ᠣᠢᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠡᠮᠳᠡᠭᠴᠦᠳ᠎ᠦᠨ ᠬᠣᠯᠪᠣᠭ᠎ᠠ᠎ᠶᠢᠨ ᠪᠠᠢᠴᠠᠭᠠᠨ ᠰᠤᠳᠤᠯᠬᠤ ᠳᠤᠭᠤᠢᠯᠠᠩ ᠥᠪᠥᠷ ᠮᠣᠩᠭᠣᠯ᠎ᠤᠨ ᠣᠨᠴᠠᠭᠠᠶ ᠠᠵᠢᠯ ᠮᠡᠷᠭᠡᠵᠢᠯ᠎ᠦᠨ ᠰᠤᠷᠭᠠᠭᠤᠯᠢ᠎ᠳᠤ ᠬᠦᠷᠴᠦ᠂ ᠰᠤᠷᠭᠠᠭᠤᠯᠢ᠎ᠶᠢᠨ ᠨᠠᠮ᠎ᠤᠨ ᠡᠭᠦᠷ᠎ᠦᠨ ᠪᠠᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠲᠤᠰᠬᠠᠢ ᠮᠡᠷᠭᠡᠵᠢᠯ᠎ᠦᠨ ᠶᠠᠰᠤ ᠴᠢᠨᠠᠷ᠎ᠢ ᠳᠡᠭᠡᠭᠰᠢᠯᠡᠭᠦᠯᠬᠦ᠂ ᠪᠠᠭ᠍ᠰᠢ᠎ᠶᠢᠨ ᠡᠩᠨᠡᠭᠡ᠂ ᠰᠤᠷᠤᠭ᠍ᠴᠢᠳ᠎ᠤᠨ ᠬᠠᠮᠢᠶᠠᠷᠤᠯᠲᠠ ᠵᠡᠷᠭᠡ ᠠᠵᠢᠯ᠎ᠤᠨ ᠪᠠᠢᠳᠠᠯ᠎ᠢ ᠨᠠᠷᠢᠨ ᠤᠢᠯᠠᠭᠠᠪᠠ᠃
ᠵᠡᠮᠳᠡᠭᠴᠤᠳ᠎ᠤᠨ ᠬᠤᠯᠪᠤᠭ᠎ᠠ᠎ᠵᠢᠨ ᠬᠢᠨ ᠰᠤᠷᠭᠠᠭᠤᠯᠢ᠎ᠶᠢᠨ ᠪᠣᠳᠠᠲᠤ ᠪᠠᠢᠳᠠᠯ ᠬᠢᠭᠡᠳ ᠪᠥᠬᠥ ᠣᠷᠣᠨ᠎ᠤ ᠵᠡᠮᠳᠡᠭᠴᠦᠳ᠎ᠦᠨ ᠦᠢᠯᠡᠰ᠎ᠦᠨ ᠬᠥᠭᠵᠢᠯᠲᠡ᠎ᠶᠢᠨ ᠪᠠᠢᠷᠢᠰᠢᠭᠤᠯᠤᠯᠲᠠ᠎ᠲᠠᠢ ᠤᠶᠠᠯᠳᠤᠭᠤᠯᠵᠤ ᠂ ᠰᠤᠷᠭᠠᠭᠤᠯᠢ᠎ᠶᠢᠨ ᠠᠯᠤᠰ ᠬᠡᠲᠦ᠎ᠶᠢᠨ ᠬᠥᠭᠵᠢᠯᠲᠡ᠎ᠳᠦ ᠰᠠᠭᠤᠷᠢᠯᠠᠨ᠂ ᠠᠵᠢᠯ᠎ᠤᠨ ᠱᠠᠭᠠᠷᠳᠠᠯᠭ᠎ᠠ ᠳᠤᠷᠠᠳᠪᠠ᠄ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠵᠤ ᠰᠤᠷᠭᠠᠭᠤᠯᠢ ᠡᠷᠭᠢᠯᠡᠬᠦ᠂ ᠪᠠᠭ᠍ᠰᠢ ᠰᠤᠷᠤᠭ᠍ᠴᠢᠳ᠎ᠤᠨ ᠦᠵᠡᠯ ᠰᠠᠨᠠᠭ᠎ᠠ ᠤᠯᠤᠰ ᠲᠥᠷᠥ᠎ᠶᠢᠨ ᠠᠵᠢᠯ᠎ᠢ ᠪᠣᠳᠠᠲᠠᠢ ᠠᠳᠬᠤᠨ᠂ ᠪᠠᠭ᠍ᠰᠢ ᠰᠤᠷᠤᠭ᠍ᠴᠢᠳ᠎ᠤᠨ ᠦᠵᠡᠯ ᠰᠠᠨᠠᠭᠠᠨ᠎ᠤ ᠰᠠᠭᠤᠷᠢ᠎ᠶᠢ ᠪᠡᠬᠢᠵᠢᠬᠦᠯᠬᠦ ᠬᠡᠷᠡᠭᠲᠡᠢ; ᠺᠠᠳ᠋ᠷ ᠠᠵᠢᠯᠲᠠᠨ᠎ᠤ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠭᠦᠨᠵᠡᠭᠡᠢᠷᠡᠭᠦᠯᠵᠦ᠂ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠤᠨ ᠬᠠᠮᠲᠤᠷᠠᠨ ᠰᠤᠷᠭᠠᠭᠤᠯᠢ ᠡᠷᠭᠢᠯᠡᠬᠦ ᠰᠢᠨ᠎ᠡ ᠵᠠᠭᠪᠤᠷ᠎ᠢ ᠢᠳᠡᠪᠬᠢᠲᠡᠢ ᠥᠷᠭᠡᠳᠬᠡᠵᠦ᠂ ᠰᠤᠷᠭᠠᠭᠤᠯᠢ ᠡᠷᠭᠢᠯᠡᠬᠦ ᠡᠬᠢ ᠪᠠᠶᠠᠯᠢᠭ᠋᠎ᠢ ᠣᠯᠠᠨ ᠲᠠᠯ᠎ᠠ᠎ᠪᠠᠷ ᠡᠮᠬᠢᠯᠡᠨ ᠨᠡᠢᠯᠡᠭᠦᠯᠵᠦ᠂ ᠰᠤᠷᠭᠠᠭᠤᠯᠢ ᠡᠷᠭᠢᠯᠡᠬᠦ ᠬᠥᠭᠵᠢᠯᠲᠡ᠎ᠶᠢᠨ ᠰᠠᠭᠤᠷᠢ᠎ᠶᠢ ᠪᠡᠬᠢᠵᠢᠭᠦᠯᠬᠦ ᠬᠡᠷᠡᠭᠲᠡᠢ; ᠲᠥᠷᠥ᠎ᠶᠢᠨ ᠪᠣᠳᠣᠯᠭ᠎ᠠ᠎ᠶᠢᠨ ᠪᠠᠲᠤᠯᠠᠭ᠎ᠠ᠎ᠶᠢ ᠢᠳᠡᠪᠬᠢᠲᠡᠢ ᠴᠢᠷᠮᠠᠢᠨ ᠣᠯᠵᠤ᠂ ᠰᠤᠷᠭᠠᠭᠤᠯᠢ ᠡᠷᠭᠢᠯᠡᠬᠦ ᠠᠵᠢᠯᠯᠠᠭᠠᠨ᠎ᠤ ᠬᠥᠮᠥᠨ᠎ᠦ ᠬᠦᠴᠦᠨ᠂ ᠡᠳ᠋᠎ᠦᠨ ᠬᠦᠴᠦᠨ᠎ᠦ ᠬᠠᠩᠭᠠᠯᠭ᠎ᠠ᠎ᠶᠢ ᠪᠥᠬᠥ ᠲᠠᠯ᠎ᠠ᠎ᠪᠠᠷ ᠪᠠᠲᠤᠯᠠᠬᠤ ᠬᠡᠷᠡᠭᠲᠡᠢ; ᠲᠤᠰᠬᠠᠢ ᠮᠡᠷᠭᠡᠵᠢᠯ᠎ᠦᠨ ᠪᠠᠢᠷᠢᠰᠢᠭᠤᠯᠤᠯᠲᠠ᠎ᠶᠢ ᠰᠢᠨᠵᠢᠯᠡᠬᠦ ᠤᠬᠠᠭᠠᠨᠴᠢ᠎ᠪᠠᠷ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠦᠨ ᠠᠵᠢᠯ ᠣᠯᠭᠣᠯᠲᠠ᠎ᠶᠢᠨ ᠤᠳᠤᠷᠢᠳᠤᠮᠵᠢ᠎ᠶᠢᠨ ᠲᠣᠭᠣᠷᠢᠨ᠎ᠳᠤ ᠲᠤᠰᠬᠠᠢ ᠮᠡᠷᠭᠡᠵᠢᠯ᠎ᠦᠨ ᠴᠢᠭᠯᠡᠯ᠎ᠢ ᠬᠥᠳᠡᠯᠦᠩᠭᠦᠢ᠎ᠪᠡᠷ ᠲᠣᠬᠢᠷᠠᠭᠤᠯᠬᠤ ᠬᠡᠷᠡᠭᠲᠡᠢ; ᠥᠨᠳᠥᠷ ᠬᠡᠪ ᠪᠣᠯᠪᠠᠰᠤᠷᠠᠯ᠎ᠲᠠᠢ ᠪᠠᠭ᠍ᠰᠢ᠎ᠶᠢᠨ ᠡᠩᠨᠡᠭᠡ᠎ᠶᠢ ᠦᠷᠭᠦᠯᠵᠢᠯᠡᠨ ᠪᠠᠢᠭᠤᠯᠤᠨ ᠬᠦᠴᠦᠷᠬᠡᠭᠵᠢᠭᠦᠯᠵᠦ᠂ ᠪᠠᠭ᠍ᠰᠢ᠎ᠶᠢᠨ ᠨᠠᠰᠤ ᠵᠢᠯ᠂ ᠲᠤᠰᠬᠠᠢ ᠮᠡᠷᠭᠡᠵᠢᠯ᠎ᠦᠨ ᠪᠦᠲᠦᠴᠡ᠎ᠶᠢ ᠰᠢᠯᠢᠳᠡᠭᠵᠢᠭᠦᠯᠵᠦ᠂ ᠪᠠᠭ᠍ᠰᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠪᠠᠢᠩᠭᠤᠵᠢᠭᠤᠯᠤᠨ ᠪᠣᠳᠠᠲᠠᠢ ᠠᠳᠬᠤᠬᠤ ᠭᠡᠷᠡᠭᠲᠡᠢ; ᠰᠤᠷᠭᠠᠨ ᠬᠥᠮᠦᠵᠢᠯ᠂ ᠠᠵᠢᠯ ᠣᠯᠭᠣᠯᠲᠠ᠎ᠵᠢᠨ ᠰᠠᠯᠠᠭ᠎ᠠ ᠮᠥᠴᠢᠷ ᠯᠦ᠍ᠭᠡ ᠬᠠᠮᠵᠢᠯᠴᠠᠨ ᠬᠣᠯᠪᠤᠭᠠᠯᠠᠨ ᠬᠥᠳᠡᠯᠦᠯᠴᠡᠬᠦ᠎ᠶᠢ ᠴᠢᠩᠭᠠᠳᠬᠠᠵᠤ᠂ ᠱᠠᠲᠤᠯᠢᠭ᠋ ᠮᠠᠶᠢᠭ᠋᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠲᠠᠰ ᠳᠠᠪᠬᠤᠷᠭ᠎ᠠ ᠬᠤᠪᠢᠶᠠᠨ ᠪᠠᠢᠭᠤᠯᠵᠤ᠂ ᠰᠤᠷᠭᠠᠭᠤᠯᠢ᠎ᠶᠢᠨ ᠠᠵᠢᠯ ᠦᠢᠯᠡᠰ᠎ᠦᠨ ᠬᠥᠭᠵᠢᠯᠲᠡ᠎ᠶᠢᠨ ᠠᠬᠢᠴᠠ ᠬᠢᠭᠡᠳ ᠴᠢᠨᠠᠷ ᠰᠠᠢᠲᠠᠢ ᠬᠥᠭᠵᠢᠯᠲᠡ᠎ᠶᠢᠨ ᠬᠡᠷᠡᠭᠴᠡᠭᠡ ᠱᠠᠭᠠᠷᠳᠠᠯᠭ᠎ᠠ᠎ᠳᠤ ᠣᠨᠣᠪᠴᠢᠲᠠᠶ᠎ᠪᠠᠷ ᠨᠡᠢᠴᠡᠭᠦᠯᠬᠦ ᠬᠡᠷᠡᠭᠲᠡᠢ; ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠵᠤ᠂ ᠡᠯ᠎ᠡ ᠲᠥᠷᠥᠯ᠎ᠦᠨ ᠠᠮᠤᠷ ᠲᠦᠪᠰᠢᠨ᠎ᠦ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠦᠨᠡᠨ ᠬᠦ᠌ ᠪᠠᠲᠤᠯᠠᠵᠤ᠂ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠰᠡᠷᠭᠡᠢᠯᠡᠯᠲᠡ᠎ᠶᠢᠨ ᠬᠠᠯᠬᠠᠪᠴᠢ᠎ᠶᠢ ᠪᠥᠬᠥ ᠲᠠᠯ᠎ᠠ᠎ᠪᠠᠷ ᠪᠡᠬᠢᠵᠢᠭᠦᠯᠬᠦ ᠬᠡᠷᠡᠭᠲᠡᠢ ᠬᠡᠵᠡᠢ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号