ᠸᠠᠩ ᠸᠧᠢ ᠵᠦᠩ ᠪᠤᠤ ᠭᠠᠩ ᠬᠤᠸᠠ ᠷᠦᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠰᠢᠶᠠᠩ ᠮᠢᠩ ᠶᠡᠷᠦᠩᠬᠡᠢ ᠳᠠᠭᠠᠭᠠᠮᠠᠯ ᠸᠠᠩ ᠼᠦᠢ ᠵᠢᠶᠦ᠋ᠨ᠎ᠲᠠᠢ ᠠᠭᠤᠯᠵᠠᠵᠠᠢ
2026-07-08 09:44:40
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 7᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠬᠤᠸᠠ ᠷᠦᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠰᠢᠶᠠᠩ ᠮᠢᠩ᠂ ᠶᠡᠷᠦᠩᠬᠡᠢ ᠳᠠᠭᠠᠭᠠᠮᠠᠯ ᠸᠠᠩ ᠼᠦᠢ ᠵᠢᠶᠦ᠋ᠨ᠎ᠲᠠᠢ ᠠᠭᠤᠯᠵᠠᠪᠠ᠃


QQ20260708-095135.png


7 ᠰᠠᠷ᠎ᠠ᠎ᠶᠢᠨ 7᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠠ᠎ᠶᠢᠨ ᠡᠷᠬᠢᠯᠡᠭᠴᠢ ᠸᠠᠩ ᠸᠧᠢ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠬᠤᠸᠠ ᠷᠦᠨ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠸᠠᠩ ᠰᠢᠶᠠᠩ ᠮᠢᠩ᠂ ᠶᠡᠷᠦᠩᠬᠡᠢ ᠳᠠᠭᠠᠭᠠᠮᠠᠯ ᠸᠠᠩ ᠼᠦᠢ ᠵᠢᠶᠦ᠋ᠨ᠎ᠲᠠᠢ ᠠᠭᠤᠯᠵᠠᠪᠠ᠃                      

  ᠲᠤᠰ ᠰᠤᠨᠢᠨ ᠎ᠤ ᠰᠤᠷᠪᠤᠯᠵᠢᠯᠠᠭᠴᠢ ᠮᠠ ᠵᠢᠶᠠᠨ ᠪᠢᠡᠭ  ᠰᠡᠬᠦᠳᠡᠷᠯᠡᠪᠡ


ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠸᠠᠩ ᠰᠢᠶᠠᠩ ᠮᠢᠩ ᠨᠠᠷ᠎ᠢ ᠪᠠᠶᠠᠷᠯᠠᠨ ᠤᠭᠲᠤᠵᠤ ᠪᠠᠢᠬᠤ᠎ᠪᠠᠨ ᠢᠯᠡᠳᠬᠡᠵᠦ᠂ ᠬᠤᠸᠠ ᠷᠦᠨ ᠪᠦᠯᠦᠭᠯᠡᠯ᠎ᠦᠨ ᠬᠢᠨ᠎ᠤ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠬᠥᠭᠵᠢᠯᠲᠡ᠎ᠳᠦ ᠬᠤᠪᠢ ᠨᠡᠮᠡᠷᠢ ᠦᠵᠡᠭᠦᠯᠦᠭᠰᠡᠨ ᠳ᠋ᠤ ᠲᠠᠯᠠᠷᠬᠠᠪᠠ᠃ ᠲᠡᠷᠡ᠂ ᠣᠳᠣᠬᠠᠨ᠎ᠳᠤ ᠣᠷᠣᠨ᠎ᠲᠠᠶᠠᠭᠠᠷ᠎ᠢᠶᠠᠨ ᠶᠠᠭ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ《1571》 ᠠᠵᠢᠯ ᠎ᠤᠨ ᠪᠠᠢᠷᠢᠯᠠᠭᠤᠯᠤᠯᠲᠠ ᠶᠣᠰᠣᠭᠠᠷ᠂ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠢ ᠰᠢᠨ᠎ᠡ ᠬᠡᠯᠪᠡᠷᠢ᠎ᠶᠢᠨ ᠡᠨᠧᠷᠭᠢ᠎ᠶᠢᠨ ᠰᠢᠰᠲ᠋ᠸᠮ᠎ᠢ ᠲᠦᠷᠭᠡᠳᠬᠡᠨ ᠪᠠᠢᠭᠤᠯᠵᠤ᠂ ᠪᠣᠬᠢᠷᠲᠤᠯ ᠦᠭᠡᠢ ᠪᠣᠳᠣᠯᠳᠠ ᠵᠢᠨ ᠬᠦᠴᠦᠨ᠂ ᠰᠢᠨ᠎ᠡ ᠬᠡᠯᠪᠡᠷᠢ᠎ᠶᠢᠨ ᠡᠨᠧᠷᠭᠢ ᠨᠦᠬᠡᠴᠡᠯᠡᠬᠦ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠰᠢᠨ᠎ᠡ᠎ᠪᠡᠷ ᠮᠠᠨᠳᠤᠭᠰᠠᠨ ᠠᠵᠤ ᠦᠢᠯᠡᠰ᠎ᠢ ᠶᠡᠬᠡ ᠪᠡᠷ ᠬᠥᠭᠵᠢᠭᠦᠯᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢ ᠯᠠᠪᠳᠠᠭᠤᠨ ᠪᠠᠲᠤᠲᠠᠢ ᠠᠬᠢᠭᠤᠯᠵᠤ ᠪᠠᠢᠨ᠎ᠠ᠃ ᠬᠤᠸᠠ ᠷᠦᠨ ᠪᠦᠯᠦᠭᠯᠡᠯ ᠥᠪᠥᠷ ᠮᠣᠩᠭᠣᠯ᠎ᠳᠤ ᠤᠳᠠᠭᠠᠨ ᠵᠢᠯ ᠨᠡᠬᠡᠭᠡᠨ ᠬᠦᠭᠵᠢᠭᠦᠯᠦᠯᠲᠡ ᠬᠢᠵᠦ᠂ ᠡᠮᠦᠨᠡᠬᠢ ᠬᠤᠭᠤᠴᠠᠭᠠᠨ᠎ᠳᠤ ᠨᠠᠢᠳᠠᠪᠤᠷᠢᠵᠢᠭᠤᠯᠤᠭᠳᠠᠭᠰᠠᠨ ᠶᠡᠷᠦᠩᠬᠡᠢᠯᠡᠭᠰᠡᠨ ᠡᠨᠧᠷᠭᠢ᠂ ᠬᠤᠳᠠ᠎ᠶᠢᠨ ᠪᠦᠲᠦᠭᠡᠨ ᠪᠠᠢᠭᠤᠯᠤᠯᠲᠠ ᠵᠢᠨ ᠡᠵᠡᠩᠨᠡᠯᠲᠡ᠂ ᠬᠠᠮ ᠡᠷᠡᠭᠦᠯ ᠮᠡᠨᠳᠤ ᠵᠡᠷᠭᠡ ᠬᠦᠷᠢᠶᠡᠨ ᠳ᠋ᠡᠬᠢ ᠲᠦᠷᠦᠯ ᠵᠦᠢᠯ ᠴᠥᠮ ᠰᠠᠢᠨ ᠰᠠᠢᠬᠠᠨ ᠠᠵᠤ ᠠᠬᠤᠢ᠎ᠶᠢᠨ ᠦᠷ᠎ᠡ ᠠᠰᠢᠭ᠋ ᠪᠣᠯᠣᠨ ᠨᠡᠢᠭᠡᠮ᠎ᠦᠨ ᠦᠷ᠎ᠡ ᠠᠰᠢᠭ᠋ ᠣᠯᠪᠡ᠃ ᠬᠤᠸᠠ ᠷᠦᠨ ᠪᠦᠯᠦᠭᠯᠡᠯ᠎ᠦᠨ ᠬᠢᠨ ᠪᠡᠯᠡ ᠮᠥᠩᠭᠥ᠂ ᠮᠡᠷᠭᠡᠵᠢᠯ᠂ ᠠᠷᠭ᠎ᠠ ᠵᠠᠮ᠂ ᠡᠵᠡᠩᠨᠡᠯᠲᠡ᠎ᠶᠢᠨ ᠪᠦᠬᠦ  ᠬᠡᠯᠬᠢᠶ᠎ᠡ ᠎ᠶᠢᠨ ᠳᠠᠪᠠᠭᠤᠯᠢᠭ᠋᠎ᠢᠶᠠᠨ ᠦᠷᠭᠦᠯᠵᠢᠯᠡᠨ ᠥᠷᠭᠡᠳᠬᠡᠵᠦ᠂ ᠥᠪᠥᠷ ᠮᠣᠩᠭᠣᠯ᠎ᠳᠠᠬᠢ ᠪᠡᠯᠡ ᠣᠷᠣᠭᠤᠯᠤᠯᠲᠠ᠎ᠶᠢᠨ ᠪᠠᠢᠷᠢᠰᠢᠭᠤᠯᠤᠯᠲᠠ᠎ᠶᠢᠨ ᠡᠷᠴᠢᠮ᠎ᠢᠶᠡᠨ ᠴᠢᠨᠠᠭᠰᠢᠳᠠ ᠴᠢᠩᠭᠠᠷᠠᠭᠤᠯᠵᠤ᠂ ᠪᠣᠬᠢᠷᠲᠤᠯ ᠦᠭᠡᠢ ᠡᠨᠧᠷᠭᠢ᠎ᠶᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠥᠷᠭᠡᠳᠬᠡᠵᠦ᠂ ᠡᠷᠡᠭᠦᠯ ᠮᠡᠨᠳᠦ᠎ᠶᠢᠨ ᠠᠵᠤ ᠦᠢᠯᠡᠰ᠎ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠨᠡᠩ ᠤᠯᠠᠨ ᠣᠷᠣᠢᠯᠠᠭᠰᠠᠨ ᠠᠮᠢᠳᠤ ᠪᠣᠳᠠᠰ᠎ᠤᠨ ᠡᠮ ᠡᠮᠨᠡᠯᠭᠡ᠎ᠶᠢᠨ ᠦᠢᠯᠡᠳᠬᠦ ᠦᠢᠯᠡᠰ ᠪᠣᠯᠣᠨ ᠳᠡᠭᠡᠳᠦ ᠲᠡᠰ᠎ᠤᠨ ᠬᠤᠳᠠ᠎ᠶᠢᠨ ᠪᠦᠲᠦᠭᠡᠨ ᠪᠠᠢᠭᠤᠯᠤᠯᠲᠠ᠎ᠶᠢᠨ ᠡᠵᠡᠩᠨᠡᠯᠲᠡ᠎ᠶᠢᠨ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠲᠦᠷᠦᠯ ᠵᠦᠢᠯ᠎ᠦᠨ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢ ᠵᠡᠷᠭᠡ ᠪᠡᠷ ᠠᠳᠬᠤᠨ ᠨᠠᠢᠳᠠᠪᠤᠷᠢᠵᠢᠭᠤᠯᠬᠤ᠎ᠶᠢ ᠬᠦᠰᠡᠵᠦ ᠪᠠᠢᠨ᠎ᠠ᠃ ᠪᠢᠳᠠ ᠲᠡᠷᠢᠭᠦᠨ ᠵᠡᠷᠭᠡ᠎ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ᠎ᠢ ᠦᠷᠭᠦᠯᠵᠢᠯᠡᠨ ᠪᠤᠢ ᠪᠣᠯᠭᠠᠵᠤ᠂ ᠪᠦᠬᠦ ᠬᠦᠴᠦᠨ᠎ᠢᠶᠡᠷ᠎ᠢᠶᠡᠨ ᠠᠵᠤ ᠠᠬᠤᠢᠯᠠᠯ᠎ᠳᠤ ᠦᠢᠯᠡᠴᠢᠯᠡᠵᠤ ᠪᠠᠲᠤᠯᠠᠭ᠎ᠠ᠎ᠶᠢ ᠰᠠᠢᠲᠤᠷ ᠬᠢᠨ᠎ᠡ  ᠭᠡᠪᠡ᠃

ᠸᠠᠩ ᠰᠢᠶᠠᠩ ᠮᠢᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠡᠴᠡ ᠤᠷᠳᠤ ᠬᠤᠭᠤᠴᠠᠭᠠᠨ᠎ᠤ ᠲᠤᠷᠰᠢ ᠬᠤᠸᠠ ᠷᠦᠨ ᠪᠦᠯᠦᠭᠯᠡᠯ᠎ᠢ ᠬᠠᠯᠠᠮᠵᠢᠯᠠᠨ ᠳᠡᠮᠵᠢᠭᠰᠡᠭᠡᠷ ᠢᠷᠡᠭᠰᠡᠨ᠎ᠳᠦ ᠲᠠᠯᠠᠷᠬᠠᠬᠤ᠎ᠶᠢᠨ ᠬᠠᠮᠲᠤ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠲᠦᠷᠦᠯ ᠵᠦᠢᠯ᠎ᠦᠨ ᠪᠠᠢᠷᠢᠰᠢᠭᠤᠯᠤᠯᠲᠠ᠎ᠶᠢᠨ ᠪᠠᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠨᠡᠭᠡᠭᠡᠯᠲᠡ᠎ᠶᠢᠨ ᠡᠷᠴᠢᠮ ᠤᠯᠠᠮ᠎ᠡᠴᠡ ᠤᠯᠠᠮ ᠴᠢᠩᠭᠠᠷᠠᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ ᠶᠠᠪᠤᠬᠤ ᠲᠤᠳᠤᠮ ᠰᠠᠢᠵᠢᠷᠠᠵᠤ᠂ ᠠᠵᠤ ᠠᠬᠤᠢ᠎ᠶᠢᠨ ᠬᠥᠭᠵᠢᠯᠲᠡ᠎ᠶᠢᠨ ᠬᠠᠨᠳᠤᠰᠢ ᠡᠷᠴᠢᠮᠲᠡᠢ ᠪᠠᠢᠨ᠎ᠠ᠃ ᠳᠠᠷᠠᠭᠠᠴᠢ᠎ᠶᠢᠨ ᠠᠯᠬᠤᠮ᠎ᠳᠤ ᠬᠤᠸᠠ ᠷᠦᠨ ᠪᠦᠯᠦᠭᠯᠡᠯ ᠥᠪᠥᠷ ᠮᠣᠩᠭᠣᠯ᠎ᠳᠤ ᠦᠷᠭᠦᠯᠵᠢᠯᠡᠨ ᠭᠦᠨᠵᠡᠭᠡᠢ ᠨᠡᠬᠡᠭᠡᠨ ᠬᠦᠭᠵᠢᠭᠦᠯᠦᠯᠲᠡ ᠬᠢᠵᠤ᠂ ᠠᠮᠢᠳᠤ ᠪᠣᠳᠠᠰ᠎ᠤᠨ ᠡᠮ ᠡᠮᠨᠡᠯᠭᠡ᠂ ᠰᠢᠨ᠎ᠡ ᠡᠨᠧᠷᠭᠢ᠂ ᠬᠤᠳᠠ᠎ᠶᠢᠨ ᠪᠦᠲᠦᠭᠡᠨ ᠪᠠᠢᠭᠤᠯᠤᠯᠲᠠ ᠵᠢᠨ ᠡᠵᠡᠩᠨᠡᠯᠲᠡ᠂ ᠴᠢᠨᠠᠷ ᠰᠠᠢᠲᠠᠢ ᠮᠠᠯ᠎ᠤᠨ ᠠᠰᠢᠭ᠋ ᠰᠢᠮ᠎ᠡ᠎ᠲᠠᠷᠢᠶᠠᠯᠠᠩ᠎ᠤᠨ ᠪᠦᠲᠦᠭᠡᠭᠳᠡᠬᠦᠨ᠎ᠦ ᠪᠣᠷᠤᠯᠠᠭᠤᠯᠭ᠎ᠠ ᠵᠡᠷᠭᠡ ᠬᠦᠷᠢᠶ᠎ᠡ ᠴᠠᠷᠠᠭ᠎ᠠ᠎ᠶᠢᠨ ᠲᠣᠭᠣᠷᠢᠨ᠎ᠳᠤ ᠪᠣᠳᠠᠲᠠᠢ ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠴᠢᠨᠠᠭᠰᠢᠳᠠ ᠭᠦᠨᠵᠡᠭᠡᠢᠷᠡᠭᠦᠯᠵᠦ᠂ ᠤᠳᠤ᠎ᠶᠢᠨ ᠪᠠᠢᠭ᠎ᠠ ᠬᠠᠮᠲᠤᠷᠠᠯᠴᠠᠭᠠᠨ᠎ᠤ ᠲᠦᠷᠦᠯ ᠵᠦᠢᠯ᠎ᠤᠨ ᠨᠠᠢᠳᠠᠪᠤᠷᠢᠵᠢᠭᠤᠯᠤᠯᠲᠠ᠎ᠶᠢ ᠲᠦᠷᠭᠡᠳᠬᠡᠨ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠪᠡ ᠠᠵᠤ ᠠᠬᠤᠢᠯᠠᠯ᠎ᠤᠨ ᠬᠠᠮᠲᠤᠷᠠᠯᠴᠠᠭᠠᠨ᠎ᠤ ᠠᠭᠤᠯᠤᠭᠳᠠᠬᠤᠨ᠎ᠢ ᠳᠠᠰᠤᠷᠠᠯᠳᠠ ᠦᠭᠡᠢ ᠪᠠᠶᠠᠯᠢᠭ᠍ᠵᠢᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠪᠢᠴᠢᠭᠯᠡᠬᠦ᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠬᠡᠪᠡ᠃

 ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号