ᠡᠭᠦᠷᠢᠳᠡ ᠴᠢᠭᠯᠡᠯ ᠵᠢᠡᠨ ᠥᠯᠤ ᠠᠯᠳᠠᠬᠤ 《ᠨᠠᠮ᠎ᠤᠨ ᠪᠠᠢᠭᠤᠯᠤᠯᠲᠠ᠎ᠶᠢᠨ ᠷᠠᠳᠠᠷ》 ᠪᠣᠯᠤᠨ᠎ᠠ
2026-07-08 09:19:48
ᠵᠣᠬᠢᠶᠠᠭ᠍ᠴᠢ᠄
ᠪᠠᠢ ᠯᠢᠶᠠᠨ
ᠣᠩᠱᠢᠭ᠍ᠰᠠᠨ ᠣᠳᠠᠭ᠎ᠠ᠄
★★★☆☆

— ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯᠲᠠᠨ ᠲᠠᠨ ᠸᠧᠢ ᠰᠢᠶᠠᠨ᠎ᠢ ᠲᠡᠮᠳᠡᠭᠯᠡᠪᠡ


《ᠨᠠᠮ᠎ᠤᠨ ᠪᠠᠢᠭᠤᠯᠤᠯᠲᠠ᠎ᠶᠢ ᠪᠣᠳᠠᠲᠠᠢᠵᠢᠭᠤᠯᠪᠠᠯ ᠳᠠᠷᠤᠢ ᠦᠢᠯᠡᠳᠪᠦᠷᠢᠯᠡᠯ᠎ᠦᠨ ᠬᠦᠴᠦᠨ ᠮᠥᠨ᠂ ᠬᠦᠴᠦᠷᠬᠡᠭᠵᠢᠭᠦᠯᠪᠡᠯ ᠳᠠᠷᠤᠢ ᠥᠷᠢᠰᠦᠯᠳᠦᠬᠦ ᠬᠦᠴᠦᠨ ᠪᠤᠯᠵᠤ ᠴᠢᠳᠠᠨ᠎ᠠ᠂ ᠨᠠᠷᠢᠯᠢᠭ᠍ᠵᠢᠭᠤᠯᠪᠠᠯ ᠳᠠᠷᠤᠢ ᠨᠢᠭ᠍ᠲᠠᠷᠠᠭᠤᠯᠬᠤ ᠬᠦᠴᠦᠨ ᠪᠤᠯᠵᠤ ᠲᠠᠢᠯᠦᠨ᠎ᠠ》᠃ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠮᠡᠳᠡᠭᠡ ᠵᠠᠩᠭᠢ᠎ᠶᠢᠨ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠬᠣᠷᠢᠶ᠎ᠠ᠎ᠶᠢᠨ ᠭᠡᠰᠢᠭᠦᠨ᠂ ᠷᠠᠳᠠᠷ᠎ᠤᠨ ᠮᠡᠷᠭᠡᠵᠢᠯ᠎ᠦᠨ ᠰᠤᠳᠤᠯᠬᠤ ᠭᠠᠵᠠᠷ᠎ᠤᠨ ᠨᠠᠮ᠎ᠤᠨ ᠡᠭᠦᠷ᠎ᠦᠨ ᠱᠦᠵᠢ ᠲᠠᠨ ᠸᠧᠢ ᠰᠢᠶᠠᠨ᠂ ᠶᠡᠬᠡ ᠳᠡᠭᠡᠳᠦ ᠰᠤᠷᠭᠠᠭᠤᠯᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠪᠣᠯ ᠬᠡᠢ ᠬᠣᠭᠣᠰᠤᠨ ᠵᠦᠢᠯ ᠪᠢᠰᠢ᠂ ᠡᠷᠬᠡᠪᠰᠢ ᠤᠯᠤᠰ᠎ᠤᠨ ᠪᠠᠢᠯᠳᠤᠬᠤ ᠪᠣᠳᠣᠯᠭ᠎ᠠ᠎ᠶᠢᠨ ᠬᠡᠷᠡᠭᠴᠡᠭᠡ᠎ᠲᠠᠢ ᠨᠢᠭ᠍ᠲᠠ ᠤᠶᠠᠯᠳᠤᠵᠤ᠂ ᠨᠠᠮ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠦ᠎ᠶᠢᠨ ᠳᠠᠪᠠᠭᠤᠯᠢᠭ᠋᠎ᠢ ᠪᠣᠭᠣᠮᠲᠠ ᠰᠢᠪᠲᠤᠯᠤᠨ ᠬᠦᠴᠢᠷ᠎ᠢ ᠳᠠᠪᠠᠬᠤ ᠰᠦᠷ ᠳᠠᠯᠠᠢᠴᠠᠲᠠᠢ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠦᠵᠡᠳᠡᠭ᠃

2014 ᠣᠨ᠎ᠳᠤ᠂ 《ᠥᠪᠥᠷ ᠮᠣᠩᠭᠣᠯ᠎ᠳᠤ ᠦᠨᠳᠦᠰᠦᠯᠡᠵᠦ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠤᠯᠤᠰ᠎ᠲᠠᠭᠠᠨ ᠵᠢᠳᠬᠦᠬᠦ》 ᠡᠷᠡᠰ ᠪᠠᠲᠤ ᠢᠲᠡᠭᠡᠯ ᠵᠣᠷᠢᠭ᠋᠎ᠢ ᠡᠪᠦᠷᠯᠡᠵᠤ᠂ ᠲᠤᠬᠠᠢ᠎ᠶᠢᠨ ᠦᠶ᠎ᠡ᠎ᠳᠦ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠡᠯᠧᠺᠲᠷᠣᠨ ᠤᠬᠠᠭᠠᠨ᠎ᠤ ᠰᠤᠳᠤᠯᠭᠠᠨ᠎ᠤ ᠭᠠᠵᠠᠷ ᠠᠵᠢᠯᠯᠠᠵᠤ ᠪᠠᠢᠭᠰᠠᠨ ᠲᠠᠨ ᠸᠧᠢ ᠰᠢᠶᠠᠨ ᠦᠨᠳᠦᠷ ᠴᠡᠯᠢᠩ ᠬᠦᠯᠦᠰᠦ ᠪᠠᠨ ᠤᠷᠬᠢᠵᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠳᠤ ᠢᠷᠡᠵᠤ ᠠᠵᠢᠯᠯᠠᠪᠠ᠃ ᠬᠤᠪᠧᠢ ᠵᠢᠨ ᠪᠠᠳᠤᠢ᠍ᠩ᠎ᠤᠨ ᠠᠭᠯᠠᠭ ᠠᠭᠤᠯᠠᠨ ᠡᠴᠡ ᠢᠷᠡᠭᠰᠡᠨ ᠡᠨᠡ ᠬᠦ᠌ ᠲᠦᠵᠢᠶᠠ ᠦᠨᠳᠦᠰᠦᠲᠡᠨ᠎ᠦ ᠬᠦᠪᠡᠬᠦᠨ ᠲᠡᠨ ᠸᠸᠢ ᠰᠢᠶᠠᠨ ᠠᠷᠪᠠᠨ ᠬᠡᠳᠦᠨ ᠵᠢᠯ᠎ᠦᠨ ᠴᠠᠭ᠎ᠢ ᠬᠡᠷᠡᠭᠰᠡᠵᠤ  ᠡᠬᠡ ᠤᠯᠤᠰ᠎ᠤᠨ ᠤᠮᠠᠷᠠᠲᠤ ᠬᠢᠯᠢ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠮᠡᠯᠢᠭ ᠬᠥᠷᠥᠰᠥᠨ᠎ᠳᠦ ᠭᠦᠨ ᠦᠨᠳᠦᠰᠦᠯᠡᠵᠡᠢ᠃ ᠥᠪᠡᠷᠲᠡᠭᠡᠨ ᠵᠠᠰᠠᠬᠤ ᠣᠷᠣᠨ᠎ᠤ ᠷᠠᠳᠠᠷ᠎ᠤᠨ ᠬᠦᠷᠢᠶᠡᠨ᠎ᠦ 《ᠰᠢᠨᠵᠢᠯᠡᠭᠡᠨ᠎ᠦ ᠰᠠᠯᠠᠭ᠎ᠠ᠎ᠶᠢᠨ ᠪᠠᠢᠭᠤᠯᠤᠯᠲᠠ — ᠲᠠᠪᠴᠠᠩ᠎ᠤᠨ ᠴᠣᠭᠴᠠᠯᠠᠯᠲᠠ — ᠠᠵᠤ ᠦᠢᠯᠡᠰ᠎ᠦᠨ ᠦᠢᠯᠡᠰ ᠪᠤᠰᠬᠠᠬᠤ》 ᠪᠥᠬᠥ ᠬᠡᠯᠬᠢᠶ᠎ᠡ ᠵᠢᠨ ᠬᠡᠷᠡᠭᠴᠡᠭᠡ᠎ᠶᠢᠨ ᠲᠣᠭᠣᠷᠢᠨ᠎ᠳᠤ᠂ ᠲᠡᠷᠡ ᠪᠦᠯᠬᠦᠮ ᠴᠤᠬᠴᠠ᠎ᠪᠡᠨ ᠳᠠᠭᠠᠭᠤᠯᠤᠨ ᠷᠠᠳᠠᠷ᠎ᠤᠨ ᠳᠦᠷᠰᠦ ᠪᠦᠲᠦᠭᠡᠬᠦ ᠮᠡᠷᠭᠡᠵᠢᠯ ᠪᠠ ᠠᠯᠤᠰ ᠰᠡᠷᠡᠯ᠎ᠦᠨ ᠬᠡᠷᠡᠭᠯᠡᠭᠡᠨ᠎ᠦ ᠰᠤᠳᠤᠯᠭᠠᠨ᠎ᠢ ᠭᠦᠨᠵᠡᠭᠡᠢ ᠦᠷᠨᠢᠭᠦᠯᠵᠤ᠂ ᠰᠢᠨᠲᠠᠷᠠᠰᠢ ᠦᠭᠡᠢ ᠴᠢᠷᠮᠠᠢᠯᠭ᠎ᠠ ᠪᠠ ᠪᠠᠲᠤ ᠪᠠᠷᠢᠮᠲᠠᠯᠠᠯ ᠵᠢᠡᠷ ᠰᠢᠨ᠎ᠡ ᠴᠠᠭ ᠦᠶ᠎ᠡ᠎ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠠᠵᠢᠯᠲᠠᠳ᠎ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠶᠢ ᠲᠠᠢᠯᠪᠤᠷᠢᠯᠠᠵᠤ᠂ ᠨᠠᠮ᠎ᠤᠨ ᠪᠠᠢᠭᠤᠯᠤᠯᠲᠠ ᠬᠢᠭᠡᠳ ᠰᠢᠨᠵᠢᠯᠡᠬᠦ ᠤᠬᠠᠭᠠᠨ ᠰᠤᠷᠭᠠᠨ ᠬᠥᠮᠦᠵᠢᠯ᠎ᠦᠨ ᠦᠢᠯᠡᠰ ᠎ᠢ ᠨᠢᠭᠡᠳᠦᠯᠲᠡᠢ ᠬᠦᠭᠵᠢᠬᠦᠯᠵᠤ᠂ ᠭᠦᠨᠵᠡᠭᠡᠢ ᠠᠭᠤᠰᠤᠯᠴᠠᠭᠤᠯᠤᠭᠰᠠᠨ ᠢᠷᠠᠭᠤ ᠬᠠᠭᠤᠳᠠᠰᠤ᠎ᠶᠢ ᠪᠢᠴᠢᠭᠯᠡᠵᠡᠢ᠃

2019 ᠣᠨ᠎ᠳᠤ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠎ᠶᠢᠨ ᠷᠠᠳᠠᠷ᠎ᠤᠨ ᠮᠡᠷᠭᠡᠵᠢᠯ᠎ᠦᠨ ᠰᠤᠳᠤᠯᠭᠠᠨ᠎ᠤ ᠭᠠᠵᠠᠷ᠎ᠲᠤ ᠰᠠᠭᠤᠷᠢᠯᠠᠵᠤ᠂ ᠲᠠᠨ ᠸᠧᠢ ᠰᠢᠶᠠᠨ ᠲᠦᠷᠦᠭᠦᠯᠡᠨ ᠨᠠᠮ᠎ᠤᠨ ᠡᠭᠦᠷ᠎ᠢ ᠪᠠᠢᠭᠤᠯᠤᠭᠰᠠᠨ ᠪᠥᠭᠡᠳ ᠱᠦᠵᠢ᠎ᠶᠢᠨ ᠲᠤᠰᠢᠶᠠᠯ᠎ᠢ ᠡᠭᠦᠷᠭᠡᠯᠡᠪᠡ᠃ ᠶᠡᠬᠡ ᠳᠡᠭᠡᠳᠦ ᠰᠤᠷᠭᠠᠭᠤᠯᠢ᠎ᠶᠢᠨ ᠦᠨᠳᠦᠰᠦᠨ ᠱᠠᠲᠤᠨ᠎ᠤ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠪᠣᠳᠠᠲᠤ ᠠᠬᠤᠢ ᠵᠢᠨ ᠥᠷᠢᠰᠦᠯᠳᠦᠭᠡᠨ᠎ᠦ ᠡᠮᠦᠨ᠎ᠡ ᠲᠡᠷᠡ᠄ 《ᠨᠠᠮ᠎ᠤᠨ ᠭᠡᠰᠢᠭᠦᠨ ᠪᠣᠭᠣᠮᠲᠠ ᠰᠢᠪᠲᠤᠯᠬᠤ ᠡᠮᠦᠨ᠎ᠡ ᠹᠷᠣᠨᠲ᠎ᠲᠤ ᠡᠷᠳᠡᠮ ᠴᠢᠳᠠᠯ᠎ᠢᠶᠡᠨ ᠪᠠᠳᠠᠷᠠᠭᠤᠯᠵᠤ᠂ ᠬᠦᠨᠳᠦ ᠡᠭᠦᠷᠭᠡ᠎ᠶᠢ ᠡᠭᠦᠷᠭᠡᠯᠡᠨ᠎ᠡ》 ᠭᠡᠰᠡᠨ ᠬᠠᠷᠢᠭᠤᠯᠳᠠ ᠦᠭᠪᠡ᠃ ᠲᠡᠷᠡ ᠡᠩ ᠲᠡᠷᠢᠭᠦᠨ᠎ᠳᠦ ᠰᠤᠷᠭᠠᠭᠤᠯᠢ᠎ᠳᠤ 《ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠦᠯᠬᠦᠮ᠎ᠳᠦ ᠨᠠᠮ᠎ᠤᠨ ᠡᠭᠦᠷ᠎ᠢ ᠪᠠᠶ᠋ᠢᠭᠤᠯᠬᠤ》 ᠵᠣᠬᠢᠶᠠᠨ ᠪᠠᠢᠭᠤᠯᠤᠯᠲᠠ᠎ᠶᠢᠨ ᠵᠠᠭᠪᠤᠷ᠎ᠤᠨ ᠰᠢᠨ᠎ᠡ᠎ᠶᠢ ᠡᠭᠦᠳᠬᠦ᠎ᠶᠢ ᠰᠦᠪᠡᠭᠴᠢᠯᠡᠵᠦ᠂ ᠪᠦᠬᠦ ᠨᠠᠮ᠎ᠤᠨ ᠭᠡᠰᠢᠭᠦᠨ᠎ᠢ ᠳᠠᠭᠠᠭᠤᠯᠤᠨ ᠤᠯᠤᠰ᠎ᠤᠨ ᠪᠠᠢᠯᠳᠤᠬᠤ ᠪᠣᠳᠣᠯᠭ᠎ᠠ ᠪᠣᠯᠣᠨ ᠣᠷᠣᠨ ᠪᠦᠰᠡ᠎ᠶᠢᠨ ᠴᠢᠬᠤᠯᠠ ᠶᠡᠬᠡ ᠬᠡᠷᠡᠭᠴᠡᠭᠡ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠨᠠᠮ᠎ᠤᠨ ᠪᠠᠢᠭᠤᠯᠤᠯᠲᠠ᠎ᠪᠠᠷ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠪᠠ ᠴᠢᠳᠠᠪᠤᠷᠢᠲᠠᠨ᠎ᠢ ᠬᠥᠮᠥᠵᠢᠭᠦᠯᠬᠦ᠎ᠶᠢ ᠬᠥᠲᠥᠯᠥᠨ ᠳᠠᠭᠠᠭᠤᠯᠪᠠ᠃ ᠲᠤᠰᠬᠠᠢ ᠮᠡᠷᠭᠡᠵᠢᠯ᠎ᠦᠨ ᠣᠨᠴᠠᠯᠢᠭ᠋ ᠪᠣᠯᠣᠨ ᠥᠪᠥᠷ ᠮᠣᠩᠭᠣᠯ᠎ᠤᠨ ᠣᠷᠣᠨ ᠪᠠᠢᠷᠢ᠎ᠶᠢᠨ ᠣᠨᠴᠠᠯᠢᠭ᠋᠎ᠲᠤ ᠠᠩᠬᠠᠷᠤᠯ᠎ᠢᠶᠠᠨ ᠲᠥᠪᠯᠡᠷᠡᠭᠦᠯᠵᠦ᠂ 《ᠨᠢᠭᠡ᠎ᠶᠢ ᠠᠭᠤᠰᠤᠯᠴᠠᠭᠤᠯᠤᠨ ᠭᠤᠷᠪᠠ᠎ᠶᠢ ᠥᠷᠭᠡᠳᠬᠡᠬᠦ》 ᠠᠵᠢᠯ᠎ᠤᠨ ᠠᠷᠭ᠎ᠠ᠎ᠶᠢ ᠡᠭᠦᠳᠤᠨ ᠲᠤᠬᠳᠠᠭᠠᠵᠤ᠂ ᠨᠠᠮ᠎ᠤᠨ ᠪᠠᠢᠭᠤᠯᠤᠯᠲᠠ ᠪᠣᠯᠣᠨ ᠲᠤᠬᠠᠢᠯᠠᠭᠰᠠᠨ ᠠᠵᠢᠯ᠎ᠤᠨ ᠭᠦᠨᠵᠡᠭᠡᠢ ᠠᠭᠤᠰᠤᠯᠴᠠᠯ᠎ᠤᠨ ᠰᠢᠨ᠎ᠡ ᠵᠠᠮ᠎ᠢ ᠨᠡᠭᠡᠭᠡᠵᠡᠢ᠃ 《ᠤᠯᠤᠰ ᠣᠷᠣᠨ᠎ᠤ ᠬᠡᠷᠡᠭᠴᠡᠭᠡ ᠪᠣᠯ ᠳᠠᠷᠤᠢ ᠮᠠᠨ᠎ᠤ ᠪᠤᠭᠤᠮᠲᠠ ᠰᠢᠪᠲᠤᠯᠬᠤ ᠴᠢᠭᠯᠡᠯ ᠮᠥᠨ》᠃ ᠲᠠᠨ ᠸᠧᠢ ᠰᠢᠶᠠᠨ ᠨᠠᠮ᠎ᠤᠨ ᠡᠭᠦᠷ᠎ᠢᠶᠡᠨ ᠳᠠᠭᠠᠭᠤᠯᠤᠨ ᠵᠣᠬᠢᠶᠠᠨ ᠪᠠᠢᠭᠤᠯᠤᠯᠲᠠ᠎ᠲᠠᠢ ᠰᠢᠨᠵᠢᠯᠡᠬᠦ ᠤᠬᠠᠭᠠᠨ᠎ᠤ ᠰᠤᠳᠤᠯᠭᠠᠨ᠎ᠢ ᠥᠷᠨᠢᠭᠦᠯᠵᠦ᠂ ᠴᠢᠬᠤᠯᠠ ᠶᠡᠬᠡ ᠲᠦᠷᠦᠯ ᠵᠦᠢᠯ᠎ᠳᠦ 《ᠨᠠᠮ᠎ᠤᠨ ᠭᠡᠰᠢᠭᠦᠨ᠎ᠦ ᠬᠠᠷᠢᠭᠤᠴᠠᠯᠭ᠎ᠠ᠎ᠶᠢᠨ ᠲᠣᠭᠣᠷᠢᠭ᠋》᠂ 《ᠮᠡᠷᠭᠡᠵᠢᠯ᠎ᠦᠨ ᠬᠣᠰᠢᠭᠤᠴᠢ ᠠᠵᠢᠯ᠎ᠤᠨ ᠪᠠᠢᠷᠢ》 ᠵᠢ ᠭᠠᠷᠭᠠᠵᠤ᠂ ᠨᠠᠮ᠎ᠤᠨ ᠲᠤᠭ᠎ᠢ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠣᠭᠣᠮᠲᠠ ᠰᠢᠪᠲᠤᠯᠬᠤ ᠡᠮᠦᠨ᠎ᠡ ᠹᠷᠣᠨᠲ᠎ᠲᠤ ᠥᠨᠳᠥᠷ ᠨᠠᠮᠢᠷᠠᠭᠤᠯᠪᠠ᠃ ᠪᠦᠯᠭᠦᠮ᠎ᠦᠨ ᠭᠢᠨ ᠲᠠᠯ᠎ᠠ ᠨᠤᠲᠤᠭ᠎ᠦᠨ ᠷᠠᠳᠠᠷ᠎ᠤᠨ ᠠᠯᠤᠰ ᠰᠡᠷᠡᠯ᠎ᠦᠨ ᠬᠢᠨᠠᠨ ᠬᠡᠮᠵᠢᠯᠲᠡ᠎ᠶᠢᠨ ᠵᠠᠩᠭᠢᠯᠠᠭ᠎ᠠ᠎ᠶᠢᠨ ᠮᠡᠷᠭᠡᠵᠢᠯ᠎ᠤᠨ ᠪᠤᠭᠤᠮᠳᠠ ᠰᠢᠪᠲᠤᠯᠵᠤ᠂ ᠲᠠᠯ᠎ᠠ ᠨᠤᠲᠤᠭ᠎ᠦᠨ ᠠᠮᠢ ᠠᠬᠤᠢ᠎ᠶᠢᠨ ᠬᠢᠨᠠᠨ ᠬᠡᠮᠵᠢᠯᠲᠡ ᠵᠢᠨ ᠠᠵᠢᠯ᠎ᠢ ᠨᠠᠷᠢᠯᠢᠭ ᠦᠷᠨᠢᠬᠦᠯᠪᠡ; ᠳᠡᠯᠡᠬᠡᠢ᠎ᠶᠢᠨ ᠲᠡᠷᠢᠭᠦᠨ᠎ᠦ ᠲᠦᠪᠰᠢᠨ᠎ᠪᠦᠬᠦᠢ ᠭᠠᠵᠠᠷ᠎ᠤᠨ ᠰᠠᠭᠤᠷᠢ᠎ᠶᠢᠨ ᠪᠢᠴᠢᠯ ᠬᠤᠪᠢᠷᠠᠯᠲᠠ᠎ᠶᠢ ᠬᠢᠨᠠᠨ ᠬᠡᠮᠵᠢᠬᠦ ᠷᠠᠳᠠᠷ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠵᠦ᠂ ᠤᠯᠤᠰ᠎ᠤᠨ ᠭᠠᠳᠠᠭᠠᠳᠤ᠎ᠶᠢᠨ ᠬᠡᠳᠦᠨ ᠠᠷᠪᠠᠨ ᠵᠢᠯ᠎ᠦᠨ ᠤᠷᠳᠤ ᠬᠤᠭᠤᠴᠠᠭᠠᠨ᠎ᠤ ᠮᠡᠷᠭᠡᠵᠢᠯ᠎ᠦᠨ ᠭᠠᠭᠴᠠᠭᠠᠷ ᠡᠵᠡᠮᠰᠢᠯ᠎ᠢ ᠨᠢᠭᠡ ᠯᠡ ᠳᠡᠭᠡᠷ᠎ᠡ ᠡᠪᠳᠡᠵᠦ᠂ ᠭᠣᠣᠯᠯᠠᠭ᠍ᠴᠢ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠳᠡᠬᠦ᠎ᠶᠢ ᠪᠡᠶᠡᠯᠡᠭᠦᠯᠦᠭᠰᠡᠨ᠎ᠢᠶᠡᠷ ᠪᠠᠷᠠᠬᠤ ᠦᠭᠡᠢ᠂ ᠨᠡᠩ ᠴᠤ᠌ ᠥᠪᠥᠷ ᠮᠣᠩᠭᠣᠯ᠎ᠤᠨ ᠠᠩᠬᠠᠳᠠᠭ᠍ᠴᠢ ᠷᠠᠳᠠᠷ᠎ᠤᠨ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠢ ᠪᠠᠢᠭᠤᠯᠤᠬᠰᠠᠨ ᠪᠠᠢᠨ᠎ᠠ᠃ ᠲᠣᠰ ᠦᠢᠯᠡᠳᠬᠦᠨ᠎ᠢ ᠨᠢᠭᠡᠨᠲᠡ ᠪᠦᠭᠦ ᠤᠯᠤᠰ᠎ᠤᠨ 28 ᠮᠤᠵᠢ ᠣᠷᠣᠨ᠎ᠤ ᠵᠠᠳᠠᠭᠠᠢ ᠠᠭᠤᠷᠬᠠᠢ ᠪᠠ ᠭᠠᠵᠠᠷ᠎ᠤᠨ ᠭᠠᠢ ᠭᠠᠮᠰᠢᠭ᠋᠎ᠢ ᠬᠢᠨᠠᠨ ᠬᠡᠮᠵᠢᠬᠦ ᠴᠡᠭ ᠵᠡᠷᠭᠡ᠎ᠳᠦ ᠬᠡᠷᠡᠭᠯᠡᠵᠦ᠂ ᠣᠯᠠᠨ ᠤᠳᠠᠭᠠᠨ᠎ᠤ ᠴᠢᠬᠤᠯᠠ ᠶᠡᠬᠡ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ᠎ᠳᠤ ᠴᠢᠬᠤᠯᠠ ᠦᠢᠯᠡᠳᠦᠯ ᠦᠵᠡᠭᠦᠯᠪᠡ᠃ ᠡᠭᠦᠨ᠎ᠦ ᠬᠠᠮᠲᠤ᠂ ᠲᠡᠷᠡ ᠪᠦᠯᠭᠦᠮ ᠨᠠᠢᠳᠠ ᠪᠡᠨ ᠳᠠᠭᠠᠭᠤᠯᠤᠨ ᠰᠡᠢᠷᠡᠭ ᠵᠢᠬ᠍ᠰᠠᠭᠠᠯᠳᠤ ᠷᠠᠳᠠᠷ᠎ᠤᠨ ᠳᠦᠷᠰᠦ ᠪᠦᠲᠦᠭᠡᠬᠦ ᠲᠦᠷᠭᠡᠨ ᠲᠣᠭ᠎ᠠ ᠪᠠᠷᠢᠮᠲᠠ᠎ᠶᠢ ᠣᠯᠬᠤ ᠪᠠ ᠰᠢᠢᠳᠪᠦᠷᠢᠯᠡᠬᠦ ᠮᠡᠷᠭᠡᠵᠢᠯ᠎ᠤᠨ ᠪᠤᠭᠤᠮᠳᠠ᠎ᠵᠢ ᠰᠢᠪᠲᠤᠯᠵᠤ᠂ ᠰᠤᠳᠤᠯᠤᠨ ᠦᠢᠯᠡᠳᠦᠭᠰᠡᠨ ᠬᠥᠮᠥᠨ᠎ᠦ ᠪᠡᠶ᠎ᠡ᠎ᠶᠢᠨ ᠠᠮᠤᠷ ᠲᠦᠪᠰᠢᠨ᠎ᠢ ᠪᠠᠢᠴᠠᠭᠠᠨ ᠰᠢᠯᠭᠠᠬᠤ ᠰᠢᠷᠢᠰ ᠲᠥᠬᠦᠭᠡᠷᠦᠮᠵᠢ᠎ᠨᠢ ᠣᠯᠠᠨ ᠠᠵᠢᠯ ᠲᠥᠷᠥᠯ᠎ᠳᠦ ᠥᠷᠭᠡᠨ᠎ᠢᠶᠡᠷ ᠬᠡᠷᠡᠭᠯᠡᠭᠳᠡᠪᠡ᠃ ᠠᠷᠪᠠ ᠭᠠᠷᠤᠢ ᠵᠢᠯ ᠰᠢᠷᠭᠠᠭᠤ ᠬᠠᠲᠠᠭᠤᠵᠢᠯᠲᠠᠢ᠎ᠪᠠᠷ ᠪᠣᠭᠣᠮᠲᠠ ᠰᠢᠪᠲᠤᠯᠵᠤ᠂ ᠨᠠᠮ᠎ᠤᠨ ᠡᠭᠦᠷ᠎ᠦᠨ ᠪᠦᠷᠢᠯᠳᠦᠭᠦᠨ ᠨᠢ ᠤᠯᠤᠰ᠎ᠤᠨ ᠪᠠᠢᠭᠠᠯᠢ᠎ᠶᠢᠨ ᠰᠢᠨᠵᠢᠯᠡᠬᠦ ᠤᠬᠠᠭᠠᠨ᠎ᠤ ᠰᠠᠭᠤᠷᠢ ᠮᠥᠩᠭᠥ᠎ᠶᠢᠨ ᠭᠣᠣᠯᠳᠠᠯᠭ᠎ᠠ᠎ᠲᠠᠢ ᠲᠦᠷᠦᠯ ᠵᠦᠢᠯ ᠵᠡᠷᠭᠡ 30 ᠭᠠᠷᠤᠢ ᠵᠦᠢᠯ᠎ᠤᠨ ᠤᠯᠤᠰ᠎ᠤᠨ ᠲᠡᠰ᠎ᠤᠨ ᠲᠦᠷᠦᠯ ᠵᠦᠢᠯ᠎ᠢ ᠤᠯᠵᠤ᠂ 150 ᠭᠠᠷᠤᠢ ᠥᠨᠳᠥᠷ ᠲᠦᠪᠰᠢᠨ ᠪᠦᠬᠦᠢ ᠥᠭᠦᠯᠡᠯ᠎ᠢ ᠨᠡᠢᠲᠡᠯᠡᠵᠦ᠂ 80 ᠭᠠᠷᠤᠢ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ᠎ᠶᠢ ᠣᠯᠵᠤ᠂ ᠮᠤᠵᠢ ᠶᠠᠮᠤᠨ᠎ᠤ ᠲᠡᠰ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠱᠠᠩᠨᠠᠯ᠎ᠤᠨ ᠨᠢᠭᠡᠳᠦᠭᠡᠷ ᠳᠡᠰ᠎ᠤᠨ ᠱᠠᠩᠨᠠᠯ᠎ᠢ 4᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠮᠡᠷᠭᠡᠵᠢᠯ᠎ᠦᠨ ᠡᠭᠦᠳᠦᠯᠲᠡ᠎ᠶᠢᠨ ᠬᠣᠶᠠᠳᠤᠭᠠᠷ ᠳᠡᠰ᠎ᠤᠨ ᠱᠠᠩᠨᠠᠯ᠎ᠢ 1 ᠭᠦᠷᠳᠡᠪᠡ᠃ ᠨᠠᠮ᠎ᠤᠨ ᠡᠭᠦᠷ᠎ᠦᠨ ᠤᠯᠠᠨ ᠪᠦᠷᠢᠯᠳᠦᠭᠦᠨ ᠨᠢ ᠥᠪᠡᠷᠲᠡᠭᠡᠨ ᠵᠠᠰᠠᠬᠤ ᠣᠷᠣᠨ᠎ᠤ 《ᠲᠣᠪᠣᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ》᠂ 《ᠥᠪᠥᠷ ᠮᠣᠩᠭᠣᠯ᠎ᠤᠨ ᠬᠠᠮᠤᠭ᠎ᠤᠨ ᠭᠤᠶᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ》᠂ 《ᠥᠪᠥᠷ ᠮᠣᠩᠭᠣᠯ᠎ᠤᠨ ᠰᠢᠨ᠎ᠡ᠎ᠶᠢ ᠡᠭᠦᠳᠬᠦ ᠵᠠᠯᠠᠭᠤ ᠴᠢᠳᠠᠪᠤᠷᠢᠲᠠᠨ᠎ᠤ ᠱᠠᠩᠨᠠᠯ》 ᠵᠡᠷᠭᠡ ᠎ᠶᠢ ᠬᠦᠷᠲᠡᠵᠡᠢ᠃

ᠲᠠᠨ ᠸᠧᠢ ᠰᠢᠶᠠᠨ ᠢᠮᠠᠭᠲᠠ ᠨᠠᠮ᠎ᠤᠨ ᠲᠥᠯᠥᠭᠡ ᠬᠥᠮᠥᠨ᠎ᠢ ᠬᠥᠮᠥᠵᠢᠭᠦᠯᠬᠦ᠂ ᠤᠯᠤᠰ᠎ᠤᠨ ᠲᠥᠯᠥᠭᠡ ᠴᠢᠳᠠᠪᠤᠷᠢᠲᠠᠨ᠎ᠢ ᠬᠥᠮᠥᠵᠢᠭᠦᠯᠬᠦ᠎ᠶᠢ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠵᠤᠷᠢᠯᠲᠠ ᠪᠠ ᠲᠤᠰᠤᠯᠲᠠ ᠪᠤᠯᠭᠠᠵᠤ᠂ ᠢᠲᠡᠭᠡᠯ ᠪᠢᠰᠢᠷᠡᠯ᠎ᠦᠨ ᠦᠷ᠎ᠡ᠎ᠶᠢ ᠰᠤᠷᠤᠬ᠍ᠴᠢ ᠨᠢᠭᠡᠪᠦᠷᠢ᠎ᠶᠢᠨ ᠰᠡᠳᠬᠢᠯ᠎ᠳᠦ ᠰᠠᠴᠤᠵᠠᠢ᠃ ᠲᠡᠷᠡ 《ᠰᠢᠨᠵᠢᠯᠡᠭᠡᠨ᠎ᠦ ᠰᠠᠯᠠᠭ᠎ᠠ᠎ᠪᠠᠷ ᠲᠤᠯᠭᠠᠭᠤᠷᠢᠯᠠᠭᠤᠯᠬᠤ᠂ ᠬᠢᠴᠢᠶᠡᠯ ᠲᠦᠷᠦᠯ᠎ᠢᠶᠡᠷ ᠦᠵᠡᠯ ᠰᠠᠨᠠᠭ᠎ᠠ ᠤᠯᠤᠰ ᠲᠦᠷᠦ᠎ᠶᠢ ᠴᠢᠩᠭᠠᠳᠬᠠᠬᠤ᠂ ᠦᠢᠯᠡᠳᠦᠯᠭᠡ᠎ᠪᠡᠷ ᠬᠥᠮᠥᠨ᠎ᠢ ᠬᠥᠮᠥᠵᠢᠭᠦᠯᠬᠦ᠂ ᠦᠯᠢᠭᠡᠷ ᠳᠠᠭᠤᠷᠢᠶᠠᠯ᠎ᠢᠶᠠᠷ ᠬᠥᠲᠥᠯᠥᠨ ᠳᠠᠭᠠᠭᠤᠯᠬᠤ》 ᠳᠥᠷᠪᠡ᠎ᠶᠢ ᠨᠢᠭᠡ ᠴᠤᠬᠴᠠᠵᠢᠭᠤᠯᠤᠬᠰᠠᠨ ᠬᠦᠮᠦᠨ ᠬᠦᠮᠦᠵᠢᠬᠦᠯᠬᠦ ᠰᠢᠰᠲ᠋ᠧᠮ᠎ᠢ ᠪᠠᠢᠭᠤᠯᠵᠤ᠂ 《ᠨᠠᠮ᠎ᠤᠨ ᠪᠠᠢᠭᠤᠯᠤᠯᠲᠠ + ᠬᠣᠣᠰ ᠵᠢᠯᠣᠭᠣᠳᠤᠭ᠍ᠴᠢ ᠪᠠᠭ᠍ᠰᠢ᠎ᠶᠢᠨ ᠳᠦᠷᠢᠮ》 ᠤ᠋ᠨ ᠬᠥᠮᠥᠨ᠎ᠢ ᠬᠥᠮᠥᠵᠢᠭᠦᠯᠬᠦ ᠲᠣᠭᠲᠠᠴᠠ᠎ᠶᠢ ᠬᠡᠷᠡᠭᠵᠢᠭᠦᠯᠪᠡ᠃ ᠪᠦᠯᠬᠦᠮ᠎ᠢᠶᠡᠨ ᠳᠠᠭᠠᠭᠤᠯᠤᠨ 《ᠮᠣᠩᠭᠣᠯ ᠮᠣᠷᠢᠨ᠎ᠤ ᠵᠣᠷᠢᠭ᠋ ᠰᠠᠨᠠᠭ᠎ᠠ》᠂ 《ᠤᠮᠠᠷᠠᠲᠤ᠎ᠶᠢᠨ ᠭᠤᠷᠪᠠᠨ ᠣᠷᠣᠨ᠎ᠤ ᠵᠣᠷᠢᠭ᠋ ᠰᠠᠨᠠᠭ᠎ᠠ》 ᠶ᠋ᠢ ᠲᠤᠰᠬᠠᠢ ᠮᠡᠷᠭᠡᠵᠢᠯ᠎ᠦᠨ ᠵᠢᠭᠠᠨ ᠰᠤᠷᠭᠠᠯᠲᠠ᠎ᠳᠠᠭᠠᠨ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠤᠯᠤᠰ᠎ᠲᠠᠭᠠᠨ ᠵᠢᠳᠬᠦᠭᠰᠡᠨ ᠪᠣᠳᠠᠲᠤ ᠦᠯᠢᠭᠡᠷ᠎ᠢᠶᠡᠷ ᠵᠠᠯᠠᠭᠤ ᠰᠤᠷᠤᠭ᠍ᠴᠢᠳ᠎ᠲᠠᠭᠠᠨ ᠢᠲᠡᠭᠡᠯ ᠪᠢᠰᠢᠷᠡᠯ᠎ᠦᠨ ᠬᠦᠴᠦᠨ᠎ᠢ ᠣᠢᠯᠠᠭᠠᠭᠤᠯᠵᠤ᠂ ᠤᠯᠤᠰ ᠭᠡᠷ᠎ᠦᠨ ᠬᠠᠢᠷ᠎ᠠ ᠰᠡᠳᠬᠢᠯᠭᠡ᠎ᠶᠢ ᠨᠢ  ᠵᠤᠵᠠᠭᠠᠳᠬᠠᠪᠠ᠃

ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠢᠷᠠᠭᠤ ᠠᠯᠳᠠᠷ᠎ᠢ ᠬᠦᠷᠳᠡᠵᠤ ᠤᠷᠤᠭᠰᠢᠯᠠᠭᠰᠠᠭᠠᠷ ᠢᠷᠡᠵᠡᠢ᠃ ᠲᠤᠰ ᠪᠦᠯᠬᠦᠮ ᠨᠠᠢᠳᠠ ᠤᠷᠢᠳ ᠬᠣᠵᠢᠳ 《ᠪᠦᠬᠦ ᠤᠯᠤᠰ᠎ᠤᠨ ᠶᠡᠬᠡ ᠳᠡᠭᠡᠳᠦ ᠰᠤᠷᠭᠠᠭᠤᠯᠢ᠎ᠶᠢᠨ ᠬᠤᠸᠠᠩ ᠳᠠ ᠨᠢᠶᠠᠨ ᠮᠠᠶᠢᠭ ᠎ᠤᠨ ᠪᠠᠭ᠍ᠰᠢ᠎ᠶᠢᠨ ᠪᠦᠯᠬᠦᠮ》 ᠵᠢᠡᠷ ᠰᠣᠩᠭᠣᠭᠳᠠᠵᠤ᠂ 《ᠪᠦᠬᠦ ᠤᠯᠤᠰ᠎ᠤᠨ ᠠᠵᠢᠯᠴᠢᠨ᠎ᠤ ᠬᠣᠰᠢᠭᠤᠴᠢ ᠴᠤᠯᠠ》᠂ 《ᠥᠪᠥᠷ ᠮᠣᠩᠭᠣᠯ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠲᠡᠷᠢᠭᠦᠨ᠎ᠦ ᠬᠠᠮᠲᠤ》᠂ 《ᠥᠪᠥᠷ ᠮᠣᠩᠭᠣᠯ᠎ᠤᠨ 5·4 ᠤ᠋ ᠵᠠᠯᠠᠭᠤᠴᠤᠳ᠎ᠤᠨ ᠱᠠᠩᠨᠠᠯ᠎ᠤᠨ ᠳᠡᠮᠳᠡᠭ ᠬᠦᠷᠳᠡᠭᠰᠡᠨ ᠬᠠᠮᠲᠤ》 ᠵᠡᠷᠭᠡ ᠢᠷᠠᠭᠤ ᠠᠯᠳᠠᠷ᠎ᠢ ᠬᠦᠷᠲᠡᠵᠦ᠂ ᠲᠤᠰ ᠳᠡᠭᠡᠳᠦ ᠰᠤᠷᠭᠠᠭᠤᠯᠢ ᠨᠢ 《ᠪᠦᠬᠦ ᠤᠯᠤᠰ᠎ᠤᠨ ᠰᠤᠷᠭᠠᠨ ᠬᠥᠮᠦᠵᠢᠯ᠎ᠦᠨ ᠰᠢᠰᠲᠧᠮ᠎ᠦᠨ ᠲᠡᠷᠢᠭᠦᠨ᠎ᠦ ᠬᠠᠮᠲᠤ》 ᠪᠡᠷ ᠦᠨᠡᠯᠡᠭᠳᠡᠪᠡ᠃ ᠲᠡᠭᠦᠨ᠎ᠦ ᠪᠠᠢᠭ᠎ᠠ ᠨᠠᠮ᠎ᠤᠨ ᠡᠭᠦᠷ ᠨᠢ ᠤᠷᠢᠳ ᠬᠣᠵᠢᠳ ᠳᠥᠷᠪᠡᠳᠦᠭᠡᠷ ᠪᠦᠯᠦᠭ᠎ᠦᠨ 《ᠪᠥᠬᠥ ᠤᠯᠤᠰ᠎ᠤᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠥᠯᠢᠭᠡᠷ ᠲᠠᠭᠤᠷᠢᠶᠠᠯ ᠨᠠᠮ᠎ᠤᠨ ᠡᠭᠦᠷ》 ᠢ᠋ ᠬᠥᠮᠥᠵᠢᠭᠦᠯᠦᠨ ᠡᠭᠦᠳᠦᠨ ᠪᠠᠶ᠋ᠢᠭᠤᠯᠬᠤ ᠨᠢᠭᠡᠴᠢ ᠵᠡᠷᠬᠡ ᠠᠯᠢ ᠤᠯᠠᠨ ᠢᠷᠠᠭᠤ ᠠᠯᠳᠠᠷ᠎ᠢ ᠬᠦᠷᠳᠡᠪᠡ᠃ ᠨᠠᠮ᠎ᠤᠨ ᠡᠭᠦᠷ᠎ᠦᠨ ᠭᠡᠰᠢᠭᠦᠨ ᠨᠢ 《ᠪᠥᠬᠥ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ》᠂ 《ᠪᠥᠬᠥ ᠤᠯᠤᠰ᠎ᠤᠨ ᠲᠡᠷᠢᠭᠦᠨ᠎ᠦ ᠠᠵᠢᠯᠲᠠᠨ》 ᠵᠡᠷᠭᠡ ᠢᠷᠠᠭᠤ ᠠᠯᠳᠠᠷ᠎ᠢ ᠭᠥᠷᠳᠡᠭᠰᠡᠨ ᠪᠥᠭᠡᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭᠠᠷ ᠬᠤᠭᠤᠴᠠᠭᠠᠨ᠎ᠤ ᠵᠢᠩᠬᠢᠨᠢ ᠠᠩᠭᠢ᠎ᠶᠢᠨ ᠶᠡᠬᠡ ᠳᠡᠭᠡᠳᠦ ᠰᠤᠷᠭᠠᠭᠤᠯᠢ᠎ᠶᠢᠨ ᠬᠢᠴᠢᠶᠡᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠵᠢᠭᠠᠨ ᠰᠤᠷᠭᠠᠯᠲᠠ᠎ᠶᠢᠨ ᠤᠷᠤᠯᠳᠤᠭᠠᠨ᠂ ᠶᠡᠬᠡ ᠳᠡᠭᠡᠳᠦ ᠰᠤᠷᠭᠠᠭᠤᠯᠢ᠎ᠶᠢᠨ ᠪᠠᠭ᠍ᠰᠢ᠎ᠶᠢᠨ ᠵᠢᠭᠠᠨ ᠰᠤᠷᠭᠠᠯᠲᠠ᠎ᠶᠢᠨ ᠰᠢᠨ᠎ᠡ᠎ᠶᠢ ᠡᠭᠦᠳᠬᠦ ᠤᠷᠤᠯᠳᠤᠭᠠᠨ᠎ᠳᠤ ᠨᠢᠭᠡᠳᠦᠭᠡᠷ ᠳᠡᠰ᠎ᠤᠨ ᠱᠠᠩᠨᠠᠯ᠂ ᠣᠨᠴᠠ ᠲᠠᠰ᠎ᠤᠨ ᠱᠠᠩᠨᠠᠯ ᠵᠡᠷᠭᠡ ᠣᠯᠠᠨ ᠢᠷᠠᠭᠤ ᠠᠯᠳᠠᠷ᠎ᠢ ᠭᠥᠷᠳᠡᠪᠡ᠃ ᠲᠡᠷᠡ ᠦᠪᠡᠷ᠎ᠢᠶᠡᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠨᠢᠭᠡᠳᠦᠭᠡᠷ ᠳᠡᠰ᠎ᠤᠨ ᠱᠠᠩᠨᠠᠯ ᠎ᠢ 4 ᠵᠦᠢᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠮᠡᠷᠭᠡᠵᠢᠯ᠎ᠦᠨ ᠡᠭᠦᠳᠦᠯᠲᠡ᠎ᠶᠢᠨ ᠬᠣᠶᠠᠳᠤᠭᠠᠷ ᠳᠡᠰ᠎ᠤᠨ ᠱᠠᠩᠨᠠᠯ᠎ᠢ 1 ᠵᠦᠢᠯ᠂ ᠪᠦᠬᠦ ᠤᠯᠤᠰ᠎ᠤᠨ ᠰᠢᠯᠢᠳᠡᠭ ᠨᠠᠮ᠎ᠤᠨ ᠠᠵᠢᠯᠲᠠᠨ ᠵᠡᠷᠭᠡ ᠢᠷᠠᠭᠤ ᠠᠯᠳᠠᠷ᠎ᠢ ᠬᠦᠷᠲᠡᠵᠡᠢ᠃

ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠳᠤ ᠴᠠᠬᠡᠵᠢᠯᠡᠵᠤ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠢᠯᠭ᠎ᠠ ᠭᠠᠷᠭᠠᠨ᠎ᠠ᠃ ᠲᠠᠨ ᠸᠧᠢ ᠰᠢᠶᠠᠨ ᠶᠠᠭ ᠯᠠ 《ᠷᠠᠳᠠᠷ᠎ᠤᠨ ᠥᠷᠲᠡᠭᠡ》 ᠶ᠋ᠢᠨ ᠡᠭᠦᠷᠢᠳᠡ ᠴᠢᠭᠯᠡᠯ ᠵᠢᠡᠨ ᠠᠯᠳᠠᠬᠤ ᠦᠭᠡᠢ ᠰᠠᠬᠢᠨ ᠬᠠᠮᠠᠭᠠᠯᠠᠭ᠍ᠴᠢ ᠮᠡᠲᠤ — ᠨᠠᠮ᠎ᠤᠨ ᠲᠣᠭ ᠬᠠᠮᠢᠭ᠎ᠠ ᠨᠠᠮᠢᠷᠠᠪᠠᠯ ᠲᠡᠷᠡ ᠲᠠᠷᠤᠢ ᠲᠡᠨᠳᠡ ᠪᠠᠢᠯᠳᠤᠵᠤ ᠪᠠᠢᠳᠠᠭ; ᠵᠣᠬᠢᠶᠠᠨ ᠪᠠᠢᠭᠤᠯᠤᠯᠲᠠ ᠬᠠᠮᠢᠭ᠎ᠠ ᠬᠡᠷᠡᠭᠰᠡᠪᠠᠯ ᠲᠡᠷᠡ ᠲᠡᠨᠳᠡ ᠦᠨᠳᠦᠰᠦᠯᠡᠵᠦ᠂ ᠢᠲᠡᠭᠡᠯ ᠪᠢᠰᠢᠷᠡᠯ ᠪᠣᠯᠣᠨ ᠪᠣᠳᠠᠲᠤ ᠠᠵᠢᠯ᠎ᠢᠶᠠᠷ᠎ᠢᠶᠠᠨ ᠶᠡᠬᠡ ᠳᠡᠭᠡᠳᠦ ᠰᠤᠷᠭᠠᠭᠤᠯᠢ᠎ᠶᠢᠨ ᠨᠢᠬᠡᠨ ᠰᠢᠯᠢᠳᠡᠭ ᠨᠠᠮ᠎ᠤᠨ ᠠᠵᠢᠯᠲᠠᠨ᠎ᠤ ᠭᠣᠢᠳᠠ ᠰᠠᠢᠬᠠᠨ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠤ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号