ᠠᠵᠤ ᠦᠢᠯᠡᠰᠵᠢᠯᠳᠡ ᠵᠢᠨ ᠠᠭᠤᠰᠤᠯᠴᠠᠯ ᠭᠡᠷᠡᠯᠴᠢ ᠴᠡᠨᠡᠭ ᠪᠣᠯᠤᠨ ᠲᠠᠷᠢᠮᠠᠯ ᠤ᠋ᠨ ᠦᠢᠯᠡᠰ ᠤ᠋ᠨ ᠤᠶᠠᠯᠳᠤᠯ
2026-07-06 10:56:37
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠦᠪᠦᠷ ᠮᠤᠩᠭᠤᠯ ᠬᠦᠪᠴᠢ᠂ ᠤᠯᠠᠭᠠᠨᠪᠤᠬ᠎ᠠ᠂ ᠪᠠᠳᠠᠢ ᠵᠢᠨ ᠵᠢᠷᠠᠨ ᠤ᠋ ᠡᠯᠡᠰᠤ ᠵᠡᠷᠭᠡ ᠡᠯᠡᠰᠤᠨ ᠤ᠋ ᠡᠬᠢ ᠪᠠᠶᠠᠯᠢᠭ ᠲᠦ᠍ ᠲᠦᠰᠢᠭᠯᠡᠨ᠂ ᠭᠡᠷᠡᠯᠴᠢ ᠴᠡᠨᠡᠭ ᠪᠣᠯᠤᠨ ᠲᠠᠷᠢᠮᠠᠯ ᠤ᠋ᠨ ᠦᠢᠯᠡᠰ ᠤ᠋ᠨ ᠤᠶᠠᠯᠳᠤᠯ ᠲᠠᠢ ᠪᠤᠰᠤᠭ᠎ᠠ ᠴᠤᠭᠴᠠᠳᠤ ᠡᠯᠡᠰᠤ ᠵᠢ ᠵᠠᠰᠠᠬᠤ ᠵᠠᠭᠪᠤᠷ ᠢ᠋ ᠡᠭᠦᠳᠴᠠᠢ᠃

ᠬᠡᠷᠡᠯᠴᠢ ᠴᠡᠨᠡᠭ ᠤ᠋ᠨ ᠬᠠᠪᠲᠠᠰᠤ ᠪᠡᠷ ᠰᠠᠯᠬᠢ ᠪᠠ ᠨᠠᠷᠠ ᠵᠢ ᠬᠠᠯᠬᠠᠯᠠᠬᠤ ᠬᠠᠯᠬᠠᠪᠴᠢ ᠵᠢ ᠴᠤᠭᠴᠠᠯᠠᠵᠤ ᠡᠯᠡᠰᠦᠷᠬᠡᠭ ᠭᠠᠵᠠᠷ ᠤ᠋ᠨ ᠤᠰᠤᠨ ᠤ᠋ ᠠᠭᠤᠷᠰᠢᠯᠲᠠ ᠵᠢ 40% ᠡᠴᠡ ᠳᠡᠭᠡᠭᠰᠢ ᠪᠠᠭᠤᠷᠠᠭᠤᠯᠵᠤ᠂ ᠡᠯᠡᠰᠦᠨ ᠤ᠋ ᠠᠵᠤ ᠠᠬᠤᠶ ᠵᠢᠨ ᠲᠠᠷᠢᠮᠠᠯ ᠢ᠋ ᠳᠠᠷᠢᠬᠤ ᠂ ᠰᠢᠨ᠎ᠡ ᠡᠨᠧᠷᠭᠢ ᠵᠢ ᠨᠡᠭᠡᠭᠡᠨ ᠠᠰᠢᠭᠯᠠᠬᠤ ᠪᠠ ᠡᠯᠡᠰᠦᠨ ᠴᠥᠯ ᠢ᠋ ᠵᠠᠰᠠᠨ ᠰᠡᠷᠭᠦᠭᠡᠬᠦ ᠵᠢ ᠨᠢᠭᠡ ᠴᠤᠭᠴᠠᠵᠢᠭᠤᠯᠤᠨ ᠬᠠᠮᠵᠢᠯᠴᠠᠨ ᠵᠠᠰᠠᠬᠤ ᠵᠢ ᠠᠬᠢᠭᠤᠯᠵᠤ ᠪᠠᠢᠨ᠎ᠠ᠃ ᠪᠠᠶᠠᠠᠨᠠᠭᠤᠷ ᠬᠤᠳᠠ ᠵᠢᠨ ᠳ᠋ᠧᠩᠺᠧᠤ ᠰᠢᠶᠠᠨ ᠤ᠋ ᠤᠯᠠᠭᠠᠨᠪᠤᠬ᠎ᠠ ᠵᠢᠨ ᠡᠯᠡᠰᠦᠨ ᠤ᠋ ᠵᠡᠭᠦᠨ ᠬᠣᠢᠲᠤ ᠬᠡᠰᠡᠭ ᠤ᠋ᠨ ᠰᠢᠨ᠎ᠡ ᠡᠨᠧᠷᠭᠢ ᠵᠢᠨ ᠰᠠᠭᠤᠷᠢᠨ ᠤ᠋ 200 ᠲᠦᠮᠡᠨ ᠺᠢᠯᠣᠸᠠᠲ ᠤ᠋ᠨ ᠬᠣᠰᠢᠭᠤᠴᠢ ᠢᠨᠵᠧᠨᠧᠷᠢᠩ ᠤ᠋ᠨ ᠲᠥᠷᠥᠯ ᠵᠦᠢᠯ ᠤ᠋ᠨ ᠬᠦᠷᠢᠶᠡᠯᠡᠩ ᠲᠣᠭᠣᠷᠢᠭ᠎ᠲᠤ᠌᠂ 《200 ᠲᠦᠮᠡᠨ ᠺᠢᠯᠣᠸᠠᠲ + 5 ᠲᠦᠮᠡᠨ ᠮᠦ᠍ ᠵᠢᠨ ᠠᠮᠢ ᠠᠬᠤᠢ ᠵᠢᠨ ᠵᠠᠰᠠᠯᠳᠠ》 ᠵᠢᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠪᠣᠯᠤᠨ ᠡᠯᠡᠰᠦᠷᠭᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢ ᠨᠢᠭᠡ ᠴᠤᠭᠴᠠᠵᠢᠭᠤᠯᠤᠨ ᠠᠬᠢᠭᠤᠯᠬᠤ ᠲᠦᠷᠦᠯ ᠵᠦᠢᠯ  2025 ᠤᠨ ᠳ᠋ᠤ ᠠᠰᠢᠬᠯᠠᠯᠳᠠ ᠳ᠋ᠤ ᠤᠷᠤᠪᠠ ᠃ ᠳᠤᠰ ᠲᠦᠷᠦᠯ ᠵᠦᠢᠯ ᠨᠢ 《ᠭᠡᠷᠡᠯᠴᠢ ᠴᠡᠨᠡᠭ + ᠵᠠᠭ》 《ᠬᠡᠷᠡᠯᠴᠢ ᠴᠡᠨᠡᠭ + ᠭᠠᠭᠤᠳᠠᠢ》 《ᠭᠡᠷᠡᠯᠴᠢ ᠴᠡᠨᠡᠭ + ᠬᠠᠳᠤᠨ ᠭᠤᠤᠯ ᠤ᠋ᠨ ᠤᠰᠤ ᠪᠡᠷ ᠳᠤᠰᠤᠯᠭᠠᠨ ᠤᠰᠤᠯᠠᠬᠤ》  ᠵᠠᠭᠪᠤᠷ ᠢ᠋ ᠠᠰᠢᠬᠯᠠᠨ᠂ 《ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ᠂ ᠬᠠᠪᠲᠠᠰᠤᠨ ᠳᠤᠮᠳᠠᠭᠤᠷ ᠳᠠᠷᠢᠮᠠᠯ ᠲᠠᠷᠢᠬᠤ᠂ ᠠᠵᠤ ᠦᠢᠯᠡᠰ ᠢ᠋ ᠬᠥᠭᠵᠢᠭᠦᠯᠬᠦ᠂ ᠬᠥᠳᠡᠭᠡ ᠲᠣᠰᠬᠣᠨ ᠢ᠋ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ 》 ᠳᠥᠷᠪᠡ ᠵᠢ ᠨᠢᠭᠡ ᠴᠣᠭᠴᠠᠵᠢᠭᠤᠯᠤᠭᠰᠠᠨ ᠡᠷᠬᠢᠯᠳᠡᠳᠤ ᠠᠵᠤ ᠦᠢᠯᠡᠰ ᠤ᠋ᠨ ᠬᠥᠭᠵᠢᠯᠲᠡ ᠵᠢ ᠠᠬᠢᠭᠤᠯᠵᠤ ᠪᠤᠢ᠃ ᠲᠤᠰ ᠲᠥᠷᠥᠯ ᠵᠦᠢᠯ ᠢ᠋ ᠬᠡᠷᠡᠭᠵᠢᠭᠦᠯᠬᠦ ᠶᠠᠪᠤᠴᠠ ᠳ᠋ᠤ᠌ ᠪᠠᠰᠠ ᠣᠢᠷ᠎ᠠ ᠬᠠᠪᠢ ᠵᠢᠨ 3000 ᠭᠠᠷᠤᠢ ᠮᠠᠯᠵᠢᠬᠤ ᠲᠠᠷᠢᠶᠠᠯᠠᠬᠤ ᠡᠷᠤᠭᠡ᠎ᠵᠢ ᠳᠠᠢᠴᠢᠯᠠᠨ 《ᠠᠵᠢᠯ ᠣᠯᠭᠣᠯᠳᠠ ᠪᠠᠷ ᠲᠡᠳᠬᠦᠮᠵᠢ ᠵᠢ ᠣᠷᠣᠯᠠᠭᠤᠯᠬᠤ 》 ᠲᠥᠷᠥ ᠵᠢᠨ ᠪᠣᠳᠣᠯᠭ᠎ᠠ ᠵᠢ ᠲᠤᠭᠤᠰᠢᠳᠠᠢ ᠨᠠᠢᠳᠠᠪᠤᠷᠢᠵᠢᠭᠤᠯᠪᠠ᠃

2026 ᠣᠨ ᠤ᠋ 6 ᠰᠠᠷ᠎ᠠ ᠪᠣᠯᠲᠠᠯ᠎ᠠ᠂ ᠥᠪᠥᠷ ᠮᠣᠩᠭᠣᠯ ᠭᠡᠷᠡᠯᠴᠢ ᠴᠡᠨᠡᠭ ᠵᠢᠡᠷ ᠨᠡᠢᠳᠡ 248 ᠲᠦᠮᠡᠨ ᠮᠦ᠍ ᠡᠯᠡᠰᠦ ᠵᠢ ᠵᠠᠰᠠᠵᠤ᠂ 2727 ᠲᠦᠮᠡᠨ ᠺᠢᠯᠣᠸᠠᠲ ᠤ᠋ᠨ ᠰᠢᠨ᠎ᠡ ᠡᠨᠧᠷᠭᠢ ᠵᠢᠨ ᠮᠠᠰᠢᠨ ᠴᠤᠭᠴᠠᠯᠠᠪᠤᠷᠢ ᠵᠢ ᠢᠵᠢ ᠪᠦᠷᠢᠳᠦᠭᠦᠯᠪᠡ; ᠠᠵᠤ ᠦᠢᠯᠡᠰ ᠤ᠋ᠨ ᠬᠠᠷᠢᠯᠴᠠᠨ ᠬᠦᠳᠡᠯᠦᠯᠴᠡᠭᠦ ᠵᠢ ᠨᠡᠩ ᠴᠢᠬᠤᠯᠠᠴᠢᠯᠠᠵᠤ ᠂《ᠬᠡᠷᠡᠯᠴᠢ ᠴᠡᠨᠡᠭ᠂ ᠡᠪᠡᠰᠤ᠂ ᠮᠠᠯ᠂ ᠪᠠᠭ᠎ᠠ ᠨᠡᠭᠦᠷᠡᠰᠦᠳᠦ᠋ᠷᠦᠭᠴᠢᠳᠤ》 ᠵᠢᠨ ᠪᠦᠬᠦ ᠠᠵᠤ ᠦᠢᠯᠡᠰ ᠤ᠋ᠨ ᠬᠡᠯᠬᠢᠶ᠎ᠡ ᠵᠢ ᠴᠢᠨᠠᠭᠰᠢᠳᠠ ᠤᠷᠳᠤᠳᠬᠠᠨ᠂ ᠠᠵᠤ ᠠᠬᠤᠢᠯᠡᠯ ᠵᠢᠡᠷ ᠠᠷᠠᠳ ᠤ᠋ᠨ ᠠᠮᠢᠳᠤᠷᠠᠯ ᠢ᠋ ᠳᠠᠢᠴᠢᠯᠠᠨ᠂ ᠠᠵᠢᠯ ᠤᠯᠭᠤᠯᠳᠠ ᠪᠡᠷ ᠳᠡᠳᠭᠦᠮᠵᠢ ᠵᠢ ᠤᠷᠤᠯᠠᠭᠤᠯᠬᠤ ᠲᠦᠷᠦ ᠵᠢᠨ ᠪᠤᠳᠤᠯᠭ᠎ᠠ ᠵᠢ ᠰᠠᠢᠳᠤᠷ ᠬᠡᠷᠡᠭᠵᠢᠭᠦᠯᠵᠤ᠂ ᠠᠮᠢ ᠠᠬᠤᠢ ᠵᠢᠨ ᠵᠠᠰᠠᠯᠳᠠ ᠪᠠ ᠰᠢᠨ᠎ᠡ ᠡᠨᠧᠷᠬᠢ ᠵᠢᠨ ᠬᠦᠭᠵᠢᠯᠳᠡ ᠵᠢ ᠠᠬᠢᠭᠤᠯᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号