ᠥᠪᠥᠷ ᠮᠣᠩᠭᠣᠯ 1.03 ᠳ᠋ᠦᠩᠰᠢᠭᠤᠷ ᠲᠥᠭᠥᠷᠢᠭ᠎ᠤᠨ ᠪᠡᠯᠡ ᠮᠦᠨᠭᠬᠦ ᠪᠠᠭᠤᠯᠭᠠᠵᠤ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠶ᠋ᠢᠭᠤᠯᠤᠯᠲᠠ᠎ᠵᠢ ᠲᠠᠮᠵᠢᠵᠤ ᠪᠤᠢ
2026-07-06 10:58:38
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠢᠨ ᠥᠪᠥᠷ ᠮᠣᠩᠭᠣᠯ᠎ᠤᠨ ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠶ᠋ᠢᠭᠤᠯᠤᠯᠲᠠ᠎ᠶᠢᠨ ᠲᠤᠰᠬᠠᠢ  ᠪᠡᠯᠡ  ᠮᠥᠩᠭᠥ᠎ᠶᠢ 1.03 ᠳ᠋ᠦᠩᠰᠢᠭᠤᠷ ᠲᠥᠭᠥᠷᠢᠭ ᠪᠠᠭᠤᠯᠭᠠᠵᠤ᠂ 65 ᠰᠣᠶᠣᠯ᠎ᠤᠨ ᠭᠤᠤᠯᠳᠠᠯᠭ᠎ᠠ ᠲᠠᠢ ᠲᠦᠷᠦᠯ ᠵᠦᠢᠯ᠎ᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ᠌᠎ᠶᠢ ᠳᠡᠮᠵᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠪᠦᠬᠦ᠌ ᠣᠷᠣᠨ᠎ᠤ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠶᠢᠨ ᠶᠡᠬᠡ ᠲᠠᠯ᠎ᠠ᠎ᠳᠤ ᠪᠦᠬᠦ᠌ ᠬᠦᠴᠦᠨ᠎ᠢᠶᠠᠷ᠎ᠢᠶᠠᠨ ᠤᠢᠯᠡᠴᠢᠯᠡᠵᠤ ᠪᠠᠢᠨ᠎ᠡ᠃

ᠣᠶ᠋ᠢᠯᠠᠭᠠᠭᠰᠠᠨ᠎ᠢᠶᠠᠷ᠂ ᠲᠣᠰ ᠤᠳᠠᠭ᠎ᠠ ᠪᠠᠭᠤᠯᠭᠠᠭᠰᠠᠨ ᠲᠤᠰᠬᠠᠢ ᠪᠡᠯᠡ ᠮᠥᠩᠭᠥ᠎ᠶᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠲᠥᠰᠥᠪ᠎ᠠᠴᠠ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠰᠣᠶᠣᠯ᠎ᠤ᠋ᠨ ᠬᠦᠴᠦᠷᠬᠡᠭ ᠤᠷᠤᠨ ᠤ᠋ ᠪᠦᠲᠦᠭᠡᠨ ᠪᠠᠶ᠋ᠢᠭᠤᠯᠤᠯᠲᠠ᠎ᠶᠢᠨ ᠭᠣᠣᠯ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠥᠷᠪᠡᠨ ᠶᠡᠬᠡ ᠵᠠᠩᠭᠢᠯᠠᠭ᠎ᠠ᠎ᠶᠢᠨ ᠬᠦᠷᠢᠶᠡᠨ᠎ᠳᠤ ᠣᠨᠣᠴᠠᠲᠠᠢ᠎ᠪᠠᠷ ᠪᠡᠯᠡ ᠤᠷᠤᠭᠤᠯᠤᠨ᠎ᠡ᠃ ᠰᠤᠶᠤᠯ ᠤ᠋ᠨ ᠬᠦᠴᠦᠷᠬᠡᠭ ᠤᠷᠤᠨ ᠤ᠋ ᠪᠦᠲᠦᠭᠡᠨ ᠪᠠᠶ᠋ᠢᠭᠤᠯᠤᠯᠲᠠ᠎ᠶᠢᠨ ᠰᠠᠭᠤᠷᠢ ᠣᠨᠣᠯ᠎ᠤᠨ ᠰᠤᠳᠤᠯᠭᠠᠨ ᠤ᠋ ᠣᠨᠣᠯ᠎ᠤᠨ ᠰᠠᠭᠤᠷᠢ᠎ᠶᠢ ᠪᠡᠬᠢᠵᠢᠭᠦᠯᠤᠨ᠎ᠠ; ᠰᠣᠶᠣᠯ᠎ᠤᠨ ᠬᠦᠴᠦᠷᠬᠡᠭ ᠣᠷᠣᠨ᠎ᠤ ᠪᠦᠲᠦᠭᠡᠨ ᠪᠠᠶ᠋ᠢᠭᠤᠯᠤᠯᠲᠠ᠎ᠶᠢᠨ ᠠᠭᠤᠯᠭ᠎ᠠ᠎ᠶᠢ ᠵᠣᠬᠢᠶᠠᠨ ᠪᠦᠲᠦᠭᠡᠵᠦ᠍ ᠦᠢᠯᠡᠳᠪᠦᠷᠢᠯᠡᠵᠦ᠂ ᠰᠢᠨ᠎ᠡ᠎ᠶᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭᠵᠢᠭᠡᠨ᠎ᠡ; ᠰᠣᠶᠣᠯ᠎ᠤᠨ ᠬᠦᠴᠦᠷᠬᠡᠭ ᠣᠷᠣᠨ᠎ᠢ ᠪᠦᠲᠦᠭᠡᠨ ᠪᠠᠢ᠌ᠭᠤᠯᠬᠤ ᠲᠥᠷᠥᠯ ᠲᠡᠮᠳᠡᠭ᠎ᠢ ᠤᠬᠠᠭᠤᠯᠤᠨ ᠳᠡᠯᠭᠡᠷᠡᠭᠦᠯᠵᠦ᠍᠂ ᠰᠣᠶᠣᠯ᠎ᠤᠨ ᠨᠥᠯᠥᠭᠡᠯᠡᠬᠦ᠌ ᠬᠦᠴᠦᠨ᠎ᠢ ᠨᠡᠮᠡᠭᠳᠡᠬᠦᠯᠦᠨ᠎ᠡ; ᠰᠣᠶᠣᠯ᠎ᠤ᠋ᠨ ᠬᠦᠴᠦᠷᠬᠡᠭ ᠤᠷᠤᠨ ᠤ᠋ ᠪᠦᠳᠦᠬᠡᠨ ᠪᠠᠢᠭᠤᠯᠤᠯᠳᠡ ᠯᠤᠭ᠎ᠠ ᠬᠤᠯᠪᠤᠭᠳᠠᠬᠤ ᠬᠠᠮᠢᠶ᠎ᠠ ᠪᠦᠬᠦᠢ ᠰᠣᠶᠣᠯ᠎ᠤᠨ ᠠᠵᠤ ᠦᠢᠯᠡᠰ᠎ᠤᠨ ᠲᠥᠷᠥᠯ ᠵᠦᠢᠯ᠎ᠢ ᠪᠠᠶ᠋ᠢᠭᠤᠯᠵᠤ᠂ ᠣᠯᠠᠨ ᠨᠡᠢ᠌ᠲᠡ᠎ᠶᠢᠨ ᠰᠣᠶᠣᠯ᠎ᠤᠨ ᠰᠠᠭᠤᠷᠢ᠎ᠶᠢ ᠪᠡᠬᠢᠵᠢᠭᠦᠯᠦᠨ᠎ᠡ᠃ ᠪᠡᠯᠡ ᠮᠥᠩᠭᠥ᠌ ᠬᠤᠪᠢᠶᠠᠷᠢᠯᠠᠬᠤ ᠠᠷᠭ᠎ᠠ ᠮᠠᠶᠢᠭ᠎ᠤᠨ ᠲᠠᠯ᠎ᠠ᠎ᠪᠠᠷ᠂ ᠨᠥᠬᠥᠪᠦᠷᠢ ᠤᠯᠭᠤᠬᠤ ᠪᠤᠯᠤᠨ ᠱᠠᠩᠨᠠᠬᠤ ᠬᠣᠶᠠᠷ ᠵᠦᠢᠯ᠎ᠤᠨ ᠬᠡᠯᠪᠡᠷᠢ ᠪᠡᠷ ᠲᠦᠷᠤᠯ ᠵᠦᠢᠯ᠎ᠤ᠋ᠨ ᠠᠷᠭ᠎ᠠ ᠬᠡᠯᠪᠡᠷᠢ ᠪᠡᠷ ᠬᠤᠪᠢᠶᠠᠷᠢᠯᠠᠬᠤ ᠠᠷᠭ᠎ᠠ᠎ᠶᠢ ᠬᠡᠷᠡᠭᠵᠢᠭᠦᠯᠦᠨ᠂ ᠲᠦᠷᠦᠯ ᠵᠦᠢᠯ᠎ᠢᠶᠠᠷ ᠭᠣᠣᠯᠯᠠᠭᠤᠯᠤᠨ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠠᠷᠢᠯᠢᠭ ᠣᠨᠣᠴᠠᠲᠠᠢ ᠲᠣᠬᠢᠷᠠᠭᠤᠯᠵᠤ᠂ ᠪᠡᠯᠡ ᠮᠥᠩᠭᠥ᠎ᠶᠢᠨ ᠬᠡᠷᠡᠭᠯᠡᠯᠲᠡ᠎ᠶᠢᠨ ᠬᠠᠨᠳᠤᠯᠭᠠᠲᠤ᠌ ᠴᠢᠨᠠᠷ᠂ ᠵᠢᠷᠤᠮᠵᠢᠯᠳᠤ ᠴᠢᠨᠠᠷ ᠪᠠ ᠪᠣᠳᠠᠲᠤ᠌ ᠪᠦᠲᠦᠮᠵᠢᠲᠦ᠍ ᠴᠢᠨᠠᠷ᠎ᠢ ᠦᠨᠡᠨ ᠬᠦ᠌ ᠳᠡᠭᠡᠭᠰᠢᠯᠡᠭᠦᠯᠦᠨ᠂ ᠮᠥᠩᠭᠥ᠌ ᠪᠤᠯᠭᠠᠨ ᠢ᠋ ᠴᠥᠮ ᠴᠢᠬᠤᠯᠠᠲᠠᠢ ᠭᠠᠵᠠᠷ᠎ᠲᠤᠨᠢ ᠬᠡᠷᠡᠭᠯᠡᠬᠦ᠌᠎ᠶᠢ ᠦᠨᠡᠨ ᠬᠦ᠌ ᠪᠠᠲᠤᠯᠠᠨ᠎ᠠ᠃

《ᠬᠤᠢᠰᠢᠳᠠ᠂ ᠪᠢᠳᠡ ᠲᠤᠰᠬᠠᠢ ᠪᠡᠯᠡ ᠮᠥᠩᠭᠥ᠎ᠶᠢᠨ ᠪᠥᠬᠥ᠌ ᠶᠠᠪᠤᠴᠠ᠎ᠶᠢᠨ ᠬᠢᠨᠠᠯᠲᠠ ᠬᠠᠮᠢᠶᠠᠷᠤᠯᠲᠠ᠎ᠶᠢ ᠦᠷᠭᠦᠯᠵᠢᠯᠡᠨ ᠴᠢᠩᠭᠠᠳᠬᠠᠵᠤ᠂ ᠪᠡᠯᠡ ᠮᠥᠩᠭᠥ᠌ ᠬᠡᠷᠡᠭᠯᠡᠬᠦ᠌ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠪᠣᠳᠠᠲᠠᠶ᠋ᠢᠵᠢᠭᠤᠯᠤᠨ᠂ ᠪᠡᠯᠡ ᠮᠥᠩᠭᠥ᠌ ᠪᠠᠭᠤᠯᠭᠠᠬᠤ᠂ ᠬᠡᠷᠡᠭᠯᠡᠬᠦ᠌ ᠪᠠ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠵᠢᠷᠤᠮᠵᠢᠭᠤᠯᠵᠤ᠂ ᠡᠳ᠋᠎ᠤᠨ ᠵᠠᠰᠠᠭ᠎ᠤᠨ ᠪᠡᠯᠡ ᠮᠥᠩᠭᠥ᠎ᠶᠢᠨ ᠥᠨᠳᠥᠷ ᠪᠦᠲᠦᠮᠵᠢᠲᠡᠶ ᠪᠥᠭᠡᠳ ᠬᠦᠴᠦᠨ ᠣᠯᠭᠣᠬᠤ ᠰᠣᠶᠣᠯ᠎ᠤᠨ ᠦᠢᠯᠡᠰ᠎ᠤᠨ ᠬᠥᠭᠵᠢᠯᠲᠡ᠎ᠶᠢ ᠠᠬᠢᠭᠤᠯᠵᠤ᠂ ᠰᠣᠶᠣᠯ᠎ᠤᠨ ᠬᠦᠴᠦᠷᠬᠡᠭ ᠣᠷᠣᠨ᠎ᠢ ᠲᠦᠷᠭᠡᠳᠬᠡᠨ ᠪᠠᠢ᠌ᠭᠤᠯᠬᠤ᠎ᠳᠤ ᠪᠠᠲᠤ᠌ ᠪᠡᠬᠢ ᠡᠳ᠋᠎ᠤᠨ ᠵᠠᠰᠠᠭ᠎ᠤᠨ ᠪᠠᠲᠤᠯᠠᠭ᠎ᠠ ᠬᠠᠩᠭᠠᠨ᠎ᠠ》 ᠭᠡᠵᠦ᠍ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠬᠠᠮᠢᠶ᠎ᠡ ᠪᠦᠬᠦᠢ ᠬᠠᠷᠢᠭᠤᠴᠠᠯᠭᠠᠲᠠᠨ ᠭᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号