ᠦᠨᠡᠨ ᠬᠦ᠌ ᠰᠤᠷᠤᠯᠴᠠᠨ ᠦᠨᠡᠨ ᠬᠦ᠌ ᠥᠭᠡᠷᠡᠴᠢᠯᠡᠵᠦ ᠬᠦᠴᠢᠷ ᠠᠰᠠᠭᠤᠳᠠᠯ ᠢ᠋ ᠰᠢᠢᠳᠪᠦᠷᠢᠯᠡᠵᠦ ᠪᠦᠬᠦ ᠰᠡᠳᠬᠢᠯ ᠪᠦᠬᠦ ᠵᠤᠷᠢᠭ᠎ᠶ᠋ᠢᠡᠷ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠨ᠎ᠡ
2026-07-06 10:02:00
ᠵᠣᠬᠢᠶᠠᠭ᠍ᠴᠢ᠄
ᠯᠢ ᠼᠦᠨ ᠰᠢᠶᠠ ᠰᠢᠤᠸᠠᠢ ᠯᠠᠢ ᠬᠤᠤ ᠪᠢᠶᠣᠣ ᠴᠧᠨ ᠴᠦᠨ ᠶᠠᠨ
ᠣᠩᠱᠢᠭ᠍ᠰᠠᠨ ᠣᠳᠠᠭ᠎ᠠ᠄
★★★☆☆

ᠪᠦᠬᠦ ᠣᠷᠣᠨ᠎ᠤ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠦᠨ ᠬᠢᠨ ᠵᠠᠰᠠᠭ᠎ᠤᠨ  ᠠᠵᠢᠯ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ ᠪᠠᠢᠨ᠎ᠠ


ᠵᠠᠰᠠᠭ ᠎ᠤᠨ ᠠᠵᠢᠯ ᠎ᠤᠨ ᠪᠦᠳᠦᠮᠵᠢ᠎ᠶᠢᠨ ᠲᠤᠬᠠᠢ ᠵᠦᠪ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ᠂ ᠮᠠᠨ᠎ᠤ ᠣᠷᠣᠨ᠎ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠲᠤᠰ ᠤᠳᠠᠭ᠎ᠠ᠎ᠶᠢᠨ ᠰᠤᠷᠤᠯᠴᠠᠯᠭ᠎ᠠ ᠬᠥᠮᠦᠵᠢᠯ᠎ᠦᠨ ᠶᠡᠷᠦᠩᠬᠡᠢ ᠱᠠᠭᠠᠷᠳᠠᠯᠭ᠎ᠠ᠎ᠵᠢᠨ ᠲᠤᠭᠤᠷᠢᠨ ᠳ᠋ᠤ᠂ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ᠎ᠶᠢ ᠨᠢᠭᠡ ᠴᠣᠭᠴᠠᠵᠢᠭᠤᠯᠤᠨ ᠠᠬᠢᠭᠤᠯᠵᠤ᠂ ᠭᠦᠨᠵᠡᠭᠡᠢ ᠰᠤᠷᠤᠯᠴᠠᠬᠤ᠂ ᠦᠨᠡᠨ ᠬᠦ᠌ ᠪᠠᠢᠴᠠᠭᠠᠬᠤ᠂ ᠪᠣᠳᠠᠲᠠᠢ ᠥᠭᠡᠷᠡᠴᠢᠯᠡᠬᠦ ᠳᠡᠭᠡᠷ᠎ᠡ ᠬᠦᠴᠦ ᠲᠠᠯᠪᠢᠵᠤ᠂ ᠬᠥᠭᠵᠢᠯᠲᠡ᠎ᠶᠢ ᠠᠬᠢᠭᠤᠯᠬᠤ᠂ ᠠᠷᠠᠳ᠎ᠤᠨ ᠠᠮᠢᠳᠤᠷᠠᠯ᠎ᠳᠤ ᠠᠰᠢᠭ᠋ ᠬᠦᠷᠲᠡᠭᠡᠬᠦ ᠪᠣᠳᠠᠲᠤ ᠦᠷ᠎ᠡ ᠪᠦᠲᠦᠮᠵᠢ᠎ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠰᠢᠯᠭᠠᠨ ᠪᠠᠢᠴᠠᠭᠠᠵᠠᠢ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠪᠠ ᠬᠡᠷᠡᠭᠯᠡᠭᠡᠨ᠎ᠦ ᠲᠥᠪ (ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠰᠡᠳᠬᠦᠯ᠎ᠦᠨ ᠬᠣᠷᠢᠶ᠎ᠠ) ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠣᠨᠣᠯ᠎ᠤᠨ ᠰᠤᠷᠤᠯᠴᠠᠯᠭ᠎ᠠ ᠪᠡᠷ 《ᠨᠡᠢᠳᠡ ᠵᠢᠨ ᠲᠦᠯᠦᠭᠡ ᠨᠠᠮ ᠪᠠᠢᠭᠤᠯᠬᠤ》 ᠵᠤᠷᠢᠯᠳᠠ ᠵᠢ ᠴᠢᠩᠭᠠᠳᠬᠠᠵᠤ᠂ ᠬᠣᠯᠪᠤᠭᠠᠯᠠᠨ ᠰᠤᠷᠤᠯᠴᠠᠵᠤ ᠬᠠᠮᠲᠤ᠎ᠪᠠᠷ ᠪᠠᠶ᠋ᠢᠭᠤᠯᠬᠤ ᠨᠢᠭᠡᠴᠢ᠎ᠲᠠᠢ ᠬᠠᠮᠲᠤᠷᠠᠨ ᠣᠨᠣᠯ᠎ᠢ ᠬᠠᠮᠲᠤ ᠎ᠪᠠᠷ ᠰᠤᠷᠤᠯᠴᠠᠬᠤ᠂ ᠪᠣᠳᠠᠲᠠᠢ ᠭᠠᠵᠠᠷ ᠲᠤᠨᠢ ᠦᠢᠯᠡᠳᠦᠯᠭᠡᠵᠢᠭᠦᠯᠦᠨ ᠰᠤᠷᠤᠯᠴᠠᠬᠤ᠂ ᠦᠢᠯᠡᠴᠢᠯᠡᠭᠡ ᠎ᠪᠡᠷ ᠰᠤᠷᠤᠯᠴᠠᠯᠭ᠎ᠠ᠎ᠶᠢ ᠠᠬᠢᠭᠤᠯᠬᠤ᠂ ᠲᠥᠪᠯᠡᠷᠡᠩᠭᠦᠢ ᠰᠤᠷᠤᠯᠴᠠᠯᠭ᠎ᠠ ᠪᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ᠎ᠶᠢ ᠪᠠᠢᠩᠭᠤᠵᠢᠭᠤᠯᠤᠨ᠂ ᠨᠠᠮ᠎ᠤᠨ ᠭᠡᠰᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠦᠪ ᠦᠵᠡᠯᠲᠡ᠎ᠵᠢ ᠪᠤᠢ ᠪᠤᠯᠭᠠᠪᠠ; ᠦᠨᠳᠦᠰᠦᠨ ᠱᠠᠲᠤᠨ᠎ᠳᠤ ᠦᠢᠯᠡᠴᠢᠯᠡᠬᠦ᠎ᠪᠡᠷ《ᠠᠷᠠᠳ᠎ᠲᠤ ᠪᠤᠶᠠᠨ ᠦᠢᠯᠡᠳᠬᠦ》 ᠱᠠᠭᠠᠷᠳᠠᠯᠭ᠎ᠠ᠎ᠶᠢ ᠦᠢᠯᠡᠳᠦᠯᠭᠡᠵᠢᠭᠦᠯᠵᠦ᠂ ᠤᠯᠠᠨ ᠲᠦᠮᠡᠨ᠎ᠦ ᠪᠠᠴᠢᠮᠳᠠᠵᠤ ᠳᠦᠪᠡᠭᠳᠡᠵᠥ ᠵᠤᠪᠠᠨᠢᠵᠤ ᠬᠦᠰᠡᠵᠥ ᠪᠠᠢᠭ᠎ᠠ ᠠᠰᠠᠭᠤᠳᠠᠯ ᠳ᠋ᠤ ᠠᠩᠬᠠᠷᠤᠯ᠎ᠢᠶᠠᠨ ᠲᠥᠪᠯᠡᠷᠡᠭᠦᠯᠵᠦ᠂ 《ᠠᠨᠠᠷ᠎ᠤᠨ ᠬᠡᠯᠬᠢᠶ᠎ᠡ》 ᠦᠨᠳᠦᠰᠦᠨ ᠱᠠᠲᠤᠨ᠎ᠳᠤ ᠦᠢᠯᠡᠴᠢᠯᠡᠬᠦ ᠠᠵᠢᠯᠯᠠᠭ᠎ᠠ᠎ᠶᠢ 4 ᠲᠠᠯᠠᠪᠠᠢ ᠥᠷᠨᠢᠭᠦᠯᠵᠦ᠂ ᠠᠷᠠᠳ᠎ᠲᠤ ᠠᠰᠢᠭ᠋ ᠬᠦᠷᠲᠡᠭᠡᠬᠦ ᠦᠢᠯᠡᠴᠢᠯᠡᠭᠡ᠎ᠶᠢ ᠦᠨᠳᠦᠰᠦᠨ ᠱᠠᠲᠤᠨ᠎ᠤ ᠤᠯᠠᠨ ᠲᠦᠮᠡᠨ᠎ᠦ ᠳᠡᠷᠭᠡᠳᠡ ᠬᠦᠷᠭᠡᠪᠡ; ᠳᠦᠷᠢᠮ᠎ᠦᠨ ᠪᠠᠢᠭᠤᠯᠤᠯᠲᠠ᠎ᠪᠠᠷ 《ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ》 ᠴᠢᠳᠠᠪᠤᠷᠢ᠎ᠶᠢ ᠳᠡᠭᠡᠭᠰᠢᠯᠡᠭᠦᠯᠵᠦ᠂ ᠡᠯ᠎ᠡ ᠵᠦᠢᠯ ᠎ᠦᠨ ᠠᠵᠢᠯ᠎ᠤᠨ ᠳᠦᠷᠢᠮ᠂ ᠲᠡᠰ ᠲᠠᠷᠠᠭᠠᠯᠠᠯ᠎ᠢ ᠪᠥᠬᠥ ᠲᠠᠯ᠎ᠠ᠎ᠪᠠᠷ ᠰᠢᠯᠤᠭᠤᠳᠬᠠᠵᠤ᠂ ᠵᠠᠰᠠᠭ ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠨ ᠦᠢᠯᠡᠳᠦᠯᠭᠡᠵᠢᠭᠦᠯᠬᠦ᠎ᠪᠡᠷ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ᠎ᠲᠤᠭᠳᠠᠭᠠᠬᠤ 《ᠤᠷᠢᠳᠠᠴᠢ ᠪᠣᠭᠣᠮᠲᠠ》 ᠪᠠ 《ᠵᠠᠪᠠᠯ ᠬᠠᠷᠢᠭᠤᠯᠬᠤ ᠰᠡᠳᠦᠪ》 ᠪᠣᠯᠭᠠᠵᠤ᠂ 2 ᠵᠦᠢᠯ᠎ᠦᠨ ᠠᠵᠢᠯ᠎ᠤᠨ ᠲᠡᠰ ᠲᠠᠷᠠᠭᠠᠯᠠᠯ᠎ᠢ ᠰᠢᠨ᠎ᠡ᠎ᠪᠡᠷ ᠲᠣᠭᠲᠠᠭᠠᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠠᠵᠢᠯ ᠬᠢᠵᠦ ᠦᠢᠯᠡᠰ ᠪᠤᠰᠬᠠᠬᠤ ᠦᠨᠳᠦᠰᠦᠨ ᠯᠣᠭᠢᠭ᠋ ᠪᠣᠯᠭᠠᠬᠤ᠎ᠶᠢ ᠠᠬᠢᠭᠤᠯᠪᠠ; ᠠᠰᠠᠭᠤᠳᠠᠯ᠎ᠢᠶᠠᠷ ᠤᠳᠤᠷᠢᠳᠤᠮᠵᠢ ᠪᠣᠯᠭᠠᠵᠤ 《ᠦᠨᠡᠨᠬᠦ ᠠᠳᠬᠤᠵᠤ ᠪᠣᠳᠠᠲᠠᠢ ᠠᠵᠢᠯᠯᠠᠬᠤ》 ᠰᠤᠷᠲᠠᠯ᠎ᠢ ᠪᠤᠢ ᠪᠣᠯᠭᠠᠵᠤ᠂ ᠠᠵᠢᠯ᠎ᠤᠨ ᠡᠪᠡᠷᠰᠢᠶᠡᠯ᠂ ᠲᠦᠭᠵᠢᠷᠡᠯ᠎ᠳᠦ ᠴᠢᠭᠯᠡᠭᠦᠯᠦᠨ 3 ᠤᠳᠠᠭ᠎ᠠ ᠪᠠᠢᠴᠠᠭᠠᠨ ᠰᠤᠳᠤᠯᠤᠯᠲᠠ ᠬᠢᠵᠦ᠂ ᠣᠷᠣᠰᠢᠵᠤ ᠪᠠᠢᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠴᠡᠭᠴᠡᠯᠡᠨ ᠰᠠᠢᠵᠢᠷᠠᠭᠤᠯᠵᠤ᠂ ᠠᠵᠢᠯ᠎ᠤᠨ ᠵᠢᠷᠦᠮᠵᠢᠯᠲᠡ᠂ ᠰᠢᠨᠵᠢᠯᠡᠬᠦ ᠤᠬᠠᠭᠠᠨᠴᠢᠯᠠᠯᠲᠠ᠂ ᠬᠠᠤᠯᠢ ᠪᠡᠷ ᠵᠠᠰᠠᠬᠤ ᠲᠦᠪᠰᠢᠨ᠎ᠢ ᠦᠷᠭᠦᠯᠵᠢᠯᠡᠨ ᠳᠡᠭᠡᠭᠰᠢᠯᠡᠭᠦᠯᠪᠡ᠃

ᠪᠠᠶᠠᠨᠨᠠᠭᠤᠷ ᠬᠤᠲᠠ᠎ᠶᠢᠨ ᠤᠷᠠᠳ᠎ᠤᠨ ᠡᠮᠦᠨᠡᠲᠦ ᠬᠣᠰᠢᠭᠤ ᠳᠡᠭᠡᠷ᠎ᠡ ᠱᠠᠳᠤᠨ᠎ᠠᠴᠠ ᠨᠢᠭᠡᠳᠦᠯᠲᠡᠢ ᠲᠥᠯᠥᠪᠵᠢᠭᠦᠯᠬᠦ᠂ ᠱᠠᠲᠤ ᠬᠤᠪᠢᠶᠠᠨ ᠰᠤᠳᠤᠯᠤᠨ ᠰᠤᠷᠤᠯᠴᠠᠬᠤ᠂ ᠪᠣᠳᠠᠲᠠᠢ ᠠᠵᠢᠯᠯᠠᠵᠤ ᠠᠷᠠᠳ᠎ᠲᠤ ᠠᠰᠢᠭ᠋ ᠬᠦᠷᠲᠡᠭᠡᠬᠦ᠎ᠶᠢ ᠪᠠᠷᠢᠮᠲᠠᠯᠠᠵᠤ᠂ ᠰᠤᠷᠤᠯᠴᠠᠯᠭ᠎ᠠ ᠬᠥᠮᠦᠵᠢᠯ ᠪᠣᠯᠣᠨ ᠠᠷᠠᠳ᠎ᠤᠨ ᠠᠮᠢᠳᠤᠷᠠᠯ᠎ᠳ᠋ᠤ ᠦᠢᠯᠡᠴᠢᠯᠡᠬᠦ᠂  ᠪᠦᠬᠦ ᠰᠢᠶᠠᠨ᠎ᠤ  ᠬᠥᠭᠵᠢᠯᠲᠡ᠎ᠶᠢ  ᠭᠦᠨᠵᠡᠭᠡᠢ ᠠᠭᠤᠰᠤᠯᠴᠠᠭᠤᠯᠬᠤ ᠵᠢ ᠠᠬᠢᠭᠤᠯᠪᠠ᠃  ᠬᠣᠰᠢᠭᠤᠨ᠎ᠤ ᠨᠠᠮ᠎ᠤᠨ ᠬᠣᠷᠢᠶ᠎ᠠ᠎ᠶᠢᠨ ᠵᠣᠬᠢᠶᠠᠨ ᠪᠠᠶ᠋ᠢᠭᠤᠯᠬᠤ ᠬᠡᠯᠲᠡᠰ 77 ᠰᠤᠷᠤᠯᠴᠠᠯᠭ᠎ᠠ᠎ᠳᠤ ᠣᠷᠣᠯᠴᠠᠬᠤ ᠨᠢᠭᠡᠴᠢ᠎ᠶᠢ ᠳᠠᠭᠠᠭᠤᠯᠤᠨ 《ᠬᠣᠰᠢᠭᠤᠨ᠎ᠤ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠬᠤ᠂ ᠲᠤᠰᠬᠠᠢ ᠠᠩᠭᠢ᠎ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠠᠢᠳᠠᠪᠤᠷᠢᠵᠢᠭᠤᠯᠬᠤ᠂ ᠰᠠᠯᠠᠭ᠎ᠠ ᠮᠥᠴᠢᠷ ᠬᠠᠮᠳᠤᠷᠠᠨ ᠬᠠᠮᠵᠢᠯᠴᠠᠬᠤ》 ᠠᠵᠢᠯ᠎ᠤᠨ ᠪᠠᠢᠷᠢᠰᠢᠯ᠎ᠢ ᠪᠤᠢ ᠪᠤᠯᠭᠠᠵᠤ᠂ 6 ᠬᠠᠷᠢᠯᠴᠠᠬᠤ ᠳᠤᠭᠤᠢᠯᠠᠩ᠎ᠢ ᠬᠠᠮᠲᠤ ᠳ᠋ᠤᠨᠢ ᠲᠣᠮᠢᠯᠠᠵᠤ ᠪᠦᠬᠦᠨ᠎ᠢ ᠬᠠᠮᠤᠷᠤᠭᠤᠯᠤᠨ ᠵᠢᠯᠤᠭᠣᠳᠴᠤ᠂ ᠡᠯ᠎ᠡ ᠱᠠᠲᠤᠨ᠎ᠤ ᠰᠤᠷᠤᠯᠴᠠᠯᠭ᠎ᠠ ᠬᠥᠮᠦᠵᠢᠯ᠎ᠢ ᠠᠬᠢᠭᠤᠯᠬᠤ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ᠂ ᠡᠯ᠎ᠡ ᠵᠦᠢᠯ᠎ᠦᠨ ᠠᠵᠢᠯ᠎ᠢ ᠰᠠᠢᠳᠤᠷ ᠪᠦᠳᠦᠮᠵᠢᠳᠡᠢ ᠬᠢᠬᠦ᠎ᠶᠢ ᠪᠠᠲᠤᠯᠠᠪᠠ᠃ ᠪᠥᠬᠥ ᠬᠣᠰᠢᠭᠤ᠎ᠪᠠᠷ᠎ᠢᠶᠠᠨ ᠲᠠᠰ ᠬᠤᠪᠢᠶᠠᠨ ᠲᠥᠷᠥᠯ ᠬᠤᠪᠢᠶᠠᠨ ᠰᠤᠳᠤᠯᠤᠨ ᠰᠤᠷᠤᠯᠴᠠᠵᠤ᠂ 《ᠭᠤᠷᠪᠠᠨ ᠬᠤᠷᠠᠯ ᠨᠢᠭᠡ ᠬᠢᠴᠢᠶᠡᠯ》᠂ ᠭᠣᠣᠯ ᠰᠡᠳᠦᠪᠲᠦ ᠨᠠᠮ᠎ᠤᠨ ᠡᠳᠦᠷᠯᠢᠭ ᠪᠠ ᠰᠦᠯᠵᠢᠶᠡᠨ ᠲᠠᠪᠴᠠᠩ᠎ᠳᠤ ᠲᠦᠰᠢᠭᠯᠡᠨ᠂ ᠰᠤᠷᠤᠯᠴᠠᠯᠭ᠎ᠠ ᠬᠥᠮᠦᠵᠢᠯ᠎ᠢ ᠨᠡᠢᠳᠡᠮ ᠪᠦᠷᠬᠦᠭᠦᠯᠬᠦ᠎ᠶᠢ ᠪᠡᠶᠡᠯᠡᠭᠦᠯᠵᠡᠢ᠃ ᠵᠠᠯᠠᠭᠤ ᠺᠠᠳ᠋ᠷ᠂ ᠰᠢᠨ᠎ᠡ᠎ᠪᠡᠷ ᠳᠡᠪᠰᠢᠭᠦᠯᠦᠭᠰᠡᠨ ᠺᠠᠳ᠋ᠷ᠂ ᠵᠠᠩᠭᠢᠯᠠᠭ᠎ᠠ᠎ᠶᠢᠨ ᠠᠵᠢᠯ᠎ᠤᠨ ᠪᠠᠢᠷᠢ᠎ᠶᠢᠨ ᠺᠠᠳ᠋ᠷ᠎ᠲᠤ ᠴᠢᠭᠯᠡᠭᠦᠯᠦᠨ᠂ ᠱᠠᠲᠤ ᠬᠤᠪᠢᠶᠠᠨ ᠲᠦᠷᠦᠯ ᠬᠤᠪᠢᠶᠠᠨ 14 ᠬᠤᠭᠤᠴᠠᠭᠠᠨ᠎ᠤ 1633 ᠬᠥᠮᠥᠨ ᠤᠳᠠᠭ᠎ᠠ᠎ᠶᠢᠨ ᠲᠤᠰᠬᠠᠢ ᠰᠡᠳᠦᠪᠲᠦ ᠪᠣᠯᠪᠠᠰᠤᠷᠠᠯ᠎ᠢ ᠡᠷᠬᠢᠯᠡᠪᠡ᠃ 《ᠠᠷᠠᠳ ᠎ᠤᠨ ᠰᠠᠨᠠᠭ᠎ᠠ᠎ᠶᠢ ᠰᠣᠨᠣᠰᠬᠤ᠂ ᠵᠥᠷᠢᠶ᠎ᠡ᠎ᠪᠡᠨ ᠡᠷᠢᠬᠦ᠂ ᠪᠣᠳᠠᠲᠠᠢ ᠠᠵᠢᠯ ᠬᠢᠬᠦ᠂ ᠬᠥᠭᠵᠢᠯᠲᠡ᠎ᠶᠢ ᠠᠬᠢᠭᠤᠯᠬᠤ》 ᠠᠵᠢᠯᠯᠠᠭ᠎ᠠ ᠪᠠ ᠠᠷᠠᠳ᠎ᠤᠨ ᠪᠠᠢᠳᠠᠯ᠎ᠢ ᠰᠡᠳᠬᠢᠯ ᠲᠠᠯᠪᠢᠨ ᠶᠠᠷᠢᠯᠴᠠᠬᠤ ᠬᠤᠷᠠᠯ᠎ᠬᠤᠷᠠᠯᠳᠤᠭᠤᠯᠵᠤ᠂ 16 ᠵᠤᠷᠪᠤᠰ ᠰᠠᠨᠠᠯ ᠰᠠᠨᠠᠭᠤᠯᠭ᠎ᠠ᠎ᠶᠢ ᠨᠡᠢᠳᠭᠡᠵᠦ᠂ ᠨᠢᠭᠡᠳ ᠨᠢᠭᠡ ᠪᠡᠷ ᠨᠠᠷᠢᠯᠢᠭ ᠤᠨᠤᠴᠠᠲᠠᠢ ᠪᠡᠷ ᠰᠢᠯᠵᠢᠭᠦᠯᠦᠨ ᠰᠢᠢᠳᠪᠦᠷᠢᠯᠡᠭᠦᠯᠪᠡ᠃ ᠲᠦᠷᠪᠡᠨ ᠶᠡᠬᠡ ᠤᠳᠤᠷᠢᠳᠬᠤ ᠪᠠᠭ ᠨᠡᠢ᠍ᠢᠳᠡ 220 ᠤᠳᠠᠭ᠎ᠠ  ᠵᠢᠨ ᠪᠠᠢᠴᠠᠭᠠᠨ ᠰᠤᠳᠤᠯᠤᠯᠲᠠ ᠦᠷᠨᠢᠬᠦᠯᠵᠦ᠂ 40 ᠵᠦᠢᠯ᠎ᠦᠨ ᠰᠠᠨᠠᠯ ᠬᠤᠷᠢᠶᠠᠵᠤ᠂ 32 ᠠᠰᠠᠭᠤᠳᠠᠯ᠎ᠢ ᠰᠢᠢᠳᠪᠦᠷᠢᠯᠡᠪᠡ; ᠦᠨᠳᠦᠰᠦᠨ ᠱᠠᠲᠤᠨ᠎ᠤ ᠨᠠᠮ᠎ᠤᠨ ᠭᠡᠰᠢᠭᠦᠨ 《ᠬᠣᠶᠠᠷ ᠎ᠲᠤ ᠨᠡᠷ᠎ᠡ ᠮᠡᠳᠡᠭᠦᠯᠬᠦ᠂ ᠬᠣᠶᠠᠷ᠎ᠲᠤ ᠦᠢᠯᠡᠴᠢᠯᠡᠬᠦ》ᠪᠠᠷ ᠳᠠᠮᠵᠢᠨ153 ᠵᠤᠷᠪᠤᠰ ᠰᠠᠨᠠᠯ ᠬᠤᠷᠢᠶᠠᠵᠤ᠂ 136 ᠠᠰᠠᠭᠤᠳᠠᠯ᠎ᠢ ᠰᠢᠢᠳᠪᠦᠷᠢᠯᠡᠪᠡ; ᠪᠣᠳᠠᠲᠠᠢ ᠠᠵᠢᠯᠯᠠᠵᠤ ᠠᠷᠠᠳ᠎ᠲᠤ ᠠᠰᠢᠭ᠋ ᠬᠦᠷᠲᠡᠭᠡᠬᠦ᠎ᠶᠢ ᠪᠠᠷᠢᠮᠲᠠᠯᠠᠨ᠂ 10 ᠵᠦᠢᠯ᠎ᠤᠨ ᠬᠣᠰᠢᠭᠤᠨ ᠲᠠᠰ᠎ᠤᠨ ᠠᠷᠠᠳ ᠎ᠤᠨ ᠠᠮᠢᠳᠤᠷᠠᠯ᠎ᠤᠨ ᠪᠤᠳᠠᠳᠤ ᠠᠰᠠᠭᠤᠳᠠᠯ᠂ 39 ᠵᠦᠢᠯ᠎ᠦᠨ ᠰᠤᠮᠤ ᠪᠠᠯᠭᠠᠰᠤᠨ᠎ᠤ ᠱᠠᠳᠤᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢᠯ᠎ᠢ ᠪᠥᠬᠥ ᠬᠦᠴᠦᠨ᠎ᠢᠶᠡᠷ᠎ᠢᠶᠡᠨ ᠠᠬᠢᠭᠤᠯᠵᠤ᠂ ᠬᠥᠩ ᠮᠢᠶᠣᠣ ᠲᠣᠰᠬᠣᠨ᠎ᠤ ᠱᠦᠢᠨᠢ ᠵᠠᠮ᠎ᠢ ᠬᠠᠲᠠᠭᠤᠷᠠᠭᠤᠯᠬᠤ᠂ ᠬᠥᠩ ᠲᠢᠶᠠᠨ ᠲᠣᠰᠬᠣᠨ᠎ᠤ ᠲᠦᠭᠡᠭᠡᠯ ᠤᠰᠤᠨ ᠬᠣᠭᠣᠯᠠᠢ᠎ᠶᠢ ᠰᠢᠨᠡᠳᠬᠡᠬᠦ ᠵᠡᠷᠭᠡ 25 ᠵᠦᠢᠯ᠎ᠤᠨ ᠠᠰᠠᠭᠤᠳᠠᠯ᠎ᠢ ᠰᠢᠢᠳᠪᠦᠷᠢᠯᠡᠪᠡ᠃

ᠦᠬᠠᠢ ᠬᠤᠳᠠ᠎ᠶᠢᠨ ᠬᠠᠢᠨᠠᠨ ᠲᠣᠭᠣᠷᠢᠭ ᠢᠮᠠᠭᠲᠠ ᠤᠯᠠᠨ ᠲᠦᠮᠡᠨ᠎ᠳᠦ ᠮᠡᠳᠡᠷᠡᠭᠳᠡᠬᠦ ᠬᠡᠮᠵᠢᠶ᠎ᠡ ᠪᠡᠷ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠮᠵᠢ᠎ᠶᠢ ᠰᠢᠯᠭᠠᠬᠤ ᠴᠢᠬᠤᠯᠠ ᠬᠡᠮᠵᠢᠭᠦᠷ ᠪᠣᠯᠭᠠᠵᠤ᠂ 《ᠠᠷᠠᠳ᠎ᠤᠨ ᠱᠠᠭᠠᠷᠳᠠᠯᠭ᠎ᠠ  ᠵᠢ  ᠰᠢᠭᠤᠳ ᠠᠰᠠᠭᠤᠵᠤ᠂ ᠦᠨᠡᠨ ᠰᠡᠳᠬᠢᠯ ᠡᠴᠡ ᠪᠠᠨ ᠠᠷᠠᠳ᠎ᠤᠨ ᠵᠤᠪᠠᠨᠢᠯ ᠎ᠢ ᠣᠢᠯᠠᠭᠠᠵᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ》ᠭᠤᠷᠪᠠᠨ ᠵᠦᠢᠯ᠎ᠦᠨ ᠠᠷᠭ᠎ᠠ ᠬᠡᠮᠵᠢᠶ᠎ᠡ᠎ᠶᠢ ᠪᠣᠳᠠᠲᠠᠢ ᠠᠳᠬᠤᠵᠤ᠂ 《ᠡᠭᠦᠳᠡ᠎ᠪᠡᠨ ᠨᠡᠭᠡᠭᠡᠭᠰᠡᠨ》 ᠬᠥᠮᠦᠵᠢᠯ᠎ᠢ ᠭᠦᠨᠵᠡᠭᠡᠢᠷᠡᠭᠦᠯᠵᠡᠢ᠃ 《ᠤᠳᠤᠷᠢᠳᠬᠤ ᠺᠠᠳ᠋ᠷᠴᠤᠳ ᠪᠠᠢᠴᠠᠭᠠᠨ ᠰᠤᠳᠤᠯᠤᠯᠳᠠ ᠬᠢᠬᠦ  ᠳᠤᠮᠳᠠ ᠪᠠᠨ ᠰᠤᠷᠤᠯᠴᠠᠯᠭ᠎ᠠ ᠬᠥᠮᠦᠵᠢᠯ᠎ᠢ ᠬᠢᠨᠠᠨ ᠵᠢᠯᠤᠭᠣᠳᠬᠤ ᠪᠠ ᠰᠠᠨᠠᠯ ᠬᠤᠷᠢᠶᠠᠬᠤ᠎ᠶᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠬᠦ ᠲᠤᠬᠠᠢ ᠮᠡᠳᠡᠭᠳᠡᠯ》 ᠢ᠋ ᠳᠠᠷᠤᠮᠠᠯᠯᠠᠨ ᠲᠠᠷᠬᠠᠭᠠᠵᠤ᠂ ᠰᠠᠨᠠᠯ ᠬᠤᠷᠢᠶᠠᠬᠤ ᠠᠯᠪᠠᠨ ᠵᠠᠷ᠎ᠢ ᠢᠯᠡ᠎ᠪᠡᠷ ᠨᠡᠢᠲᠡᠯᠡᠵᠦ᠂  ᠡᠮᠦᠨ᠎ᠡ ᠹᠷᠣᠨᠲ᠎ᠲᠤ 33 ᠤᠳᠠᠭ᠎ᠠ ᠪᠠᠢᠴᠠᠭᠠᠨ ᠰᠤᠳᠤᠯᠤᠯᠲᠠ ᠬᠢᠵᠦ᠂ 10 ᠤᠳᠠᠭ᠎ᠠ ᠰᠠᠨᠠᠯ ᠬᠤᠷᠢᠶᠠᠬᠤ ᠬᠤᠷᠠᠯ ᠬᠤᠷᠠᠯᠳᠤᠭᠤᠯᠵᠤ ᠂ ᠣᠯᠠᠨ ᠲᠦᠮᠡᠨ᠎ᠦ ᠰᠠᠨᠠᠯ ᠰᠠᠨᠠᠭᠤᠯᠭ᠎ᠠ᠎ᠶᠢ 60 ᠭᠠᠷᠤᠢ ᠵᠤᠷᠪᠤᠰ ᠬᠣᠷᠢᠶᠠᠨ ᠴᠤᠭᠯᠠᠭᠤᠯᠵᠤ᠂ ᠴᠠᠭ ᠲᠤᠬᠠᠢ ᠳ᠋ᠤᠨᠢ ᠣᠯᠠᠨ ᠲᠦᠮᠡᠨ᠎ᠦ 《ᠬᠡᠷᠡᠭᠴᠡᠭᠡ ᠱᠠᠭᠠᠷᠳᠠᠯᠭ᠎ᠠ᠎ᠶᠢᠨ ᠨᠠᠷᠢᠨ ᠲᠠᠩᠰᠠ》 ᠶ᠋ᠢ 《ᠠᠵᠢᠯ᠎ᠤᠨ ᠨᠠᠷᠢᠨ ᠲᠠᠩᠰᠠ》 ᠪᠣᠯᠭᠠᠨ ᠬᠤᠪᠢᠷᠠᠭᠤᠯᠪᠠ᠃ ᠡᠭᠦᠳᠡ᠎ᠪᠡᠨ ᠨᠡᠭᠡᠭᠡᠭᠰᠡᠨ ᠰᠤᠷᠤᠯᠴᠠᠯᠭ᠎ᠠ ᠬᠥᠮᠦᠵᠢᠯ ᠬᠢᠭᠡᠳ ᠵᠠᠬᠢᠳᠠᠯ ᠰᠣᠷᠪᠤᠯᠵᠢᠯᠠᠯ᠎ᠤᠨ ᠠᠵᠢᠯ᠎ᠢ ᠪᠦᠲᠦᠮᠵᠢᠲᠡᠶ ᠨᠠᠪᠲᠠᠷᠡᠭᠦᠯᠵᠦ᠂ 《ᠲᠤᠭᠤᠷᠢᠭ᠎ᠤᠨ ᠱᠠᠲᠤᠨ ᠎ᠤ ᠤᠳᠤᠷᠢᠳᠤᠯᠭ᠎ᠠ ᠬᠡᠷᠡᠭ᠎ᠢ ᠳᠠᠭᠠᠭᠠᠨ ᠰᠢᠢᠳᠪᠦᠷᠢᠯᠡᠬᠦ》 ᠲᠣᠭᠲᠠᠴᠠ᠎ᠶᠢ ᠴᠢᠩᠭ᠎ᠠ ᠨᠠᠢᠳᠠᠪᠤᠷᠢᠵᠢᠭᠤᠯᠤᠨ᠂ 15 ᠬᠤᠪᠢ ᠭᠣᠣᠯᠳᠠᠯᠭ᠎ᠠ᠎ᠲᠠᠢ ᠵᠠᠬᠢᠳᠠᠯ ᠰᠤᠷᠪᠤᠯᠵᠢᠯᠠᠯ᠎ᠤᠨ ᠵᠦᠢᠯᠡᠰ᠎ᠢ ᠰᠢᠢᠳᠪᠦᠷᠢᠯᠡᠪᠡ ᠃ 《12345》 ᠬᠠᠯᠠᠮᠰᠢᠯ ᠤᠲᠠᠰᠤ᠂ ᠤᠯᠠᠨ ᠨᠡᠶ᠋ᠢᠲᠡ᠎ᠶᠢᠨ ᠳ᠋ᠤᠭᠠᠷ  ᠵᠠᠬᠢᠳᠠᠯ ᠰᠤᠷᠪᠤᠯᠵᠢᠯᠠᠯ᠎ᠢ ᠬᠦᠯᠢᠶᠡᠨ ᠠᠪᠴᠤ ᠵᠠᠷᠯᠠᠨ ᠨᠡᠢᠲᠡᠯᠡᠬᠦ᠂ ᠶᠡᠷᠦᠩᠬᠡᠢᠯᠡᠨ ᠵᠠᠰᠠᠬᠤ ᠲᠥᠪ᠎ᠦᠨ ᠬᠠᠷᠢᠯᠴᠠᠬᠤ ᠴᠣᠩᠬᠣᠪᠴᠢ ᠵᠡᠷᠭᠡ ᠵᠢ  ᠦᠷᠭᠦᠯᠵᠢᠯᠡᠨ ᠰᠠᠭᠠᠳ ᠦᠭᠡᠢ ᠨᠠᠪᠲᠠᠷᠡᠭᠦᠯᠵᠦ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠦᠭᠰᠡᠨ᠎ᠡᠴᠡ ᠨᠠᠭᠠᠰᠢ ᠤᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶᠢ ᠨᠡᠢ᠍ᠢᠳᠡ 3021 ᠬᠤᠪᠢ ᠰᠢᠯᠵᠢᠭᠦᠯᠦᠨ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠤᠷᠮ᠎ᠠ ᠨᠢ  95% ᠳ᠋ᠤ ᠬᠦᠷᠴᠦ᠂ ᠤᠯᠠᠨ ᠲᠦᠮᠡᠨ᠎ᠤ ᠬᠠᠨᠤᠮᠵᠢᠲᠠᠢ ᠪᠠᠢᠬᠤ ᠨᠤᠷᠮ᠎ᠠ 99.8%᠎ᠳᠤ ᠬᠦᠷᠴᠡᠢ᠃ ᠰᠠᠭᠤᠭᠠᠯᠢ ᠠᠷᠠᠳ᠎ᠤᠨ ᠲᠤᠭᠤᠷᠢᠭ᠎ᠤᠨ ᠵᠠᠮ᠎ᠤᠨ ᠭᠠᠳᠠᠷᠭᠤ ᠡᠪᠳᠡᠷᠡᠭᠰᠡᠨ ᠡᠰᠡᠬᠦ᠎ᠵᠢ ᠪᠠᠢᠴᠠᠭᠠᠬᠤ᠂  ᠲᠡᠷᠭᠡᠨ ᠫᠸᠩ᠎ᠢ  ᠴᠠᠭ ᠲᠤᠬᠠᠢ᠎ᠳᠦ ᠨᠢ ᠵᠠᠰᠠᠬᠤ ᠵᠡᠷᠭᠡ 《ᠠᠷᠠᠳ᠎ᠲᠤ ᠲᠦᠬᠦᠮ ᠦᠵᠡᠭᠦᠯᠬᠦ ᠵᠠᠩᠭᠢᠯᠠᠭ᠎ᠠ᠎ᠶᠢᠨ ᠪᠠᠭ᠎ᠠ ᠶᠠᠪᠤᠳᠠᠯ》᠎ᠤ᠋ᠨ ᠲᠤᠭᠤᠷᠢᠨ ᠳ᠋ᠤ ᠨᠠᠮ᠎ᠤᠨ ᠭᠡᠰᠢᠭᠦᠨ ᠺᠠᠳ᠋ᠷᠴᠤᠳ 《ᠤᠯᠠᠨ ᠲᠦᠮᠡᠨ᠎ᠳᠦ ᠪᠣᠳᠠᠲᠠᠢ ᠶᠠᠪᠤᠳᠠᠯ ᠬᠢᠵᠦ ᠥᠭᠬᠦ》ᠦᠢᠯᠡᠳᠦᠯᠭᠡ᠎ᠶᠢᠨ ᠠᠵᠢᠯᠯᠠᠭ᠎ᠠ᠎ᠶᠢ 300 ᠭᠠᠷᠤᠢ ᠤᠳᠠᠭ᠎ᠠ  ᠥᠷᠨᠢᠭᠦᠯᠵᠦ᠂ 299 ᠵᠦᠢᠯ᠎ᠦᠨ ᠪᠣᠳᠠᠲᠤ ᠶᠠᠪᠤᠳᠠᠯ᠎ᠢ ᠰᠠᠢᠲᠤᠷ ᠬᠢᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号