7 ᠰᠠᠷ᠎ᠠ ᠶ᠋ᠢᠨ 3 ᠤ᠋ ᠡᠳᠦᠷ᠂︽ᠡᠷᠢᠨ ᠵᠠᠭᠤᠨ ᠤ᠋ ᠰᠤᠳᠠᠰᠤ — ᠲᠦᠮᠡᠨ ᠭᠠᠵᠠᠷ ᠤ᠋ᠨ ᠴᠠᠢ ᠶ᠋ᠢᠨ ᠵᠠᠮ ︵ᠥᠪᠥᠷ ᠮᠣᠩᠭᠣᠯ ᠤ᠋ᠨ ᠬᠡᠰᠡᠭ︶ ᠦ᠋ᠨ ᠲᠡᠦᠬᠡ ᠶ᠋ᠢᠨ ᠳᠤᠷᠠᠰᠬᠠᠯᠲᠤ ᠵᠦᠢᠯᠡᠰ ᠤ᠋ᠨ ᠰᠣᠳᠣᠨ ᠪᠦᠲᠦᠭᠡᠯ ᠤ᠋ᠨ ᠦᠵᠡᠬᠦᠯᠬᠡ︾ ᠥᠪᠥᠷ ᠮᠣᠩᠭᠣᠯ ᠤ᠋ᠨ ᠮᠦᠽᠧᠢ ᠳ᠋ᠦ ᠡᠬᠢᠯᠡᠪᠡ᠃
ᠥᠪᠥᠷ ᠮᠣᠩᠭᠣᠯ 《ᠲᠦᠮᠡᠨ ᠭᠠᠵᠠᠷ ᠤ᠋ᠨ ᠴᠠᠢ ᠶ᠋ᠢᠨ ᠵᠠᠮ》 ᠤ᠋ᠨ ᠴᠢᠬᠤᠯᠠ ᠣᠷᠣᠨ ᠪᠦᠰᠡ ᠳ᠋ᠦ ᠣᠷᠣᠰᠢᠵᠤ ᠪᠠᠢᠭᠰᠠᠨ ᠪᠦᠬᠡᠳ ᠲᠠᠷᠢᠶᠠᠯᠠᠬᠤ ᠪᠣᠯᠪᠠᠰᠤᠨ ᠪᠠ ᠨᠡᠭᠦᠳᠡᠯ ᠮᠠᠯᠵᠢᠯ ᠤ᠋ᠨ ᠪᠣᠯᠪᠠᠰᠤᠨ ᠤ᠋ ᠠᠭᠤᠰᠤᠯᠴᠠᠯ ᠤ᠋ᠨ ᠵᠠᠩᠭᠢᠯᠠᠭ᠎ᠠ ᠶ᠋ᠢᠨ ᠣᠷᠣᠨ ᠪᠦᠰᠡ ᠪᠣᠯᠤᠨ᠎ᠠ᠃ ᠦᠵᠡᠬᠦᠯᠬᠡ ᠨᠢ ᠴᠠᠢ ᠶ᠋ᠢᠨ ᠵᠠᠮ ᠤ᠋ᠨ ᠡᠬᠢ ᠡᠬᠦᠰᠦᠯ᠂ ᠡᠮᠦᠨ᠎ᠠ ᠤᠮᠠᠷ᠎ᠠ ᠶ᠋ᠢᠨ ᠴᠠᠢ ᠶ᠋ᠢᠨ ᠬᠤᠯᠪᠤᠭ᠎ᠠ᠂ ᠬᠤᠳᠠᠯᠳᠤᠭᠠᠨ ᠤ᠋ ᠭᠠᠢᠬᠠᠮᠰᠢᠭᠲᠤ ᠠᠮᠵᠢᠯᠳᠠ᠂ ᠡᠷᠢᠨ ᠵᠠᠭᠤᠨ ᠤ᠋ ᠰᠤᠶᠤᠯ ᠤ᠋ᠨ ᠤᠯᠠᠮᠵᠢᠯᠠᠯ ᠵᠡᠷᠭᠡ 4 ᠪᠦᠯᠦᠭ ᠵᠢᠡᠷ ᠦᠪᠦᠷ ᠮᠤᠨᠭᠭᠤᠯ ᠤ᠋ᠨ ᠮᠦᠽᠧᠢ ᠳ᠋ᠦ ᠬᠠᠳᠠᠭᠠᠯᠠᠭᠳᠠᠵᠦ ᠪᠠᠢᠭ᠎ᠠ ᠴᠢᠩ ᠤᠯᠤᠰ ᠤ᠋ᠨ ᠦᠶ᠎ᠠ ᠶ᠋ᠢᠨ ᠬᠡᠪ ᠤ᠋ᠨ ᠴᠠᠢ᠂ ᠠᠷᠠᠯᠵᠢᠶᠠᠨ ᠤ᠋ ᠫᠦᠰᠡ ᠶ᠋ᠢᠨ ᠳᠠᠩᠰᠠ ᠳᠡᠪᠳᠡᠷ᠂ ᠲᠡᠮᠡᠬᠡᠨ ᠵᠢᠩ ᠤ᠋ᠨ ᠡᠳ᠋ᠯᠡᠯ ᠬᠡᠷᠡᠭᠰᠡᠯ᠂ ᠳᠠᠯ᠎ᠠ ᠨᠤᠲᠤᠭ ᠤ᠋ᠨ ᠠᠷᠠᠯᠵᠢᠶ᠎ᠠ ᠬᠤᠳᠠᠯᠳᠤᠭᠠᠨ ᠤ᠋ ᠲᠡᠥᠬᠡ ᠶ᠋ᠢᠨ ᠲᠤᠷᠠᠰᠬᠠᠯᠳᠦ ᠵᠦᠢᠯᠡᠰ ᠵᠡᠷᠬᠡ 120 ᠢᠵᠢ ᠲᠡᠦᠬᠡ ᠶ᠋ᠢᠨ ᠳᠤᠷᠠᠰᠬᠠᠯᠲᠤ ᠵᠦᠢᠯ ᠢ᠋ ᠲᠠᠯᠬᠡᠨ ᠦᠵᠡᠬᠦᠯᠵᠦ᠂ 《ᠲᠦᠮᠡᠨ ᠭᠠᠵᠠᠷ ᠤ᠋ᠨ ᠴᠠᠢ ᠶ᠋ᠢᠨ ᠵᠠᠮ》 ᠤ᠋ᠨ ᠦᠪᠦᠷ ᠮᠤᠨᠭᠭᠤᠯ ᠤ᠋ᠨ ᠬᠡᠰᠡᠭ ᠤ᠋ᠨ ᠴᠢᠭᠤᠯᠤᠯᠳᠦ ᠬᠠᠭᠠᠯᠭ᠎ᠠ ᠡᠴᠡ ᠶᠡᠬᠡ ᠬᠦᠷᠢᠶ᠎ᠠ ᠬᠦᠷᠬᠦ ᠶᠡᠬᠡ ᠵᠠᠮ᠂ ᠬᠦᠢ ᠬᠤᠧᠠ ᠬᠤᠳᠠ ᠶ᠋ᠢᠨ ᠬᠤᠳᠠᠯᠳᠤᠭᠠᠨ ᠤ᠋ ᠵᠠᠮ ᠵᠡᠷᠬᠡ ᠤᠯᠠᠨ ᠵᠤᠷᠪᠤᠰ ᠡᠷᠳᠡᠨ ᠤ᠋ ᠵᠠᠮ ᠪᠤᠯᠤᠨ ᠦᠷᠳᠡᠭᠡ ᠶ᠋ᠢᠨ ᠨᠡᠪᠳᠡᠷᠡᠯᠴᠡᠯ ᠤ᠋ᠨ ᠪᠠᠢᠳᠠᠯ ᠢ᠋ ᠨᠠᠷᠢᠨ ᠳᠠᠨᠢᠯᠴᠠᠭᠤᠯᠵᠦ᠂ 17ᠡᠴᠡ 20 ᠳ᠋ᠤᠭᠠᠷ ᠵᠠᠭᠤᠨ ᠬᠦᠷᠲᠡᠯᠡᠬᠢ ᠴᠠᠢ ᠶ᠋ᠢᠨ ᠵᠠᠮ ᠤ᠋ᠨ ᠭᠠᠢᠬᠠᠮᠰᠢᠭᠳᠦ ᠦᠢᠯᠡ ᠬᠡᠷᠡᠭ ᠢ᠋ ᠪᠥᠬᠥ ᠲᠠᠯ᠎ᠠ ᠪᠠᠷ ᠦᠵᠡᠬᠦᠯᠵᠡᠢ᠃
ᠦᠵᠡᠬᠦᠯᠬᠡ ᠨᠢ ᠴᠠᠢ ᠶ᠋ᠢᠨ ᠦᠢᠯᠡᠳᠪᠦᠷᠢᠯᠡᠯ᠂ ᠲᠡᠭᠡᠭᠡᠪᠦᠷᠢ ᠪᠣᠯᠤᠨ ᠪᠤᠷᠤᠯᠠᠭᠤᠯᠭ᠎ᠠ ᠪᠡᠷ ᠰᠢᠵᠢᠮᠯᠡᠨ᠂ ᠴᠠᠢ ᠶ᠋ᠢᠨ ᠭᠠᠷᠤᠯᠳᠠ ᠶ᠋ᠢᠨ ᠤᠷᠤᠨ ᠤ᠋ ᠪᠠᠢᠳᠠᠯ᠂ ᠴᠠᠢ ᠶ᠋ᠢᠨ ᠲᠠᠷᠢᠶᠠᠴᠢᠨ ᠤ᠋ ᠦᠢᠯᠡᠳᠪᠦᠷᠢᠯᠡᠯ ᠬᠦᠳᠡᠯᠮᠦᠷᠢ᠂ ᠡᠮᠦᠨᠡᠳᠦ ᠶ᠋ᠢᠨ ᠤᠰᠤᠨ ᠳᠡᠭᠡᠭᠡᠪᠦᠷᠢ᠂ ᠦᠪᠦᠷ ᠮᠤᠨᠭᠭᠤᠯ ᠤ᠋ᠨ ᠲᠡᠮᠡᠬᠡᠨ ᠵᠢᠩ᠂ ᠤᠷᠤᠰ ᠮᠤᠨᠭᠭᠤᠯ ᠳ᠋ᠡᠬᠢ ᠬᠡᠷᠡᠭᠯᠡᠭᠡ ᠶ᠋ᠢᠨ ᠠᠬᠤᠢ ᠪᠠᠢᠳᠠᠯ ᠢ᠋ ᠦᠵᠡᠬᠦᠯᠵᠤ᠂ ᠴᠠᠢ ᠶ᠋ᠢᠨ ᠳᠡᠭᠡᠭᠡᠪᠦᠷᠢ ᠬᠦᠭᠵᠢᠭᠰᠡᠨ ᠡᠴᠡ ᠴᠠᠢ ᠶ᠋ᠢᠨ ᠵᠠᠮ ᠳᠠᠭᠠᠤ ᠬᠦᠢ ᠬᠤᠧᠠ᠂ ᠴᠢᠭᠤᠯᠤᠯᠲᠤ ᠬᠠᠭᠠᠯᠭ᠎ᠠ᠂ ᠮᠠᠨᠵᠤᠤᠷ᠂ ᠲᠤᠯᠤᠨ ᠨᠤᠤᠷ᠂ ᠪᠤᠭᠤᠳ᠋ᠤ᠌ ᠵᠡᠷᠭᠡ ᠠᠷᠠᠯᠵᠢᠶ᠎ᠠ ᠬᠤᠳᠠᠯᠳᠤᠭᠠᠨ ᠤ᠋ ᠴᠢᠬᠤᠯᠠ ᠬᠤᠳᠠ ᠪᠠᠯᠭᠠᠰᠤ ᠪᠤᠢ ᠪᠤᠯᠤᠭᠰᠠᠨ ᠲᠡᠥᠬᠡᠨ ᠠᠬᠤᠢ ᠵᠢ ᠳᠠᠨᠢᠯᠴᠠᠭᠤᠯᠤᠭᠰᠠᠨ ᠪᠦᠭᠡᠳ ᠡᠬᠦᠨ ᠢ᠋ ᠳᠠᠭᠠᠯᠳᠤᠨ ᠪᠤᠢ ᠪᠤᠯᠤᠭᠰᠠᠨ ᠮᠤᠨᠭᠭᠤᠯ ᠤᠷᠤᠨ ᠳ᠋ᠡᠬᠢ ᠶᠠᠪᠤᠭᠤᠯ ᠮᠠᠢᠮᠠᠢᠴᠢᠨ ᠤ᠋ ᠪᠦᠯᠬᠦᠮ ᠡᠴᠡ ᠬᠤᠳᠠᠯᠳᠤᠭᠠᠨ ᠤ᠋ ᠲᠤᠮᠤ ᠪᠦᠯᠬᠦᠮ ᠪᠤᠢ ᠪᠤᠯᠵᠦ᠂ ᠨᠠᠷᠠ ᠠᠯᠳᠠᠷᠳᠠᠢ ᠳ᠋ᠠ ᠱᠧᠩ ᠺᠦᠢ ᠫᠦᠰᠠ ᠵᠡᠷᠬᠡ ᠬᠤᠳᠠᠯᠳᠤᠭᠠᠨ ᠤ᠋ ᠴᠤᠭᠴᠠ ᠪᠤᠢ ᠪᠤᠯᠤᠭᠰᠠᠨ ᠢ᠋ ᠳᠠᠨᠢᠭᠤᠯᠵᠠᠢ᠃ 《ᠲᠤᠰ ᠦᠵᠡᠬᠦᠯᠬᠡ ᠳ᠋ᠦ ᠲᠠᠯᠬᠡᠨ ᠦᠵᠡᠬᠦᠯᠵᠦ ᠪᠠᠢᠭ᠎ᠠ ᠡᠳ᠋ ᠬᠡᠷᠡᠭᠰᠡᠯ ᠤ᠋ᠨ 80% ᠨᠢ ᠴᠦᠮ ᠦᠪᠦᠷ ᠮᠤᠨᠭᠭᠤᠯ ᠤ᠋ᠨ ᠮᠦᠽᠧᠢ ᠳ᠋ᠦ ᠬᠠᠳᠠᠭᠠᠯᠠᠭᠳᠠᠵᠦ ᠪᠠᠢᠬᠤ ᠮᠦᠷᠳᠡᠭᠡᠨ ᠠᠩᠬ᠎ᠠ ᠤᠳᠠᠭ᠎ᠠ ᠳᠡᠯᠬᠡᠨ ᠦᠵᠡᠬᠦᠯᠵᠦ ᠪᠤᠢ᠃ ᠳᠠᠬᠢᠪᠠᠯ ᠦᠵᠡᠬᠦᠯᠬᠡ ᠶ᠋ᠢᠨ ᠠᠭᠤᠯᠭ᠎ᠠ ᠰᠢᠵᠢᠮ ᠨᠢ ᠪᠦᠷᠢᠨ ᠪᠦᠳᠦᠨ ᠪᠠᠢᠵᠤ᠂ 〈ᠲᠦᠮᠡᠨ ᠭᠠᠵᠠᠷ ᠤ᠋ᠨ ᠴᠠᠢ ᠶ᠋ᠢᠨ ᠵᠠᠮ〉 ᠤ᠋ᠨ ᠤᠳᠤᠬᠢᠴᠢ ᠤᠳᠬ᠎ᠠ ᠠᠭᠤᠯᠭ᠎ᠠ ᠵᠢ ᠤᠨᠤᠴᠠᠳᠠᠢ ᠳᠠᠢᠯᠪᠤᠷᠢᠯᠠᠪᠠ》 ᠬᠡᠵᠦ ᠦᠪᠦᠷ ᠮᠤᠨᠭᠭᠤᠯ ᠤ᠋ᠨ ᠮᠦᠽᠧᠢ ᠶ᠋ᠢᠨ ᠰᠤᠳᠤᠯᠤᠭᠴᠢ ᠯᠢ ᠶᠠᠨ ᠶᠠᠩ ᠳᠠᠨᠢᠯᠴᠠᠭᠤᠯᠵᠤ ᠪᠠᠢᠯ᠎ᠠ᠃
《ᠲᠦᠮᠡᠨ ᠭᠠᠵᠠᠷ ᠤ᠋ᠨ ᠴᠠᠢ ᠶ᠋ᠢᠨ ᠵᠠᠮ》 ᠪᠤᠯ ᠡᠷᠲᠡᠨ ᠤ᠋ ᠲᠣᠷᠭᠠᠨ ᠵᠠᠮ ᠤ᠋ᠨ ᠳᠠᠷᠠᠭᠠᠬᠢ ᠧᠦ᠋ᠷᠣᠫᠠ ᠠᠽᠢᠶ᠎ᠠ ᠶ᠋ᠢ ᠰᠤᠨᠳᠠᠯᠠᠨ ᠬᠡᠳᠦᠨ ᠵᠠᠭᠤᠨ ᠵᠢᠯ ᠶᠠᠪᠤᠭᠳᠠᠭᠰᠠᠨ ᠣᠯᠠᠨ ᠤᠯᠤᠰ ᠤ᠋ᠨ ᠡᠳ᠋ ᠤ᠋ᠨ ᠵᠠᠰᠠᠭ᠂ ᠰᠣᠶᠣᠯ ᠤ᠋ᠨ ᠴᠢᠬᠤᠯᠠ ᠵᠠᠮ ᠪᠣᠯᠤᠨ᠎ᠠ᠃ ᠤᠳᠤ 《ᠲᠦᠮᠡᠨ ᠭᠠᠵᠠᠷ ᠤ᠋ᠨ ᠴᠠᠢ ᠶ᠋ᠢᠨ ᠵᠠᠮ》 ᠨᠢ 《ᠨᠢᠭᠡ ᠪᠦᠰᠡ ᠨᠢᠭᠡ ᠵᠠᠮ》 ᠤ᠋ᠨ ᠴᠢᠬᠤᠯᠠ ᠪᠦᠷᠢᠯᠳᠦᠬᠦᠨ ᠪᠤᠯᠤᠭᠰᠠᠨ ᠪᠦᠬᠡᠳ ᠲᠤᠮᠳᠠᠳᠦ ᠮᠤᠨᠭᠭᠤᠯ ᠤᠷᠤᠰ ᠤ᠋ᠨ ᠰᠤᠶᠤᠯ ᠤ᠋ᠨ ᠰᠤᠯᠢᠯᠴᠠᠭ᠎ᠠ ᠵᠢ ᠬᠦᠨᠵᠡᠬᠡᠢᠷᠡᠬᠦᠯᠵᠦ᠂ ᠵᠠᠮ ᠳᠠᠭᠠᠤ ᠤᠯᠤᠰ ᠤᠷᠤᠨ ᠤ᠋ ᠤᠷᠳᠤ ᠤᠳᠠᠭᠠᠨᠤ ᠬᠦᠭᠵᠢᠯᠳᠡ ᠵᠢ ᠠᠬᠢᠭᠤᠯᠬᠤ᠂ ᠡᠧᠦ᠋ᠷᠦᠫᠠ ᠠᠽᠢᠶ᠎ᠠ ᠶ᠋ᠢᠨ ᠡᠬᠡ ᠬᠠᠭᠤᠷᠠᠢ ᠶ᠋ᠢᠨ ᠬᠤᠳᠠᠯᠳᠤᠭᠠᠨ ᠤ᠋ ᠱᠤᠭᠤᠮ ᠢ᠋ ᠬᠦᠭᠵᠢᠬᠦᠯᠬᠦ ᠳ᠋ᠦ ᠮᠠᠰᠢ ᠴᠢᠬᠤᠯᠠ ᠦᠢᠯᠡᠳᠦᠯ ᠦᠵᠡᠬᠦᠯᠵᠦ ᠪᠠᠢᠨ᠎ᠠ᠃ ᠤᠢᠯᠠᠭᠠᠭᠰᠠᠨ ᠵᠢᠡᠷ᠂ ᠲᠤᠰ ᠦᠵᠡᠬᠦᠯᠬᠡ 10 ᠰᠠᠷ᠎ᠠ ᠵᠢᠨ 8 ᠤ᠋ ᠡᠳᠤᠷ ᠪᠤᠯᠳᠠᠯ᠎ᠠ ᠶᠠᠪᠤᠭᠳᠠᠬᠤ ᠪᠤᠯᠤᠨ᠎ᠠ᠃