ ᠪᠣᠯ ᠦᠬᠠᠢ ᠬᠤᠲᠠ᠎ᠶᠢᠨ ᠤᠳᠠ ᠵᠢᠨ ᠲᠤᠬᠤᠢ ᠲᠣᠭᠣᠷᠢᠭ᠎ᠤᠨ ᠪᠠᠶᠠᠨᠰᠠᠢ᠌ᠨ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠤᠷᠢᠶ᠎ᠠ ᠵᠢᠨ ᠱᠦᠵᠢ ᠪᠣᠯᠤᠨ᠎ᠠ᠃ 《ᠤᠯᠠᠨ ᠲᠦᠮᠡᠨ᠎ᠦ ᠶᠠᠪᠤᠳᠠᠯ᠎ᠢ ᠬᠣᠶ᠋ᠢᠰᠢᠯᠠᠭᠤᠯᠵᠤ ᠪᠣᠯᠬᠤ ᠦᠭᠡᠢ᠂ ᠲᠦᠯᠬᠢᠵᠦ᠍ ᠨᠡᠩ ᠴᠤ᠌ ᠪᠣᠯᠬᠤ ᠦᠭᠡᠢ》᠃ ᠡᠨᠡ ᠪᠣᠯ ᠲᠡᠭᠦᠨ᠎ᠦ ᠥᠪᠡᠷ᠎ᠦᠨ ᠪᠡᠶ᠎ᠡ᠎ᠳᠡᠭᠡᠨ ᠲᠣᠭᠲᠠᠭᠠᠵᠤ ᠥᠭᠭᠦᠭᠰᠡᠨ ᠳᠦᠷᠢᠮ ᠪᠣᠯᠤᠨ᠎ᠠ᠂ 《ᠬᠢᠬᠦ ᠪᠡᠷ ᠲᠤᠭᠲᠠᠭᠰᠠᠨ ᠵᠦᠢᠯ᠎ᠢᠶᠡᠨ ᠵᠠᠪᠠᠯ ᠴᠠᠭ ᠲᠤᠬᠠᠢ ᠳ᠋ᠤᠨᠢ ᠭᠦᠢᠴᠡᠳᠭᠡᠬᠦ ᠴᠢᠬᠤᠯᠠᠲᠠᠢ; ᠤᠴᠢᠷ ᠶᠠᠪᠤᠳᠠᠯ᠎ᠢ ᠯᠠᠪᠳᠠᠭᠤᠨ ᠭᠦᠢᠴᠡᠳᠬᠡᠪᠡᠯ ᠠᠷᠠᠳ ᠤᠯᠠᠨ ᠰᠠᠶᠢ ᠰᠠᠨᠠᠭ᠎ᠠ ᠠᠮᠤᠷ ᠪᠤᠯᠵᠤ ᠴᠢᠳᠠᠨ᠎ᠠ》᠃

ᠪᠠᠶᠠᠨᠰᠠᠢ᠌ᠨ ᠵᠡᠭᠡᠯᠢ ᠭᠤᠳᠤᠮᠵᠢ ᠨᠢ ᠤᠳᠠ ᠵᠢᠨ ᠲᠤᠬᠤᠢ ᠲᠣᠭᠣᠷᠢᠭ᠎ᠤᠨ ᠲᠥᠪ᠎ᠲᠦ᠍ ᠪᠠᠢᠷᠢᠯᠠᠳᠠᠭ᠃ ᠥᠩᠭᠡᠷᠡᠭᠰᠡᠨ᠎ᠳᠦ᠂ ᠡᠨᠳᠡ ᠠᠳᠠᠯ ᠠᠬᠤᠢ᠎ᠶᠢᠨ ᠦᠢᠯᠡᠴᠢᠯᠡᠭᠡ ᠦᠭᠡᠢ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ ᠤᠯᠠᠨ ᠪᠠᠶ᠋ᠢᠵᠤ᠂ ᠤᠷᠳᠤ ᠬᠤᠭᠤᠴᠠᠭ᠎ᠠ᠎ᠪᠠᠷ ᠬᠠᠮᠢᠶᠠᠷᠤᠯᠲᠠ᠎ᠶᠢᠨ ᠡᠮᠬᠢ ᠳᠢᠭᠯᠢᠮ᠎ᠢᠶᠡᠨ ᠠᠯᠳᠠᠭᠰᠠᠨ ᠪᠠᠶ᠋ᠢᠳᠠᠯ᠎ᠳᠤ ᠣᠷᠣᠰᠢᠵᠤ᠂ ᠣᠷᠴᠢᠨ ᠲᠣᠭᠣᠷᠢᠨ᠎ᠤ ᠡᠷᠡᠭᠦᠯ ᠬᠠᠮᠠᠭᠠᠯᠠᠯ ᠠᠨᠠᠢ᠂ ᠰᠠᠭᠤᠷᠢ ᠲᠥᠬᠥᠭᠡᠷᠦᠮᠵᠢ ᠨᠢ ᠳᠥᠭᠥᠮ ᠪᠦᠳᠦᠭᠦᠯᠢᠭ ᠪᠠᠶ᠋ᠢᠵᠠᠢ᠃ ᠡᠨᠡ ᠬᠦ᠌ ᠬᠦᠴᠢᠷ ᠠᠰᠠᠭᠤᠳᠠᠯ ᠨᠢ ᠸᠠᠩ ᠭᠠᠢ ᠮᠧᠢ᠎ᠵᠢ ᠶᠡᠬᠡ ᠪᠡᠷ ᠲᠦᠪᠡᠭᠳᠡᠭᠦᠯᠵᠦ ᠪᠠᠶ᠋ᠢᠯ᠎ᠠ᠃ ᠲᠡᠷᠡ ᠠᠯᠪᠠᠨ ᠭᠡᠷ᠎ᠲᠡᠬᠡᠨ ᠡᠨᠡᠬᠦ ᠠᠰᠠᠭᠤᠳᠠᠯ᠎ᠤᠨ ᠬᠠᠷᠢᠭᠤᠯᠲᠠ᠎ᠶᠢ ᠬᠦᠯᠢᠶᠡᠵᠦ ᠰᠠᠭᠤᠭᠰᠠᠨ ᠦᠭᠡᠢ᠂ ᠬᠠᠷᠢᠨ  ᠠᠳᠠᠯ ᠠᠬᠤᠢ᠎ᠶᠢᠨ ᠦᠢᠯᠡᠴᠢᠯᠡᠭᠡ ᠦᠭᠡᠢ ᠪᠤᠢ ᠪᠦᠬᠦᠢ ᠰᠠᠭᠤᠭᠠᠯᠢ ᠠᠷᠠᠳ᠎ᠤᠨ ᠲᠣᠭᠣᠷᠢᠭ᠎ᠵᠢᠡᠷ ᠬᠦᠯ ᠵᠢᠡᠨ ᠬᠦᠰᠢᠳᠡᠯ᠎ᠠ ᠶᠠᠪᠤᠵᠤ᠂ ᠡᠯ᠎ᠡ ᠲᠠᠯ᠎ᠠ᠎ᠶᠢᠨ ᠬᠦᠴᠢᠷᠳᠡᠯ ᠪᠠ ᠬᠦᠰᠡᠯ ᠡᠷᠡᠮᠡᠯᠵᠡᠯ᠎ᠢ ᠨᠢ ᠨᠢᠭᠡᠳ ᠨᠢᠭᠡ᠎ᠪᠡᠷ ᠲᠡᠮᠳᠡᠭᠯᠡᠵᠦ᠍᠂ ᠰᠡᠳᠬᠢᠯ᠎ᠳᠡᠭᠡᠨ ᠰᠢᠢᠳᠪᠦᠷᠢᠯᠡᠬᠦ ᠠᠷᠭ᠎ᠠ ᠵᠢ ᠪᠤᠳᠤᠵᠤ ᠶᠠᠪᠤᠯ᠎ᠠ᠃

ᠸᠠᠩ ᠭᠠᠢ ᠮᠧᠢ᠎ᠶᠢᠨ ᠳᠠᠭᠠᠭᠤᠯᠭ᠎ᠠ ᠳᠣᠣᠷ᠎ᠠ᠂ ᠪᠠᠶᠠᠨᠰᠠᠢᠨ ᠵᠡᠭᠡᠯᠢ ᠭᠤᠳᠤᠮᠵᠢ ᠦᠬᠠᠢ ᠬᠤᠳᠠ ᠵᠢᠨ ᠠᠩᠬᠠᠳᠠᠭ᠍ᠴᠢ ᠨᠡᠢᠭᠡᠮ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ᠎ᠶᠢᠨ ᠳᠠᠭᠠᠭᠤᠯᠤᠨ ᠡᠷᠬᠢᠯᠡᠭᠰᠡᠡ ᠠᠳᠠᠯ ᠠᠬᠤᠢ᠎ᠶᠢᠨ ᠺᠣᠮᠫᠠᠨᠢ᠎ᠶᠢ ᠪᠠᠢᠭᠤᠯᠵᠤ᠂ 《ᠰᠣᠯᠪᠢᠴᠠᠨ ᠲᠤᠰᠢᠶᠠᠯ ᠡᠭᠦᠷᠭᠡᠯᠡᠬᠦ》᠂ 《ᠶᠡᠬᠡ᠎ᠪᠡᠷ ᠪᠠᠭ᠎ᠠ᠎ᠶᠢ ᠲᠡᠳᠬᠦᠬᠦ》 ᠦᠨᠳᠦᠰᠦᠨ ᠵᠦᠢᠯ᠎ᠢ ᠪᠠᠲᠤᠯᠠᠬᠤ ᠦᠢᠯᠡᠴᠢᠯᠡᠭᠡ᠎ᠦᠷᠨᠢᠬᠦᠯᠵᠦ᠂ ᠠᠳᠠᠯ ᠠᠬᠤᠢ ᠵᠢᠨ ᠦᠢᠯᠡᠴᠢᠯᠡᠭᠡ ᠦᠭᠡᠢ 16 ᠰᠠᠭᠤᠭᠠᠯᠢ ᠠᠷᠠᠳ᠎ᠤᠨ ᠲᠣᠭᠣᠷᠢᠭ᠋᠎ᠤᠨ ᠵᠠᠰᠠᠯᠲᠠ᠎ᠶᠢᠨ ᠬᠦᠴᠢᠷᠳᠡᠯ᠎ᠢ ᠨᠢᠭᠡ ᠯᠡ ᠳᠡᠭᠡᠷ᠎ᠡ ᠰᠢᠢᠳᠪᠦᠷᠢᠯᠡᠪᠡ᠃

ᠰᠠᠭᠤᠭᠠᠯᠢ ᠠᠷᠠᠳ᠎ᠤᠨ ᠲᠣᠭᠣᠷᠢᠭ᠋᠎ᠢ ᠬᠠᠮᠢᠶᠠᠷᠬᠤ ᠬᠥᠮᠥᠨ᠎ᠲᠠᠢ ᠪᠣᠯᠵᠠᠢ᠂ ᠭᠡᠪᠡᠴᠦ ᠬᠡᠷᠬᠢᠨ ᠨᠠᠩ ᠰᠠᠢᠨ᠂ ᠤᠷᠲᠤ ᠬᠤᠭᠤᠴᠠᠭ᠎ᠠ ᠪᠡᠷ ᠬᠠᠮᠢᠶᠠᠷᠬᠤ ᠪᠣᠶ? ᠸᠠᠩ ᠭᠠᠢ ᠮᠧᠢ 《ᠭᠤᠷᠪᠠᠨ ᠲᠠᠯ᠎ᠠ᠎ᠶᠢᠨ ᠠᠳᠠᠯ ᠠᠬᠤᠢ᠎ᠶᠢᠨ ᠬᠤᠷᠠᠯ᠎ᠤᠨ ᠰᠢᠭᠤᠳ ᠨᠡᠪᠲᠡᠷᠡᠬᠦ ᠲᠡᠷᠭᠡ》 ᠶ᠋ᠢᠨ ᠬᠠᠮᠢᠶᠠᠷᠤᠯᠲᠠ᠎ᠶᠢᠨ ᠵᠠᠭᠪᠤᠷ᠎ᠢ ᠰᠦᠪᠡᠭᠴᠢᠯᠡᠵᠦ᠂ ᠦᠮᠴᠢᠳᠡᠨ᠎ᠤ ᠵᠥᠪᠯᠡᠯ᠂ ᠠᠰᠠᠷ᠎ᠤᠨ ᠳᠠᠷᠤᠭ᠎ᠠ᠂ ᠠᠳᠠᠯ ᠠᠬᠤᠢ᠎ᠶᠢᠨ ᠺᠣᠮᠫᠠᠨᠢ ᠭᠤᠷᠪᠠᠨ ᠲᠠᠯ᠎ᠠ᠎ᠶᠢᠨ ᠬᠢᠨ ᠬᠠᠮᠲᠤ᠎ᠪᠠᠷ ᠬᠠᠮᠢᠶᠠᠷᠬᠤ ᠵᠠᠭᠪᠤᠷ᠎ᠢ ᠪᠦᠷᠢᠯᠳᠦᠭᠦᠯᠪᠡ᠃ ᠨᠡᠢᠭᠡᠮ ᠲᠣᠭᠣᠷᠢᠭ᠋᠎ᠤᠨ ᠨᠠᠮ᠎ᠤᠨ ᠵᠣᠬᠢᠶᠠᠨ ᠪᠠᠢᠭᠤᠯᠤᠯᠲᠠ ᠲᠦᠷᠦᠭᠦᠯᠡᠨ ᠨᠥᠬᠥᠷᠯᠡᠯ᠎ᠦᠨ ᠬᠤᠷᠠᠯ᠂ ᠶᠠᠷᠢᠯᠴᠠᠬᠤ ᠬᠤᠷᠠᠯ ᠥᠷᠨᠢᠭᠦᠯᠵᠦ᠂ ᠠᠰᠠᠭᠤᠳᠠᠯ᠎ᠢ ᠢᠯᠡ ᠪᠣᠯᠭᠠᠵᠤ᠂ ᠵᠥᠷᠢᠴᠡᠯ᠎ᠢ ᠨᠡᠢᠭᠡᠮ ᠲᠣᠭᠣᠷᠢᠭ᠋᠎ᠲᠤ ᠰᠢᠢᠳᠪᠦᠷᠢᠯᠡᠪᠡ᠃ ᠦᠢᠯᠡᠴᠢᠯᠡᠭᠡ ᠰᠠᠢᠵᠢᠷᠠᠭᠰᠠᠨ ᠡᠴᠡ ᠵᠠᠷᠢᠮ ᠰᠠᠭᠤᠭᠠᠯᠢ ᠠᠷᠠᠳ᠎ᠤᠨ ᠲᠣᠭᠣᠷᠢᠭ ᠤ᠋ᠨ ᠠᠳᠠᠯ ᠠᠬᠤᠢ᠎ᠶᠢᠨ ᠰᠦᠢᠳᠬᠡᠯ ᠲᠤᠰᠢᠶᠠᠬᠤ ᠬᠠᠷᠢᠴᠠᠯ ᠨᠢ ᠲᠤᠬᠠᠢ᠎ᠶᠢᠨ ᠦᠶ᠎ᠡ᠎ᠶᠢᠨ 30% ᠪᠠᠢᠭᠰᠠᠨ ᠡᠴᠡ᠎ᠪᠠᠨ 90% ᠪᠣᠯᠲᠠᠯ᠎ᠠ ᠳᠡᠭᠡᠭᠰᠢᠯᠡᠪᠡ᠃

ᠰᠠᠭᠤᠭᠠᠯᠢ ᠠᠷᠠᠳ᠎ᠤᠨ ᠲᠣᠭᠣᠷᠢᠭ᠋᠎ᠤᠨ ᠠᠳᠠᠯ ᠠᠬᠤᠢ᠎ᠶᠢᠨ ᠶᠠᠪᠤᠳᠠᠯ᠎ᠢ ᠡᠮᠬᠢ ᠴᠡᠭᠴᠡᠲᠡᠢ ᠪᠤᠯᠭᠠᠭᠰᠠᠨ ᠤ᠋ ᠳᠠᠷᠠᠭ᠎ᠠ᠂ ᠦᠢᠯᠡᠴᠢᠯᠡᠭᠡᠨ᠎ᠦ ᠰᠠᠭᠤᠷᠢ ᠲᠣᠭ᠎ᠠ᠎ᠶᠢ ᠲᠣᠳᠣᠷᠬᠠᠢ ᠤᠢᠯᠠᠭᠠᠬᠤ ᠴᠢᠬᠤᠯᠠᠳᠠᠢ ᠪᠤᠯᠤᠯ᠎ᠠ᠃ ᠸᠠᠩ ᠭᠠᠢ ᠮᠧᠢ ᠵᠡᠭᠡᠯᠢ ᠭᠤᠳᠤᠮᠵᠢ᠎ᠶᠢᠨ ᠨᠡᠢᠭᠡᠮ ᠲᠣᠭᠣᠷᠢᠭ᠋᠎ᠤᠨ ᠠᠵᠢᠯᠲᠠᠨ᠎ᠢ ᠳᠠᠭᠠᠭᠤᠯᠤᠨ 《ᠭᠡᠷ᠎ᠢᠶᠡᠷ ᠬᠥᠮᠥᠨ᠎ᠢ ᠡᠷᠢᠬᠦ》 ᠠᠵᠢᠯ᠎ᠤᠨ ᠠᠷᠭ᠎ᠠ ᠵᠢ ᠡᠭᠦᠳᠦᠨ ᠬᠡᠷᠡᠭᠵᠢᠭᠦᠯᠵᠦ᠂ ᠬᠥᠮᠥᠨ ᠠᠮᠠ᠎ᠶᠢᠨ ᠮᠡᠳᠡᠭᠡ ᠵᠠᠩᠭᠢ᠎ᠶᠢᠨ ᠬᠥᠮᠥᠷᠭᠡ᠎ᠶᠢ ᠬᠥᠳᠡᠯᠦᠩᠭᠦᠢ᠎ᠪᠡᠷ ᠰᠢᠨᠡᠴᠢᠯᠡᠵᠦ᠂ 18 ᠲᠦᠷᠦᠯ᠎ᠦᠨ ᠬᠥᠮᠥᠰ᠎ᠦᠨ ᠲᠣᠭ᠎ᠠ ᠪᠠᠷᠢᠮᠲᠠ᠎ᠶᠢ ᠦᠵᠡᠭᠳᠡᠮᠡᠯ ᠪᠣᠯᠭᠠᠬᠤ᠂ ᠤᠯᠠᠨ ᠲᠦᠮᠡᠨ᠎ᠦ ᠦᠢᠯᠡᠴᠢᠯᠡᠭᠡ᠎ᠶᠢ 《ᠵᠢᠷᠤᠭᠴᠢᠯᠠᠬᠤ》 ᠵᠢ ᠪᠡᠶᠡᠯᠡᠭᠦᠯᠪᠡ᠃ ᠲᠡᠷᠡ 《ᠨᠢᠭᠡ᠎ᠳᠦ ᠵᠢᠭᠰᠠᠭᠠᠨ ᠪᠠᠢᠴᠠᠭᠠᠬᠤ᠂ ᠬᠣᠶᠠᠷ᠎ᠲᠦ ᠰᠤᠳᠤᠯᠬᠤ᠂ ᠭᠤᠷᠪᠠ᠎ᠳ᠋ᠤ ᠵᠥᠪᠯᠡᠬᠦ᠂ ᠳᠥᠷᠪᠡ᠎ᠳᠦ ᠱᠠᠯᠠᠪᠳᠠᠨ ᠱᠠᠭᠠᠷᠳᠠᠬᠤ᠂ ᠬᠣᠶᠠᠷ ᠵᠦᠢᠯ᠎ᠢ ᠮᠦᠷᠳᠡᠨ ᠲᠠᠭᠠᠬᠤ》 ᠲᠠᠪᠤᠨ ᠠᠵᠢᠯ᠎ᠤᠨ ᠲᠡᠰ ᠳᠠᠷᠠᠭᠠᠯᠠᠯ᠎ᠢ ᠪᠣᠯᠪᠠᠰᠤᠷᠠᠭᠤᠯᠤᠨ ᠭᠠᠷᠭᠠᠵᠤ᠂ ᠠᠷᠠᠳ᠎ᠤᠨ ᠪᠠᠢᠳᠠᠯ᠎ᠤᠨ ᠡᠳᠦᠷ᠎ᠦᠨ ᠲᠡᠮᠳᠡᠭᠯᠡᠯ᠂ ᠠᠰᠠᠭᠤᠳᠠᠯ᠎ᠤᠨ ᠨᠠᠷᠢᠨ ᠲᠠᠩᠰᠠ᠂ ᠳ᠋ᠤᠭᠠᠷ ᠡᠴᠡ ᠬᠠᠰᠤᠬᠤ ᠬᠠᠮᠢᠶᠠᠷᠤᠯᠲᠠ ᠵᠡᠷᠭᠡ ᠭᠤᠷᠪᠠᠨ ᠵᠦᠢᠯ᠎ᠦᠨ ᠲᠣᠭᠲᠠᠴᠠ᠎ᠶᠢ ᠪᠠᠢᠭᠤᠯᠤᠨ ᠲᠡᠭᠦᠯᠳᠡᠷᠵᠢᠭᠦᠯᠪᠡ; 《ᠨᠡᠭᠦᠳᠡᠯ ᠠᠯᠪᠠᠨ ᠰᠢᠷᠡᠭᠡ》 ᠡᠨᠡᠬᠦ ᠦᠨᠳᠦᠰᠦᠨ ᠱᠠᠲᠤᠨ᠎ᠤ ᠵᠠᠰᠠᠯᠲᠠ᠎ᠶᠢᠨ ᠠᠵᠢᠯ᠎ᠤᠨ ᠠᠷᠭ᠎ᠠ᠎ᠶᠢ ᠠᠩᠬ᠎ᠠ ᠡᠬᠦᠳᠦᠨ ᠬᠡᠷᠡᠭᠵᠢᠭᠦᠯᠵᠦ᠂ 《ᠵᠡᠭᠡᠯᠢ ᠭᠤᠳᠤᠮᠵᠢ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ ᠮᠡᠳᠡᠭᠦᠯᠬᠦ》 ᠵᠡᠷᠭᠡ ᠲᠣᠭᠲᠠᠴᠠ᠎ᠶᠢ ᠠᠰᠢᠭ᠍ᠯᠠᠵᠤ᠂ ᠣᠷᠣᠨ᠎ᠤ ᠰᠢᠭᠤᠳ ᠬᠠᠷᠢᠶ᠎ᠠ ᠰᠠᠯᠠᠭ᠎ᠠ ᠮᠥᠴᠢᠷ ᠪᠠᠢᠭᠤᠯᠭ᠎ᠠ ᠨᠢᠭᠡᠴᠢ᠎ᠶᠢ ᠨᠢᠭᠡᠳᠦᠯᠲᠡᠢ ᠲᠥᠯᠥᠪᠵᠢᠭᠦᠯᠦᠨ ᠨᠡᠢᠳᠬᠡᠵᠦ ᠠᠷᠠᠳ ᠤᠯᠠᠨ᠎ᠤ ᠪᠤᠳᠤᠵᠤ ᠰᠡᠳᠬᠢᠵᠦ ᠪᠠᠢᠭ᠎ᠠ ᠶᠠᠪᠤᠳᠠᠯ᠂ ᠰᠠᠨᠠᠭᠠᠰᠢᠷᠠᠵᠤ ᠪᠠᠢᠭ᠎ᠠ ᠶᠠᠪᠤᠳᠠᠯ᠎ᠢ ᠬᠠᠮᠲᠤ᠎ᠪᠠᠷ ᠰᠢᠢᠳᠪᠦᠷᠢᠯᠡᠪᠡ᠃

ᠡᠳᠦᠷ ᠬᠤᠨᠤᠭ ᠰᠤᠯᠪᠢᠴᠠᠨ᠂ ᠤᠨ ᠵᠢᠯ ᠤᠷᠴᠢᠨ ᠡᠭᠡᠯᠵᠢᠯᠡᠨ᠎ᠠ᠃  ᠸᠠᠩ ᠭᠠᠢ ᠮᠧᠢ  ᠥᠷᠯᠥᠭᠡ  ᠦᠳᠡᠰᠢ ᠵᠢ ᠲᠡᠮᠡᠴᠡᠨ᠂ ᠰᠠᠯᠬᠢ ᠪᠤᠷᠤᠭᠠᠨ᠎ᠢ ᠦᠯᠦ ᠬᠠᠢᠬᠤᠷᠤᠨ᠂ 1600 ᠭᠠᠷᠤᠢ ᠬᠤᠪᠢ ᠠᠷᠠᠳ᠎ᠤᠨ ᠠᠮᠢᠳᠤᠷᠠᠯ᠎ᠳ᠋ᠤ ᠬᠤᠯᠪᠤᠭᠳᠠᠭᠰᠠᠨ ᠪᠣᠳᠠᠲᠤ ᠶᠠᠪᠤᠳᠠᠯ᠎ᠢ ᠬᠠᠯᠠᠭᠤᠨ ᠰᠡᠳᠬᠢᠯᠭᠡ ᠪᠡᠷ ᠠᠷᠠᠳ ᠤᠯᠠᠨ ᠲᠠᠢ ᠵᠦᠪᠳᠡᠯᠴᠡᠨ ᠰᠢᠢᠳᠪᠦᠷᠢᠯᠡᠪᠡ᠃ ᠤᠳᠤ ᠵᠡᠭᠡᠯᠢ ᠭᠤᠳᠤᠮᠵᠢ᠎ᠳᠤ᠂ ᠰᠠᠭᠤᠭᠠᠯᠢ ᠠᠷᠠᠳ᠎ᠤᠨ ᠬᠠᠮᠤᠭ᠎ᠤᠨ ᠢᠯᠡᠬᠦᠦ ᠬᠡᠯᠡᠳᠡᠭ ᠦᠭᠡ ᠪᠣᠯ᠄ 《ᠤᠴᠢᠷ᠎ᠲᠠᠶ ᠪᠣᠯ ᠭᠠᠢ ᠮᠧᠢ᠎ᠶᠢ ᠡᠷᠢ᠂ ᠲᠡᠷᠡ ᠥᠪᠡᠷ᠎ᠦᠨ ᠬᠢ ᠡᠴᠡ ᠪᠡᠨ ᠢᠯᠡᠭᠦᠦ ᠰᠡᠳᠬᠢᠯ ᠲᠠᠯᠪᠢᠨ᠎ᠠ》 ᠭᠡᠬᠦ ᠪᠤᠯᠤᠨ᠎ᠠ᠃

ᠨᠡᠶ᠋ᠢᠭᠡᠮ ᠲᠣᠭᠣᠷᠢᠭ᠎ᠤᠨ ᠱᠦᠵᠢ᠎ᠡᠴᠡ ᠵᠡᠭᠡᠯᠢ ᠭᠤᠳᠤᠮᠵᠢ᠎ᠶᠢᠨ ᠨᠠᠮ᠎ᠤᠨ ᠠᠵᠢᠯᠯᠠᠬᠤ ᠬᠤᠷᠢᠶ᠎ᠠ ᠵᠢᠨ ᠱᠦᠵᠢ ᠬᠦᠷᠲᠡᠯ᠎ᠡ᠂ ᠤᠯᠠᠨ ᠵᠢᠯ᠎ᠦᠨ ᠦᠨᠳᠦᠰᠦᠨ ᠱᠠᠲᠤᠨ᠎ᠤ ᠠᠵᠢᠯ ᠨᠢ ᠲᠡᠭᠦᠨ᠎ᠳᠦ ᠨᠢᠭᠡ ᠬᠥᠮᠦᠨ ᠲᠦᠷᠭᠡᠨ ᠲᠠᠪᠰᠢᠪᠠᠯ ᠨᠢᠭᠡ ᠪᠦᠯᠦᠭ ᠬᠥᠮᠦᠨ ᠰᠠᠶᠢ ᠬᠤᠯᠠ ᠶᠠᠪᠤᠵᠤ ᠴᠢᠳᠠᠨ᠎ᠠ ᠭᠡᠳᠡᠭ᠎ᠢ ᠭᠦᠨᠵᠡᠭᠡᠢ ᠮᠡᠳᠡᠭᠦᠯᠵᠡᠢ᠃ ᠲᠡᠷᠡ ᠨᠡᠶ᠋ᠢᠭᠡᠮ ᠲᠣᠭᠣᠷᠢᠭ᠎ᠤᠨ ᠱᠦᠵᠢ᠎ᠶᠢᠨ ᠡᠨᠡ ᠬᠦ᠌ ᠵᠠᠩᠭᠢᠯᠠᠭ᠎ᠠ᠎ᠶᠢᠨ ᠭᠤᠭᠴᠤᠭ᠎ᠠ ᠵᠢ ᠴᠢᠩᠭ᠎ᠠ ᠠᠳᠬᠤᠵᠤ᠂ 《ᠲᠦᠷᠦᠭᠦᠴᠢ ᠭᠠᠯᠠᠭᠤ ᠵᠠᠮᠴᠢᠯᠠᠬᠤ᠂ ᠬᠦᠴᠦᠷᠬᠡᠭ ᠭᠠᠯᠠᠭᠤ ᠨᠥᠭᠡᠴᠡᠯᠡᠬᠦ᠌᠂ ᠠᠩᠭᠠᠬᠠᠶ ᠲᠡᠭᠳᠡᠭᠡᠬᠡᠢ ᠪᠣᠶ᠋ᠢᠵᠢᠭᠤᠯᠬᠤ》 ᠠᠵᠢᠯᠯᠠᠭ᠎ᠠ᠎ᠶᠢᠨ ᠰᠢᠨ᠎ᠡ᠎ᠶᠢ ᠡᠭᠦᠳᠦᠨ ᠬᠡᠷᠡᠭᠵᠢᠭᠦᠯᠵᠦ᠍᠂ ᠱᠠᠳᠤᠯᠢᠭ ᠬᠡᠯᠪᠡᠷᠢ ᠵᠢᠨ ᠴᠢᠳᠠᠪᠤᠷᠢᠲᠠᠨ ᠬᠥᠮᠦᠵᠢᠭᠦᠯᠬᠦ᠌ ᠰᠢᠰᠲ᠋ᠧᠮ᠎ᠢ ᠪᠠᠶ᠋ᠢᠭᠤᠯᠪᠠ᠃ ᠲᠡᠷᠡ  ᠱᠦᠵᠢ᠎ᠶᠢᠨ ᠱᠠᠯᠦ᠋ᠨ᠎ᠢ ᠪᠠᠶ᠋ᠢᠩᠭᠤᠵᠢᠭᠤᠯᠤᠨ ᠵᠣᠬᠢᠶᠠᠨ ᠪᠠᠶ᠋ᠢᠭᠤᠯᠵᠤ᠂ ᠱᠦᠵᠢ᠎ᠶᠢᠨ ᠱᠠᠯᠦ᠋ᠨ ᠪᠣᠯᠤᠨ ᠨᠡᠶ᠋ᠢᠭᠡᠮ᠎ᠦᠨ ᠠᠵᠢᠯ᠎ᠤᠨ ᠳᠡᠭᠡᠳᠦ ᠰᠤᠷᠭᠠᠭᠤᠯᠢ᠎ᠳᠤ ᠲᠦᠰᠢᠭᠯᠡᠨ᠂ ᠨᠡᠶ᠋ᠢᠭᠡᠮ ᠲᠣᠭᠣᠷᠢᠭ᠎ᠤᠨ ᠱᠦᠵᠢ᠎ᠶᠢᠨ ᠬᠠᠪᠰᠤᠷᠤᠨ ᠳᠠᠭᠠᠭᠤᠯᠬᠤ ᠬᠠᠪᠰᠤᠷᠤᠯᠴᠠᠭ᠎ᠠ ᠪᠠᠢᠭᠤᠯᠬᠤ ᠵᠢ ᠠᠬᠢᠭᠤᠯᠵᠤ᠂ ᠤᠳᠠ ᠵᠢᠨ ᠲᠤᠬᠤᠢ ᠲᠣᠭᠣᠷᠢᠭ᠎ᠤᠨ 300 ᠭᠠᠷᠤᠢ ᠨᠡᠶ᠋ᠢᠭᠡᠮ ᠲᠣᠭᠣᠷᠢᠭ᠎ᠤᠨ ᠠᠵᠢᠯᠳᠠᠨ᠎ᠢ ᠲᠠᠢ᠌ᠴᠢᠯᠠᠨ ᠬᠠᠷᠠᠭ᠎ᠠ᠎ᠶᠢ ᠨᠢ ᠥᠷᠭᠡᠳᠬᠡᠵᠦ᠍᠂ ᠴᠢᠳᠠᠪᠤᠷᠢ᠎ᠶᠢ ᠨᠢ ᠨᠡᠮᠡᠭᠳᠡᠭᠦᠯᠪᠡ᠃

ᠡᠭᠦᠨ᠎ᠦ ᠵᠡᠷᠭᠡ᠎ᠪᠡᠷ᠂ ᠲᠡᠷᠡ ᠰᠠᠨᠠᠭᠠᠴᠢᠯᠠᠭ᠎ᠠ᠎ᠡᠴᠡ᠎ᠪᠠᠨ ᠨᠡᠶ᠋ᠢᠭᠡᠮ᠎ᠦᠨ ᠠᠵᠢᠯ᠎ᠤᠨ ᠳᠡᠭᠡᠳᠦ ᠰᠤᠷᠭᠠᠭᠤᠯᠢ᠎ᠶᠢᠨ ᠶᠠᠷᠢᠶᠠᠨ᠎ᠤ ᠲᠠᠪᠴᠠᠩ᠎ᠳᠤ ᠭᠠᠷᠴᠤ᠌᠂ ᠬᠣᠷᠢ ᠭᠠᠷᠤᠢ ᠵᠢᠯ᠎ᠦᠨ ᠬᠤᠷᠠᠮᠳᠤᠭᠤᠯᠤᠭᠰᠠᠨ 《ᠠᠮᠢᠳᠤ ᠲᠤᠷᠰᠢᠯᠭ᠎ᠠ》 ᠪᠡᠨ ᠪᠦᠬᠦᠨ᠎ᠢ ᠬᠠᠷᠠᠮ ᠦᠭᠡᠢ ᠵᠢᠭᠠᠵᠤ᠂ ᠰᠢᠨ᠎ᠡ᠎ᠪᠡᠷ ᠲᠤᠰᠢᠶᠠᠯ᠎ᠳᠤ ᠭᠠᠷᠤᠭᠰᠠᠨ ᠱᠦᠵᠢ᠎ᠶᠢ ᠬᠠᠪᠰᠤᠷᠤᠨ 《ᠲᠤᠷᠰᠢᠯᠭ᠎ᠠ᠎ᠶᠢᠨ ᠪᠣᠭᠣᠮᠲᠠ》 ᠵᠢ ᠳᠠᠪᠠᠵᠤ᠂ 《ᠬᠢᠵᠦ᠍ ᠴᠢᠳᠠᠬᠤ ᠦᠭᠡᠢ》 ᠪᠠᠶ᠋ᠢᠭᠰᠠᠨ᠎ᠢ 《ᠴᠢᠳᠠᠮᠠᠭᠠᠢ ᠠᠵᠢᠯᠯᠠᠬᠤ》 ᠪᠣᠯᠭᠠᠨ ᠬᠤᠪᠢᠷᠠᠭᠤᠯᠪᠠ᠃ ᠲᠡᠭᠦᠨ᠎ᠦ ᠲᠠᠭᠠᠭᠤᠯᠭ᠎ᠠ ᠳᠣᠣᠷ᠎ᠠ᠂ ᠤᠳᠠ ᠵᠢᠨ ᠲᠤᠬᠤᠢ ᠲᠣᠭᠣᠷᠢᠭ᠎ᠤᠨ ᠦᠨᠡᠮᠯᠡᠯ᠎ᠲᠡᠶ ᠨᠡᠢᠭᠡᠮ᠎ᠤᠨ ᠠᠵᠢᠯᠳᠠᠨ᠎ᠤ ᠲᠣᠭ᠎ᠠ 5 ᠲᠠᠬᠢᠨ ᠰᠢᠬᠠᠮ ᠨᠡᠮᠡᠭᠳᠡᠵᠦ᠍᠂ ᠨᠢᠭᠡᠨ ᠰᠠᠯᠠᠭ᠎ᠠ᠎ᠲᠤᠬᠠᠢ ᠵᠢᠨ ᠭᠠᠵᠠᠷ᠎ᠲᠠᠭᠠᠨ ᠦᠨᠳᠦᠰᠦᠯᠡᠭᠰᠡᠨ᠂ ᠡᠷᠴᠢ ᠵᠣᠷᠢᠭ ᠲᠡᠭᠦᠯᠳᠡᠷ ᠲᠤᠰᠬᠠᠢ ᠮᠡᠷᠭᠡᠵᠢᠯ᠎ᠦᠨ ᠬᠦᠴᠦᠨ ᠶᠠᠭ ᠦᠨᠳᠦᠰᠦᠨ ᠱᠠᠲᠤᠨ᠎ᠳᠤ ᠦᠨᠳᠦᠰᠦᠯᠡᠵᠦ᠍ ᠪᠠᠶ᠋ᠢᠨ᠎ᠠ᠃

ᠦᠨᠳᠦᠰᠦᠨ ᠱᠠᠲᠤᠨ᠎ᠳᠤ ᠦᠨᠳᠦᠰᠦ ᠬᠠᠳᠬᠤᠵᠤ᠂ ᠤᠯᠠᠨ ᠲᠦᠮᠡᠨ᠎ᠦ ᠬᠡᠷᠡᠭ ᠤᠴᠢᠷ ᠲᠦ᠍ ᠰᠡᠳᠬᠢᠯ᠎ᠢᠶᠡᠨ ᠴᠢᠯᠡᠭᠡᠵᠦ᠂ ᠸᠠᠩ ᠭᠠᠢ ᠮᠧᠢ ᠤᠯᠠᠨ ᠲᠦᠮᠡᠨ᠎ᠦ ᠬᠦᠷᠢᠶᠡᠯᠡᠯ᠎ᠢ ᠣᠯᠵᠤ᠂ ᠵᠣᠬᠢᠶᠠᠨ ᠪᠠᠶ᠋ᠢᠭᠤᠯᠤᠯᠲᠠ᠎ᠶᠢᠨ ᠨᠤᠲᠠᠯᠠᠯᠲᠠ᠎ᠶᠢ ᠣᠯᠵᠠᠢ᠃ ᠲᠡᠷᠡ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠲᠥᠯᠥᠭᠡᠯᠡᠭᠴᠢ᠂ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭᠴᠢ᠎ᠪᠡᠷ ᠰᠣᠩᠭᠣᠭᠳᠠᠭᠰᠠᠨ ᠪᠥᠭᠡᠳ ᠤᠷᠢᠳ ᠬᠣᠵᠢᠳ 《ᠪᠦᠬᠦ᠌ ᠤᠯᠤᠰ᠎ᠤᠨ 〈3·8〉᠎ᠤ᠋ ᠤᠯᠠᠭᠠᠨ ᠲᠤᠭᠴᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ》 ᠵᠡᠷᠭᠡ ᠢᠷᠠᠭᠤ ᠠᠯᠳᠠᠷ᠎ᠢ ᠬᠦᠷᠳᠡᠵᠡᠢ᠃ ᠡᠨᠡ ᠵᠢᠯ᠎ᠦᠨ 7 ᠰᠠᠷ᠎ᠠ᠎ᠶᠢᠨ 1᠎ᠤ᠋ ᠡᠳᠦᠷ᠂ ᠲᠡᠷᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠠᠬᠢᠨᠲᠠ ᠬᠦᠷᠴᠦ᠍᠂ 《ᠪᠦᠬᠦ᠌ ᠤᠯᠤᠰ᠎ᠤᠨ ᠰᠢᠯᠢᠳᠡᠭ ᠨᠠᠮ᠎ᠤᠨ ᠠᠵᠢᠯᠳᠠᠨ》᠎ᠤ᠋ ᠢᠷᠠᠭᠤ ᠠᠯᠳᠠᠷ᠎ᠢ ᠲᠤᠰᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号