6 ᠰᠠᠷ᠎ᠠ᠎ᠶᠢᠨ 28᠎ᠤ᠋ ᠦᠳᠡ᠎ᠶᠢᠨ ᠬᠣᠢᠨ᠎ᠠ᠂ ᠬᠥᠬᠡᠬᠣᠲᠠ᠎ᠶᠢᠨ ᠪᠡᠶ᠎ᠡ᠎ᠶᠢᠨ ᠲᠠᠮᠢᠷ᠎ᠤᠨ ᠲᠣᠪᠴᠢᠶ᠎ᠠ᠎ᠠᠴᠠ ᠭᠣᠣᠯᠯᠠᠨ ᠡᠷᠭᠢᠯᠡᠭᠰᠡᠨ 2026 ᠣᠨ᠎ᠤ ᠣᠯᠠᠨ ᠲᠦᠮᠡᠨᠴᠢ 《ᠭᠤᠷᠪᠠᠨ ᠲᠣᠮᠣ᠌ ᠪᠥᠮᠪᠥᠭᠡ》 ᠵᠢᠨ ᠰᠢᠷᠢᠰ ᠤᠷᠤᠯᠳᠤᠭᠠᠨ ᠬᠦᠬᠡᠬᠤᠲᠠ᠎ᠶᠢᠨ ᠰᠢᠨᠬᠤᠸᠠ MALL ᠰᠠᠭᠰᠤᠨ ᠪᠥᠮᠪᠥᠭᠡ᠎ᠶᠢᠨ ᠤᠷᠤᠯᠳᠤᠭᠠᠨ᠎ᠤ ᠲᠠᠯᠠᠪᠤᠷ᠎ᠲᠤ ᠡᠬᠢᠯᠡᠪᠡ᠃
ᠲᠣᠰ ᠤᠳᠠᠭᠠᠨ᠎ᠤ ᠤᠷᠤᠯᠳᠤᠭᠠᠨ᠎ᠨᠢ ᠪᠥᠬᠥ ᠬᠣᠲᠠ᠎ᠶᠢᠨ ᠪᠦᠬᠦᠯᠢ 16 ︱ 45 ᠨᠠᠰᠤᠨ᠎ᠤ ᠰᠠᠭᠰᠤᠨ ᠪᠥᠮᠪᠥᠭᠡ᠎ᠶᠢᠨ ᠪᠠᠬᠠᠲᠠᠳ᠎ᠲᠤ ᠬᠠᠨᠳᠤᠭᠤᠯᠤᠨ ᠰᠦᠢᠳᠬᠡᠯ ᠬᠤᠷᠢᠶᠠᠬᠤ ᠦᠭᠡᠢ᠎ᠪᠡᠷ ᠨᠡᠷ᠎ᠡ ᠮᠡᠳᠡᠭᠦᠯᠵᠦ᠂ ᠡᠴᠦᠰ᠎ᠲᠡᠬᠡᠨ ᠨᠡᠶ᠋ᠢᠲᠡ 24 ᠡᠩᠨᠡᠭᠡ᠎ᠶᠢ ᠰᠣᠩᠭᠣᠵᠤ ᠤᠷᠤᠯᠳᠤᠭᠠᠨ᠎ᠳᠤ ᠣᠷᠣᠯᠴᠠᠭᠤᠯᠪᠠ᠃ ᠤᠷᠤᠯᠳᠤᠭᠠᠨ ᠳ᠋ᠤ ᠭᠤᠷᠪᠠᠨ ᠬᠥᠮᠥᠨ᠎ᠦ ᠰᠠᠭᠰᠤᠨ ᠪᠥᠮᠪᠥᠭᠡ᠎ᠶᠢᠨ ᠪᠠᠷᠢᠮᠵᠢᠶᠠᠵᠢᠭ᠍ᠰᠠᠨ ᠤᠷᠤᠯᠳᠤᠭᠠᠨ᠎ᠤ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠤᠰᠬᠠᠢ ᠮᠡᠷᠭᠡᠵᠢᠯ᠎ᠦᠨ ᠬᠢᠨᠠᠨ ᠰᠢᠭᠦᠬᠦ ᠪᠦᠯᠬᠦᠮ ᠪᠥᠬᠥ ᠶᠠᠪᠤᠴᠠ᠎ᠳᠤ ᠬᠢᠨᠠᠨ ᠲᠠᠰᠤᠯᠤᠯᠲᠠ ᠬᠢᠵᠦ᠂ ᠤᠷᠤᠯᠳᠤᠭᠠᠨ᠎ᠳᠤ ᠣᠷᠣᠯᠴᠠᠭᠰᠠᠳ᠎ᠲᠤ ᠵᠢᠷᠤᠮᠵᠢᠭ᠍ᠰᠠᠨ ᠠᠮᠤᠷ ᠲᠦᠪᠰᠢᠨ ᠤᠷᠤᠯᠳᠤᠭᠠᠨ᠎ᠤ ᠣᠷᠴᠢᠨ ᠲᠣᠭᠣᠷᠢᠨ᠎ᠢ ᠪᠣᠶ ᠪᠣᠯᠭᠠᠵᠤ ᠦᠭᠴᠠᠢ᠃
ᠤᠷᠤᠯᠳᠤᠭᠠᠨ᠎ᠤ ᠵᠠᠪᠰᠠᠷ᠎ᠲᠤ᠂ ᠪᠦᠬᠦ ᠠᠷᠠᠳ᠎ᠤᠨ ᠭᠤᠷᠪᠠᠨ ᠬᠤᠪᠢ᠎ᠶᠢᠨ ᠪᠥᠮᠪᠥᠭᠡ᠎ᠶᠢᠨ ᠰᠣᠨᠢᠷᠬᠠᠯᠳᠦ ᠥᠷᠢᠰᠦᠯᠳᠦᠭᠡᠨ᠎ᠳᠦ ᠤᠷᠤᠯᠳᠤᠭᠠᠨ ᠵᠡᠷᠭᠡ ᠪᠡᠷ ᠶᠠᠪᠤᠭᠳᠠᠵᠤ᠂ ᠲᠤᠬᠠᠢ᠎ᠶᠢᠨ ᠲᠠᠯᠠᠪᠠᠢ᠎ᠶᠢᠨ ᠤᠷᠤᠯᠳᠤᠭᠠᠨ᠎ᠢ ᠰᠣᠨᠢᠷᠬᠠᠭ᠍ᠴᠢ ᠬᠤᠳᠠ᠎ᠶᠢᠨ ᠠᠷᠠᠳ᠂ ᠰᠠᠭᠰᠤᠨ ᠪᠥᠮᠪᠥᠭᠡ᠎ᠳᠦ ᠪᠠᠬᠠᠲᠠᠢ ᠬᠥᠮᠥᠰ ᠡᠭᠡᠯᠵᠢᠯᠡᠨ ᠲᠠᠯᠠᠪᠠᠢ᠎ᠳᠤ ᠣᠷᠣᠵᠤ ᠰᠠᠭᠰᠤᠯᠠᠨ ᠮᠥᠷᠥᠢᠴᠡᠵᠦ᠂ ᠨᠠᠰᠤᠨ᠎ᠤ ᠢᠯᠭᠠᠯ ᠦᠭᠡᠢ᠂ ᠬᠢᠷᠢ ᠲᠦᠪᠰᠢᠨ᠎ᠦ ᠬᠢᠵᠠᠭᠠᠷᠯᠠᠯ ᠦᠭᠡᠢ᠎ᠪᠡᠷ ᠬᠥᠮᠥᠨ ᠪᠣᠯᠭᠠᠨ ᠰᠠᠭᠰᠤᠨ ᠪᠥᠮᠪᠥᠭᠡ᠎ᠶᠢᠨ ᠬᠠᠪᠤ ᠴᠡᠩᠭᠡᠯ᠎ᠢ ᠡᠳ᠋ᠯᠡᠪᠡ᠃ ᠲᠣᠮᠣ᠌ ᠳᠡᠯᠭᠡᠴᠡ᠎ᠪᠡᠷ ᠤᠷᠤᠯᠳᠤᠭᠠᠨ᠎ᠤ ᠬᠢᠷᠢ ᠪᠦᠲᠦᠮᠵᠢ ᠪᠣᠯᠣᠨ ᠤᠬᠠᠭᠤᠯᠭ᠎ᠠ᠎ᠶᠢᠨ ᠠᠭᠤᠯᠭ᠎ᠠ᠎ᠶᠢ ᠡᠭᠡᠯᠵᠢᠯᠡᠨ ᠨᠠᠪᠲᠠᠷᠡᠭᠦᠯᠵᠦ᠂ ᠤᠷᠤᠯᠳᠤᠭᠠᠨ᠎ᠤ ᠲᠠᠯᠠᠪᠤᠷ ᠬᠦᠷ ᠬᠦᠭᠵᠢᠶᠡᠨᠶ᠋ᠢᠡᠷ ᠪᠢᠯᠬᠠᠵᠤ ᠪᠠᠢᠯ᠎ᠠ᠃ ᠲᠤᠰ ᠤᠳᠠᠭᠠᠨ᠎ᠤ ᠰᠠᠭᠰᠤᠨ ᠪᠥᠮᠪᠥᠭᠡ ᠶ᠋ᠢᠨ ᠤᠷᠤᠯᠳᠤᠭᠠᠨ ᠨᠢ 7 ᠰᠠᠷ᠎ᠠ ᠶ᠋ᠢᠨ 5᠎ᠤ᠋ ᠡᠳᠦᠷ ᠪᠣᠯᠲᠠᠯ᠎ᠠ ᠦᠷᠭᠦᠯᠵᠢᠯᠡᠵᠦ᠂ ᠨᠤᠭᠤᠯᠤᠭ᠎ᠠ ᠤᠷᠤᠯᠳᠤᠭᠠᠨ᠂ ᠬᠠᠭᠠᠰ ᠰᠢᠢᠳᠪᠦᠷᠢᠲᠦ ᠤᠷᠤᠯᠳᠤᠭᠠᠨ᠂ ᠶᠡᠷᠦᠩᠬᠡᠢ ᠰᠢᠢᠳᠪᠦᠷᠢᠲᠦ ᠤᠷᠤᠯᠳᠤᠭᠠᠨ ᠵᠢᠡᠷ ᠲᠠᠮᠵᠢᠨ ᠡᠷᠡᠭᠲᠡᠢ ᠡᠮᠡᠭᠲᠡᠢ ᠶ᠋ᠢᠨ ᠳᠤᠭᠤᠢᠯᠠᠩ᠎ᠤᠨ ᠮᠠᠩᠯᠠᠢ ᠳᠡᠳ᠋ ᠭᠤᠷᠪᠠᠳᠤᠭᠠᠷ ᠲᠡᠰᠢ ᠰᠢᠯᠭᠠᠷᠠᠭᠤᠯᠬᠤ ᠪᠣᠯᠣᠨ᠎ᠠ᠃