ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠤᠳᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ 《ᠲᠦᠷᠭᠡᠨ ᠬᠦᠷᠭᠡᠭ᠌ᠴᠢᠳ᠎ᠤᠨ ᠦᠶ᠋ᠯᠡᠴᠢᠯᠡᠭᠡᠨ᠎ᠤ ᠬᠠᠮᠢᠶᠠᠷᠤᠯᠲᠠ᠎ᠶ᠋ᠢᠨ ᠠᠵᠢᠯ᠎ᠢ ᠨᠠᠢᠳᠠᠪᠤᠷᠢᠵᠢᠭᠤᠯᠬᠤ 2026 ᠣᠨ᠎ᠤ ᠡᠭᠦᠷᠭᠡ ᠠᠷᠭ᠎ᠠ ᠬᠡᠮᠵᠢᠶ᠎ᠡ ᠵᠢᠴᠢ ᠠᠵᠢᠯ᠎ᠤᠨ ᠬᠤᠪᠢᠶᠠᠷᠢᠯᠠᠯ᠎ᠤᠨ ᠡᠬᠡ ᠲᠠᠩᠰᠠ》 ᠶ᠋ᠢ ᠳᠠᠷᠤᠮᠠᠯᠯᠠᠨ ᠲᠠᠷᠬᠠᠭᠠᠵᠤ᠂ ᠲᠦᠷᠭᠡᠨ ᠬᠦᠷᠭᠡᠭ᠌ᠴᠢ᠎ᠶ᠋ᠢᠨ ᠦᠵᠡᠯ ᠰᠠᠨᠠᠭ᠎ᠠ᠎ᠶ᠋ᠢ ᠬᠥᠲᠥᠯᠦᠨ ᠳᠠᠭᠠᠭᠤᠯᠬᠤ᠂ ᠡᠷᠬᠡ ᠠᠱᠢᠭ᠎ᠢ ᠪᠠᠲᠤᠯᠠᠬᠤ᠂ ᠠᠵᠢᠯ ᠡᠷᠭᠢᠯᠡᠬᠦ᠌ ᠣᠷᠴᠢᠨ ᠨᠦᠭᠦᠴᠡᠯ᠂ ᠨᠡᠢᠭᠡᠮ᠎ᠦᠨ ᠵᠠᠰᠠᠯᠲᠠ᠂ ᠨᠡᠢᠲᠡᠯᠢᠭ ᠵᠢᠱ᠌ᠢᠶ᠎ᠡ᠎ᠶ᠋ᠢ ᠪᠣᠢ ᠪᠣᠯᠭᠠᠨ ᠬᠦᠭᠵᠢᠭᠦᠯᠬᠦ ᠵᠡᠷᠭᠡ ᠭᠤᠤᠯᠳᠠᠯᠭ᠎ᠠ᠎ᠲᠠᠶ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠡᠭᠦᠷᠭᠡ᠎ᠶ᠋ᠢ ᠲᠣᠳᠣᠷᠬᠠᠢᠯᠠᠵᠤ᠂ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠤᠨ᠂ ᠠᠷᠭ᠎ᠠ ᠬᠡᠮᠵᠢᠶ᠎ᠡ᠎ᠶ᠋ᠢ ᠨᠠᠷᠢᠯᠢᠬ᠍ᠵᠢᠭᠤᠯᠵᠤ᠂ ᠲᠦᠷᠭᠡᠨ ᠬᠦᠷᠭᠡᠭ᠌ᠴᠢᠳ᠎ᠤᠨ ᠦᠶ᠋ᠯᠡᠴᠢᠯᠡᠭᠡᠨ᠎ᠤ ᠬᠠᠮᠢᠶᠠᠷᠤᠯᠲᠠ᠎ᠶ᠋ᠢᠨ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠠᠢ᠃
ᠥᠪᠥᠷ ᠮᠣᠩᠭᠣᠯ᠎ᠤᠨ ᠰᠢᠥᠳᠠᠨ᠎ᠤ ᠬᠠᠮᠢᠶᠠᠷᠤᠯᠳᠠ᠎ᠶᠢᠨ ᠲᠣᠪᠴᠢᠶ᠎ᠠ᠂ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠠᠵᠢᠯ ᠲᠥᠷᠥᠯ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠰᠤᠷᠤᠯᠴᠠᠯᠭ᠎ᠠ᠎ᠶ᠋ᠢᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ ᠵᠥᠪ ᠠᠵᠢᠯ᠎ᠤᠨ ᠠᠮᠵᠢᠯᠲᠠ᠎ᠶ᠋ᠢᠨ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠵᠠᠯᠠᠭᠤᠴᠤᠳ᠎ᠤᠨ ᠴᠣᠭ ᠵᠢᠪᠬᠤᠭ᠎ᠠ᠎ᠶ᠋ᠢ ᠢᠯᠡᠷᠡᠭᠦᠯᠬᠦ᠌ ᠠᠵᠢᠯᠯᠠᠭ᠎ᠠ ᠥᠷᠨᠢᠭᠦᠯᠵᠦ᠍᠂ 《ᠬᠣᠶᠠᠷ᠎ᠢ ᠪᠦᠷᠬᠦᠭᠦᠯᠬᠦ᠌》 ᠦᠷ᠎ᠡ ᠪᠦᠲᠦᠭᠡᠯ᠎ᠢ ᠭᠦᠨᠵᠡᠭᠡᠢᠷᠡᠭᠦᠯᠵᠦ᠍᠂ ᠨᠠᠮ᠎ᠤᠨ ᠪᠠᠢᠭᠤᠯᠤᠯᠲᠠ᠎ᠶ᠋ᠢᠨ ᠲᠥᠷᠥᠯ ᠲᠡᠮᠳᠡᠭ᠎ᠢ ᠡᠭᠦᠳᠬᠦ᠌ ᠪᠠ ᠪᠣᠯᠪᠠᠰᠤᠷᠠᠯ ᠵᠢᠯᠣᠭᠣᠳᠣᠯᠭ᠎ᠠ᠎ᠶ᠋ᠢ ᠴᠢᠩᠭᠠᠳᠭᠠᠵᠤ᠂ ᠦᠵᠡᠯ ᠰᠠᠨᠠᠭ᠎ᠠ ᠪᠠ ᠵᠣᠬᠢᠶᠠᠨ ᠪᠠᠢᠭᠤᠯᠤᠯᠲᠠ᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠬᠡᠷᠡᠭ᠌ᠲᠡᠶ᠃ ᠰᠢᠥᠳᠠᠨ᠎ᠤ ᠠᠵᠢᠯ ᠲᠥᠷᠥᠯ᠎ᠦᠨ ᠠᠵᠢᠯᠴᠢᠨ ᠬᠡᠷᠡᠭ᠌ᠯᠡᠬᠦ᠌᠎ᠶ᠋ᠢ ᠲᠦᠷᠢᠮᠵᠢᠭᠦᠯᠵᠦ᠂ ᠠᠵᠢᠯᠴᠢᠨ ᠬᠡᠷᠡᠭ᠌ᠯᠡᠬᠦ᠌᠎ᠶ᠋ᠢ ᠬᠢᠨᠠᠨ ᠬᠡᠮᠵᠢᠬᠦ᠌ ᠪᠠ ᠮᠡᠳᠡᠭᠦᠯᠬᠦ᠌ ᠳᠦᠷᠢᠮ᠎ᠢ ᠪᠠᠢᠭᠤᠯᠤᠨ᠂ ᠬᠥᠳᠡᠯᠮᠦᠷᠢ᠎ᠶ᠋ᠢᠨ ᠭᠡᠷ᠎ᠡ᠎ᠶ᠋ᠢ ᠳᠡᠯᠭᠡᠷᠡᠭᠦᠯᠵᠦ᠍᠂ ᠬᠤᠳᠠᠯᠳᠤᠭᠠᠨ᠎ᠤ ᠳᠠᠭᠠᠳᠭᠠᠯ᠎ᠢ ᠪᠦᠬᠦᠨ᠎ᠢ ᠬᠠᠮᠤᠷᠬᠤ᠎ᠶ᠋ᠢ ᠠᠬᠢᠭᠤᠯᠵᠤ᠂ ᠵᠦᠶ ᠵᠣᠬᠢᠰ ᠦᠭᠡᠶ᠎ᠪᠡᠷ ᠵᠠᠷᠤᠳᠠᠯ ᠭᠠᠷᠭᠠᠬᠤ ᠪᠠ ᠵᠣᠭᠣᠰ᠎ᠢᠶᠠᠷ ᠲᠣᠷᠭᠠᠬᠤ᠎ᠶ᠋ᠢ ᠴᠡᠭ᠌ᠴᠡᠯᠡᠨ ᠵᠠᠰᠠᠵᠤ᠂ ᠬᠢᠨᠠᠨ ᠱᠢᠯᠭᠠᠬᠤ ᠲᠣᠭ᠍ᠲᠠᠴᠠ᠎ᠶ᠋ᠢ ᠱᠢᠯᠢᠳᠡᠭ᠌ᠵᠢᠭᠦᠯᠦᠨ᠂ ᠲᠦᠷᠭᠡᠨ ᠬᠦᠷᠭᠡᠭ᠌ᠴᠢ᠎ᠶ᠋ᠢᠨ ᠬᠥᠳᠡᠯᠮᠦᠷᠢ᠎ᠶ᠋ᠢᠨ ᠡᠷᠬᠡ ᠠᠱᠢᠭ᠎ᠢ ᠦᠨᠡᠨ ᠬᠦ᠌ ᠬᠠᠮᠠᠭᠠᠯᠠᠬᠤ ᠬᠡᠷᠡᠭ᠌ᠲᠡᠶ᠃ ᠠᠵᠢᠯ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠪᠠ ᠮᠡᠷᠭᠡᠵᠢᠯ᠎ᠦᠨ ᠴᠣᠯᠠ᠎ᠶ᠋ᠢ ᠬᠢᠨᠠᠨ ᠲᠣᠭ᠍ᠲᠠᠭᠠᠬᠤ ᠠᠵᠢᠯ᠎ᠢ ᠥᠷᠨᠢᠭᠦᠯᠵᠦ᠍᠂ ᠬᠦᠴᠢᠷᠳᠡᠯ᠎ᠢ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠵᠦ᠍᠂ ᠲᠦᠷᠭᠡᠨ ᠬᠦᠷᠭᠡᠭ᠌ᠴᠢ᠎ᠶ᠋ᠢᠨ ᠨᠥᠬᠥᠷᠰᠡᠭ ᠠᠬᠤᠢ ᠦᠵᠡᠭᠳᠡᠯ᠎ᠢ ᠪᠠᠢᠭᠤᠯᠤᠨ᠂ ᠬᠦᠰᠡᠯ ᠱᠠᠭᠠᠷᠳᠠᠯᠭ᠎ᠠ᠎ᠪᠠᠨ ᠢᠯᠡᠳᠭᠡᠬᠦ᠌᠎ᠶ᠋ᠢ ᠰᠠᠭᠠᠳ ᠦᠭᠡᠢ ᠨᠡᠪᠲᠡᠷᠡᠭᠦᠯᠵᠦ᠍᠂ ᠬᠦᠰᠡᠯ ᠱᠠᠭᠠᠷᠳᠠᠯᠭ᠎ᠠ᠎ᠪᠠᠨ ᠱᠢᠭᠤᠳ ᠨᠡᠪᠲᠡᠷᠡᠭᠦᠯᠬᠦ᠌ ᠲᠤᠷᠱᠢᠯᠲᠠ ᠬᠢᠵᠦ᠍᠂ ᠪᠠᠴᠢᠮ ᠬᠦᠴᠢᠷ ᠠᠰᠠᠭᠤᠳᠠᠯ᠎ᠢ ᠨᠢ ᠱᠢᠢᠳᠪᠦᠷᠢᠯᠡᠬᠦ᠌ ᠬᠡᠷᠡᠭ᠌ᠲᠡᠢ᠃ ᠨᠡᠢᠭᠡᠮ᠎ᠦᠨ ᠵᠠᠰᠠᠯᠲᠠ᠎ᠳᠤ ᠣᠷᠣᠯᠴᠠᠵᠤ᠂ ᠲᠦᠷᠭᠡᠨ ᠬᠦᠷᠭᠡᠭ᠌ᠴᠢ᠎ᠶ᠋ᠢ ᠬᠥᠲᠥᠯᠥᠨ ᠵᠢᠯᠣᠭᠣᠳᠤᠨ 《ᠨᠡᠭᠦᠳᠡᠯ ᠬᠠᠷᠠᠭᠤᠯ》 ᠪᠣᠯᠭᠠᠵᠤ᠂ 《ᠲᠠᠪᠤ᠎ᠶ᠋ᠢ ᠳᠠᠭᠠᠵᠤ ᠵᠢᠷᠭᠤᠭ᠎ᠠ᠎ᠶ᠋ᠢ ᠬᠠᠪᠰᠤᠷᠬᠤ》 ᠲᠤᠰᠭᠠᠶ ᠠᠵᠢᠯᠯᠠᠭ᠎ᠠ ᠥᠷᠨᠢᠭᠦᠯᠵᠦ᠍᠂ ᠠᠵᠢᠯ ᠲᠥᠷᠥᠯ᠎ᠦᠨ ᠵᠠᠰᠠᠯᠲᠠ᠂ ᠦᠨᠳᠦᠰᠦᠨ ᠱᠠᠲᠤᠨ᠎ᠤ ᠵᠠᠰᠠᠯᠲᠠ᠎ᠳᠤ ᠣᠷᠣᠯᠴᠠᠬᠤ᠎ᠶ᠋ᠢ ᠳᠠᠮᠵᠢᠵᠤ᠂ ᠠᠵᠢᠯ ᠮᠡᠷᠭᠡᠵᠢᠯ᠎ᠦᠨ ᠮᠡᠳᠡᠷᠡᠮᠵᠢ᠎ᠶ᠋ᠢᠨ ᠲᠥᠷᠥᠭ᠌ᠳᠡᠯ ᠪᠠ ᠨᠡᠢᠭᠡᠮ᠎ᠦᠨ ᠬᠠᠷᠢᠶᠠᠯᠠᠭ᠍ᠳᠠᠬᠤ ᠲᠥᠷᠥᠭ᠌ᠳᠡᠯ᠎ᠢ ᠨᠢ ᠳᠡᠭᠡᠭ᠌ᠰᠢᠯᠡᠭᠦᠯᠬᠦ᠌ ᠬᠡᠷᠡᠭ᠌ᠲᠡᠶ᠃ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢ ᠰᠣᠩᠭᠣᠨ ᠪᠣᠶ ᠪᠣᠯᠭᠠᠵᠤ᠂ ᠠᠵᠢᠯ ᠲᠥᠷᠥᠯ᠎ᠦᠨ ᠲᠡᠷᠢᠭᠦᠨ᠎ᠦ ᠪᠠ ᠱᠢᠯᠢᠳᠡᠭ᠎ᠢ ᠱᠢᠯᠭᠠᠷᠠᠭᠤᠯᠬᠤ᠎ᠶ᠋ᠢ ᠵᠣᠬᠢᠶᠠᠨ ᠪᠠᠢᠭᠤᠯᠵᠤ᠂ ᠡᠯ᠎ᠡ ᠱᠠᠲᠤᠨ᠎ᠤ ᠢᠷᠠᠭᠤ ᠠᠯᠳᠠᠷ᠎ᠢ ᠲᠠᠨᠢᠯᠴᠠᠭᠤᠯᠤᠨ ᠮᠡᠳᠡᠭᠦᠯᠵᠦ᠍᠂ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠤᠬᠠᠭᠤᠯᠤᠨ᠂ ᠠᠵᠢᠯ ᠲᠥᠷᠥᠯ᠎ᠦᠨ ᠢᠳᠡᠪᠬᠢ ᠬᠦᠴᠦᠨ᠎ᠢ ᠨᠢᠭ᠍ᠲᠠᠷᠠᠭᠤᠯᠵᠤ᠂ ᠲᠦᠷᠭᠡᠨ ᠬᠦᠷᠭᠡᠭ᠌ᠴᠢ᠎ᠶ᠋ᠢ ᠬᠠᠯᠠᠮᠵᠢᠯᠠᠨ ᠬᠠᠢᠷᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ ᠬᠡᠷᠡᠭ᠌ᠲᠡᠶ ᠬᠡᠵᠦ ᠱᠠᠭᠠᠷᠳᠠᠵᠠᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号