ᠸᠠᠩ ᠸᠧᠢ ᠵᠦᠩ ᠪᠦᠦ ᠭᠠᠩ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠰᠠᠶ᠋ᠢᠳ ᠯᠢᠦ ᠸᠧᠢ᠎ᠲᠡᠶ ᠠᠭᠤᠯᠵᠠᠪᠠ
2026-07-08 09:40:40
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠎ᠤ ᠠᠷᠠᠳ ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠯᠢᠦ ᠸᠧᠢ᠎ᠲᠡᠶ ᠠᠭᠤᠯᠵᠠᠪᠠ᠃


QQ20260708-094019.png


 7 ᠰᠠᠷ᠎ᠠ᠎ᠶᠢᠨ 7 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠢ ᠵᠦᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠶᠠᠮᠤᠨ᠎ᠤ ᠰᠠᠶ᠋ᠢᠳ ᠯᠢᠦ ᠸᠧᠢ᠎ᠲᠡᠶ ᠠᠭᠤᠯᠵᠠᠪᠠ᠃

  ᠲᠤᠰ ᠰᠤᠨᠢᠨ ᠎ᠤ ᠰᠤᠷᠪᠤᠯᠵᠢᠯᠠᠭᠴᠢ ᠮᠠ ᠵᠢᠶᠠᠨ ᠪᠢᠡᠭ  ᠰᠡᠬᠦᠳᠡᠷᠯᠡᠪᠡ



ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠯᠢᠦ ᠸᠧᠢ᠎ᠨᠡᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠵᠠᠮ ᠬᠠᠷᠢᠯᠴᠠᠭᠠᠨ᠎ᠤ ᠲᠥᠯᠥᠪᠵᠢᠭᠦᠯᠭᠡ᠂ ᠲᠦᠷᠦᠯ ᠵᠦᠢᠯ᠎ᠦᠨ ᠪᠦᠳᠦᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠥᠪᠥᠷ ᠮᠣᠩᠭᠣᠯ᠎ᠳᠤ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ᠎ᠳᠤ ᠴᠢᠩ ᠰᠡᠳᠬᠢᠯ᠎ᠡᠴᠡ᠎ᠪᠡᠨ ᠲᠠᠯᠠᠷᠬᠠᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠣᠳᠣᠬᠢᠴᠢᠯᠠᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠢᠰᠲ᠋ᠧᠮ᠎ᠢ ᠪᠠᠶ᠋ᠢᠭᠤᠯᠬᠤ ᠨᠢ ᠥᠪᠥᠷ ᠮᠣᠩᠭᠣᠯ ᠎ᠤᠨ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠳᠤ ᠦᠢᠯᠡᠴᠢᠯᠡᠬᠦ᠌ ᠪᠠ ᠠᠭᠤᠰᠤᠯᠴᠠᠬᠤ᠂ ᠤᠯᠤᠰ᠎ᠤᠨ 《ᠲᠠᠪᠤᠨ ᠶᠡᠬᠡ ᠠᠮᠤᠷ ᠲᠦᠪᠰᠢᠨ》 ᠢ᠋ ᠬᠠᠮᠠᠭᠠᠯᠠᠬᠤ᠎ᠳᠤ ᠴᠢᠬᠤᠯᠠ ᠶᠡᠬᠡ ᠪᠠᠶ᠋ᠢᠯᠳᠤᠬᠤ ᠪᠤᠳᠤᠯᠭ᠎ᠠ᠎ᠶᠢᠨ ᠠᠴᠢ ᠬᠣᠯᠪᠣᠭᠳᠠᠯ᠎ᠲᠠᠶ ᠶᠤᠮ᠃ ᠣᠳᠣᠬᠠᠨ᠎ᠳᠤ᠂ ᠣᠷᠣᠨ ᠳᠠᠶᠠᠭᠠᠷ᠎ᠢᠶᠡᠨ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ ᠎ᠤᠨ ᠪᠠᠶ᠋ᠢᠷᠢᠯᠠᠭᠤᠯᠤᠯᠲᠠ ᠶᠣᠰᠣᠭᠠᠷ᠂ ᠶᠡᠷᠦᠩᠬᠡᠶ᠋ᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠎ᠶᠢᠨ ᠰᠢᠰᠲ᠋ᠧᠮ ᠎ᠢ ᠲᠦᠷᠭᠡᠳᠬᠡᠨ ᠲᠡᠭᠦᠯᠳᠡᠷᠵᠢᠭᠦᠯᠵᠦ᠍᠂ ᠵᠠᠮ ᠬᠠᠷᠢᠯᠴᠠᠭ᠎ᠠ ᠵᠢᠨ ᠪᠠᠷᠠᠭᠠᠨ ᠎ᠤ ᠭᠦᠢᠯᠭᠡᠭᠡ ᠵᠢᠨ ᠥᠪᠡᠷ᠎ᠦᠨ ᠥᠷᠲᠡᠭ᠎ᠢ ᠪᠠᠭᠤᠷᠠᠭᠤᠯᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠌᠎ᠶᠢ ᠦᠷᠭᠦᠯᠵᠢᠯᠡᠨ ᠠᠬᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠣᠶᠤᠨᠴᠢ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠍ ᠲᠡᠢᠰᠢ ᠬᠡᠯᠪᠡᠷᠢ ᠪᠠᠨ ᠬᠤᠪᠢᠷᠠᠭᠤᠯᠬᠤ᠎ᠶᠢ ᠶᠡᠬᠡ᠎ᠪᠡᠷ ᠠᠬᠢᠭᠤᠯᠵᠤ᠂ ᠠᠵᠤ ᠠᠬᠤᠶ ᠨᠡᠶ᠋ᠢᠭᠡᠮ ᠎ᠦᠨ ᠬᠥᠭᠵᠢᠯᠲᠡ ᠲᠤᠮᠳᠠᠬᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠤᠯᠭᠠᠭᠤᠷᠢᠯᠠᠬᠤ ᠪᠠᠲᠤᠯᠠᠭ᠎ᠠ᠎ᠶᠢᠨ ᠴᠢᠳᠠᠪᠤᠷᠢ᠎ᠶᠢ ᠲᠠᠰᠤᠷᠠᠯᠲᠠ ᠥᠬᠡᠶ ᠴᠢᠩᠭᠠᠳᠬᠠᠵᠤ ᠪᠠᠶ᠋ᠢᠨ᠎ᠠ᠃ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠬᠢᠨ ᠦᠷᠭᠦᠯᠵᠢᠯᠡᠨ ᠥᠪᠥᠷ ᠮᠣᠩᠭᠣᠯ᠎ᠤᠨ ᠬᠥᠭᠵᠢᠯᠲᠡ᠎ᠶᠢ ᠬᠠᠯᠠᠮᠵᠢᠯᠠᠵᠤ᠂ ᠮᠠᠨ᠎ᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠦᠢᠯᠡᠰ᠎ᠢ ᠵᠢᠭᠠᠨ ᠵᠢᠯᠣᠭᠣᠳᠬᠤ᠎ᠪᠠᠨ ᠴᠢᠩᠭᠠᠳᠬᠠᠵᠤ᠂ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ᠎ᠤ ᠬᠦᠢᠰᠦ᠎ᠶᠢᠨ ᠪᠥᠲᠥᠭᠡᠨ ᠪᠠᠶ᠋ᠢᠭᠤᠯᠤᠯᠲᠠ᠎ᠶᠢᠨ ᠪᠠᠶ᠋ᠢᠷᠢᠰᠢᠭᠤᠯᠤᠯᠲᠠ᠂ ᠬᠢᠯᠢ᠎ᠶᠢᠨ ᠪᠣᠭᠣᠮᠲᠠ᠎ᠶᠢᠨ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ ᠎ᠶᠢ ᠲᠡᠭᠦᠯᠳᠡᠷᠵᠢᠭᠦᠯᠬᠦ᠌᠂ ᠣᠶᠤᠨᠴᠢ ᠪᠠᠷᠠᠭᠠᠨ᠎ᠤ ᠭᠦᠢᠯᠭᠡᠭᠡ ᠵᠢᠨ ᠰᠢᠰᠲ᠋ᠧᠮ᠎ᠦᠨ ᠪᠠᠶ᠋ᠢᠭᠤᠯᠤᠯᠲᠠ᠂ ᠵᠠᠮ᠎ᠤᠨ ᠠᠮᠤᠷ ᠲᠦᠪᠰᠢᠨ᠎ᠦ ᠤᠶᠠᠨ ᠬᠠᠲᠠᠨ ᠴᠢᠨᠠᠷ᠎ᠢ ᠳᠡᠭᠡᠭᠰᠢᠯᠡᠭᠦᠯᠬᠦ᠌ ᠵᠡᠷᠭᠡ ᠲᠠᠯ᠎ᠠ᠎ᠪᠠᠷ ᠨᠠᠩ ᠣᠯᠠᠨ ᠳᠡᠮᠵᠢᠯᠭᠡ ᠦᠵᠡᠭᠦᠯᠬᠦ᠌᠎ᠶᠢ ᠬᠦᠰᠡᠵᠦ᠍ ᠪᠠᠶ᠋ᠢᠨ᠎ᠠ᠃ ᠡᠭᠦᠨ᠎ᠦ ᠬᠠᠮᠲᠤ᠌᠂ ᠮᠠᠨ᠎ᠤ ᠣᠷᠣᠨ᠎ᠤ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ ᠢ᠋ ᠬᠡᠪᠴᠢᠶᠡᠵᠢᠭᠦᠯᠦᠨ ᠬᠡᠷᠡᠭᠯᠡᠬᠦ᠌᠂ ᠳᠡᠭ ᠨᠡᠭᠦᠷᠡᠰᠦᠲᠥ᠋ᠷᠥᠭᠴᠢᠳᠤ ᠲᠡᠭᠡᠭᠡᠪᠦᠷᠢ᠎ᠶᠢᠨ ᠨᠡᠪᠳᠡᠷᠡᠯ ᠵᠠᠮ᠎ᠤᠨ ᠪᠥᠲᠥᠭᠡᠨ ᠪᠠᠶ᠋ᠢᠭᠤᠯᠤᠯᠲᠠ᠂ ᠠᠦ᠋ᠲ᠋ᠣ᠋ ᠲᠡᠷᠬᠡ ᠵᠢᠯᠣᠭᠣᠳᠬᠤ ᠲᠤᠷᠰᠢᠯᠲᠠ᠎ᠶᠢᠨ ᠴᠡᠭ᠎ᠦᠨ ᠵᠢᠱ᠌ᠢᠶ᠎ᠡ ᠦᠵᠡᠭᠦᠯᠬᠦ᠌ ᠵᠡᠷᠭᠡ ᠠᠵᠢᠯ᠎ᠢ ᠰᠠᠶ᠋ᠢᠲᠤᠷ ᠬᠢᠵᠦ᠍᠂ ᠪᠥᠬᠥ᠌ ᠤᠯᠤᠰ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠤ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠳᠤ ᠲᠡᠷᠡ ᠬᠡᠪ᠎ᠢᠶᠡᠷ ᠨᠢ ᠳᠡᠯᠭᠡᠷᠡᠭᠦᠯᠵᠦ᠍ ᠪᠣᠯᠬᠤ ᠲᠤᠷᠰᠢᠯᠭ᠎ᠠ᠎ᠶᠢ ᠬᠤᠷᠠᠮᠳᠤᠭᠤᠯᠬᠤ ᠳ᠋ᠤ ᠬᠠᠪᠰᠤᠷᠤᠨ ᠵᠢᠯᠤᠭᠤᠳᠬᠤ ᠵᠢ ᠬᠦᠰᠡᠵᠦ ᠪᠠᠢᠨ᠎ᠠ ᠭᠡᠪᠡ᠃

ᠯᠢᠦ ᠸᠧᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠎ᠤ ᠣᠷᠳᠣ ᠬᠤᠭᠤᠴᠠᠭᠠᠨ᠎ᠤ ᠲᠤᠷᠰᠢ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠠᠵᠢᠯ ᠪᠠ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠵᠢᠯ ᠲᠥᠷᠥᠯ᠎ᠦᠨ ᠬᠥᠭᠵᠢᠯᠲᠡ᠎ᠳᠦ ᠬᠦᠴᠦᠲᠡᠶ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠍᠂ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠦᠨ ᠬᠥᠭᠵᠢᠯᠲᠡ ᠢᠯᠠᠩᠭᠤᠶ᠎ᠠ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ᠎ᠳᠦ ᠣᠯᠤᠭᠰᠠᠨ ᠠᠮᠵᠢᠯᠲᠠ ᠪᠦᠲᠦᠮᠵᠢ᠎ᠶᠢ ᠮᠠᠭᠲᠠᠨ ᠰᠠᠶ᠋ᠢᠰᠢᠶᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》 ᠢ᠋ ᠰᠤᠨᠳᠠᠯᠠᠵᠤ᠂ ᠣᠷᠣᠰ ᠮᠣᠩᠭᠣᠯ᠎ᠲᠠᠶ ᠵᠠᠬ᠎ᠠ ᠨᠡᠢᠯᠡᠵᠤ᠂ ᠣᠷᠣᠨ ᠪᠠᠶ᠋ᠢᠷᠢ᠎ᠶᠢᠨ ᠨᠥᠬᠥᠴᠡᠯ ᠣᠨᠴᠠᠭᠠᠶ᠂ ᠵᠠᠮ ᠬᠠᠷᠢᠯᠴᠠᠭᠠᠨ᠎ᠤ ᠲᠤᠤᠷ᠎ᠤᠨ ᠪᠥᠲᠥᠭᠡᠨ ᠪᠠᠶ᠋ᠢᠭᠤᠯᠤᠯᠲᠠ᠂ ᠨᠡᠪᠲᠡᠷᠡᠬᠦ᠌ ᠵᠠᠮ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠲᠠᠰ ᠳᠡᠪᠰᠢᠭᠦᠯᠬᠦ᠌᠂ ᠵᠢᠯᠣᠭᠣᠴᠢ ᠥᠬᠡᠶ ᠨᠢᠰᠬᠡᠯ᠎ᠢᠶᠡᠷ ᠵᠠᠮ᠎ᠢ ᠬᠢᠨᠠᠨ ᠪᠠᠶ᠋ᠢᠴᠠᠭᠠᠬᠤ᠂ ᠰᠢᠨ᠎ᠡ ᠡᠨᠧᠷᠭᠢ᠎ᠶᠢᠨ ᠬᠦᠨᠳᠦ ᠠᠴᠢᠶᠠᠨ᠎ᠤ ᠮᠠᠰᠢᠨ ᠪᠣᠯᠤᠨ ᠣᠯᠠᠨ ᠬᠡᠯᠪᠡᠷᠢ᠎ᠶᠢᠨ ᠬᠣᠯᠪᠣᠭᠠᠯᠠᠨ ᠲᠡᠭᠡᠭᠡᠪᠦᠷᠢᠯᠡᠬᠦ᠌᠎ᠶᠢ ᠠᠭᠤᠰᠤᠯᠴᠠᠭᠤᠯᠤᠨ ᠬᠥᠭᠵᠢᠭᠦᠯᠬᠦ᠌ ᠵᠡᠷᠭᠡ ᠲᠠᠯ᠎ᠠ᠎ᠪᠠᠷ ᠴᠥᠭᠡᠨ ᠪᠤᠰᠤ ᠥᠪᠡᠷᠮᠢᠴᠡ ᠣᠨᠴᠠᠯᠢᠭ᠎ᠲᠠᠶ ᠠᠷᠭ᠎ᠠ ᠬᠢᠳᠡᠯ᠎ᠢ ᠪᠦᠷᠢᠯᠳᠦᠭᠦᠯᠦᠭᠰᠡᠨ ᠨᠢ ᠰᠤᠷᠤᠯᠴᠠᠨ ᠳᠡᠯᠭᠡᠷᠡᠭᠦᠯᠦᠭᠦᠰᠢᠲᠡᠶ ᠶᠤᠮ᠃ 《ᠠᠷᠪᠠᠨ ᠲᠠᠪᠤᠳᠤᠭᠠᠷ ᠲᠠᠪᠤᠨ ᠵᠢᠯ》ᠳ᠋ᠤ ᠬᠠᠨᠳᠤᠵᠤ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠠᠮᠤᠨ᠎ᠤ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠤᠷᠢᠶ᠎ᠠ ᠵᠢᠨ ᠰᠢᠢᠳᠪᠦᠷᠢᠲᠦ᠍ ᠪᠣᠳᠣᠯᠭ᠎ᠠ ᠪᠠᠶ᠋ᠢᠷᠢᠯᠠᠭᠤᠯᠤᠯᠲᠠ᠎ᠶᠢ ᠪᠥᠬᠥ᠌ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠎ᠶᠢ ᠨᠢᠭᠡ ᠴᠤᠭᠴᠠᠵᠢᠭᠤᠯᠤᠨ ᠠᠭᠤᠰᠤᠯᠴᠠᠭᠤᠯᠬᠤ᠂ ᠠᠮᠤᠷ ᠲᠦᠪᠰᠢᠨ ᠪᠣᠯᠭᠠᠨ ᠳᠡᠭᠡᠭᠰᠢᠯᠡᠭᠦᠯᠬᠦ᠌᠂ ᠲᠣᠭᠠᠴᠢᠯᠠᠯᠲᠠ ᠤᠶᠤᠨᠴᠢᠯᠠᠯᠳᠠ ᠵᠢᠨ᠎ᠪᠤᠯᠭᠠᠨ ᠲᠠᠰ ᠳᠡᠪᠰᠢᠭᠦᠯᠬᠦ᠌᠂ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶᠢ ᠲᠦᠷᠭᠡᠳᠬᠡᠨ ᠠᠬᠢᠭᠤᠯᠵᠤ᠂ ᠬᠥᠬᠡᠬᠣᠲᠠ ᠪᠤᠭᠤᠲᠤ᠌ ᠣᠷᠳᠣᠰ ᠤᠯᠠᠭᠠᠨᠴᠠᠪ᠎ᠤᠨ ᠬᠣᠲᠠ᠎ᠶᠢᠨ ᠪᠦᠯᠦᠭᠵᠢᠯ᠎ᠦᠨ ᠬᠣᠯᠪᠣᠯᠳᠤᠨ ᠨᠡᠪᠲᠡᠷᠡᠯᠴᠡᠬᠦ᠌᠂ ᠳᠡᠭ ᠨᠡᠭᠦᠷᠡᠰᠦᠲᠥ᠋ᠷᠥᠭᠴᠢᠳᠤ ᠲᠡᠭᠡᠭᠡᠪᠦᠷᠢ᠎ᠶᠢᠨ ᠬᠣᠩᠭᠢᠯ᠎ᠤᠨ ᠴᠤᠭᠴᠠᠯᠠᠯᠲᠠ᠎ᠶᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠍᠂ ᠥᠪᠡᠷᠲᠡᠭᠡᠨ ᠵᠠᠰᠠᠬᠤ ᠣᠷᠣᠨ᠎ᠤ ᠣᠳᠣᠬᠢᠴᠢᠯᠠᠭᠰᠠᠨ ᠶᠡᠷᠦᠩᠬᠡᠶ᠋ᠢᠯᠡᠭᠰᠡᠨ ᠵᠠᠮ ᠬᠠᠷᠢᠯᠴᠠᠭᠠᠨ᠎ᠤ ᠰᠢᠰᠲ᠋ᠧᠮ᠎ᠢ ᠲᠦᠷᠭᠡᠳᠬᠡᠨ ᠪᠠᠶ᠋ᠢᠭᠤᠯᠵᠤ᠂ ᠤᠯᠤᠰ᠎ᠤᠨ ᠪᠠᠶ᠋ᠢᠯᠳᠤᠬᠤ ᠪᠣᠳᠣᠯᠭ᠎ᠠ᠎ᠳᠤ ᠨᠠᠩ ᠰᠠᠶ᠋ᠢᠳᠤᠷ ᠦᠢᠯᠡᠴᠢᠯᠡᠬᠦ᠎ᠳᠤ ᠬᠦᠴᠦᠨ ᠨᠡᠮᠡᠷᠢᠯᠡᠨ᠎ᠡ ᠭᠡᠵᠡᠢ᠃

 ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠳᠠᠢᠴᠢᠨ ᠣᠷᠣᠯᠴᠠᠪᠠ᠃

     

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号