ᠲᠦᠷᠦᠬᠦᠭᠡᠨ᠂ ᠣᠷᠳᠣᠰ ᠬᠣᠲᠠ ᠵᠢᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠣᠷᠢᠶ᠎ᠠ ᠰᠣᠨᠢᠨ ᠮᠡᠳᠡᠭᠡ ᠨᠡᠢᠲᠡᠯᠡᠬᠦ ᠬᠤᠷᠠᠯ ᠬᠤᠷᠠᠯᠳᠤᠭᠤᠯᠵᠤ 《ᠣᠷᠳᠣᠰ ᠬᠣᠲᠠ ᠵᠢᠨ ᠬᠥᠪᠴᠢ ᠵᠢᠨ ᠡᠯᠡᠰᠦ ᠮᠤᠤᠠᠤᠰᠤ ᠶ᠋ᠢᠨ ᠡᠯᠡᠰᠦᠷᠬᠡᠭ ᠭᠠᠵᠠᠷ ᠢ᠋ ᠵᠠᠰᠠᠬᠤ ᠳᠦᠷᠢᠮ》 (ᠳᠤᠷᠤᠭᠰᠢ 《ᠳᠦᠷᠢᠮ》 ᠭᠡᠵᠦ ᠳᠦᠬᠦᠮᠴᠢᠯᠡᠨ᠎ᠡ) ᠢ᠋ ᠵᠢᠩᠬᠢᠨᠢ ᠪᠡᠷ ᠨᠡᠢᠲᠡᠯᠡᠨ᠂ 2026 ᠣᠨ ᠤ᠋ 8 ᠰᠠᠷ᠎ᠠ ᠵᠢᠨ 1 ᠤ᠋ ᠡᠳᠦᠷ ᠡᠴᠡ ᠡᠬᠢᠯᠡᠨ ᠵᠢᠩᠬᠢᠨᠢ ᠪᠡᠷ ᠬᠡᠷᠡᠭᠵᠢᠭᠦᠯᠬᠦ ᠪᠡᠷ ᠪᠤᠢ᠃ ᠡᠨᠡ ᠪᠣᠯ ᠣᠷᠳᠣᠰ ᠬᠤᠳᠠ ᠵᠢᠨ ᠬᠥᠪᠴᠢ ᠵᠢᠨ ᠡᠯᠡᠰᠦ ᠮᠤᠤᠠᠤᠰᠤ ᠵᠢᠨ ᠡᠯᠡᠰᠦᠷᠬᠡᠭ ᠭᠠᠵᠠᠷ ᠲᠤ᠌ ᠴᠢᠭᠯᠡᠭᠦᠯᠦᠨ ᠲᠣᠭᠲᠠᠭᠠᠭᠰᠠᠨ ᠲᠤᠰᠬᠠᠢ ᠲᠦᠷᠦᠯ ᠤ᠋ᠨ ᠣᠷᠣᠨ ᠨᠤᠲᠤᠭ ᠤ᠋ᠨ ᠬᠠᠤᠯᠢ ᠲᠣᠭᠲᠠᠭᠠᠯᠲᠠ ᠪᠠᠢᠵᠤ᠂ ᠬᠥᠪᠴᠢ ᠵᠢᠨ ᠡᠯᠡᠰᠦ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠭᠰᠠᠨ ᠲᠤᠷᠰᠢᠯᠭ᠎ᠠ ᠵᠢ ᠬᠠᠤᠯᠢ ᠪᠡᠷ ᠪᠡᠬᠢᠵᠢᠭᠦᠯᠦᠨ᠂ ᠤᠮᠠᠷᠠᠲᠤ ᠵᠢᠨ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠡᠬᠢᠵᠢᠭᠦᠯᠵᠦ ᠪᠠᠢᠭ᠎ᠠ ᠶᠠᠪᠤᠳᠠᠯ ᠪᠣᠯᠬᠤ ᠶᠤᠮ᠃
《ᠳᠦᠷᠢᠮ》 ᠨᠢ ᠬᠠᠲᠤᠨ ᠭᠣᠣᠯ ᠤ᠋ᠨ ᠶᠡᠬᠡ ᠳᠤᠬᠤᠢ ᠵᠢᠨ ᠴᠦᠯᠯᠡᠷᠬᠡᠭᠵᠢᠯ ᠢ᠋ ᠶᠡᠷᠦᠩᠬᠡᠢᠯᠡᠨ ᠰᠡᠷᠭᠡᠢᠯᠡᠨ ᠵᠠᠰᠠᠬᠤ᠂ ᠤᠮᠠᠷᠠᠳᠤ ᠶ᠋ᠢᠨ ᠭᠤᠷᠪᠠᠨ ᠤᠷᠤᠨ ᠤ᠋ ᠢᠨᠵᠧᠨᠧᠷᠢᠩ ᠤ᠋ᠨ ᠪᠡᠷᠬᠡ ᠰᠡᠳᠦᠪ ᠢ᠋ ᠰᠢᠢᠳᠪᠦᠷᠢᠯᠡᠬᠦ ᠪᠣᠳᠠᠲᠤ ᠪᠠᠢᠳᠠᠯ ᠳ᠋ᠤ ᠰᠠᠭᠤᠷᠢᠯᠠᠨ᠂ ᠠᠭᠤᠯᠠ ᠤᠰᠤ ᠣᠢ ᠰᠢᠭᠤᠢ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠵᠢ ᠨᠢᠭᠡ ᠴᠣᠭᠴᠠᠵᠢᠭᠤᠯᠤᠨ ᠵᠠᠰᠠᠬᠤ ᠰᠡᠳᠬᠢᠮᠵᠢ ᠲᠠᠢ ᠨᠢᠭ᠍ᠲᠠ ᠤᠶᠠᠯᠳᠤᠭᠤᠯᠵᠤ᠂ ᠬᠠᠷᠢᠶ᠎ᠠ ᠤᠷᠤᠨ ᠤ᠋ ᠵᠠᠰᠠᠭ ᠤ᠋ᠨ ᠣᠷᠳᠣᠨ ᠤ᠋ ᠡᠯᠡᠰᠦ ᠵᠢ ᠵᠠᠰᠠᠬᠤ ᠬᠠᠷᠠᠯᠳᠠ ᠵᠢ ᠬᠢᠨᠠᠨ ᠰᠢᠯᠭᠠᠬᠤ᠂ ᠪᠡᠯᠴᠢᠭᠡᠷᠯᠡᠭᠦᠯᠬᠦ ᠵᠢ ᠵᠤᠬᠰᠤᠭᠠᠵᠤ ᠪᠡᠯᠴᠢᠭᠡᠷ ᠢ᠋ ᠠᠮᠠᠷᠠᠭᠤᠯᠬᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠬᠠᠮᠢᠶᠠᠷᠤᠨ ᠡᠵᠡᠮᠳᠡᠬᠦ ᠵᠡᠷᠭᠡ ᠬᠠᠲᠠᠭᠤ ᠳᠦᠷᠢᠮ ᠢ᠋ ᠲᠣᠳᠣᠷᠬᠠᠢ ᠲᠣᠭᠲᠠᠭᠠᠪᠠ᠃
《ᠳᠦᠷᠢᠮ》 ᠳ᠋ᠤ ᠤᠷᠢᠳ ᠶ᠋ᠢᠡᠷ ᠪᠠᠢᠭᠤᠯᠵᠤ ᠳᠠᠷᠠᠭ᠎ᠠ ᠨᠢ ᠨᠥᠬᠥᠪᠦᠷᠢᠯᠡᠬᠦ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠬᠣᠷᠢᠶᠠᠨ ᠬᠠᠳᠠᠭᠠᠯᠠᠬᠤ᠂ ᠬᠤᠪᠢ ᠣᠷᠣᠭᠤᠯᠵᠤ ᠡᠯᠡᠰᠦ ᠵᠢ ᠵᠠᠰᠠᠬᠤ ᠵᠡᠷᠭᠡ ᠲᠡᠳᠬᠦᠨ ᠳᠡᠮᠵᠢᠬᠦ ᠲᠥᠷᠥ ᠵᠢᠨ ᠪᠣᠳᠣᠯᠭ᠎ᠠ ᠵᠢᠨ ᠰᠢᠨ᠎ᠡ ᠵᠢ ᠡᠭᠦᠳᠴᠦ᠂ ᠮᠠᠯᠴᠢᠨ ᠲᠠᠷᠢᠶᠠᠴᠢᠨ᠂ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠢᠭᠤᠯᠤᠯᠲᠠ᠂ ᠵᠠᠬ᠎ᠠ ᠳᠡᠯᠭᠡᠭᠦᠷ ᠤ᠋ᠨ ᠭᠣᠣᠯ ᠴᠣᠭᠴᠠ ᠵᠢᠨ ᠳᠠᠭᠠᠭᠠᠴᠢᠯᠠᠬᠤ᠂ ᠬᠠᠮᠲᠤᠷᠠᠯᠴᠠᠬᠤ᠂ ᠬᠤᠪᠢ ᠣᠷᠣᠬᠤ ᠵᠡᠷᠭᠡ ᠣᠯᠠᠨ ᠡᠰᠢᠲᠦ ᠬᠡᠯᠪᠡᠷᠢ ᠪᠡᠷ ᠡᠯᠡᠰᠦ ᠵᠢ ᠵᠠᠰᠠᠬᠤ ᠳ᠋ᠤ ᠣᠷᠣᠯᠴᠠᠬᠤ ᠵᠢ ᠵᠣᠷᠢᠭ᠍ᠵᠢᠭᠤᠯᠤᠨ᠂ ᠠᠵᠤ ᠠᠬᠤᠢᠯᠠᠯ ᠬᠢᠭᠡᠳ ᠣᠯᠠᠨ ᠲᠦᠮᠡᠨ ᠤ᠋ ᠠᠰᠢᠭ᠋ ᠲᠤᠰᠠ ᠵᠢ ᠬᠣᠯᠪᠣᠬᠤ ᠲᠣᠭᠲᠠᠴᠠ ᠵᠢ ᠲᠡᠭᠦᠯᠳᠡᠷᠵᠢᠭᠦᠯᠵᠦ᠂ ᠡᠯᠡᠰᠦ ᠵᠢ ᠵᠠᠰᠠᠬᠤ ᠬᠢᠭᠡᠳ ᠠᠮᠢ ᠠᠬᠤᠢ ᠵᠢᠨ ᠠᠵᠤ ᠦᠢᠯᠡᠰ᠂ ᠠᠷᠠᠳ ᠢ᠋ ᠪᠠᠶᠠᠵᠢᠭᠤᠯᠤᠨ ᠣᠷᠣᠯᠭ᠎ᠠ ᠵᠢ ᠨᠡᠮᠡᠭᠳᠡᠭᠦᠯᠬᠦ ᠵᠢ ᠵᠣᠬᠢᠴᠠᠯᠳᠤᠭᠤᠯᠤᠨ ᠬᠥᠭᠵᠢᠭᠦᠯᠬᠦ ᠵᠢ ᠠᠬᠢᠭᠤᠯᠬᠤ ᠪᠤᠯᠤᠨ᠎ᠠ᠃
ᠣᠯᠠᠨ ᠵᠢᠯ ᠤ᠋ᠨ ᠡᠯᠡᠰᠦ ᠵᠢ ᠵᠠᠰᠠᠬᠤ ᠦᠢᠯᠡᠳᠦᠯᠭᠡ ᠪᠡᠷ ᠳᠠᠮᠵᠢᠭᠤᠯᠤᠨ᠂ ᠣᠷᠳᠣᠰ ᠤ᠋ᠨ ᠬᠥᠪᠴᠢ ᠶ᠋ᠢᠨ ᠡᠯᠡᠰᠦ ᠮᠤᠤᠠᠤᠰᠤ ᠵᠢᠨ ᠡᠯᠡᠰᠦᠷᠬᠡᠭ ᠭᠠᠵᠠᠷ ᠢ᠋ ᠵᠠᠰᠠᠭᠰᠠᠨ ᠦᠷ᠎ᠡ ᠪᠦᠲᠦᠮᠵᠢ ᠲᠣᠪᠣᠢᠮ᠎ᠠ ᠪᠠᠢᠵᠤ᠂ ᠬᠣᠶᠠᠷ ᠶᠡᠬᠡ ᠡᠯᠡᠰᠦᠷᠬᠡᠭ ᠣᠷᠣᠨ ᠢ᠋ ᠵᠠᠰᠠᠭᠰᠠᠨ ᠨᠣᠷᠮ᠎ᠠ ᠲᠣᠭᠲᠠᠭᠤᠨ ᠶ᠋ᠢᠡᠷ ᠳᠡᠭᠡᠭᠰᠢᠯᠡᠵᠦ ᠪᠤᠢ᠃ ᠳᠦᠷᠢᠮ ᠢ᠋ ᠨᠠᠢᠳᠠᠪᠤᠷᠢᠵᠢᠭᠤᠯᠤᠭᠰᠠᠨ ᠤ᠋ ᠲᠠᠷᠠᠭ᠎ᠠ᠂ ᠬᠥᠪᠴᠢ ᠵᠢᠨ ᠡᠯᠡᠰᠦᠨ ᠤ᠋ ᠤᠷᠳᠤ ᠬᠤᠭᠤᠴᠠᠭᠠᠨ ᠤ᠋ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠳᠦᠷᠢᠮ ᠤ᠋ᠨ ᠳᠤᠲᠠᠭᠤᠳᠠᠯ ᠢ᠋ ᠨᠥᠬᠥᠪᠦᠷᠢᠯᠡᠵᠦ᠂ ᠡᠯᠡᠰᠦᠷᠬᠡᠭ ᠣᠷᠣᠨ ᠢ᠋ ᠨᠡᠭᠡᠭᠡᠨ ᠬᠥᠭᠵᠢᠭᠦᠯᠬᠦ᠂ ᠤᠷᠭᠤᠮᠠᠯ ᠤ᠋ᠨ ᠬᠤᠴᠢᠯᠭ᠎ᠠ ᠵᠢ ᠬᠠᠮᠢᠶᠠᠷᠤᠨ ᠬᠠᠮᠠᠭᠠᠯᠠᠬᠤ᠂ ᠠᠮᠢ ᠠᠬᠤᠢ ᠵᠢ ᠰᠡᠷᠭᠦᠭᠡᠬᠦ ᠵᠡᠷᠭᠡ ᠪᠦᠬᠦ ᠬᠡᠯᠬᠢᠶ᠎ᠡ ᠵᠢᠨ ᠬᠠᠮᠢᠶᠠᠷᠤᠯᠲᠠ ᠵᠢ ᠵᠢᠷᠤᠮᠵᠢᠭᠤᠯᠤᠨ᠂ ᠡᠯᠡᠰᠦᠷᠬᠡᠭᠵᠢᠯ ᠢ᠋ ᠰᠡᠷᠭᠡᠢᠯᠡᠵᠦ ᠡᠯᠡᠰᠦ ᠵᠢ ᠵᠠᠰᠠᠭᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠵᠦ᠂ ᠴᠦᠯᠯᠡᠷᠬᠡᠭᠵᠢᠯ ᠢ᠋ ᠶᠡᠷᠦᠩᠬᠡᠢᠯᠡᠨ ᠵᠠᠰᠠᠬᠤ ᠵᠢ ᠬᠠᠤᠯᠢᠵᠢᠭᠤᠯᠬᠤ ᠵᠢ ᠤᠷᠳᠤ ᠬᠤᠭᠤᠴᠠᠭ᠎ᠠ ᠪᠡᠷ ᠪᠦᠲᠦᠮᠵᠢᠲᠡᠢ ᠠᠬᠢᠭᠤᠯᠬᠤ ᠳ᠋ᠤ ᠬᠦᠴᠦ ᠨᠡᠮᠡᠷᠢᠯᠡᠬᠦ ᠪᠤᠯᠤᠨ᠎ᠠ᠃