ᠥᠪᠥᠷ ᠮᠣᠩᠭᠣᠯ ᠤ᠋ᠨ ᠲᠦᠷᠦᠯ ᠲᠡᠮᠲᠡᠭ ᠢ᠋ᠶ᠋ᠡᠷ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠦᠭᠵᠢᠯᠲᠡ ᠳ᠋ᠤ ᠬᠦᠴᠦᠨ ᠨᠡᠮᠡᠷᠢᠯᠡᠭᠰᠡᠨ ᠬᠡᠷᠡᠭ ᠤ᠋ᠨ ᠵᠢᠱ᠌ᠢᠶ᠎ᠡ ᠪᠥᠬᠥ᠌ ᠤᠯᠤᠰ ᠤ᠋ᠨ ᠨᠡᠢᠲᠡᠯᠢᠭ ᠵᠢᠱ᠌ᠢᠶ᠎ᠡ ᠎ᠪᠡᠷ ᠰᠤᠡᠭᠭᠤᠭᠳᠠᠪᠠ
2026-07-06 10:41:32
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠳᠤᠮᠳᠠᠳᠤ ᠤᠯᠤᠰ ᠤ᠋ᠨ ᠬᠤᠪᠢ ᠶ᠋ᠢᠨ ᠬᠥᠳᠡᠯᠮᠦᠷᠢᠴᠢᠳ ᠤ᠋ᠨ ᠨᠡᠢᠭᠡᠮᠯᠢᠭ ᠡᠴᠡ ᠬᠤᠪᠢ ᠶ᠋ᠢᠨ ᠬᠦᠳᠡᠯᠮᠦᠷᠢᠴᠢᠨ ᠪᠠ ᠬᠤᠪᠢ ᠶ᠋ᠢᠨ ᠡᠵᠡᠩᠨᠡᠯᠲᠡ ᠶ᠋ᠢᠨ ᠠᠵᠤ ᠠᠬᠤᠢᠯᠠᠯ ᠤ᠋ᠨ ᠨᠡᠢᠭᠡᠮᠯᠢᠭ ᠤ᠋ᠨ ᠱᠢᠰᠲ᠋ᠧᠮ ᠤ᠋ᠨ ᠬᠤᠪᠢ ᠶ᠋ᠢᠨ ᠦᠶ᠋ᠯᠡᠳᠪᠦᠷᠢ  ᠬᠤᠳᠠᠯᠳᠤᠭᠠᠨ ᠤ᠋  ᠡᠷᠦᠬᠡ ᠶ᠋ᠢᠨ ᠬᠦᠭᠵᠢᠯᠲᠡ ᠳ᠋ᠤ ᠦᠶ᠋ᠯᠡᠴᠢᠯᠡᠭᠰᠡᠨ ᠠᠷᠪᠠᠨ ᠶᠡᠬᠡ ᠨᠡᠢᠲᠡᠯᠢᠭ ᠬᠡᠷᠡᠭ ᠤ᠋ᠨ ᠵᠢᠱ᠌ᠢᠶ᠎ᠡ ᠵᠢ ᠨᠡᠢᠲᠡᠯᠡᠵᠦ᠍᠂ ᠥᠪᠥᠷ ᠮᠣᠩᠭᠣᠯ ᠤ᠋ᠨ ᠮᠡᠳᠡᠭᠦᠯᠦᠨ ᠬᠦᠷᠭᠡᠭ᠌ᠰᠡᠨ 《ᠲᠦᠷᠦᠯ ᠲᠡᠮᠲᠡᠭ ᠢ᠋ᠶ᠋ᠡᠷ 〈ᠨᠠᠷᠠᠲᠤ ᠣᠨᠴᠠᠯᠢᠬᠲᠤ ᠱᠢᠯᠢᠳᠡᠭ ᠱᠢᠨ᠎ᠡ〉 ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠦᠭᠵᠢᠯᠲᠡ ᠳ᠋ᠤ ᠬᠦᠴᠦᠨ ᠨᠡᠮᠡᠷᠢᠯᠡᠭᠰᠡᠨ》 ᠬᠡᠷᠡᠭ ᠤ᠋ᠨ ᠵᠢᠱ᠌ᠢᠶ᠎ᠡ ᠠᠮᠵᠢᠯᠲᠠ ᠲᠠᠢ ᠰᠣᠩᠭᠣᠭ᠍ᠳᠠᠪᠠ᠃

ᠣᠢᠷ᠎ᠠ ᠶ᠋ᠢᠨ ᠵᠢᠯ ᠡᠴᠡ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠬᠤᠪᠢ ᠶ᠋ᠢᠨ ᠡᠵᠡᠩᠨᠡᠯᠲᠡ ᠶ᠋ᠢᠨ ᠠᠵᠤ ᠠᠬᠤᠢᠯᠠᠯ ᠤ᠋ᠨ ᠨᠡᠢᠭᠡᠮᠯᠢᠭ ᠤ᠋ᠨ ᠬᠢᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋  ᠡᠷᠦᠬᠡ  ᠶ᠋ᠢᠨ ᠶᠠᠰᠤ  ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ 《ᠦᠵᠡᠰᠭᠦᠯᠡᠩᠲᠦ ᠰᠠᠢᠬᠠᠨ ᠤᠮᠠᠷᠠᠲᠤ ᠤᠷᠤᠨ᠂ ᠨᠠᠷᠠᠲᠤ  ᠣᠨᠴᠠᠯᠢᠠᠠᠳᠣ ᠱᠢᠯᠢᠳᠡᠭ ᠱᠢᠨ᠎ᠡ》 ᠲᠥᠷᠥᠯ ᠲᠡᠮᠳᠡᠭ᠌ ᠢ᠋ᠶ᠋ᠡᠷ ᠬᠦᠴᠦᠨ ᠨᠡᠮᠡᠷᠢᠯᠡᠬᠦ ᠲᠥᠯᠥᠪᠯᠡᠭᠡ ᠵᠢ ᠨᠠᠢᠳᠠᠪᠤᠷᠢᠵᠢᠭᠤᠯᠵᠦ᠂ ᠲᠥᠷᠥᠯ ᠲᠡᠮᠳᠡᠭ᠌ ᠢ᠋ ᠪᠣᠢᠵᠢᠭᠤᠯᠬᠤ᠂ ᠮᠡᠷᠭᠡᠵᠢᠯ ᠴᠢᠳᠠᠪᠤᠷᠢ ᠵᠢ ᠳᠡᠭᠡᠭ᠌ᠰᠢᠯᠡᠭᠦᠯᠬᠦ᠌᠂ ᠪᠡᠯᠡ ᠬᠤᠷᠠᠮᠳᠤᠭᠤᠯᠬᠤ ᠳ᠋ᠤ ᠬᠠᠪᠰᠤᠷᠬᠤ ᠵᠡᠷᠭᠡ ᠣᠯᠠᠨ ᠲᠠᠯ᠎ᠠ ᠡᠴᠡ ᠣᠨᠤᠴᠠᠲᠠᠢ ᠠᠷᠭ᠎ᠠ ᠪᠣᠳᠣᠯᠭ᠎ᠠ ᠬᠡᠷᠡᠭ᠌ᠵᠢᠭᠦᠯᠵᠦ᠍᠂ ᠬᠤᠪᠢ ᠶ᠋ᠢᠨ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠬᠥᠭ᠌ᠵᠢᠯᠲᠡ ᠶ᠋ᠢᠨ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ᠃ ᠡᠯ᠎ᠡ ᠲᠥᠷᠥᠯ ᠤ᠋ᠨ ᠰᠦᠯᠵᠢᠶᠡᠨ ᠳᠡᠭᠡᠷᠡᠬᠢ ᠲᠠᠪᠴᠠᠩ ᠳ᠋ᠤ ᠲᠦᠱᠢᠭ᠌ᠯᠡᠨ 《ᠨᠡᠷᠡᠲᠦ᠂ ᠣᠨᠴᠠᠯᠢᠬᠲᠤ᠂ ᠱᠢᠯᠢᠳᠡᠭ᠂ ᠱᠢᠨ᠎ᠡ》 ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠲᠤᠰᠭᠠᠶ ᠰᠡᠳᠦᠪᠲᠦ ᠲᠣᠭᠣᠷᠢᠨ ᠦᠵᠡᠭᠦᠯᠭᠡ ᠵᠢ ᠡᠷᠬᠢᠯᠡᠵᠦ᠍᠂ ᠪᠤᠳᠠᠳᠤ ᠲᠠᠯᠠᠪᠤᠷ ᠲᠦ᠍ ᠪᠦᠲᠦᠭᠡᠭ᠌ᠳᠡᠬᠦᠨ ᠢ᠋ ᠳᠡᠯᠭᠡᠨ ᠪᠣᠷᠣᠯᠠᠭᠤᠯᠬᠤ ᠠᠵᠢᠯᠯᠠᠭ᠎ᠠ ᠵᠢ ᠪᠠᠢᠩᠭᠤᠵᠢᠭᠤᠯᠤᠨ ᠡᠷᠬᠢᠯᠡᠵᠦ᠍᠂ ᠲᠤᠰ ᠭᠠᠵᠠᠷ ᠣᠷᠣᠨ ᠤ᠋ ᠣᠨᠴᠠᠯᠢᠭ᠍ᠲᠤ ᠪᠦᠲᠦᠭᠡᠭ᠌ᠳᠡᠬᠦᠨ ᠤ᠋ ᠪᠣᠷᠣᠯᠠᠭᠤᠯᠭ᠎ᠠ ᠵᠢ ᠥᠷᠭᠡᠳᠭᠡᠪᠡ; ᠣᠬᠣᠷ ᠸᠢᠳᠢᠣ᠋ ᠦᠢᠯᠡᠳᠬᠦ ᠪᠣᠳᠠᠲᠤ ᠠᠵᠢᠯᠯᠠᠭᠠᠨ ᠤ᠋ ᠬᠢᠴᠢᠶᠡᠯ ᠢ᠋ ᠲᠤᠬᠢᠷᠠᠭᠤᠯᠵᠤ᠂ ᠰᠦᠯᠵᠢᠶᠡᠨ ᠳᠡᠭᠡᠷᠡᠬᠢ ᠪᠠ ᠲᠤᠬᠠᠢ ᠶ᠋ᠢᠨ ᠲᠠᠯᠠᠪᠤᠷ ᠤ᠋ᠨ ᠱᠢᠨ᠎ᠡ ᠵᠠᠭᠤᠴᠢᠯᠠᠭᠤᠷ ᠤ᠋ᠨ ᠠᠵᠢᠯᠯᠠᠭᠠᠨ ᠤ᠋ ᠪᠣᠯᠪᠠᠰᠤᠷᠠᠯ ᠢ᠋ ᠵᠡᠷᠭᠡ ᠪᠡᠷ ᠥᠷᠨᠢᠭᠦᠯᠪᠡ᠃ ᠡᠭᠦᠨ ᠡᠴᠡ ᠭᠠᠳᠠᠨ᠎ᠠ᠂ ᠵᠠᠰᠠᠭ ᠤ᠋ᠨ ᠤᠷᠳᠤᠨ ᠪᠠᠩᠬᠢ ᠠᠵᠤ ᠠᠬᠤᠢᠯᠠᠯ ᠤ᠋ᠨ ᠬᠣᠯᠪᠣᠭᠠᠯᠠᠨ ᠬᠥᠳᠡᠯᠦᠯᠴᠡᠬᠦ᠌ ᠲᠠᠪᠴᠠᠩ ᠢ᠋ ᠢᠳᠡᠪᠬᠢᠲᠡᠶ ᠪᠠᠢᠭᠤᠯᠤᠨ᠂ ᠪᠠᠯᠠ ᠬᠤᠷᠠᠮᠳᠤᠭᠤᠯᠬᠤ ᠵᠢ ᠵᠣᠯᠭᠠᠭᠤᠯᠬᠤ ᠠᠷᠭ᠎ᠠ ᠵᠠᠮ ᠢ᠋ ᠨᠡᠪᠲᠡᠷᠡᠭᠦᠯᠵᠦ᠂ ᠣᠯᠠᠨ ᠵᠦᠶ᠋ᠯ ᠤ᠋ᠨ ᠠᠷᠭ᠎ᠠ ᠬᠡᠮᠵᠢᠶ᠎ᠡ ᠵᠢ ᠵᠡᠷᠭᠡ ᠪᠡᠷ ᠬᠡᠷᠡᠭ᠌ᠯᠡᠵᠦ᠍ ᠪᠠᠢᠭᠠᠳ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠲᠦᠷᠦᠯ ᠲᠡᠮᠲᠡᠭ ᠢ᠋ ᠪᠣᠶ ᠪᠣᠯᠭᠠᠬᠤ᠂ ᠵᠠᠬ᠎ᠠ ᠳᠡᠯᠭᠡᠭᠦᠷ ᠢ᠋ ᠥᠷᠭᠡᠳᠭᠡᠬᠦ᠂ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ ᠳ᠋ᠤ ᠬᠠᠪᠰᠤᠷᠴᠤ᠂ ᠲᠦᠷᠦᠯ ᠲᠡᠮᠲᠡᠭ ᠢ᠋ᠶ᠋ᠡᠷ ᠬᠦᠴᠦᠨ ᠣᠯᠭᠣᠬᠤ ᠪᠣᠳᠠᠲᠤ ᠦᠷ᠎ᠡ ᠪᠦᠲᠦᠮᠵᠢ ᠨᠡᠨᠭ ᠳᠤᠪᠤᠢᠮ᠎ᠠ ᠪᠤᠯᠪᠠ᠃

ᠤᠢᠯᠠᠭᠠᠬᠰᠠᠨ ᠢ᠋ᠶ᠋ᠡᠷ᠂ 2025 ᠣᠨ ᠤ᠋ ᠰᠡᠭᠦᠯᠴᠢ  ᠪᠣᠯᠲᠠᠯ᠎ᠠ ᠥᠪᠥᠷ ᠮᠣᠩᠭᠣᠯ ᠤ᠋ᠨ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ 222.18 ᠲᠦᠮᠡ ᠪᠣᠯᠪᠠ᠃ ᠲᠠᠷᠠᠭᠠᠴᠢ ᠪᠡᠷ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠬᠤᠪᠢ ᠶ᠋ᠢᠨ ᠡᠵᠡᠩᠨᠡᠯᠲᠡ ᠶ᠋ᠢᠨ ᠠᠵᠤ ᠠᠬᠤᠢᠯᠠᠯ ᠤ᠋ᠨ ᠨᠡᠢᠭᠡᠮᠯᠢᠭ ᠤ᠋ᠨ ᠬᠢᠨ ᠲᠦᠷᠦᠯ ᠲᠡᠮᠲᠡᠭ ᠢ᠋ᠶ᠋ᠡᠷ ᠬᠦᠴᠦᠨ ᠨᠡᠮᠡᠷᠢᠯᠡᠬᠦ ᠠᠷᠭ᠎ᠠ ᠬᠡᠮᠵᠢᠶ᠎ᠡ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠤᠪᠢ ᠶ᠋ᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠵᠢ ᠪᠣᠢᠵᠢᠭᠤᠯᠬᠤ ᠦᠶ᠋ᠯᠡᠴᠢᠯᠡᠭᠡᠨ ᠤ᠋ ᠵᠠᠭ᠍ᠪᠤᠷ ᠢ᠋ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠥᠪᠥᠷ ᠮᠣᠩᠭᠣᠯ ᠤ᠋ᠨ ᠪᠠᠭ᠎ᠠ ᠵᠢᠵᠢᠭ ᠡᠵᠡᠩᠨᠡᠯᠲᠡ ᠶ᠋ᠢᠨ ᠭᠤᠤᠯ ᠴᠣᠭ᠍ᠴᠠ ᠶ᠋ᠢᠨ ᠲᠠᠰᠤᠷᠠᠯᠲᠠ ᠦᠭᠡᠢ ᠪᠤᠵᠠᠭᠠᠢᠷᠠᠬᠤ ᠳ᠋ᠤ ᠬᠦᠴᠦᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号