ᠦᠵᠡᠰᠬᠦᠯᠡᠩᠲᠦ ᠰᠠᠢᠬᠠᠨ ᠬᠥᠳᠡᠭᠡ ᠲᠤᠰᠬᠤᠨ᠎ᠢ ᠪᠦᠲᠦᠭᠡᠨ ᠪᠠᠢᠭᠤᠯᠬᠤ ᠠᠵᠢᠯ᠎ᠢ ᠯᠠᠪᠳᠠᠭᠣᠨ ᠪᠠᠳᠣᠳᠠᠢ ᠠᠬᠢᠭᠤᠯᠰᠤᠭᠠᠢ
2026-07-06 10:57:56
ᠵᠣᠬᠢᠶᠠᠭ᠍ᠴᠢ᠄
ᠵᠤᠤ ᠱᠢᠶᠤᠤ ᠶᠦᠨ
ᠣᠩᠱᠢᠭ᠍ᠰᠠᠨ ᠣᠳᠠᠭ᠎ᠠ᠄
★★★☆☆

ᠦᠵᠡᠰᠬᠦᠯᠡᠩᠲᠦ ᠰᠠᠢᠬᠠᠨ ᠣᠷᠣᠰᠢᠨ ᠰᠠᠭᠣᠷᠢᠰᠢᠬᠣ᠎ᠳᠦ ᠲᠣᠬᠢᠷᠠᠮᠵᠢᠳᠠᠢ ᠬᠥᠳᠡᠭᠡ ᠲᠤᠰᠬᠤᠨ᠎ᠢ ᠪᠦᠲᠦᠭᠡᠨ ᠪᠠᠢᠭᠤᠯᠬᠤ ᠪᠣᠯ ᠨᠡᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ ᠪᠡᠷ ᠪᠦ᠋ᠲᠦᠭᠡᠨ ᠪᠠᠢᠭᠤᠯᠬᠤ᠎ᠶᠢᠨ ᠴᠢᠬᠤᠯᠠ ᠠᠭᠤᠯᠭ᠎ᠠ ᠮᠥᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ᠎ᠠᠴᠠ ᠦᠵᠡᠰᠬᠦᠯᠡᠩᠲᠦ ᠰᠠᠢᠬᠠᠨ ᠣᠷᠣᠰᠢᠨ ᠰᠠᠭᠣᠷᠢᠰᠢᠬᠣ᠎ᠳᠦ ᠲᠣᠬᠢᠷᠠᠮᠵᠢᠳᠠᠢ ᠬᠥᠳᠡᠭᠡ ᠲᠤᠰᠬᠤᠨ᠎ᠤ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠲᠤᠬᠠᠢ ᠲᠤᠰᠬᠠᠢ ᠰᠡᠳᠦᠪᠲᠦ ᠪᠠᠢᠷᠢᠯᠠᠭᠤᠯᠤᠯᠲᠠ ᠬᠠᠢᠵᠤ᠂ ᠦᠵᠡᠰᠬᠦᠯᠡᠩᠲᠦ ᠰᠠᠢᠬᠠᠨ ᠣᠷᠣᠰᠢᠨ ᠰᠠᠭᠣᠷᠢᠰᠢᠬᠣ᠎ᠳᠦ ᠲᠣᠬᠢᠷᠠᠮᠵᠢᠳᠠᠢ ᠬᠥᠳᠡᠭᠡ ᠲᠤᠰᠬᠤᠨ᠎ᠢ ᠪᠦᠲᠦᠭᠡᠨ ᠪᠠᠢᠭᠤᠯᠵᠤ᠂ ᠬᠥᠳᠡᠭᠡ ᠲᠤᠰᠬᠤᠨ᠎ᠢ ᠬᠥᠭᠵᠢᠭᠦᠯᠦᠨ ᠮᠠᠨᠳᠤᠭᠤᠯᠬᠤ᠎ᠶᠢ ᠪᠦᠬᠦ ᠲᠠᠯ᠎ᠠ᠎ᠪᠠᠷ ᠠᠬᠢᠭᠤᠯᠬᠤ᠎ᠳᠤ ᠲᠣᠳᠣᠷᠬᠠᠢ ᠴᠢᠭᠯᠡᠯ᠎ᠢ ᠵᠢᠭᠠᠵᠤ ᠥᠭᠭᠦᠭᠰᠡᠨ ᠪᠠᠢᠨ᠎ᠠ᠃

ᠨᠢᠭᠡ᠂  ᠭᠠᠵᠠᠷ ᠣᠷᠣᠨ᠎ᠤ ᠪᠠᠢᠳᠠᠯ ᠳ᠋ᠤ᠌ ᠲᠣᠬᠢᠷᠠᠭᠤᠯᠤᠨ ᠬᠥᠳᠡᠭᠡ ᠲᠤᠰᠬᠤᠨ᠎ᠤ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ

《ᠮᠢᠩᠭ᠎ᠠ ᠲᠦᠮᠡ ᠵᠢᠨ ᠢᠨᠵᠸᠨ᠋ᠸᠷᠢᠩ》᠎ᠳᠦ ᠠᠭᠤᠯᠤᠭᠳᠠᠵᠤ ᠪᠠᠢᠭ᠎ᠠ ᠬᠥᠭᠵᠢᠯᠲᠡ᠎ᠶᠢᠨ ᠤᠢ᠍ᠢᠯᠠᠭᠠᠭᠳᠠᠬᠤᠨ᠂ ᠠᠵᠢᠯᠯᠬᠠᠤ ᠠᠷᠭ᠎ᠠ ᠪᠠᠷᠢᠯ ᠪᠠ ᠠᠬᠢᠭᠤᠯᠬᠤ ᠲᠣᠭᠲᠠᠴᠠ ᠵᠢ ᠰᠤᠷᠤᠯᠴᠠᠨ ᠬᠡᠷᠡᠭᠯᠡᠵᠦ᠂ ᠪᠣᠳᠠᠲᠠᠢ ᠲᠠᠢ ᠤᠶᠠᠯᠳᠤᠭᠤᠯᠤᠨ ᠠᠵᠢᠯ᠎ᠤᠨ ᠠᠳᠬᠤᠴᠠ ᠪᠠᠨ ᠨᠠᠷᠢᠯᠢᠭ᠍ᠵᠢᠭᠤᠯᠤᠨ᠂ ᠣᠷᠣᠨ ᠪᠦᠰᠡ᠎ᠶᠢᠨ ᠣᠨᠴᠠᠯᠢᠭ᠋᠂ ᠬᠥᠭᠵᠢᠯᠲᠡ᠎ᠶᠢᠨ ᠪᠠᠢᠳᠠᠯ᠎ᠳᠤ ᠰᠠᠭᠤᠷᠢᠯᠠᠨ ᠬᠥᠳᠡᠭᠡ ᠲᠤᠰᠬᠤᠨ᠎ᠤ ᠣᠷᠣᠰᠢᠨ ᠰᠠᠭᠤᠬᠤ ᠣᠷᠴᠢᠨ ᠲᠣᠭᠣᠷᠢᠨ᠎ᠢ ᠦᠷᠬᠦᠯᠵᠢᠯᠡᠨ ᠴᠡᠭᠴᠡᠯᠡᠨ  ᠵᠠᠰᠠᠨ᠎ᠠ᠃ ᠬᠠᠳᠠᠭᠠᠰᠤ ᠬᠠᠳᠠᠬᠤ ᠵᠣᠷᠢᠭ᠋ ᠰᠠᠨᠠᠭ᠎ᠠ ᠪᠡᠷ ᠬᠤᠭ ᠨᠣᠪᠰᠢ ᠪᠡᠷ ᠲᠤᠰᠬᠤᠨ᠎ᠢ ᠬᠦᠷᠢᠶᠡᠯᠡᠵᠦ ᠪᠠᠢᠭ᠎ᠠ ᠵᠡᠷᠭᠡ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠬᠥᠳᠡᠭᠡ ᠲᠤᠰᠬᠤᠨ᠎ᠤ ᠤᠳᠤ ᠦᠶ᠎ᠡ᠎ᠶᠢᠨ ᠠᠮᠢᠳᠤᠷᠠᠯ᠎ᠤᠨ ᠨᠥᠬᠥᠴᠡᠯ᠎ᠦᠨ ᠳᠤᠲᠠᠭᠤᠳᠠᠯ᠎ᠢ ᠲᠦᠷᠭᠡᠯᠡᠨ ᠨᠥᠬᠥᠪᠦᠷᠢᠯᠡᠵᠦ᠂ ᠬᠥᠳᠡᠭᠡ ᠲᠤᠰᠬᠤᠨ ᠤ᠋ ᠠᠮᠢᠳᠤᠷᠠᠯ᠎ᠤᠨ ᠨᠥᠬᠥᠴᠡᠯ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠥᠳᠡᠭᠡ ᠲᠤᠰᠬᠤᠨ᠎ᠤ ᠴᠢᠨᠠᠷ ᠰᠠᠢᠲᠠᠢ ᠠᠮᠢᠳᠤᠷᠠᠯ᠎ᠤᠨ ᠣᠷᠣᠨ ᠵᠠᠢ ᠶ᠋ᠢ ᠪᠤᠢ ᠪᠣᠯᠭᠠᠨ᠎ᠠ᠃ ᠲᠦᠭᠡᠮᠡᠯ ᠬᠠᠷᠠᠭᠠᠯᠵᠠᠯ᠎ᠦᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠠᠢᠭᠤᠯᠤᠯᠲᠠ᠎ᠶᠢ ᠴᠢᠩᠭᠠᠳᠬᠠᠵᠤ᠂ ᠠᠷᠠᠳ ᠤᠯᠠᠨ᠎ᠤ  ᠪᠠᠴᠢᠮᠳᠠᠵᠤ ᠲᠦᠪᠡᠭᠳᠡᠵᠦ ᠵᠣᠪᠠᠵᠦ ᠬᠦᠰᠡᠵᠦ ᠪᠠᠢᠭ᠎ᠠ ᠠᠰᠠᠭᠤᠳᠠᠯ᠎ᠢ ᠰᠠᠢᠲᠤᠷ ᠰᠢᠢᠳᠪᠦᠷᠢᠯᠡᠵᠦ᠂ ᠦᠨᠳᠦᠰᠦᠨ ᠤᠯᠠᠨ ᠨᠡᠢᠲᠡ᠎ᠶᠢᠨ ᠦᠢᠯᠡᠴᠢᠯᠡᠭᠡ᠎ᠶᠢ ᠠᠳᠠᠯᠢ ᠲᠡᠭᠰᠢ ᠪᠤᠯᠭᠠᠬᠤ᠎ᠶᠢ ᠯᠠᠪᠳᠠᠭᠤᠨ᠎ᠢᠶᠠᠷ ᠠᠬᠢᠭᠤᠯᠵᠤ᠂ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠷ᠎ᠡ ᠪᠦᠲᠦᠭᠡᠯ᠎ᠢ ᠠᠷᠠᠳ ᠤᠯᠠᠨ ᠳ᠋ᠦ᠍ ᠨᠡᠩ ᠤᠯᠠᠨ ᠨᠡᠩ ᠲᠡᠭᠰᠢ᠎ᠪᠡᠷ ᠬᠦᠷᠲᠡᠭᠡᠨ᠎ᠡ᠃

ᠬᠣᠶᠠᠷ᠂ ᠤᠯᠠᠨ ᠠᠷᠭ᠎ᠠ ᠪᠠᠷᠢᠯ᠎ᠢ ᠵᠡᠷᠭᠡ ᠪᠡᠷ ᠬᠡᠷᠡᠭᠯᠡᠵᠦ ᠲᠠᠷᠢᠶᠠᠴᠢᠳ᠎ᠤᠨ ᠤᠷᠤᠯᠭ᠎ᠠ ᠶ᠋ᠢ ᠨᠡᠮᠡᠭᠳᠡᠭᠦᠯᠬᠦ ᠬᠡᠷᠡᠭᠲᠡᠢ

ᠬᠥᠳᠡᠭᠡ ᠲᠤᠰᠬᠤᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠦ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠪᠣᠯ ᠵᠠᠩᠭᠢᠯᠠᠭ᠎ᠠ ᠪᠣᠯᠣᠨ᠎ᠠ᠃ ᠵᠠᠬ᠎ᠠ ᠳᠡᠯᠭᠡᠭᠦᠷ᠎ᠦᠨ ᠵᠢᠮ᠎ᠡ ᠶᠣᠰᠣ᠌᠎ᠶᠢ ᠪᠠᠷᠢᠮᠲᠠᠯᠠᠵᠤ᠂ ᠲᠤᠰ ᠭᠠᠵᠠᠷ ᠣᠷᠣᠨ᠎ᠤ ᠡᠬᠢ ᠪᠠᠶᠠᠯᠢᠭ᠋᠎ᠤᠨ ᠪᠣᠳᠠᠲᠤ ᠪᠠᠢᠳᠠᠯ ᠲᠠᠢ ᠤᠶᠠᠯᠳᠤᠭᠤᠯᠵᠤ᠂  ᠶᠠᠭᠤ ᠬᠥᠭᠵᠢᠭᠦᠯᠪᠡᠯ ᠵᠣᠬᠢᠰᠲᠠᠢ ᠪᠣᠯ ᠶᠠᠭᠤ᠎ᠶᠢ ᠬᠥᠭᠵᠢᠭᠦᠯᠵᠦ᠂ ᠨᠤᠲᠤᠭ᠎ᠤᠨ ᠣᠨᠴᠠ ᠭᠠᠷᠤᠯᠲᠠ᠎ᠶᠢᠨ ᠠᠵᠤ ᠦᠢᠯᠡᠰ᠎ᠢ ᠰᠠᠢᠲᠤᠷ ᠠᠳᠬᠤᠵᠤ᠂ ᠬᠥᠳᠡᠭᠡ ᠲᠤᠰᠬᠤᠨ᠎ᠤ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠲᠠᠷᠢᠶᠠᠴᠢᠨ᠎ᠤ ᠤᠷᠤᠯᠭ᠎ᠠ ᠵᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨᠴᠢ ᠲᠠᠷᠢᠶᠠᠯᠠᠩ᠂ ᠪᠣᠬᠢᠷᠳᠤᠯ ᠦᠭᠡᠢ ᠲᠠᠷᠢᠶᠠᠯᠠᠩ᠂ ᠴᠢᠨᠠᠷᠯᠢᠭ᠋ ᠲᠠᠷᠢᠶᠠᠯᠠᠩ᠂ ᠨᠡᠷᠡᠳᠦ ᠲᠡᠮᠳᠡᠭ᠎ᠦᠨ ᠲᠠᠷᠢᠶᠠᠯᠠᠩ᠎ᠢ ᠲᠥᠯᠥᠪᠵᠢᠭᠦᠯᠦᠨ ᠬᠥᠭᠵᠢᠭᠦᠯᠵᠦ᠂ ᠭᠡᠷ ᠪᠦᠯᠢ᠎ᠶᠢᠨ ᠡᠵᠡᠩᠨᠡᠯᠲᠡ᠎ᠳᠦ ᠲᠣᠬᠢᠷᠠᠬᠤ᠂ ᠬᠦᠷᠢᠶ᠎ᠡ ᠬᠠᠰᠢᠶᠠᠨ᠎ᠤ ᠠᠵᠤ ᠠᠬᠤᠢ᠂ ᠤᠢ ᠳᠣᠳᠣᠷᠠᠬᠢ ᠠᠵᠤ ᠠᠬᠤᠢ ᠵᠡᠷᠭᠡ᠎ᠶᠢ ᠨᠢᠭᠡᠳᠦᠯᠲᠡᠢ ᠲᠥᠯᠥᠪᠵᠢᠭᠦᠯᠦᠨ ᠬᠦᠭᠵᠢᠭᠦᠯᠵᠤ᠂ ᠬᠥᠳᠡᠭᠡ ᠲᠤᠰᠬᠤᠨ᠎ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ᠎ᠶᠢᠨ ᠬᠡᠯᠪᠡᠷᠢ᠎ᠵᠢ ᠪᠣᠢᠵᠢᠭᠤᠯᠤᠨ᠂ ᠲᠠᠷᠢᠶᠠᠴᠢᠳ᠎ᠢ ᠪᠠᠶᠠᠵᠢᠯ᠎ᠤᠨ ᠵᠠᠮ᠎ᠢᠶᠠᠷ ᠵᠠᠮᠨᠠᠭᠤᠯᠤᠨ᠎ᠠ᠃ ᠬᠥᠳᠡᠭᠡ ᠲᠤᠰᠬᠤᠨ᠎ᠤ ᠬᠥᠭᠵᠢᠯᠲᠡ᠎ᠶᠢᠨ ᠣᠷᠣᠨ ᠵᠠᠢ᠎ᠶᠢ ᠥᠷᠭᠡᠳᠬᠡᠵᠦ᠂ ᠰᠢᠶᠠᠨ᠎ᠤ ᠬᠡᠪᠴᠢᠶᠡᠨ᠎ᠦ ᠠᠵᠢᠯ ᠣᠯᠭᠣᠯᠲᠠ᠎ᠶᠢᠨ ᠪᠠᠭᠲᠠᠭᠠᠮᠵᠢ᠎ᠶᠢ ᠨᠡᠮᠡᠭᠳᠡᠭᠦᠯᠦᠨ᠂ ᠲᠠᠷᠢᠶᠠᠴᠢᠳ᠎ᠲᠦ ᠲᠤᠬᠠᠢ ᠶ᠋ᠢᠨ ᠭᠠᠵᠠᠷ ᠣᠢᠷ᠎ᠠ ᠣᠷᠴᠢᠮ᠎ᠳᠠᠭᠠᠨ ᠠᠵᠢᠯ ᠣᠯᠬᠤ ᠲᠣᠬᠢᠶᠠᠯ᠎ᠤᠯᠭᠤᠵᠤ᠂ ᠬᠥᠳᠡᠭᠡ ᠲᠤᠰᠬᠤᠨ᠎ᠢ ᠠᠵᠢᠯ ᠤᠯᠬᠤ ᠦᠢᠯᠡᠰ ᠪᠣᠰᠬᠠᠬᠤ ᠲᠠᠪᠴᠠᠩ ᠪᠣᠯᠭᠠᠨ᠎ᠠ᠃ ᠲᠠᠷᠢᠶᠠᠯᠠᠩ᠎ᠤᠨ ᠤᠯᠠᠨ ᠲᠦᠷᠦᠯ᠎ᠤᠨ ᠴᠢᠳᠠᠮᠵᠢ ᠶ᠋ᠢ ᠨᠡᠭᠡᠭᠡᠨ ᠬᠥᠭᠵᠢᠭᠦᠯᠵᠦ᠂ ᠬᠥᠳᠡᠭᠡ ᠲᠤᠰᠬᠤᠨ᠎ᠤ  ᠨᠢᠭᠡ ᠬᠣᠶᠠᠷ ᠭᠤᠷᠪᠠᠳᠤᠭᠠᠷ ᠠᠵᠤ ᠦᠢᠯᠡᠰ ᠭᠦᠨᠵᠡᠭᠡᠢ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠠᠷᠢᠶᠠᠴᠢᠳ ᠲᠠᠢ ᠬᠣᠯᠪᠤᠭᠠᠯᠠᠨ ᠲᠠᠷᠢᠶᠠᠴᠢᠳ᠎ᠢ ᠳᠠᠢᠴᠢᠯᠠᠬᠤ ᠲᠣᠭᠲᠠᠴᠠ᠎ᠶᠢ ᠲᠡᠭᠦᠯᠳᠡᠷᠵᠢᠭᠦᠯᠦᠨ᠂ ᠲᠠᠷᠢᠶᠠᠴᠢᠳ᠎ᠤᠨ ᠤᠷᠤᠯᠭ᠎ᠠ ᠵᠢ ᠲᠣᠭᠲᠠᠭᠤᠨ᠎ᠢᠶᠠᠷ ᠨᠡᠮᠡᠭᠳᠡᠭᠦᠯᠬᠦ᠎ᠶᠢ ᠠᠬᠢᠭᠤᠯᠤᠨ᠎ᠠ᠃

ᠭᠤᠷᠪᠠ᠂ ᠬᠥᠳᠡᠭᠡ ᠲᠤᠰᠬᠤᠨ᠎ᠤ ᠵᠠᠰᠠᠯᠲᠠ᠎ᠶᠢ ᠴᠢᠩᠭᠠᠳᠬᠠᠨ ᠰᠠᠢᠵᠢᠷᠠᠭᠤᠯᠬᠤ ᠬᠡᠷᠡᠭᠲᠡᠢ

ᠬᠥᠳᠡᠭᠡ ᠲᠤᠰᠬᠤᠨ᠎ᠢ ᠪᠦᠲᠤᠮᠵᠢᠳᠡᠢ ᠵᠠᠰᠠᠬᠤ ᠪᠣᠯ ᠬᠥᠳᠡᠭᠡ ᠲᠤᠰᠬᠤᠨ᠎ᠢ  ᠬᠥᠭᠵᠢᠭᠦᠯᠦᠨ ᠮᠠᠨᠳᠤᠭᠤᠯᠬᠤ᠎ᠶᠢᠨ ᠴᠢᠬᠤᠯᠠ ᠪᠠᠲᠤᠯᠠᠭ᠎ᠠ ᠮᠥᠨ᠃ ᠰᠢᠨ᠎ᠡ ᠴᠠᠭ ᠦᠶ᠎ᠡ᠎ᠶᠢᠨ《ᠹᠸᠩᠴᠢᠶᠣᠣ ᠵᠢᠨ ᠲᠣᠷᠰᠢᠯᠭ᠎ᠠ》ᠵᠢ ᠪᠠᠷᠢᠮᠲᠠᠯᠠᠨ ᠬᠥᠭᠵᠢᠭᠦᠯᠵᠦ᠂ ᠬᠥᠳᠡᠭᠡ ᠲᠤᠰᠬᠤᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠳᠤᠷᠢᠳᠬᠤ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠨᠠᠮ᠎ᠤᠨ ᠪᠠᠢᠭᠤᠯᠤᠯᠲᠠ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢ ᠬᠥᠲᠥᠯᠥᠨ ᠳᠠᠭᠠᠭᠤᠯᠬᠤ᠎ᠶᠢ ᠴᠢᠩᠭᠠᠳᠬᠠᠬᠤ ᠬᠡᠷᠡᠭᠲᠡᠢ᠃ ᠬᠥᠳᠡᠭᠡ ᠲᠤᠰᠬᠤᠨ᠎ᠢ ᠵᠠᠰᠠᠬᠤ᠎ᠳᠤ ᠠᠷᠠᠳ ᠤᠯᠠᠨ᠎ᠤ ᠪᠡᠶᠡᠴᠢ ᠴᠣᠭᠴᠠ᠎ᠶᠢᠨ ᠦᠢᠯᠡᠳᠦᠯ᠎ᠢ ᠪᠠᠳᠠᠷᠠᠭᠤᠯᠵᠤ᠂ ᠲᠦᠷᠦ᠎ᠶᠢᠨ ᠪᠣᠳᠣᠯᠭ᠎ᠠ ᠪᠠ ᠪᠠᠢᠭᠤᠯᠤᠮᠵᠢ᠎ᠶᠢ ᠰᠢᠨᠡᠴᠢᠯᠡᠨ ᠰᠠᠢᠵᠢᠷᠠᠭᠤᠯᠵᠤ᠂ ᠠᠷᠠᠳ ᠤᠯᠠᠨ᠎ᠤ ᠲᠤᠰᠬᠤᠨ᠎ᠤ ᠵᠠᠰᠠᠯᠲᠠ᠎ᠳᠤ ᠣᠷᠤᠯᠴᠠᠬᠤ ᠲᠠᠪᠴᠠᠩ᠎ᠢ ᠨᠡᠩ ᠥᠷᠭᠡᠨ ᠪᠤᠯᠭᠠᠵᠤ᠂ ᠠᠷᠠᠳ ᠤᠯᠠᠨ᠎ᠤ ᠬᠠᠷᠢᠶᠠᠯᠠᠭᠳᠠᠬᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ᠎ᠶᠢ ᠴᠢᠩᠭᠠᠷᠠᠭᠤᠯᠵᠤ᠂ ᠬᠥᠳᠡᠭᠡ ᠲᠤᠰᠬᠤᠨ᠎ᠤ ᠵᠠᠰᠠᠯᠲᠠ᠎ᠶᠢᠨ ᠳᠣᠲᠣᠭᠠᠳᠤ ᠬᠦᠴᠦᠨ᠎ᠢ ᠪᠠᠳᠠᠷᠠᠭᠤᠯᠤᠨ᠎ᠠ᠃ ᠲᠤᠰᠬᠤᠨ᠎ᠤ ᠳᠦᠷᠢᠮ ᠠᠷᠠᠳ᠎ᠤᠨ ᠭᠡᠷ᠎ᠡ ᠵᠡᠷᠭᠡ᠎ᠶᠢᠨ ᠦᠢᠯᠡᠳᠦᠯ᠎ᠢ ᠪᠠᠳᠠᠷᠠᠭᠤᠯᠵᠤ᠂ ᠠᠷᠠᠳ ᠤᠯᠠᠨ᠎ᠤ ᠤᠢᠯᠡ ᠠᠵᠢᠯᠯᠠᠭ᠎ᠠ᠎ᠶᠢ ᠵᠢᠷᠤᠮᠵᠢᠭᠤᠯᠤᠨ᠂ ᠬᠥᠳᠡᠭᠡ ᠲᠤᠰᠬᠤᠨ᠎ᠤ ᠬᠠᠤᠯᠢ ᠪᠠᠷ ᠵᠠᠰᠠᠬᠤ ᠮᠣᠷᠠᠯ᠎ᠢᠶᠠᠷ ᠵᠠᠰᠠᠬᠤ ᠥᠪᠡᠷᠲᠡᠭᠡᠨ ᠵᠠᠰᠠᠬᠤ᠎ᠶᠢᠨ ᠠᠭᠤᠰᠤᠯᠴᠠᠯ᠎ᠢ ᠠᠬᠢᠭᠤᠯᠤᠨ᠎ᠠ᠃

ᠳᠥᠷᠪᠡ᠂ ᠬᠥᠳᠡᠭᠡ ᠲᠤᠰᠬᠤᠨ᠎ᠤ ᠪᠣᠯᠪᠠᠰᠤᠨ ᠰᠤᠷᠲᠠᠯ᠎ᠤᠨ ᠪᠠᠢᠭᠤᠯᠤᠯᠲᠠ᠎ᠶᠢ ᠠᠬᠢᠭᠤᠯᠬᠤ ᠬᠡᠷᠡᠭᠲᠡᠢ 

ᠬᠥᠳᠡᠭᠡ ᠲᠤᠰᠬᠤᠨ᠎ᠦ ᠳᠦᠷᠢ ᠵᠢ ᠱᠤᠭᠤᠬᠤ ᠪᠠᠷ ᠪᠠᠷᠠᠬᠤ ᠦᠭᠡᠢ ᠨᠡᠩ ᠴᠤ᠌ ᠰᠦᠭ ᠰᠦᠨᠡᠰᠦ᠎ᠶᠢ ᠱᠤᠭᠤᠬᠤ ᠬᠡᠷᠡᠭᠲᠡᠢ᠃ ᠬᠥᠳᠡᠭᠡ ᠲᠤᠰᠬᠤᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢ ᠦᠵᠡᠰᠬᠦᠯᠡᠩᠲᠦ ᠰᠠᠢᠬᠠᠨ ᠬᠥᠳᠡᠭᠡ ᠲᠤᠰᠬᠤᠨ᠎ᠤ ᠪᠦᠲᠦᠭᠡᠨ ᠪᠠᠢᠭᠤᠯᠤᠯᠲᠠ ᠲᠠᠢ ᠤᠶᠠᠯᠳᠤᠭᠤᠯᠬᠤ ᠨᠢ ᠬᠥᠳᠡᠭᠡ ᠲᠤᠰᠬᠤᠨ᠎ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ᠂ ᠬᠠᠮᠲᠤ ᠪᠡᠷ᠎ᠪᠠᠶᠠᠵᠢᠬᠣ᠎ᠳᠦ ᠲᠤᠢᠯ᠎ᠤᠨ ᠴᠢᠬᠤᠯᠠ ᠶᠤᠮ᠃ ᠬᠥᠳᠡᠭᠡ ᠲᠤᠰᠬᠤᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢ ᠴᠢᠩᠭᠠᠳᠬᠠᠵᠤ᠂ ᠲᠠᠷᠢᠶᠠᠴᠢᠨ᠎ᠦ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠶᠣᠰᠣ᠌ ᠰᠤᠷᠲᠠᠬᠤᠨ᠎ᠤ ᠲᠦᠪᠰᠢᠨ ᠪᠣᠯᠣᠨ ᠬᠡᠪ ᠰᠤᠷᠲᠠᠯ᠎ᠢ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠤᠰᠬᠤᠨ᠎ᠤ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠠᠵᠢᠯ᠎ᠤᠨ ᠠᠷᠭ᠎ᠠ ᠪᠠᠷᠢᠯ ᠵᠢᠡᠨ ᠰᠢᠨᠡᠳᠬᠡᠵᠦ᠂ ᠤᠯᠠᠨ ᠲᠦᠮᠡᠨ᠎ᠦ ᠳᠤᠷ᠎ᠠ ᠪᠠᠬ᠎ᠠ ᠶ᠋ᠢ ᠲᠠᠲᠠᠭᠰᠠᠨ ᠬᠡᠯᠪᠡᠷᠢ ᠪᠡᠷ ᠰᠣᠶᠣᠯ᠎ᠤᠨ ᠠᠮᠢᠳᠤᠷᠠᠯ᠎ᠢ ᠲᠡᠭᠦᠯᠳᠡᠷᠵᠢᠭᠦᠯᠵᠦ᠂ ᠬᠥᠳᠡᠭᠡ ᠲᠤᠰᠬᠤᠨ᠎ᠤ ᠨᠡᠢᠲᠡ᠎ᠶᠢᠨ ᠰᠣᠶᠣᠯ᠎ᠤᠨ ᠰᠠᠭᠤᠷᠢᠨ ᠭᠠᠵᠠᠷ᠎ᠤᠨ ᠪᠠᠢᠭᠤᠯᠤᠯᠲᠠ᠎ᠶᠢ ᠴᠢᠩᠭᠠᠳᠬᠠᠬᠤ ᠬᠡᠷᠡᠭᠲᠡᠢ᠃ ᠭᠡᠷ᠎ᠦᠨ ᠰᠤᠷᠭᠠᠯ ᠭᠡᠷ᠎ᠦᠨ ᠰᠤᠷᠲᠠᠯ᠎ᠦᠨ ᠪᠠᠢᠭᠤᠯᠤᠯᠲᠠ ᠵᠢ ᠴᠢᠩᠭᠠᠳᠬᠠᠨ᠂ ᠬᠠᠭᠤᠴᠢᠨ ᠬᠡᠪ ᠵᠠᠩᠰᠢᠯ᠎ᠢ ᠥᠭᠡᠷᠡᠴᠢᠯᠡᠬᠦ᠎ᠶᠢ ᠠᠬᠢᠭᠤᠯᠤᠨ᠂ ᠬᠤᠷᠢᠮ ᠪᠡᠯᠪᠡᠰᠦᠷᠡᠯ ᠳᠤᠮᠳᠠᠬᠢ ᠪᠣᠯᠬᠢ ᠳᠠᠳᠬᠠᠯ ᠵᠡᠷᠭᠡ ᠠᠰᠠᠭᠤᠳᠠᠯ᠎ᠢ ᠪᠦᠳᠦᠮᠵᠢᠳᠡᠢ ᠵᠠᠰᠠᠵᠤ᠂ ᠪᠣᠯᠪᠠᠰᠤᠨ ᠵᠠᠩ ᠰᠤᠷᠲᠠᠯ᠎ᠢ ᠪᠤᠢ ᠪᠣᠯᠭᠠᠨ᠎ᠠ᠃

ᠲᠠᠪᠤ᠂ ᠲᠠᠷᠢᠶᠠᠯᠠᠩ᠎ᠤᠨ ᠪᠣᠬᠢᠷᠳᠤᠯ ᠦᠭᠡᠢ ᠬᠥᠭᠵᠢᠯᠲᠡ ᠵᠢ ᠲᠦᠷᠭᠡᠳᠬᠡᠬᠦ ᠬᠡᠷᠡᠭᠲᠡᠢ

ᠪᠣᠬᠢᠷᠳᠤᠯ ᠦᠭᠡᠢ ᠪᠠᠢᠬᠤ ᠪᠣᠯ ᠲᠠᠷᠢᠶᠠᠯᠠᠩ᠎ᠤᠨ ᠰᠠᠭᠤᠷᠢ ᠥᠩᠭᠡ ᠮᠥᠨ᠂ ᠠᠮᠢ ᠠᠬᠤᠢ ᠪᠣᠯ ᠲᠠᠷᠢᠶᠠᠯᠠᠩ᠎ᠤᠨ ᠬᠥᠭᠵᠢᠯᠲᠡ᠎ᠶᠢᠨ ᠰᠠᠭᠤᠷᠢ ᠮᠥᠨ᠃ ᠪᠣᠬᠢᠷᠳᠦᠯ ᠦᠬᠡᠢ ᠵᠢ ᠲᠠᠷᠢᠶᠠᠯᠠᠩ ᠠᠵᠤ ᠠᠬᠤᠢ ᠵᠢᠨ ᠡᠯ᠎ᠡ ᠲᠠᠯ᠎ᠠ᠎ᠳᠤ ᠲᠤᠭᠤᠰᠢᠯᠠᠭᠤᠯᠵᠤ᠂ ᠲᠠᠷᠢᠶᠠᠨ ᠭᠠᠵᠠᠷ᠎ᠤᠨ ᠬᠥᠷᠥᠰᠥ ᠰᠢᠷᠣᠢ᠎ᠶᠢ ᠰᠢᠨᠵᠢᠯᠡᠨ ᠪᠣᠷᠳᠣᠭᠤᠷ ᠣᠷᠣᠭᠤᠯᠵᠤ᠂ ᠡᠪᠡᠳᠴᠢᠨ ᠬᠣᠷᠣᠬᠠᠢ᠎ᠶᠢᠨ ᠬᠥᠨᠥᠭᠡᠯ᠎ᠢ ᠪᠣᠬᠢᠷᠳᠤᠯ ᠦᠭᠡᠢ ᠪᠡᠷ ᠰᠡᠷᠭᠡᠢᠯᠡᠬᠦ ᠵᠡᠷᠭᠡ ᠪᠡᠷ ᠬᠦ᠋ᠷᠦᠰᠦ ᠰᠢᠷᠣᠢ᠎ᠶᠢᠨ ᠡᠷᠡᠭᠦᠯ ᠮᠡᠨᠳᠦ ᠪᠠ ᠠᠮᠢᠵᠢᠷᠠᠯ᠎ᠤᠨ ᠬᠦᠴᠦᠨ᠎ᠢ ᠬᠠᠮᠠᠭᠠᠯᠠᠨ᠎ᠠ᠃ ᠮᠠᠯ ᠵᠢᠭᠦᠷᠲᠡᠨ᠎ᠦ ᠪᠠᠭᠠᠰᠤ᠎ᠶᠢ ᠠᠰᠢᠭ᠍ᠯᠠᠨ ᠲᠠᠷᠢᠮᠠᠯ᠎ᠤᠨ ᠣᠷᠭᠠᠨᠢᠭ᠋ ᠪᠣᠷᠳᠣᠭᠤᠷ ᠪᠤᠯᠭᠠᠵᠤ᠂ ᠡᠬᠢ ᠪᠠᠶᠠᠯᠢᠭ᠋᠎ᠢ ᠡᠷᠭᠢᠯᠳᠦᠭᠦᠯᠦᠨ ᠠᠰᠢᠭ᠍ᠯᠠᠵᠤ᠂ ᠡᠬᠢ  ᠪᠠᠶᠠᠯᠢᠭ᠋᠎ᠤᠨ ᠠᠰᠢᠭ᠍ᠯᠠᠯᠲᠠ᠎ᠶᠢ ᠰᠠᠢᠲᠤᠷ ᠳᠡᠭᠡᠭᠰᠢᠯᠡᠭᠦᠯᠬᠦ ᠬᠡᠷᠡᠭᠲᠡᠢ᠃ ᠬᠥᠳᠡᠭᠡ ᠲᠤᠰᠬᠤᠨ᠎ᠤ ᠣᠷᠴᠢᠨ ᠲᠣᠭᠣᠷᠢᠨ ᠠᠮᠢ ᠠᠬᠤᠢ᠎ᠶᠢ ᠰᠠᠢᠲᠤᠷ ᠬᠠᠮᠠᠭᠠᠯᠠᠵᠤ᠂ ᠲᠠᠷᠢᠶᠠᠯᠠᠩ᠎ᠤᠨ ᠤᠯᠠᠨ ᠡᠬᠢᠲᠦ ᠪᠣᠬᠢᠷᠳᠤᠯ᠎ᠢ ᠰᠡᠷᠭᠡᠢᠯᠡᠨ ᠵᠠᠰᠠᠵᠤ᠂ ᠬᠥᠳᠡᠭᠡ ᠲᠤᠰᠬᠤᠨ᠎ᠤ ᠠᠮᠢ ᠠᠬᠤᠢ᠎ᠶᠢ ᠬᠥᠭᠵᠢᠭᠦᠯᠦᠨ ᠮᠠᠨᠳᠤᠭᠤᠯᠬᠤ᠎ᠶᠢ ᠠᠬᠢᠭᠤᠯᠵᠤ᠂ ᠬᠥᠮᠥᠨ ᠬᠢᠭᠡᠳ ᠪᠠᠢᠭᠠᠯᠢ᠎ᠶᠢᠨ ᠡᠬᠢ ᠵᠣᠬᠢᠴᠠᠯ ᠲᠠᠢ ᠪᠡᠷ ᠬᠠᠮᠲᠤ ᠣᠷᠣᠰᠢᠬᠤ᠎ᠶᠢ ᠠᠬᠢᠭᠤᠯᠤᠨ᠎ᠠ᠃ ᠬᠠᠮᠤᠭ ᠰᠡᠭᠦᠯ᠎ᠳᠤ 《ᠦᠵᠡᠬᠦ ᠡᠴᠡ ᠠᠭᠣᠯᠠ ᠲᠠᠢ᠂ ᠣᠷᠣᠰᠬᠣ ᠡᠴᠡ ᠭᠣᠣᠯ ᠲᠠᠢ᠂ ᠮᠦᠷᠦᠭᠡᠳᠬᠦ ᠡᠴᠡ ᠨᠣᠳᠣᠭ ᠲᠠᠢ》᠂ ᠦᠵᠡᠰᠬᠦᠯᠡᠩᠲᠦ ᠰᠠᠢᠬᠠᠨ ᠣᠷᠣᠰᠢᠨ ᠰᠠᠭᠣᠷᠢᠰᠢᠬᠣ᠎ᠳᠦ ᠲᠣᠬᠢᠷᠠᠮᠵᠢᠳᠠᠢ ᠬᠥᠳᠡᠭᠡ ᠲᠤᠰᠬᠤᠨ᠎ᠤ ᠰᠢᠨ᠎ᠡ ᠵᠢᠷᠤᠭ᠎ᠢ ᠵᠢᠷᠤᠵᠤ᠂ ᠦᠷ᠎ᠡ ᠬᠣᠢᠴᠢᠰ ᠳᠠᠭᠠᠨ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ᠎ᠢᠶᠡᠷ ᠪᠢᠯᠬᠠᠮ᠎ᠠ᠂ ᠪᠣᠬᠢᠷᠳᠤᠯ ᠦᠭᠡᠢ ᠭᠡᠷ ᠣᠷᠣᠨ᠎ᠢ ᠦᠯᠡᠳᠡᠭᠡᠵᠦ ᠦᠭᠭᠦᠶ᠎ᠡ᠃

(ᠵᠣᠬᠢᠶᠠᠭ᠍ᠴᠢ ᠵᠢᠨ ᠬᠠᠶᠢᠬ᠄  ᠬᠢᠩᠭᠠᠨ ᠠᠢᠮᠠᠭ᠎ᠤᠨ ᠨᠠᠮ᠎ᠦᠨ ᠰᠤᠷᠭᠠᠭᠤᠯᠢ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号