ᠪᠤᠭᠤᠲᠤ᠌ ᠬᠣᠲᠠ᠎ᠶᠢᠨ ᠳᠣᠯᠣᠳᠤᠭᠠᠷ ᠬᠤᠭᠤᠴᠠᠭᠠᠨ᠎ᠤ ᠰᠦᠯᠵᠢᠶᠡᠨ ᠳᠡᠭᠡᠷᠡᠬᠢ ᠤᠷᠤᠨ ᠰᠠᠭᠤᠴᠠ ᠵᠢᠨ ᠠᠷᠠᠯᠵᠢᠶᠠᠨ᠎ᠤ ᠴᠤᠭᠯᠠᠭᠠᠨ 5 ᠰᠠᠷ᠎ᠠ᠎ᠶᠢᠨ 15 ᠤ᠋ ᠡᠳᠦᠷ ᠵᠢᠩᠬᠢᠨᠢ᠎ᠪᠡᠷ ᠡᠬᠢᠯᠡᠭᠰᠡᠨ᠎ᠡᠴᠡ ᠣᠲᠣ ᠪᠣᠯᠲᠠᠯ᠎ᠠ᠂ ᠲᠥᠷᠥ᠎ᠶᠢᠨ ᠪᠣᠳᠣᠯᠭ᠎ᠠ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠵᠦ᠍᠂ ᠨᠠᠷᠢᠯᠢᠭ ᠣᠨᠣᠴᠠᠲᠠᠶᠠᠷᠭᠠ ᠪᠣᠳᠣᠯᠭ᠎ᠠ ᠬᠡᠷᠡᠭᠵᠢᠭᠦᠯᠦᠨ᠂ ᠲᠥᠷᠥ᠎ᠶᠢᠨ ᠪᠣᠳᠣᠯᠭ᠎ᠠ᠎ᠶᠢᠨ ᠠᠰᠢᠭ ᠲᠤᠰᠠ᠎ᠶᠢ ᠲᠦᠭ ᠲᠦᠮᠡᠨ ᠠᠶ᠋ᠢᠯ ᠡᠷᠦᠬᠡ ᠶᠢᠨ ᠨᠢᠳᠦᠨ᠎ᠳᠦ ᠦᠵᠡᠭᠳᠡᠮ᠎ᠡ ᠭᠠᠷ ᠲᠤ᠌ ᠪᠠᠷᠢᠭᠳᠠᠮ᠎ᠠ ᠭᠥᠷᠳᠡᠮᠵᠢ ᠵᠢᠨ ᠲᠥᠷᠥᠭᠳᠡᠯ ᠪᠣᠯᠭᠠᠨ ᠬᠤᠪᠢᠷᠠᠭᠤᠯᠪᠠ᠃
6 ᠰᠠᠷ᠎ᠠ᠎ᠶᠢᠨ ᠳᠤᠮᠳᠠᠴᠢ ᠪᠣᠯᠲᠠᠯ᠎ᠠ᠂ ᠪᠤᠭᠤᠲᠤ᠌ ᠬᠣᠲᠠ ᠨᠡᠶ᠋ᠢᠲᠡ 1058 ᠢᠵᠢ ᠰᠢᠨ᠎ᠡ ᠲᠠᠸᠠᠷ᠎ᠤᠨ ᠤᠷᠤᠨ ᠰᠠᠭᠤᠴᠠ ᠵᠢ ᠠᠷᠠᠯᠵᠢᠶᠠᠯᠠᠵᠤ᠂ ᠠᠷᠠᠯᠵᠢᠶᠠᠯᠠᠬᠰᠠᠨ ᠲᠠᠯᠠᠪᠠᠢ ᠨᠢ 12.92 ᠲᠦᠮᠡᠨ ᠲᠡᠭᠰᠢ ᠳᠥᠷᠪᠡᠯᠵᠢᠨ ᠮᠧᠲ᠋ᠷ ᠲᠤ᠌ ᠬᠦᠷᠴᠦ᠂ ᠠᠷᠠᠯᠵᠢᠶᠠᠯᠠᠭᠰᠠᠨ ᠵᠣᠭᠣᠰ᠎ᠤᠨ ᠲᠣᠭ᠎ᠠ ᠨᠢ 8.60 ᠳ᠋ᠦᠩᠰᠢᠭᠤᠷ ᠲᠥᠭᠥᠷᠢᠭ᠎ᠲᠦ᠍ ᠬᠦᠷᠴᠦ᠍᠂ ᠠᠷᠠᠯᠵᠢᠶᠠᠯᠠᠭᠰᠠᠨ ᠤᠷᠤᠨ ᠰᠠᠭᠤᠴᠠ ᠵᠢᠨ ᠲᠣᠭ᠎ᠠ᠂ ᠲᠠᠯᠠᠪᠠᠶ᠂ ᠵᠣᠭᠣᠰ᠎ᠤᠨ ᠬᠡᠮᠵᠢᠶ᠎ᠡ᠎ᠨᠢ ᠠᠳᠠᠯᠢ ᠬᠤᠭᠤᠴᠠᠭᠠᠨ᠎ᠤ᠎ᠬᠢ᠎ᠡᠴᠡ ᠲᠣᠰᠪᠤᠷᠢ 28%.13%᠂ 34.88% ᠪᠠ 30.51% ᠪᠠᠷ ᠨᠡᠮᠡᠭᠳᠡᠭᠰᠡᠨ ᠪᠠᠢᠨ᠎ᠠ᠃
5 ᠰᠠᠷ᠎ᠠ᠎ᠶᠢᠨ 10 ᠤ᠋ ᠡᠳᠦᠷ᠂ ᠪᠤᠭᠤᠲᠤ᠌ ᠬᠣᠲᠠ《ᠬᠡᠷ ᠭᠠᠵᠠᠷ᠎ᠤᠨ ᠬᠥᠷᠥᠩᠭᠡ᠎ᠶᠢᠨ ᠵᠠᠬ᠎ᠠ ᠳᠡᠯᠭᠡᠭᠦᠷ ᠦᠨ ᠲᠣᠭᠲᠠᠭᠤᠨ ᠪᠥᠭᠡᠳ ᠡᠷᠡᠭᠦᠯ ᠢᠶᠡᠷ ᠬᠥᠭᠵᠢᠬᠦ᠌ ᠶᠢ ᠦᠷᠭᠦᠯᠵᠢᠯᠡᠨ ᠠᠬᠢᠭᠤᠯᠬᠤ ᠠᠷᠭ᠎ᠠ ᠬᠡᠮᠵᠢᠶ᠎ᠡ᠎ᠨᠦᠭᠦᠳ》 ᠢ᠋ ᠭᠠᠷᠭᠠᠵᠤ᠂ 16 ᠵᠦᠢᠯ ᠦᠨ ᠪᠣᠳᠠᠲᠠᠶ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠂ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠌᠂ ᠬᠡᠷᠡᠭᠯᠡᠭᠡ ᠶᠢ ᠠᠬᠢᠭᠤᠯᠬᠤ᠂ ᠠᠵᠤ ᠠᠬᠤᠶ᠋ᠢᠯᠠᠯ᠎ᠢ ᠲᠤᠰᠠᠯᠠᠬᠤ᠂ ᠬᠠᠩᠭᠠᠯᠭ᠎ᠠ᠎ᠶᠢ ᠰᠢᠯᠢᠳᠡᠭᠵᠢᠭᠦᠯᠬᠦ᠌ ᠳᠥᠷᠪᠡᠨ ᠶᠡᠬᠡ ᠲᠠᠯ᠎ᠠ᠎ᠠᠴᠠ ᠰᠢᠰᠲ᠋ᠧᠮ᠎ᠲᠡᠶ ᠪᠠᠶ᠋ᠢᠷᠢᠰᠢᠭᠤᠯᠪᠠ᠃ 5 ᠡᠳᠦᠷ᠎ᠦᠨ ᠬᠢᠨᠢ ᠳᠠᠷᠠᠭ᠎ᠠ᠂ ᠳᠣᠯᠣᠳᠤᠭᠠᠷ ᠬᠤᠭᠤᠴᠠᠭᠠᠨ ᠤ ᠰᠦᠯᠵᠢᠶᠡᠨ ᠳᠡᠭᠡᠷᠡᠬᠢ ᠬᠡᠷ ᠪᠠᠶ᠋ᠢᠰᠢᠩ᠎ᠤᠨ ᠠᠷᠠᠯᠵᠢᠶᠠᠨ᠎ᠤ ᠴᠤᠭᠯᠠᠭᠠᠨ ᠬᠥᠰᠢᠭᠡ᠎ᠪᠡᠨ ᠰᠡᠬᠦᠵᠦ᠍᠂《ᠰᠢᠨ᠎ᠡ ᠲᠥᠷᠥ᠎ᠶᠢᠨ ᠪᠣᠳᠣᠯᠭ᠎ᠠ᠎ᠪᠠᠷ ᠰᠠᠭᠤᠷᠢ ᠪᠣᠯᠭᠠᠵᠤ᠂ ᠴᠤᠭᠯᠠᠭᠠᠨ ᠵᠢᠡᠷ ᠠᠬᠢᠭᠤᠯᠬᠤ》ᠬᠤᠤᠰ ᠬᠦᠷᠳᠦᠲᠦ᠍ ᠬᠥᠳᠡᠯᠭᠡᠭᠦᠷ᠎ᠦᠨ ᠪᠠᠶ᠋ᠢᠷᠢᠰᠢᠯ᠎ᠢ ᠪᠦᠷᠢᠯᠳᠦᠭᠦᠯᠪᠡ᠃
ᠪᠤᠭᠤᠲᠤ᠎ᠬᠤᠲᠠ ᠲᠦᠷᠦᠭᠦᠦ ᠢᠵᠢ ᠣᠷᠣᠨ ᠰᠠᠭᠤᠴᠠ ᠬᠤᠳᠠᠯᠳᠤᠨ ᠠᠪᠤᠪᠠᠯ ᠭᠡᠷ᠎ᠡ᠎ᠶᠢᠨ ᠶᠡᠷᠦᠩᠬᠡᠶ ᠦᠨ᠎ᠡ ᠶᠢᠨ 2% ᠵᠢᠡᠷ ᠨᠥᠬᠥᠪᠥᠷᠢ ᠥᠭᠴᠦ᠍᠂ ᠲᠠᠩ ᠢᠵᠢ ᠬᠡᠷ ᠪᠠᠶ᠋ᠢᠰᠢᠩ᠎ᠤᠨ ᠨᠦᠬᠦᠪᠦᠷᠢ ᠬᠠᠮᠤᠭ ᠤᠨ ᠥᠨᠳᠥᠷ᠎ᠲᠡᠬᠡᠨ 5 ᠲᠦᠮᠡᠨ ᠲᠥᠭᠥᠷᠢᠭ ᠪᠠᠶ᠋ᠢᠵᠤ᠂ ᠣᠯᠠᠨ ᠬᠡᠦᠬᠡᠳ᠎ᠲᠡᠶ ᠬᠡᠷ ᠪᠦᠯᠢᠤᠷᠤᠨ ᠰᠠᠭᠤᠴᠠ ᠬᠤᠳᠠᠯᠳᠤᠨ ᠠᠪᠤᠪᠠᠯ ᠨᠥᠬᠥᠪᠥᠷᠢ᠎ᠨᠢ ᠬᠠᠮᠤᠭ᠎ᠤᠨ ᠥᠨᠳᠥᠷ᠎ᠲᠡᠬᠡᠨ 7 ᠲᠦᠮᠡᠨ ᠲᠥᠭᠥᠷᠢᠭ᠎ᠲᠦ᠍ ᠬᠦᠷᠦᠨ᠎ᠠ᠃ ᠳᠠᠬᠢᠭᠠᠳ ᠲᠠᠯᠠᠪᠠᠶ᠎ᠶᠢ ᠲᠠᠰ ᠬᠤᠪᠢᠶᠠᠨ ᠨᠥᠬᠥᠪᠥᠷᠢ ᠥᠭᠬᠦ᠌᠂ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ᠎ᠶᠢᠨ ᠵᠢᠭᠡᠯᠡᠯᠭᠡᠶᠢᠨᠡᠮᠡᠭᠳᠡᠭᠦᠯᠬᠦ᠂ ᠨᠡᠶ᠋ᠢᠲᠡ᠎ᠶᠢᠨ ᠬᠤᠷᠠᠮᠳᠤᠭᠤᠯᠭ᠎ᠠ᠎ᠶᠢᠨ ᠮᠥᠩᠭᠥ ᠭᠠᠷᠭᠠᠨ ᠠᠪᠬᠤ ᠬᠡᠮᠵᠢᠶ᠎ᠡ᠎ᠶᠢ ᠨᠡᠮᠡᠭᠳᠡᠭᠦᠯᠬᠦ ᠵᠡᠷᠭᠡ ᠣᠯᠠᠨ ᠠᠰᠢᠭᠲᠠᠶ ᠠᠷᠭ᠎ᠠ ᠬᠡᠮᠵᠢᠶ᠎ᠡ ᠠᠪᠴᠠᠢ᠃ ᠪᠦᠷᠢᠳᠬᠡᠯ᠎ᠢ ᠦᠨᠳᠦᠰᠦᠯᠡᠪᠡᠯ᠂ ᠪᠠᠷᠤᠭ 917 ᠲᠦᠮᠡᠨ ᠲᠥᠭᠥᠷᠢᠭ᠎ᠦᠨ ᠣᠷᠣᠨ ᠰᠠᠭᠤᠴᠠ ᠬᠤᠳᠠᠯᠳᠤᠨ ᠠᠪᠬᠤ ᠨᠥᠬᠥᠪᠥᠷᠢ ᠣᠯᠭᠣᠵᠤ᠂ 8.60 ᠳ᠋ᠦᠩᠰᠢᠭᠤᠷ ᠲᠥᠭᠥᠷᠢᠭ᠎ᠦᠨ ᠣᠷᠣᠨ ᠰᠠᠭᠤᠴᠠ᠎ᠶᠢᠨ ᠬᠡᠷᠡᠭᠯᠡᠭᠡᠨ᠎ᠦ ᠵᠠᠬ᠎ᠠ ᠳᠡᠯᠭᠡᠭᠦᠷ᠎ᠢ ᠲᠠᠢᠴᠢᠯᠠᠨ᠂ ᠬᠥᠰᠢᠭᠦᠷᠭᠡ᠎ᠶᠢᠨ ᠦᠢᠯᠡᠳᠤᠯ ᠨᠢ ᠢᠯᠡ ᠲᠤᠳᠤ ᠪᠤᠯᠤᠭᠰᠠᠨ ᠪᠠᠶ᠋ᠢᠨ᠎ᠠ᠃
ᠲᠥᠷᠥ᠎ᠶᠢᠨ ᠪᠣᠳᠣᠯᠭ᠎ᠠ ᠵᠢᠨ ᠲᠠᠯ᠎ᠠ ᠪᠡᠷ ᠵᠠᠯᠠᠭᠤᠴᠤᠳ ᠢ ᠬᠠᠷᠠᠭᠠᠯᠵᠠᠬᠤ ᠪᠠᠨ ᠴᠢᠨᠭᠭᠠᠳᠬᠠᠪᠠ᠃ ᠶᠡᠬᠡ ᠲᠡᠭᠡᠳᠦ ᠳᠤᠮᠳᠠ ᠵᠡᠷᠭᠡ᠎ᠶᠢᠨ ᠲᠤᠰᠬᠠᠶ ᠮᠡᠷᠭᠡᠵᠢᠯ ᠦᠨ ᠰᠤᠷᠭᠠᠭᠤᠯᠢ ᠵᠢᠴᠢ ᠵᠢᠩᠬᠢᠨᠢ ᠠᠩᠭᠢ ᠡᠴᠡ ᠳᠡᠭᠡᠭᠰᠢᠬᠢ ᠰᠠᠶᠢ ᠲᠡᠭᠦᠰᠦᠭᠰᠡᠨ ᠤᠶᠤᠲᠠᠳᠲᠦ᠍ ᠬᠠᠨᠳᠤᠭᠤᠯᠤᠨ᠂ ᠦᠵᠡᠰᠬᠦᠯᠡᠩ ᠳᠦ ᠣᠷᠣᠯᠴᠠᠭᠰᠠᠨ ᠠᠵᠤ ᠠᠬᠤᠶ᠋ᠢᠯᠠᠯᠣᠲᠣᠶᠢᠨ ᠬᠠᠷᠠᠭᠠᠯᠵᠠᠯ᠎ᠤᠨ ᠰᠠᠭᠤᠷᠢᠨ ᠳᠡᠭᠡᠷ᠎ᠡ ᠶᠡᠷᠦᠩᠬᠡᠶ ᠦᠨ᠎ᠡ᠎ᠶᠢᠨ 1% ᠪᠡᠷ ᠬᠢᠮᠳᠠᠷᠠᠭᠤᠯᠤᠨ᠂ ᠪᠠᠶ᠋ᠢᠭᠤᠯᠭ᠎ᠠ ᠨᠢᠭᠡᠴᠢ ᠬᠠᠮᠲᠤ᠎ᠪᠠᠷ ᠬᠤᠳᠠᠯᠳᠤᠨ ᠠᠪᠤᠪᠠᠯ ᠰᠠᠭᠤᠷᠢ ᠦᠨ᠎ᠡ᠎ᠶᠢᠨ 3% ᠪᠡᠷ ᠬᠢᠮᠳᠠᠷᠠᠭᠤᠯᠬᠤ ᠬᠠᠷᠠᠭᠠᠯᠵᠠᠯ᠎ᠢ ᠭᠥᠷᠳᠡᠭᠡᠪᠡ᠃ 《ᠬᠠᠭᠤᠴᠢᠨᠵᠢᠡᠨ ᠬᠤᠳᠠᠯᠳᠤᠵᠤ ᠰᠢᠨ᠎ᠡ᠎ᠶᠢ ᠬᠤᠳᠠᠯᠳᠤᠨ ᠠᠪᠬᠤ》ᠤᠷᠤᠨ ᠰᠠᠭᠤᠴᠠ ᠵᠢᠨ ᠨᠦᠬᠦᠴᠡᠯ ᠵᠢᠡᠨ ᠰᠠᠢᠵᠢᠷᠠᠭᠤᠯᠬᠤ ᠬᠡᠰᠡᠭ ᠬᠦᠮᠤᠰ ᠲᠤ᠌ ᠵᠤᠷᠢᠭᠤᠯᠤᠨ᠂ 2026 ᠣᠨ᠎ᠠᠴᠠ 2027 ᠣᠨ ᠪᠣᠯᠲᠠᠯ᠎ᠠ ᠬᠠᠭᠤᠴᠢᠨ ᠬᠡᠷ ᠪᠠᠶ᠋ᠢᠰᠢᠩᠵᠢᠡᠨ ᠬᠤᠳᠠᠯᠳᠤᠭᠰᠠᠨ᠎ᠤ ᠳᠠᠷᠠᠭ᠎ᠠ ᠨᠢᠭᠡ ᠵᠢᠯ᠎ᠦᠨ ᠳᠣᠲᠣᠷ᠎ᠠ ᠦᠭᠡᠷ᠎ᠡ ᠤᠷᠤᠨ ᠰᠠᠭᠤᠴᠠ ᠬᠤᠳᠠᠯᠳᠤᠨ ᠠᠪᠤᠪᠠᠯ ᠬᠤᠪᠢ ᠬᠥᠮᠦᠨ ᠦ ᠠᠰᠢᠭ ᠣᠷᠣᠯᠭ᠎ᠠ᠎ᠶᠢᠨ ᠭᠠᠶ᠋ᠢᠯᠢ᠎ᠶᠢ ᠪᠤᠴᠠᠭᠠᠬᠤ ᠬᠠᠷᠠᠭᠠᠯᠵᠠᠯ᠎ᠢ ᠬᠦᠷᠲᠡᠭᠡᠭᠦ ᠪᠡᠷ ᠪᠤᠯᠪᠠ᠃
ᠪᠤᠭᠤᠲᠤ᠌ ᠬᠣᠲᠠ ᠶᠢᠨ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠥᠲᠥᠭᠡᠨ ᠪᠠᠶ᠋ᠢᠭᠤᠯᠤᠯᠲᠠ᠎ᠶᠢᠨ ᠲᠣᠪᠴᠢᠶ᠎ᠠ᠎ᠶᠢᠨ ᠬᠡᠷ ᠭᠠᠵᠠᠷ ᠤ᠋ᠨ ᠬᠥᠷᠥᠩᠭᠡ᠎ᠶᠢᠨ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ᠎ᠶᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠤ ᠢᠯᠡᠷᠭᠡᠢᠯᠡᠭᠰᠡᠨ ᠵᠢᠡᠷ᠂ ᠠᠷᠠᠳ ᠲᠦᠮᠡᠨ ᠢ ᠳᠡᠭᠡᠳᠦᠯᠡᠬᠦ᠌᠎ᠶᠢ ᠪᠠᠷᠢᠮᠲᠠᠯᠠᠵᠤ᠂ ᠦᠨᠡᠨ᠎ᠡᠴᠡ ᠵᠥᠪ᠎ᠢ ᠡᠷᠢᠬᠦ᠌᠎ᠶᠢ ᠪᠠᠷᠢᠮᠲᠠᠯᠠᠵᠤ᠂ ᠲᠥᠷᠥ᠎ᠶᠢᠨ ᠪᠣᠳᠣᠯᠭ᠎ᠠ᠎ᠶᠢ ᠭᠦᠢᠴᠡᠳ ᠰᠠᠶ᠋ᠢᠲᠤᠷ ᠠᠰᠢᠬᠯᠠᠳᠠᠭ ᠯᠡ ᠶᠤᠮ ᠪᠤᠯ ᠯᠠᠪᠲᠠᠶ ᠵᠠᠬ᠎ᠠ ᠳᠡᠯᠭᠡᠭᠦᠷ᠎ᠦᠨ ᠳᠣᠲᠣᠭᠠᠳᠤ ᠬᠥᠳᠡᠯᠭᠡᠬᠦ᠌ ᠬᠦᠴᠦᠨ᠎ᠢ ᠬᠥᠭᠵᠢᠭᠡᠵᠦ᠍ ᠴᠢᠳᠠᠨ᠎ᠠ ᠭᠡᠳᠡᠭ᠎ᠢ ᠲᠤᠰ ᠬᠤᠭᠤᠴᠠᠭᠠᠨ᠎ᠤ ᠬᠡᠷ ᠪᠠᠶ᠋ᠢᠰᠢᠩ᠎ᠤᠨ ᠠᠷᠠᠯᠵᠢᠶᠠᠨ᠎ᠤ ᠴᠤᠭᠯᠠᠭᠠᠨ᠎ᠤ ᠦᠷ᠎ᠡ ᠪᠦᠲᠦᠮᠵᠢ ᠭᠡᠷᠡᠴᠢᠯᠡᠭᠰᠡᠨ ᠪᠠᠢᠨ᠎ᠠ ᠭᠡᠪᠠ᠃