ᠯᠢ ᠴᠢᠶᠠᠩ ᠴᠣᠬᠣᠯᠠᠪᠤᠷᠢ ᠥᠭᠴᠡᠢ
ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ ᠤ᠋ᠨ ᠲᠡᠷᠢᠭᠦᠯᠡᠭᠴᠢ᠂ ᠲᠥᠪ ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠦᠶᠡᠷ᠎ᠢ ᠰᠡᠷᠬᠡᠢᠯᠡᠵᠦ ᠭᠠᠮᠰᠢᠬ ᠡᠴᠡ ᠠᠪᠤᠷᠠᠬᠤ ᠠᠵᠢᠯ᠎ᠳᠤ ᠴᠢᠬᠤᠯᠠ ᠵᠢᠭᠠᠪᠤᠷᠢ ᠦᠭᠪᠡ᠃
ᠰᠢ᠎ᠶᠢᠨ ᠫᠢᠩ᠂ ᠣᠢᠷ᠎ᠠ᠎ᠳᠤ᠂ ᠭᠤᠸᠠᠩᠰᠢ᠂ ᠬᠤᠪᠧᠢ᠂ ᠭᠠᠨᠰᠤ ᠵᠡᠷᠭᠡ ᠭᠠᠵᠠᠷ᠎ᠲᠤ ᠶᠡᠬᠡ ᠰᠠᠯᠬᠢ ᠪᠣᠷᠣᠭᠠᠨ᠎ᠡᠴᠡ ᠪᠣᠯᠵᠤ᠂ ᠤᠰᠤᠨ ᠴᠥᠭᠦᠷᠥᠮ᠎ᠦᠨ ᠬᠠᠰᠢᠯᠭ᠎ᠠ ᠰᠡᠲᠡᠷᠡᠭᠦ᠂ ᠠᠭᠤᠯᠠᠨ ᠪᠡᠯ ᠶᠡᠭᠦᠷᠡᠬᠦ ᠵᠡᠷᠭᠡ ᠭᠠᠮᠰᠢᠭ᠋᠎ᠤᠨ ᠪᠠᠢᠳᠠᠯ ᠵᠠᠯᠭᠠᠭ᠎ᠠ᠎ᠪᠠᠷ ᠭᠠᠷᠴᠤ᠂ ᠬᠦᠨᠳᠦ ᠶᠡᠬᠡ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠠᠵᠤ ᠠᠬᠤᠢ᠎ᠶᠢᠨ ᠬᠣᠬᠢᠷᠠᠯ ᠤᠴᠠᠷᠠᠭᠤᠯᠤᠭᠰᠠᠨ ᠪᠠᠢᠨ᠎ᠠ᠃ ᠠᠶᠤᠯ᠎ᠡᠴᠡ ᠠᠪᠤᠷᠠᠨ ᠲᠤᠰᠠᠯᠠᠬᠤ᠂ ᠰᠢᠷᠬᠠᠲᠤᠭᠰᠠᠳ᠎ᠢ ᠠᠪᠤᠷᠠᠨ ᠡᠮᠨᠡᠬᠦ᠂ ᠤᠯᠠᠨ ᠲᠦᠮᠡᠨ᠎ᠢ ᠲᠥᠪᠬᠢᠨᠡᠭᠦᠯᠬᠦ ᠵᠡᠷᠭᠡ ᠠᠵᠢᠯ᠎ᠢ ᠪᠦᠭᠦ ᠬᠦᠴᠦᠨ᠎ᠢᠶᠡᠷ᠎ᠢᠶᠡᠨ ᠵᠣᠬᠢᠶᠠᠨ ᠪᠠᠢᠭᠤᠯᠵᠤ᠂ ᠬᠥᠮᠥᠨ ᠬᠠᠷ᠎ᠡ ᠵᠢᠨ ᠡᠨᠳᠡᠯ ᠰᠢᠷᠬᠠᠲᠤᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠬᠠᠵᠤ᠂ ᠲᠠᠭᠠᠯᠳᠤᠵᠤ ᠡᠭᠦᠰᠬᠦ ᠭᠠᠮᠰᠢᠭ᠋᠎ᠢ ᠰᠡᠷᠭᠡᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ᠎ᠶᠢᠨ ᠫᠢᠩ᠂ ᠣᠳᠣᠬᠠᠨ᠎ᠳᠤ ᠦᠶᠡᠷ᠎ᠢ ᠰᠡᠷᠭᠡᠢᠯᠡᠬᠦ ᠪᠠᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠢᠨ᠎ᠡ᠂ ᠡᠯ᠎ᠡ ᠭᠠᠵᠠᠷ ᠤᠷᠤᠨ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠭᠢᠨ ᠨᠢᠭᠡᠨᠲᠡ ᠲᠣᠭᠲᠠᠭᠠᠭᠰᠠᠨ ᠪᠠᠢᠷᠢᠯᠠᠭᠤᠯᠤᠯᠲᠠ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ ᠠᠵᠢᠯ᠎ᠢ ᠰᠠᠢᠲᠤᠷ ᠠᠳᠬᠤᠵᠤ᠂ ᠲᠠᠢᠪᠤᠰᠢᠷᠠᠬᠤ ᠪᠤᠳᠤᠯ ᠪᠠ ᠠᠵᠠ ᠬᠠᠷᠠᠬᠤ ᠪᠤᠳᠤᠯ᠎ᠢ ᠡᠷᠡᠰ ᠲᠡᠪᠴᠢᠵᠦ᠂ ᠭᠠᠮᠰᠢᠭ᠋᠎ᠢ ᠰᠡᠷᠭᠡᠢᠯᠡᠵᠦ ᠭᠠᠮᠰᠢᠭ᠋᠎ᠡᠴᠡ ᠠᠪᠤᠷᠠᠬᠤ ᠬᠠᠷᠢᠭᠤᠴᠠᠯᠭ᠎ᠠ᠎ᠶᠢ ᠨᠢᠬᠳᠠ ᠠᠩᠬᠠᠷᠤᠨ ᠴᠢᠩᠭ᠎ᠠ ᠠᠳᠬᠤᠵᠤ᠂ ᠭᠣᠣᠯ ᠮᠥᠷᠡᠨ ᠨᠠᠭᠤᠷ ᠴᠥᠭᠦᠷᠥᠮ᠂ ᠠᠶᠤᠯᠲᠦᠭᠰᠢᠬᠦᠷᠢ ᠵᠢᠨ ᠬᠡᠮ ᠰᠤᠭᠤᠭ ᠲᠠᠢ ᠤᠰᠤᠨ ᠴᠥᠭᠦᠷᠥᠮ᠂ ᠭᠠᠵᠠᠷ᠎ᠤᠨ ᠭᠠᠮᠰᠢᠭ᠋ ᠠᠮᠠᠷᠬᠠᠨ ᠡᠭᠦᠰᠳᠡᠭ ᠣᠷᠣᠨ ᠵᠡᠷᠭᠡ ᠠᠶᠤᠯ ᠲᠦᠭᠰᠢᠭᠦᠷᠢ᠎ᠶᠢᠨ ᠭᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠪᠠᠴᠢᠮ ᠪᠠᠢᠳᠠᠯ᠎ᠢ ᠠᠷᠭᠠᠴᠡᠭᠠᠵᠤ ᠠᠪᠤᠷᠠᠨ ᠲᠤᠰᠠᠯᠠᠬᠤ ᠪᠡᠯᠡᠳᠬᠡᠯ᠎ᠢ ᠴᠢᠩᠭᠠᠳᠬᠠᠵᠤ᠂ ᠭᠠᠮᠰᠢᠭ᠋᠎ᠢ ᠰᠡᠷᠭᠡᠢᠯᠡᠵᠦ ᠭᠠᠮᠰᠢᠭ᠋᠎ᠡᠴᠡ ᠠᠪᠤᠷᠠᠬᠤ ᠡᠯ᠎ᠡ ᠵᠦᠢᠯ᠎ᠦᠨ ᠠᠵᠢᠯ᠎ᠢ ᠯᠠᠪᠳᠠᠭᠤᠨ ᠪᠠᠲᠤᠲᠠᠢ ᠰᠠᠢᠲᠤᠷ ᠬᠢᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ᠎ᠶᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠳᠣᠮᠳᠠᠳᠤ ᠤᠯᠤᠰ ᠤ᠋ᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠠ ᠳᠤᠪᠴᠢᠶ᠎ᠠ ᠵᠢᠨ ᠪᠠᠢᠩᠭᠤ ᠵᠢᠠ ᠭᠡᠰᠢᠭᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠶᠡᠷᠦᠩᠬᠡᠢ ᠰᠠᠢᠳ ᠯᠢ ᠴᠢᠶᠠᠩ ᠴᠤᠬᠤᠯᠠᠪᠤᠷᠢ ᠦᠭᠴᠦ᠂ ᠣᠢᠷ᠎ᠠ ᠶ᠋ᠢᠨ ᠬᠤᠭᠤᠴᠠᠭᠠᠨ᠎ᠳᠤ ᠬᠠᠴᠢᠨ ᠴᠠᠭ ᠠᠭᠤᠷ᠎ᠤᠨ ᠦᠵᠡᠭᠳᠡᠯ ᠣᠯᠠᠨ ᠭᠠᠷᠴᠤ ᠪᠠᠢᠭ᠎ᠠ ᠪᠣᠯᠬᠣᠷ ᠤᠯᠤᠰ᠎ᠤᠨ ᠦᠶᠡᠷ ᠢ᠋ ᠰᠡᠷᠭᠡᠢᠯᠡᠵᠤ ᠭᠠᠩᠬᠠᠭᠰᠠᠷᠠᠭᠠᠨ ᠲᠠᠢ ᠲᠡᠮᠡᠴᠡᠬᠦ ᠶᠡᠷᠦᠩᠬᠡᠢᠯᠡᠨ ᠵᠢᠯᠤᠭᠤᠳᠬᠤ ᠭᠠᠵᠠᠷ᠎ᠤᠨ ᠠᠯᠪᠠᠨ ᠭᠡᠷ᠂ ᠤᠯᠤᠰ᠎ᠤᠨ ᠭᠠᠮᠰᠢᠬ᠎ᠢ ᠰᠡᠷᠭᠡᠢᠯᠡᠵᠦ ᠭᠠᠮᠰᠢᠬ᠎ᠢ ᠪᠠᠭᠠᠰᠬᠠᠨ ᠭᠠᠮᠰᠢᠭ᠋ ᠠ᠋ᠴᠠ ᠠᠪᠤᠷᠠᠬᠤ ᠵᠦᠪᠯᠡᠯ᠎ᠤᠨ ᠠᠯᠪᠠᠨ ᠭᠡᠷ᠎ᠡᠴᠡ ᠡᠯ᠎ᠡ ᠭᠠᠵᠠᠷ ᠤᠷᠤᠨ ᠢ᠋ ᠵᠢᠯᠣᠭᠣᠳᠤᠨ ᠪᠣᠷᠣᠭᠠᠨ᠎ᠤ ᠪᠠᠢᠳᠠᠯ ᠦᠶᠡᠷ᠎ᠦᠨ ᠪᠠᠢᠳᠠᠯ ᠢ᠋ ᠨᠢᠭ᠍ᠲᠠ ᠠᠩᠬᠠᠷᠴᠤ᠂ ᠲᠦᠭᠰᠢᠭᠦᠷᠢᠲᠦ ᠪᠠᠢᠳᠠᠯ ᠢ᠋ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶ᠋ᠢ ᠴᠢᠩᠭᠠᠳᠬᠠᠨ᠂ ᠠᠶᠤᠯ ᠠ᠋ᠴᠠ ᠠᠪᠤᠷᠠᠨ ᠲᠤᠰᠠᠯᠠᠬᠤ ᠠᠵᠢᠯ ᠢ᠋ ᠪᠦᠭᠦ ᠬᠦᠴᠦ᠎ᠪᠡᠷ ᠢ᠋ᠶ᠋ᠡᠨ ᠥᠷᠨᠢᠭᠦᠯᠵᠦ᠂ ᠭᠠᠢ ᠭᠠᠮᠰᠢᠭ᠋᠎ᠤᠨ ᠠᠶᠤᠯ ᠲᠦᠭᠰᠢᠭᠦᠷᠢ ᠶ᠋ᠢᠨ ᠭᠡᠮ ᠰᠤᠭᠤᠭ ᠢ᠋ ᠭᠦᠨᠵᠡᠭᠡᠢ ᠪᠠᠢᠴᠠᠭᠠᠵᠤ᠂ ᠦᠶᠡᠷ ᠢ᠋ ᠰᠡᠷᠭᠡᠢᠯᠡᠵᠦ ᠭᠠᠮᠰᠢᠭ᠋ ᠠ᠋ᠴᠠ ᠠᠪᠤᠷᠠᠬᠤ ᠡᠯ᠎ᠡ ᠵᠦᠢᠯ᠎ᠦᠨ ᠠᠷᠭ᠎ᠠ ᠬᠡᠮᠵᠢᠶ᠎ᠡ ᠶ᠋ᠢ ᠨᠠᠷᠢᠨ ᠨᠢᠮᠪᠠᠢ ᠨᠠᠢᠳᠠᠪᠤᠷᠢᠵᠢᠭᠤᠯᠵᠤ᠂ ᠲᠠᠭᠠᠯᠳᠤᠵᠤ ᠡᠭᠦᠰᠬᠦ ᠬᠦᠨᠳᠦ ᠶᠡᠬᠡ ᠭᠠᠮᠰᠢᠭ᠋ ᠭᠠᠷᠬᠤ ᠶ᠋ᠢ ᠴᠢᠩᠭ᠎ᠠ ᠰᠡᠷᠭᠡᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
(ᠰᠢᠨᠬᠤᠸᠠ ᠬᠣᠷᠢᠶ᠎ᠠ ᠵᠢᠨ ᠪᠡᠭᠡᠵᠢᠩ᠎ᠦᠨ 7 ᠰᠠᠷ᠎ᠠ ᠶ᠋ᠢᠨ 7 ᠤ᠋ ᠴᠠᠭᠢᠯᠭᠠᠨ ᠮᠡᠳᠡᠭᠡ)