
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠡᠷᠢᠭ ᠡᠯᠰᠡᠬᠦ ᠠᠵᠢᠯ᠎ᠤᠨ ᠳᠦᠷᠢᠮ》
ᠰᠢᠨ᠎ᠡ᠎ᠪᠡᠷ ᠵᠠᠰᠠᠪᠤᠷᠢ ᠣᠷᠣᠭᠤᠯᠤᠭᠰᠠᠨ 《ᠳᠦᠷᠢᠮ》 ᠳ᠋ᠤ ᠶᠡᠷᠦᠩᠬᠡᠢ ᠵᠠᠷᠴᠢᠮ᠂ ᠴᠡᠷᠢᠭ ᠡᠯᠰᠡᠬᠦ ᠪᠡᠯᠡᠳᠬᠡᠯ᠂ ᠪᠡᠶ᠎ᠡ᠎ᠶᠢᠨ ᠪᠠᠢᠴᠠᠭᠠᠯᠲᠠ ᠪᠠ ᠤᠯᠤᠰ ᠲᠥᠷᠥ᠎ᠶᠢᠨ ᠬᠢᠨᠠᠨ ᠰᠢᠯᠭᠠᠯᠲᠠ᠂ ᠰᠢᠨ᠎ᠡ ᠴᠡᠷᠢᠭ᠎ᠢ ᠬᠢᠨᠠᠨ ᠲᠣᠭᠲᠠᠭᠠᠬᠤ ᠪᠠ ᠲᠤᠰᠢᠶᠠᠨ ᠥᠭᠴᠦ ᠵᠦᠭᠡᠭᠡᠪᠤᠷᠢᠯᠡᠬᠦ᠂ ᠪᠤᠴᠠᠭᠠᠨ ᠶᠠᠪᠤᠭᠤᠯᠤᠬᠰᠠᠨ ᠰᠢᠨ᠎ᠡ ᠴᠡᠷᠢᠭ ᠢ᠋ ᠬᠦᠯᠢᠶᠠᠨ ᠠᠪᠬᠤ᠂ ᠠᠵᠢᠯ᠎ᠤᠨ ᠪᠠᠲᠤᠯᠠᠭ᠎ᠠ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ ᠨᠡᠶ᠋ᠢᠲᠡ ᠨᠠᠢ᠍ᠮᠠᠨ ᠪᠦᠯᠦᠭ 41 ᠵᠦᠢᠯ ᠪᠣᠶ᠃
《ᠳᠦᠷᠢᠮ》 ᠳ᠋ᠤ᠂ ᠡᠷᠡᠭᠲᠡᠢ ᠴᠡᠷᠢᠭ ᠡᠯᠰᠡᠬᠦ ᠠᠵᠢᠯ᠎ᠢ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ᠎ᠡᠴᠡ ᠲᠥᠪᠯᠡᠷᠡᠭᠦᠯᠦᠨ ᠵᠣᠬᠢᠶᠠᠨ ᠪᠠᠢᠭᠤᠯᠵᠤ ᠬᠡᠷᠡᠭᠵᠢᠭᠦᠯᠦᠨ᠎ᠡ᠂ ᠡᠯᠰᠡᠬᠦ ᠡᠭᠦᠷᠭᠡ᠎ᠶᠢᠨ ᠲᠣᠭ᠎ᠠ ᠨᠢ ᠴᠥᠭᠡᠨ ᠪᠣᠯ ᠠᠢᠮᠠᠭ᠎ᠤᠨ ᠵᠠᠬᠢᠷᠭ᠎ᠠ᠂ ᠲᠣᠭᠣᠷᠢᠭ᠋ᠪᠠᠢᠭᠤᠯᠤᠬᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ᠎ᠡᠴᠡ ᠨᠢᠭᠡᠳᠦᠯᠲᠡᠢ ᠵᠣᠬᠢᠶᠠᠨ ᠪᠠᠶ᠋ᠢᠭᠤᠯᠬᠤ ᠪᠤᠶᠤ ᠬᠡᠰᠡᠭ ᠬᠤᠪᠢᠶᠠᠨ ᠲᠥᠪᠯᠡᠷᠡᠭᠦᠯᠦᠨ ᠵᠣᠬᠢᠶᠠᠨ ᠪᠠᠢᠭᠤᠯᠵᠤ ᠪᠣᠯᠣᠨ᠎ᠠ᠃ ᠡᠮᠡᠭᠲᠡᠢ ᠴᠡᠷᠢᠭ ᠡᠯᠰᠡᠬᠦ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ ᠪᠤᠶᠤ ᠠᠢᠮᠠᠭ᠎ᠤᠨ ᠵᠠᠬᠢᠷᠭ᠎ᠠ᠂ ᠲᠣᠭᠣᠷᠢᠭ᠋ᠪᠠᠢᠭᠤᠯᠤᠬᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ᠎ᠡᠴᠡ ᠲᠥᠪᠯᠡᠷᠡᠭᠦᠯᠦᠨ ᠵᠣᠬᠢᠶᠠᠨ ᠪᠠᠢᠭᠤᠯᠤᠨ ᠬᠡᠷᠡᠭᠵᠢᠭᠦᠯᠵᠦ᠂ ᠬᠣᠰᠢᠭᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠴᠡᠷᠢᠭ ᠡᠯᠰᠡᠬᠦ ᠠᠯᠪᠠᠨ ᠭᠡᠷ ᠬᠠᠮᠵᠢᠯᠴᠠᠨ ᠬᠠᠮᠢᠶ᠎ᠠ ᠪᠦᠬᠦᠢ ᠠᠵᠢᠯ᠎ᠢ ᠥᠷᠨᠢᠭᠦᠯᠦᠨ᠎ᠡ ᠭᠡᠵᠦ ᠲᠤᠬᠳᠠᠭᠠᠪᠠ᠃
《ᠳᠦᠷᠢᠮ》 ᠳ᠋ᠤ᠂ ᠰᠢᠨ᠎ᠡ ᠴᠡᠷᠢᠭ ᠴᠡᠷᠢᠭ᠎ᠲᠦ ᠣᠷᠣᠬᠤ᠎ᠶᠢ ᠵᠥᠪᠰᠢᠶᠡᠷᠡᠭᠰᠡᠨ ᠡᠳᠦᠷ᠎ᠡᠴᠡ ᠡᠬᠢᠯᠡᠨ ᠲᠣᠭᠲᠠᠭᠠᠯ ᠶᠣᠰᠣᠭᠠᠷ ᠵᠢᠩᠬᠢᠨᠢ ᠠᠯᠪᠠᠨ᠎ᠤ ᠴᠡᠷᠢᠭ᠎ᠦᠨ ᠬᠣᠯᠪᠣᠭᠳᠠᠯ ᠪᠦᠬᠦᠢ ᠬᠠᠷᠠᠭᠠᠯᠵᠠᠯ᠎ᠤᠨ ᠪᠠᠲᠤᠯᠠᠭ᠎ᠠ᠎ᠶᠢ ᠬᠦᠷᠳᠡᠨ᠎ᠠ᠃ ᠰᠢᠨ᠎ᠡ ᠴᠡᠷᠢᠭ᠎ᠦᠨ ᠭᠡᠷ ᠪᠦᠯᠢ᠎ᠶᠢᠨ ᠬᠢᠨ ᠬᠠᠤᠯᠢ ᠴᠠᠭᠠᠵᠠ ᠲᠦᠷᠢᠮ ᠲᠣᠭᠲᠠᠭᠠᠯ᠎ᠳᠤ ᠲᠣᠭᠲᠠᠭᠠᠭᠰᠠᠨ ᠠᠯᠪᠠᠨ ᠵᠢᠷᠤᠮ᠎ᠤᠨ ᠴᠡᠷᠢᠭ᠎ᠦᠨ ᠭᠡᠷ ᠪᠦᠯᠢ᠎ᠶᠢᠨ ᠬᠢᠨ ᠤ᠋ ᠬᠠᠷᠠᠭᠠᠯᠵᠠᠯ᠎ᠤᠨ ᠮᠥᠩᠭᠥ ᠪᠠ ᠪᠤᠰᠤᠳ ᠬᠠᠷᠠᠭᠠᠯᠵᠠᠯ᠎ᠤᠨ ᠪᠠᠲᠤᠯᠠᠭ᠎ᠠ᠎ᠶᠢ ᠭᠥᠷᠳᠡᠨ᠎ᠠ᠃ ᠡᠩ᠎ᠦᠨ ᠶᠡᠬᠡ ᠳᠡᠭᠡᠳᠦ ᠰᠤᠷᠭᠠᠭᠤᠯᠢ᠎ᠶᠢᠨ ᠰᠤᠷᠤᠭ᠍ᠴᠢ ᠴᠡᠷᠢᠭ᠎ᠲᠦ ᠡᠯᠰᠡᠭᠳᠡᠨ ᠵᠢᠩᠬᠢᠨᠢ ᠠᠯᠪᠠ ᠬᠠᠭᠠᠭᠰᠠᠨ ᠪᠠᠢᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠰᠤᠷᠤᠯᠭ᠎ᠠ᠎ᠪᠠᠨ ᠰᠡᠷᠭᠦᠭᠡᠵᠦ ᠰᠤᠷᠭᠠᠭᠤᠯᠢ ᠳᠡᠪᠰᠢᠬᠦ᠂ ᠲᠤᠰᠬᠠᠢ ᠮᠡᠷᠭᠡᠵᠢᠯ ᠰᠢᠯᠵᠢᠬᠦ᠂ ᠠᠰᠫᠢᠷᠠᠨᠲ᠎ᠢᠶᠠᠷ ᠰᠤᠷᠤᠯᠴᠠᠬᠤ᠂ ᠰᠤᠷᠤᠯᠭ᠎ᠠ᠎ᠶᠢᠨ ᠵᠠᠷᠤᠳᠠᠯ ᠢ᠋ ᠲᠤᠰᠠᠯᠠᠬᠤ ᠪᠠ ᠬᠠᠰᠤᠵᠤ ᠬᠡᠯᠲᠦᠷᠢᠭᠦᠯᠬᠦ᠂ ᠠᠵᠢᠯ ᠣᠯᠵᠤ ᠦᠢᠯᠡᠰ ᠪᠤᠰᠬᠠᠬᠤ᠎ᠶᠢ ᠲᠡᠳᠬᠦᠬᠦ ᠵᠡᠷᠭᠡ ᠡᠷᠬᠡ ᠠᠰᠢᠭ᠋᠎ᠤᠨ ᠪᠠᠲᠤᠯᠠᠭ᠎ᠠ ᠪᠠ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠬᠦᠷᠲᠡᠭᠡᠨ᠎ᠡ ᠭᠡᠵᠦ ᠲᠤᠳᠤᠷᠬᠠᠢᠯᠠᠪᠠ᠃

《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠠᠭ᠍ᠰᠢ᠎ᠶᠢᠨ ᠬᠠᠤᠯᠢ〉 ᠵᠢ ᠬᠡᠷᠡᠭᠵᠢᠭᠦᠯᠬᠦ ᠠᠷᠭ᠎ᠠ》
《ᠭᠡᠷᠡᠭᠵᠢᠬᠦᠯᠬᠦ ᠠᠷᠭ᠎ᠠ》 ᠳ᠋ᠤ ᠨᠡᠶ᠋ᠢᠲᠡ 26 ᠵᠦᠢᠯ ᠪᠣᠶ᠃ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠪᠣᠯᠣᠨ ᠪᠤᠰᠤᠳ ᠰᠤᠷᠭᠠᠨ ᠬᠥᠮᠦᠵᠢᠯ᠎ᠦᠨ ᠪᠠᠢᠭᠤᠯᠤᠮᠵᠢ᠎ᠳᠤ ᠲᠤᠰᠬᠠᠢᠯᠠᠨ ᠰᠤᠷᠭᠠᠨ ᠬᠥᠮᠦᠵᠢᠯ᠎ᠦᠨ ᠵᠢᠭᠠᠨ ᠰᠤᠷᠭᠠᠬᠤ ᠠᠵᠢᠯ ᠬᠢᠵᠦ ᠪᠠᠢᠭ᠎ᠠ ᠪᠠᠭ᠍ᠰᠢ ᠨᠠᠷ᠎ᠲᠤ ᠲᠣᠬᠢᠷᠠᠨ᠎ᠠ᠃
《ᠭᠡᠷᠡᠭᠵᠢᠬᠦᠯᠬᠦ ᠠᠷᠭ᠎ᠠ》 ᠳ᠋ᠤ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠪᠠᠭ᠍ᠰᠢ᠎ᠶᠢᠨ ᠬᠢᠷᠢ ᠬᠡᠮ᠎ᠦᠨ ᠳᠦᠷᠢᠮ᠎ᠢ ᠬᠡᠷᠡᠭᠵᠢᠭᠦᠯᠦᠨ᠎ᠡ᠃ ᠪᠠᠭ᠍ᠰᠢ᠎ᠶᠢᠨ ᠬᠢᠷᠢ ᠬᠡᠮ᠎ᠢ ᠣᠯᠬᠤ᠎ᠳᠤ ᠪᠠᠭ᠍ᠰᠢ᠎ᠶᠢᠨ ᠬᠠᠤᠯᠢ ᠪᠠ ᠬᠣᠯᠪᠣᠭᠳᠠᠯ ᠪᠦᠬᠦᠢ ᠵᠠᠰᠠᠭ ᠵᠠᠬᠢᠷᠭᠠᠨ᠎ᠤ ᠬᠠᠤᠯᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ; ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠣᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠪᠠᠭ᠍ᠰᠢ᠎ᠶᠢᠨ ᠰᠤᠷᠭᠠᠨ ᠬᠥᠮᠦᠵᠢᠯ᠎ᠢ ᠰᠠᠢᠲᠤᠷ ᠡᠷᠬᠢᠯᠡᠵᠦ᠂ ᠪᠠᠭ᠍ᠰᠢ᠎ᠶᠢᠨ ᠰᠤᠷᠭᠠᠭᠤᠯᠢ᠎ᠶᠢᠨ ᠰᠤᠷᠤᠭ᠍ᠴᠢ ᠡᠯᠰᠡᠬᠦ᠂ ᠳᠠᠳᠤᠯᠭ᠎ᠠ ᠬᠢᠬᠦ᠂ ᠵᠠᠷᠤᠳᠠᠯ᠎ᠤᠨ ᠣᠷᠣᠭᠤᠯᠤᠯᠲᠠ ᠵᠡᠷᠭᠡ ᠲᠠᠯ᠎ᠠ᠎ᠪᠠᠷ ᠪᠠᠲᠤᠯᠠᠭ᠎ᠠ ᠣᠯᠭᠣᠬᠤ᠎ᠶᠢᠨ ᠬᠠᠮᠲᠤ ᠰᠢᠯᠢᠳᠡᠭ ᠵᠠᠯᠠᠭᠤᠴᠤᠳ᠎ᠤᠨ ᠡᠯ᠎ᠡ ᠱᠠᠲᠤᠨ᠎ᠤ ᠪᠠᠭ᠍ᠰᠢ᠎ᠶᠢᠨ ᠶᠡᠬᠡ ᠳᠡᠭᠡᠳᠦ ᠰᠤᠷᠭᠠᠭᠤᠯᠢ ᠪᠤᠶᠤ ᠪᠠᠭ᠍ᠰᠢ᠎ᠶᠢᠨ ᠪᠤᠰᠤ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ᠎ᠶᠢᠨ ᠲᠤᠰᠬᠠᠢ ᠮᠡᠷᠭᠡᠵᠢᠯ᠎ᠳᠦ ᠣᠷᠣᠵᠤ ᠰᠤᠷᠤᠯᠴᠠᠬᠤ᠎ᠶᠢ ᠵᠣᠷᠢᠭ᠍ᠵᠢᠭᠤᠯᠬᠤ ᠬᠡᠷᠡᠭᠲᠡᠢ ᠭᠡᠵᠦ ᠲᠤᠬᠳᠠᠭᠠᠵᠠᠢ᠃
《ᠭᠡᠷᠡᠭᠵᠢᠬᠦᠯᠬᠦ ᠠᠷᠭ᠎ᠠ》 ᠳ᠋ᠤ᠂ ᠡᠯ᠎ᠡ ᠱᠠᠲᠤᠨ᠎ᠤ ᠡᠯ᠎ᠡ ᠲᠥᠷᠥᠯ᠎ᠦᠨ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ᠎ᠦᠨ ᠪᠠᠢᠭᠤᠯᠤᠮᠵᠢ ᠪᠠᠭ᠍ᠰᠢ᠎ᠶᠢᠨ ᠡᠷᠡᠭᠦᠯ ᠮᠡᠨᠳᠦ᠎ᠶᠢᠨ ᠪᠠᠢᠴᠠᠭᠠᠯᠲᠠ᠎ᠶᠢ ᠵᠢᠯ ᠪᠦᠷᠢ ᠨᠠᠭᠠᠲᠤ ᠵᠠᠬ᠎ᠠ᠎ᠳᠠᠭᠠᠨ ᠨᠢᠭᠡ ᠤᠳᠠᠭ᠎ᠠ ᠵᠣᠬᠢᠶᠠᠨ ᠪᠠᠢᠭᠤᠯᠵᠤ᠂ ᠰᠡᠳᠬᠢᠴᠡ᠎ᠶᠢᠨ ᠡᠷᠡᠭᠦᠯ ᠮᠡᠨᠳᠦ᠎ᠶᠢᠨ ᠲᠠᠢᠯᠤᠮᠵᠢ᠂ ᠰᠡᠳᠬᠢᠴᠡ᠎ᠶᠢᠨ ᠬᠠᠪᠰᠤᠷᠤᠨ ᠵᠢᠯᠣᠭᠣᠳᠤᠯᠭ᠎ᠠ ᠵᠡᠷᠭᠡ ᠦᠢᠯᠡᠴᠢᠯᠡᠭᠡ᠎ᠶᠢ ᠲᠣᠭᠲᠠᠮᠠᠯ ᠬᠤᠭᠤᠴᠠᠭ᠎ᠠ ᠲᠠᠢ᠎ᠪᠠᠷ ᠥᠷᠨᠢᠭᠦᠯᠵᠦ᠂ ᠪᠠᠭ᠍ᠰᠢ᠎ᠶᠢᠨ ᠡᠷᠡᠭᠦᠯ ᠮᠡᠨᠳᠦ᠎ᠶᠢᠨ ᠲᠠᠩᠰᠠ ᠡᠪᠬᠡᠮᠡᠯ᠎ᠢ ᠪᠠᠶ᠋ᠢᠭᠤᠯᠬᠤ ᠬᠡᠷᠡᠭᠲᠡᠢ ᠭᠡᠵᠦ ᠲᠤᠷᠠᠳᠪᠠ᠃

《ᠤᠯᠠᠭᠠᠨᠬᠠᠳᠠ ᠬᠣᠲᠠ᠎ᠶᠢᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠬᠠᠮᠢᠶᠠᠷᠤᠯᠲᠠ᠎ᠶᠢᠨ ᠳᠦᠷᠢᠮ》
《ᠳᠦᠷᠢᠮ》 ᠨᠢ ᠶᠡᠷᠦᠩᠬᠡᠢ ᠵᠠᠷᠴᠢᠮ᠂ ᠡᠵᠡᠩᠨᠡᠯᠲᠡ᠎ᠶᠢᠨ ᠵᠢᠷᠤᠮᠵᠢᠯ᠂ ᠬᠢᠨᠠᠯᠲᠠ ᠬᠠᠮᠢᠶᠠᠷᠤᠯᠲᠠ᠂ ᠬᠠᠤᠯᠢ ᠴᠠᠭᠠᠵᠠ᠎ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠵᠡᠷᠭᠡ ᠲᠠᠪᠤᠨ ᠪᠦᠯᠦᠭ 38 ᠵᠦᠢᠯ᠎ᠲᠠᠢ᠃
《ᠳᠦᠷᠢᠮ》 ᠳ᠋ᠤ᠂ ᠦᠨᠡᠨᠴᠢ ᠢᠲᠡᠭᠡᠮᠵᠢ᠎ᠵᠢᠨ ᠵᠢᠯᠤᠭᠣᠳᠬᠤ ᠦᠨ᠎ᠡ᠎ᠶᠢᠨ ᠳᠦᠷᠢᠮ᠎ᠢ ᠪᠠᠢᠭᠤᠯᠵᠤ᠂ ᠠᠵᠢᠯ ᠲᠥᠷᠥᠯ᠎ᠦᠨ ᠵᠣᠬᠢᠶᠠᠨ ᠪᠠᠢᠭᠤᠯᠤᠯᠲᠠ᠎ᠠᠴᠠ ᠭᠣᠣᠯ ᠪᠣᠯᠬᠤ ᠵᠢᠭᠤᠯᠴᠢᠯᠠᠯ᠎ᠤᠨ ᠦᠢᠯᠡᠳᠬᠦᠨ ᠪᠠ ᠦᠢᠯᠡᠴᠢᠯᠡᠭᠡᠨ᠎ᠦ ᠦᠨᠡᠨᠴᠢ ᠢᠲᠡᠭᠡᠮᠵᠢ᠎ᠶᠢᠨ ᠵᠢᠯᠤᠭᠣᠳᠬᠤ ᠦᠨ᠎ᠡ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠲᠡᠯᠡᠨ᠎ᠡ; ᠮᠣᠷᠢ ᠲᠡᠮᠡᠭᠡ ᠤᠨᠤᠵᠤ ᠪᠡᠶᠡᠴᠢᠯᠡᠨ ᠣᠢᠯᠠᠭᠠᠬᠤ ᠵᠢᠭᠤᠯᠴᠢᠯᠠᠯ᠎ᠳᠤ ᠲᠥᠪᠯᠡᠷᠡᠭᠦᠯᠦᠨ ᠡᠵᠡᠩᠨᠡᠬᠦ᠎ᠪᠡᠷ ᠭᠣᠣᠯ ᠪᠣᠯᠭᠠᠵᠤ᠂ ᠨᠢᠭᠡᠳᠦᠯᠲᠡᠢ ᠳᠡᠩᠰᠡᠯᠡᠨ ᠬᠠᠮᠢᠶᠠᠷᠦᠨ᠎ᠠ; ᠥᠪᠡᠰᠦᠪᠡᠨ ᠲᠡᠷᠭᠡ ᠵᠢᠯᠣᠭᠣᠳᠤᠨ ᠵᠢᠭᠤᠯᠴᠢᠯᠠᠬᠤ᠂ ᠬᠡᠭᠡᠷᠡᠯᠡᠨ ᠠᠶᠠᠯᠠᠬᠤ ᠵᠢᠭᠤᠯᠴᠢᠯᠠᠭᠰᠠᠳ᠎ᠤᠨ ᠣᠶ ᠰᠢᠭᠤᠢ ᠡᠪᠡᠰᠦ ᠤᠷᠭᠤᠮᠠᠯ᠎ᠤᠨ ᠬᠤᠴᠢᠯᠭ᠎ᠠ᠎ᠶᠢ ᠬᠠᠮᠠᠭᠠᠯᠠᠬᠤ ᠡᠭᠦᠷᠭᠡ᠎ᠶᠢ ᠲᠣᠳᠣᠷᠬᠠᠢᠯᠠᠵᠤ᠂ ᠠᠮᠢ ᠠᠬᠤᠢ ᠣᠷᠴᠢᠨ ᠲᠣᠭᠣᠷᠢᠨ᠎ᠢ ᠡᠪᠳᠡᠬᠦ᠎ᠶᠢ ᠴᠢᠩᠭ᠎ᠠ ᠴᠠᠭᠠᠵᠠᠯᠠᠨ᠎ᠠ ᠭᠡᠵᠦ ᠲᠤᠷᠠᠳᠪᠠ᠃
《ᠳᠦᠷᠢᠮ》᠎ᠳ᠋ᠤ ᠪᠠᠰᠠ 12 ᠰᠠᠯᠠᠭ᠎ᠠ ᠮᠥᠴᠢᠷ᠎ᠦᠨ ᠬᠠᠮᠢᠶᠠᠷᠤᠯᠲᠠ᠎ᠶᠢᠨ ᠲᠤᠰᠢᠶᠠᠯ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠬᠠᠤᠯᠢ ᠬᠡᠷᠡᠭᠵᠢᠭᠦᠯᠬᠦ ᠬᠠᠮᠵᠢᠯᠴᠠᠭᠠᠨ᠎ᠤ ᠲᠣᠭᠲᠠᠴᠠ᠎ᠶᠢ ᠪᠠᠢᠭᠤᠯᠪᠠ; ᠡᠬᠦᠨ ᠤ᠋ ᠬᠠᠮᠳᠤ᠂ ᠣᠶᠤᠨᠴᠢ ᠦᠢᠯᠡᠴᠢᠯᠡᠭᠡᠨ᠎ᠦ ᠲᠠᠪᠴᠠᠩ᠎ᠢ ᠬᠡᠷᠡᠭᠯᠡᠨ ᠵᠠᠭᠠᠯᠳᠤᠯᠭ᠎ᠠ ᠵᠢ ᠨᠢᠭᠡᠳᠦᠯᠲᠡᠢ ᠰᠢᠢᠳᠪᠦᠷᠢᠯᠡᠬᠦ ᠲᠣᠭᠲᠠᠴᠠ᠎ᠶᠢ ᠪᠠᠢᠭᠤᠯᠵᠤ᠂ ᠮᠠᠭᠤ ᠰᠠᠨᠠᠭ᠎ᠠ᠎ᠲᠠᠢ᠎ᠪᠠᠷ ᠵᠠᠭᠠᠯᠳᠤᠬᠤ ᠵᠠᠰᠠᠯᠳᠠ᠎ᠶᠢ ᠴᠢᠩᠭᠠᠳᠬᠠᠪᠠ᠃
《ᠳᠦᠷᠢᠮ》 ᠨᠢ ᠤᠯᠠᠭᠠᠨᠬᠠᠳᠠ ᠬᠣᠲᠠ᠎ᠶᠢᠨ ᠵᠢᠭᠤᠯᠴᠢᠯᠠᠯ᠎ᠤᠨ ᠵᠠᠰᠠᠯᠲᠠ᠎ᠶᠢᠨ ᠪᠣᠯᠪᠠᠰᠤᠷᠠᠩᠭᠤᠢ ᠲᠤᠷᠰᠢᠯᠭ᠎ᠠ᠎ᠶᠢ ᠬᠠᠤᠯᠢ ᠳᠦᠷᠢᠮ᠎ᠦᠨ ᠵᠢᠷᠤᠮᠵᠢᠯ ᠪᠣᠯᠭᠠᠨ ᠪᠡᠬᠢᠵᠢᠭᠦᠯᠵᠦ᠂ ᠠᠮᠤᠷ ᠲᠦᠪᠰᠢᠨ᠂ ᠡᠮᠬᠢ ᠵᠢᠷᠤᠮ᠎ᠲᠠᠢ᠂ ᠲᠥᠪ ᠭᠤᠤᠯᠴᠢ᠂ ᠦᠨᠡᠨᠴᠢ ᠢᠲᠡᠭᠡᠮᠵᠢᠲᠡᠢ᠂ ᠪᠣᠯᠪᠠᠰᠤᠨ ᠵᠢᠭᠤᠯᠴᠢᠯᠠᠯ᠎ᠤᠨ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠎ᠢ ᠪᠠᠢᠭᠤᠯᠵᠤ᠂ ᠪᠥᠬᠥ ᠬᠣᠲᠠ᠎ᠶᠢᠨ ᠵᠢᠭᠤᠯᠴᠢᠯᠠᠯ᠎ᠤᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠪᠠᠲᠤ ᠪᠡᠬᠢ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠪᠠ᠃

《ᠪᠤᠭᠤᠲᠤ ᠬᠣᠲᠠ᠎ᠶᠢᠨ ᠬᠤᠳᠠ ᠵᠢᠨ ᠰᠢᠨᠡᠴᠢᠯᠡᠯᠳᠠ ᠵᠢᠨ ᠳᠦᠷᠢᠮ》
《ᠳᠦᠷᠢᠮ》 ᠨᠢ ᠶᠡᠷᠦᠩᠬᠡᠢ ᠵᠠᠷᠴᠢᠮ᠂ ᠬᠣᠲᠠ᠎ᠶᠢᠨ ᠰᠢᠨᠡᠴᠢᠯᠡᠯᠲᠡ᠎ᠶᠢᠨ ᠲᠥᠯᠦᠪᠵᠢᠭᠦᠯᠭᠡ ᠪᠠ ᠲᠥᠯᠥᠪᠯᠡᠭᠡ᠂ ᠬᠣᠲᠠ᠎ᠶᠢᠨ ᠰᠢᠨᠡᠴᠢᠯᠡᠯᠲᠡ᠎ᠶᠢᠨ ᠲᠥᠷᠥᠯ ᠵᠦᠢᠯ᠎ᠦᠨ ᠬᠡᠷᠡᠭᠵᠢᠭᠦᠯᠦᠯᠲᠡ᠂ ᠬᠣᠲᠠ᠎ᠶᠢᠨ ᠰᠢᠨᠡᠴᠢᠯᠡᠯᠲᠡ᠎ᠶᠢᠨ ᠪᠠᠲᠤᠯᠠᠭ᠎ᠠ᠂ ᠬᠢᠨᠠᠯᠲᠠ ᠬᠠᠮᠢᠶᠠᠷᠤᠯᠲᠠ᠂ ᠲᠠᠭᠠᠯᠳᠤᠭᠤᠯᠤᠯ ᠵᠡᠷᠭᠡ ᠨᠡᠶ᠋ᠢᠲᠡ ᠵᠢᠷᠭᠤᠭᠠᠨ ᠪᠦᠯᠦᠭ 56 ᠵᠦᠢᠯ᠎ᠲᠠᠢ᠃ ᠳᠦᠷᠢᠮ ᠨᠢ ᠭᠣᠣᠯᠳᠠᠭᠤ ᠪᠤᠭᠤᠲᠤ ᠬᠣᠲᠠ᠎ᠶᠢᠨ ᠬᠠᠭᠤᠴᠢᠨ ᠰᠠᠭᠤᠭᠠᠯᠢ ᠲᠣᠭᠣᠷᠢᠭ᠋᠎ᠢ ᠥᠭᠡᠷᠡᠴᠢᠯᠡᠨ ᠰᠢᠨᠡᠳᠬᠡᠬᠦ᠂ ᠬᠣᠲᠠ᠎ᠳᠠᠬᠢ ᠲᠣᠰᠬᠣᠨ᠎ᠢ ᠥᠭᠡᠷᠡᠴᠢᠯᠡᠨ ᠰᠢᠨᠡᠳᠬᠡᠬᠦ ᠵᠢᠴᠢ ᠬᠠᠭᠤᠴᠢᠨ ᠣᠷᠣᠨ ᠰᠠᠭᠤᠴᠠ᠎ᠶᠢ ᠰᠢᠨᠡᠳᠬᠡᠬᠦ ᠵᠡᠷᠭᠡ ᠠᠵᠢᠯᠯᠠᠭ᠎ᠠ᠎ᠳᠤ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠵᠤ᠂ ᠶᠠᠭᠠᠬᠢᠵᠤ ᠥᠭᠡᠷᠡᠴᠢᠯᠡᠨ ᠰᠢᠨᠡᠳᠬᠡᠬᠦ᠂ ᠬᠡᠨ ᠥᠭᠡᠷᠡᠴᠢᠯᠡᠨ ᠰᠢᠨᠡᠳᠬᠡᠬᠦ ᠵᠢᠴᠢ ᠪᠡᠯᠡ ᠮᠥᠩᠭᠥ ᠪᠠ ᠲᠥᠷᠥ᠎ᠶᠢᠨ ᠪᠣᠳᠣᠯᠭ᠎ᠠ᠎ᠶᠢᠨ ᠳᠡᠮᠵᠢᠯᠭᠡ ᠵᠡᠷᠭᠡ ᠵᠠᠩᠭᠢᠯᠠᠭ᠎ᠠ᠎ᠶᠢᠨ ᠠᠰᠠᠭᠤᠳᠠᠯ᠎ᠢ ᠲᠣᠳᠣᠷᠬᠠᠢᠯᠠᠪᠠ᠃
《ᠳᠦᠷᠢᠮ》 ᠳ᠋ᠤ᠂ ᠬᠣᠲᠠ᠎ᠶᠢ ᠰᠢᠨᠡᠳᠬᠡᠬᠦ᠎ᠳᠦ ᠰᠢᠨᠡᠳᠬᠡᠭᠰᠡᠨ ᠣᠷᠣᠨ ᠪᠦᠰᠡ᠎ᠶᠢᠨ ᠣᠳᠣᠬᠢ ᠪᠠᠢᠳᠠᠯ᠎ᠤᠨ ᠣᠨᠴᠠᠯᠢᠭ᠋ ᠰᠢᠨᠵᠢ ᠪᠠ ᠬᠥᠭᠵᠢᠯᠲᠡ᠎ᠶᠢᠨ ᠬᠡᠷᠡᠭᠴᠡᠭᠡ᠎ᠶᠢ ᠦᠨᠳᠦᠰᠦᠯᠡᠨ᠂ ᠲᠥᠷᠥᠯ ᠬᠤᠪᠢᠶᠠᠨ ᠬᠠᠮᠠᠭᠠᠯᠠᠵᠤ ᠠᠰᠢᠭ᠍ᠯᠠᠬᠤ᠂ ᠥᠭᠡᠷᠡᠴᠢᠯᠡᠨ ᠳᠡᠭᠡᠭᠰᠢᠯᠡᠭᠦᠯᠬᠦ᠂ ᠨᠤᠷᠠᠭᠠᠵᠤ ᠰᠢᠨ᠎ᠡ᠎ᠪᠡᠷ ᠪᠠᠶ᠋ᠢᠭᠤᠯᠬᠤ ᠵᠡᠷᠭᠡ ᠠᠷᠭ᠎ᠠ ᠮᠠᠶᠢᠭ᠋ᠢ᠋ ᠬᠡᠷᠡᠭᠵᠢᠭᠦᠯᠵᠦ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠂ ᠠᠵᠤ ᠦᠢᠯᠡᠰ᠎ᠢ ᠲᠠᠰ ᠳᠡᠪᠰᠢᠭᠦᠯᠬᠦ᠂ ᠠᠮᠢ ᠠᠬᠤᠢ᠎ᠶᠢ ᠬᠠᠮᠠᠭᠠᠯᠠᠬᠤ ᠪᠠ ᠲᠡᠦᠬᠡ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠶᠢ ᠨᠢᠭᠡᠳᠦᠯᠲᠡᠢ ᠲᠥᠯᠥᠪᠯᠡᠨ ᠨᠡᠶ᠋ᠢᠲᠡ ᠳ᠋ᠦ᠍ᠨᠢ ᠬᠠᠷᠠᠭᠠᠯᠵᠠᠵᠤ᠂ ᠬᠣᠲᠠ᠎ᠶᠢᠨ ᠪᠦᠬᠦᠯᠢ ᠴᠣᠭᠴᠠ᠎ᠶᠢᠨ ᠴᠢᠳᠠᠮᠵᠢ᠎ᠶᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃
《ᠳᠦᠷᠢᠮ》 ᠨᠢ ᠨᠡᠢᠭᠡᠮ᠎ᠦᠨ ᠣᠯᠠᠨ ᠨᠡᠶ᠋ᠢᠲᠡ᠎ᠶᠢᠨ ᠣᠷᠣᠯᠴᠠᠬᠤ ᠲᠣᠭᠲᠠᠴᠠ᠎ᠶᠢ ᠪᠠᠢᠭᠤᠯᠤᠨ ᠪᠦᠷᠢᠨᠰᠢᠭᠦᠯᠵᠦ᠂ ᠰᠠᠨᠠᠯ᠎ᠢᠶᠠᠨ ᠢᠯᠡᠳᠬᠡᠬᠦ ᠠᠷᠭ᠎ᠠ ᠵᠠᠮ᠎ᠢ ᠰᠠᠭᠠᠳ ᠦᠭᠡᠢ ᠨᠠᠪᠲᠠᠷᠡᠭᠦᠯᠵᠦ᠂ ᠬᠣᠲᠠ᠎ᠶᠢᠨ ᠰᠢᠨᠡᠴᠢᠯᠡᠯᠳᠠ ᠵᠢᠨ ᠠᠵᠢᠯᠯᠠᠭ᠎ᠠ ᠳᠤᠮᠳᠠᠬᠢ ᠣᠯᠠᠨ ᠨᠡᠶ᠋ᠢᠲᠡ᠎ᠶᠢᠨ ᠪᠠᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ᠂ ᠢᠯᠡᠳᠬᠡᠬᠦ ᠡᠷᠬᠡ ᠪᠠ ᠬᠢᠨᠠᠯᠲᠠ ᠲᠠᠯᠪᠢᠬᠤ ᠡᠷᠬᠡ᠎ᠶᠢ ᠬᠠᠤᠯᠢ ᠶᠣᠰᠣᠭᠠᠷ ᠪᠠᠲᠤᠯᠠᠬᠤ ᠬᠡᠷᠡᠭᠳᠡᠢ ᠭᠡᠵᠦ ᠲᠤᠬᠳᠠᠭᠠᠪᠠ᠃

《ᠪᠤᠭᠤᠲᠤ ᠬᠣᠲᠠ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠦᠷᠢᠮ》
《ᠳᠦᠷᠢᠮ》 ᠨᠢ ᠵᠢᠷᠭᠤᠭᠠᠨ ᠪᠦᠯᠦᠭ 56 ᠵᠤᠢᠯ ᠪᠤᠢ᠂ ᠵᠠᠬ᠎ᠠ ᠳᠡᠯᠭᠡᠭᠦᠷ᠎ᠦᠨ ᠣᠷᠴᠢᠨ ᠲᠣᠭᠣᠷᠢᠨ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠂ ᠰᠣᠶᠣᠯ ᠢᠷᠭᠡᠨᠰᠢᠯ᠎ᠦᠨ ᠣᠷᠴᠢᠨ ᠲᠣᠭᠣᠷᠢᠨ᠂ ᠬᠠᠤᠯᠢ ᠪᠡᠷ ᠵᠠᠰᠠᠬᠤ ᠪᠠᠲᠤᠯᠠᠭ᠎ᠠ ᠵᠡᠷᠭᠡ ᠣᠯᠠᠨ ᠲᠠᠯ᠎ᠠ᠎ᠶᠢ ᠬᠠᠮᠤᠷᠴᠤ᠂ ᠳᠦᠷᠢᠮ ᠤ᠋ᠨ ᠪᠠᠳᠤᠯᠠᠭ᠎ᠠ ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠪᠤᠭᠤᠳᠤ ᠬᠣᠲᠠ᠎ᠶᠢᠨ ᠬᠤᠳᠠᠯᠳᠤᠭ᠎ᠠ᠎ᠶᠢ ᠬᠦᠨᠳᠦᠳᠬᠡᠵᠦ ᠠᠵᠤ ᠠᠬᠤᠢᠯᠠᠯ᠎ᠢ ᠴᠢᠬᠤᠯᠠᠴᠢᠯᠠᠬᠤ ᠡᠷᠡᠰ ᠵᠣᠷᠢᠭ᠋᠎ᠢ ᠢᠯᠡᠷᠡᠭᠦᠯᠦᠭᠰᠡᠨ ᠪᠠᠢᠨ᠎ᠠ᠃
《ᠳᠦᠷᠢᠮ》 ᠳ᠋ᠤ᠂ ᠬᠣᠲᠠ᠂ ᠬᠣᠰᠢᠭᠤ ᠰᠢᠶᠠᠨ ᠲᠣᠭᠣᠷᠢᠭ᠋᠎ᠤᠨ ᠠᠷᠠᠳ᠎ᠤᠨ ᠵᠠᠰᠠᠭ᠎ᠤᠨ ᠣᠷᠳᠣᠨ 《ᠨᠢᠭᠡ ᠤᠴᠢᠷ᠎ᠢ ᠥᠨᠳᠥᠷ ᠪᠦᠲᠦᠮᠵᠢᠲᠡᠶ᠎ᠪᠡᠷ ᠭᠦᠢᠴᠡᠳᠬᠡᠬᠦ》 ᠵᠢ ᠠᠬᠢᠭᠤᠯᠵᠤ᠂ ᠬᠡᠷᠡᠭᠯᠡᠭᠡᠨ᠎ᠦ ᠬᠦᠷᠢᠶ᠎ᠡ ᠬᠡᠪᠴᠢᠶ᠎ᠡ᠎ᠶᠢ ᠥᠷᠭᠡᠳᠬᠡᠨ᠂ ᠣᠯᠠᠨ ᠰᠠᠯᠠᠭ᠎ᠠ ᠮᠥᠴᠢᠷ ᠭᠦᠢᠴᠡᠳᠬᠡᠬᠦ ᠪᠤᠶᠤ ᠱᠠᠲᠤ ᠠᠯᠤᠰᠯᠠᠨ ᠭᠦᠢᠴᠡᠳᠬᠡᠬᠦ ᠴᠢᠬᠤᠯᠠᠲᠠᠢ᠂ ᠬᠣᠯᠪᠣᠭᠳᠠᠬᠤ ᠴᠢᠨᠠᠷ᠎ᠢᠶᠠᠷ ᠴᠢᠩᠭ᠎ᠠ᠂ ᠭᠦᠢᠴᠡᠳᠬᠡᠬᠦ ᠬᠡᠮᠵᠢᠶ᠎ᠡ ᠪᠡᠷ ᠶᠡᠬᠡ᠂ ᠭᠦᠢᠴᠡᠳᠬᠡᠬᠦ ᠴᠠᠭ ᠨᠢ ᠬᠠᠷᠢᠴᠠᠩᠭᠤᠢ᠎ᠪᠠᠷ ᠲᠥᠪᠯᠡᠷᠡᠭᠰᠡᠨ ᠵᠠᠰᠠᠭ᠎ᠤᠨ ᠶᠠᠪᠤᠳᠠᠯ᠎ᠤᠨ ᠦᠢᠯᠡᠴᠢᠯᠡᠭᠡᠨ᠎ᠦ ᠣᠯᠠᠨ ᠵᠦᠢᠯᠡᠰ᠎ᠢ ᠨᠢᠭᠡ ᠴᠣᠩᠬᠣᠪᠴᠢ᠎ᠪᠠᠷ ᠭᠥᠯᠢᠶᠡᠨ ᠠᠪᠴᠤ ᠰᠢᠢᠳᠪᠦᠷᠢᠯᠡᠨ᠂ ᠲᠥᠪᠯᠡᠷᠡᠭᠦᠯᠦᠨ ᠭᠦᠢᠴᠡᠳᠬᠡᠬᠦ ᠬᠡᠷᠡᠭᠲᠡᠢ ᠭᠡᠵᠦ ᠱᠠᠭᠠᠷᠳᠠᠪᠠ᠃
《ᠳᠦᠷᠢᠮ》 ᠳ᠋ᠤ᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠪᠡᠶᠡᠴᠢ ᠴᠣᠭᠴᠠ᠎ᠶᠢᠨ ᠬᠠᠤᠯᠢ ᠶᠣᠰᠣᠨ᠎ᠤ ᠡᠷᠬᠡ ᠠᠰᠢᠭ᠋᠎ᠢ ᠬᠠᠤᠯᠢ ᠶᠣᠰᠣᠭᠠᠷ ᠡᠷᠬᠡ ᠲᠡᠭᠰᠢ᠎ᠪᠡᠷ ᠬᠠᠮᠠᠭᠠᠯᠠᠵᠤ᠂ ᠡᠯ᠎ᠡ ᠲᠦᠷᠦᠯ᠎ᠦᠨ ᠵᠠᠬ᠎ᠠ ᠳᠡᠯᠭᠡᠭᠦᠷ᠎ᠦᠨ ᠪᠡᠶᠡᠴᠢ ᠴᠣᠭᠴᠠ᠎ᠶᠢᠨ ᠠᠵᠤ ᠠᠬᠤᠢ᠎ᠶᠢᠨ ᠠᠵᠢᠯᠯᠠᠭ᠎ᠠ᠎ᠳᠠᠬᠢ ᠡᠷᠬᠡ ᠠᠰᠢᠭ ᠠᠳᠠᠯᠢ ᠲᠡᠭᠰᠢ᠂ ᠠᠵᠨ ᠲᠣᠬᠢᠶᠠᠯ ᠠᠳᠠᠯᠢ ᠲᠡᠭᠰᠢ᠂ ᠳᠦᠷᠢᠮ ᠲᠤᠬᠳᠠᠭᠠᠯ ᠠᠳᠠᠯᠢ ᠲᠡᠭᠰᠢ ᠪᠠᠢᠬᠤ᠎ᠶᠢ ᠪᠠᠲᠤᠯᠠᠵᠤ᠂ ᠠᠵᠤ ᠠᠬᠤᠢᠯᠠᠯ᠎ᠤᠨ ᠡᠵᠡᠩᠨᠡᠭᠴᠢ᠎ᠶᠢᠨ ᠪᠡᠶ᠎ᠡ᠎ᠶᠢᠨ ᠡᠷᠬᠡ᠂ ᠡᠳ᠋ ᠬᠥᠷᠥᠩᠭᠡ᠎ᠶᠢᠨ ᠡᠷᠬᠡ ᠪᠠ ᠡᠵᠡᠩᠨᠡᠯᠲᠡ᠎ᠶᠢᠨ ᠡᠵᠡᠨ ᠮᠡᠳᠡᠬᠦ ᠡᠷᠬᠡ᠎ᠶᠢ ᠬᠠᠤᠯᠢ ᠶᠣᠰᠣᠭᠠᠷ ᠬᠠᠮᠠᠭᠠᠯᠠᠨ᠎ᠠ ᠭᠡᠵᠦ ᠲᠤᠬᠳᠠᠭᠠᠪᠠ᠃