ᠲᠦᠷᠦᠭᠦᠬᠡᠨ᠂ ᠳᠤᠮᠳᠠᠳᠤ ᠤᠯᠤᠰ᠎ᠤᠨ ᠡᠯᠧᠺᠲᠷᠣᠨᠰᠢᠨᠵᠢᠯᠡᠭᠡᠨᠦ ᠨᠡᠢᠭᠡᠮᠯᠢᠭ᠂ ᠥᠪᠥᠷ ᠮᠣᠩᠭᠣᠯ᠎ᠤᠨ ᠵᠣᠬᠢᠶᠠᠮᠠᠯ ᠤᠶᠤᠨ ᠴᠢᠳᠠᠪᠤᠷᠢ᠎ᠶᠢᠨ ᠰᠢᠨᠵᠢᠯᠡᠭᠡᠨ᠎ᠦ ᠨᠡᠢᠭᠡᠮᠯᠢᠭ᠎ᠡᠴᠡ ᠭᠣᠣᠯᠯᠠᠨ ᠡᠷᠬᠢᠯᠡᠵᠦ᠂ ᠬᠥᠬᠡᠬᠣᠲᠠ ᠦᠨᠳᠦᠰᠦᠲᠡᠨ᠎ᠦ ᠳᠡᠭᠡᠳᠦ ᠰᠤᠷᠭᠠᠭᠤᠯᠢ᠎ᠡᠴᠡ ᠳᠠᠭᠠᠭᠠᠴᠢᠯᠠᠨ ᠡᠷᠬᠢᠯᠡᠭᠰᠡᠨ 2026 ᠳᠡᠯᠡᠬᠡᠢ᠎ᠶᠢᠨ ᠮᠠᠰᠢᠨ ᠬᠥᠮᠥᠨ᠎ᠦ ᠤᠷᠤᠯᠳᠤᠭᠠᠨ (WRCT) ᠤ᠋ ᠥᠪᠥᠷ ᠮᠣᠩᠭᠣᠯ᠎ᠳ᠋ᠡᠬᠢ ᠰᠢᠯᠭᠠᠷᠠᠭᠤᠯᠬᠤ ᠤᠷᠤᠯᠳᠤᠭᠠᠨ ᠬᠥᠬᠡᠬᠣᠲᠠ᠎ᠳᠤ ᠶᠠᠪᠤᠭᠳᠠᠪᠠ᠃
ᠤᠷᠤᠯᠳᠤᠭᠠᠨ᠎ᠳᠤ᠂ ᠪᠦᠬᠦ ᠣᠷᠣᠨ᠎ᠤ 12 ᠠᠢᠮᠠᠭ ᠬᠤᠳᠠ᠎ᠶᠢᠨ 246 ᠳᠤᠮᠳᠠᠳᠤ ᠪᠠᠭ᠎ᠠ ᠰᠤᠷᠭᠠᠭᠤᠯᠢ᠎ᠶᠢᠨ 1085 ᠤᠷᠤᠯᠴᠠᠭᠴᠢ ᠰᠢᠷᠦᠭᠦᠨ ᠥᠷᠢᠰᠦᠯᠳᠦᠪᠠ᠃ ᠤᠷᠤᠯᠳᠤᠭᠠᠨ᠎ᠨᠢ ᠨᠠᠢ᠍ᠮᠠᠨ ᠶᠡᠬᠡ ᠤᠷᠤᠯᠳᠤᠭᠠᠨ᠎ᠤ ᠵᠦᠢᠯ᠎ᠢ ᠲᠣᠬᠢᠷᠠᠭᠤᠯᠵᠤ᠂ ᠳᠥᠷᠪᠡᠨ ᠶᠡᠬᠡ ᠤᠷᠤᠯᠳᠤᠭᠠᠨ᠎ᠤ ᠲᠥᠷᠥᠯ᠎ᠢ ᠬᠠᠮᠤᠷᠴᠠᠢ᠃ ᠤᠷᠤᠯᠳᠤᠭᠠᠨ ᠨᠢ ᠰᠤᠷᠤᠯᠭ᠎ᠠ᠎ᠶᠢᠨ ᠱᠠᠳᠤᠨ᠎ᠤ ᠪᠠᠭ᠎ᠠ ᠰᠤᠷᠭᠠᠭᠤᠯᠢ ᠠ᠋ᠴᠠ ᠥᠨᠳᠥᠷ ᠵᠡᠷᠬᠡ ᠵᠢᠨ ᠳᠤᠮᠳᠠᠳᠤ᠎ᠰᠤᠷᠭᠠᠭᠤᠯᠢ ᠬᠦᠷᠳᠡᠯᠡᠬᠢ ᠪᠥᠬᠥ ᠱᠠᠲᠤ ᠦᠶ᠎ᠡ᠎ᠶᠢ ᠬᠠᠮᠤᠷᠴᠤ᠂ ᠠᠳᠠᠯᠢ ᠪᠤᠰᠤ ᠨᠠᠰᠤᠨ᠎ᠤ ᠬᠤᠭᠤᠴᠠᠭᠠᠨ᠎ᠳᠠᠬᠢ ᠵᠠᠯᠠᠭᠤᠴᠤᠳ ᠪᠠᠭᠠᠴᠤᠳ᠎ᠤᠨ ᠴᠢᠳᠠᠪᠤᠷᠢ᠎ᠶᠢᠨ ᠲᠠᠰ ᠳᠠᠪᠬᠤᠷᠭ᠎ᠠ ᠪᠣᠯᠣᠨ ᠦᠰᠦᠨ ᠪᠣᠢᠵᠢᠬᠤ ᠣᠨᠴᠠᠯᠢᠭ᠋᠎ᠢ ᠬᠠᠮᠲᠤ ᠳ᠋ᠤᠨᠢ ᠬᠠᠷᠠᠭᠠᠯᠵᠠᠵᠤ᠂ ᠪᠥᠬᠥ ᠣᠷᠣᠨ᠎ᠤ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠪᠠᠬᠠᠳᠠᠳ᠎ᠲᠦ ᠮᠥᠷᠥᠢᠴᠡᠬᠦ᠂ ᠬᠠᠷᠢᠯᠴᠠᠨ ᠰᠤᠷᠤᠯᠴᠠᠬᠤ᠂ ᠦᠰᠦᠨ ᠪᠣᠢᠵᠢᠬᠤ ᠲᠠᠪᠴᠠᠩ᠎ᠢ ᠪᠠᠢᠭᠤᠯᠵᠤ ᠥᠭᠭᠦᠭᠰᠡᠨ ᠪᠠᠢᠨ᠎ᠠ᠃
2 ᠡᠳᠦᠷ᠎ᠦᠨ ᠥᠷᠢᠰᠦᠯᠳᠦᠭᠡᠨ ᠢ᠋ᠶ᠋ᠡᠷ ᠳᠡᠮᠵᠢᠨ᠂ ᠡᠯ᠎ᠡ ᠤᠷᠤᠯᠳᠤᠭᠠᠨ᠎ᠤ ᠵᠦᠢᠯ᠂ ᠡᠯ᠎ᠡ ᠳᠤᠭᠤᠢᠯᠠᠩ᠎ᠤᠨ ᠰᠢᠯᠭᠠᠷᠠᠭᠤᠯᠤᠯᠲᠠ ᠶ᠋ᠢᠨ ᠳ᠋ᠦᠩ᠎ᠢ ᠨᠡᠢᠳᠡᠯᠡᠪᠡ᠃ ᠰᠢᠯᠭᠠᠷᠠᠭᠤᠯᠬᠤ ᠤᠷᠤᠯᠳᠤᠭᠠᠨ᠎ᠳᠤ ᠴᠣᠯᠭᠣᠷᠠᠨ ᠭᠠᠷᠤᠭᠰᠠᠨ ᠰᠢᠯᠢᠳᠡᠭ ᠤᠷᠤᠯᠴᠠᠭᠰᠠᠳ ᠥᠪᠥᠷ ᠮᠣᠩᠭᠣᠯ᠎ᠢ ᠲᠥᠯᠥᠭᠡᠯᠡᠵᠦ᠂ ᠳᠡᠯᠡᠬᠡᠢ᠎ᠶᠢᠨ ᠮᠠᠰᠢᠨ ᠬᠥᠮᠥᠨ᠎ᠦ ᠤᠷᠤᠯᠳᠤᠭᠠᠨ᠎ᠤ ᠪᠦᠬᠦ ᠤᠯᠤᠰ᠎ᠤᠨ ᠰᠢᠢᠳᠪᠦᠷᠢᠲᠦ ᠤᠷᠤᠯᠳᠤᠭᠠᠨ ᠳ᠋ᠤ ᠤᠷᠤᠯᠴᠠᠬᠤ ᠪᠤᠯᠤᠨ᠎ᠠ᠃
ᠣᠢᠯᠠᠭᠠᠭᠰᠠᠨ᠎ᠢᠶᠠᠷ᠂ ᠳᠡᠯᠡᠬᠡᠢ᠎ᠶᠢᠨ ᠮᠠᠰᠢᠨ ᠬᠥᠮᠥᠨ᠎ᠦ ᠤᠷᠤᠯᠳᠤᠭᠠᠨ ᠪᠣᠯ ᠰᠤᠷᠭᠠᠨ ᠬᠥᠮᠦᠵᠢᠯ᠎ᠦᠨ ᠶᠠᠮᠤᠨ᠎ᠡᠴᠡ ᠬᠢᠨᠠᠨ ᠲᠣᠭᠲᠠᠭᠠᠭᠰᠠᠨ ᠳᠤᠮᠳᠠᠳᠤ ᠪᠠᠭ᠎ᠠ ᠰᠤᠷᠭᠠᠭᠤᠯᠢ᠎ᠶᠢᠨ ᠰᠤᠷᠤᠭ᠍ᠴᠢᠳ᠎ᠤᠨ ᠤᠷᠤᠯᠳᠤᠭᠠᠨ᠎ᠤ 《ᠨᠡᠷᠡᠰ᠎ᠦᠨ ᠴᠠᠭᠠᠨ ᠲᠠᠩᠰᠠ》 ᠳ᠋ᠤ ᠪᠠᠢᠭ᠎ᠠ ᠤᠷᠤᠯᠳᠤᠭᠠᠨ ᠮᠥᠨ᠂ 《ᠮᠠᠰᠢᠨ ᠬᠥᠮᠥᠨ᠎ᠦ ᠤᠯᠢᠮᠫᠢᠺ᠎ᠤᠨ ᠤᠷᠤᠯᠳᠤᠭᠠᠨ》 ᠬᠡᠮᠡᠭᠳᠡᠵᠦ᠂ ᠤᠯᠤᠰ᠎ᠤᠨ ᠳᠣᠲᠣᠭᠠᠳᠤ ᠳ᠋ᠤ ᠶᠡᠬᠡ ᠨᠥᠯᠥᠭᠡᠯᠡᠬᠦ ᠬᠦᠴᠦᠨ ᠪᠦᠬᠦᠢ ᠵᠠᠯᠠᠭᠤᠴᠤᠳ ᠪᠠᠭᠠᠴᠤᠳ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠤᠷᠤᠯᠳᠤᠭᠠᠨ᠎ᠤ ᠨᠠᠷᠠᠲᠤ ᠲᠦᠷᠦᠯ ᠲᠡᠮᠳᠡᠭ ᠮᠥᠨ᠃ 2026 ᠤᠨ᠎ᠤ ᠤᠷᠤᠯᠳᠤᠭᠠᠨ ᠨᠢ 《ᠬᠠᠮᠵᠢᠯᠴᠠᠨ ᠰᠢᠨ᠎ᠡ᠎ᠶᠢ ᠡᠭᠦᠳᠴᠦ᠂ ᠤᠶᠤᠨ ᠤᠬᠠᠭᠠᠨ᠎ᠢᠶᠠᠷ ᠢᠷᠡᠭᠡᠳᠦᠢ᠎ᠶᠢ ᠰᠡᠩᠬᠡᠷᠡᠭᠦᠯᠬᠦ》 ᠪᠡᠷ ᠭᠣᠣᠯ ᠰᠡᠳᠦᠪ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ᠂ ᠠᠵᠤ ᠦᠢᠯᠡᠰ᠎ᠦᠨ ᠬᠡᠷᠡᠭᠯᠡᠭᠡ ᠪᠣᠯᠣᠨ ᠰᠢᠨᠵᠢᠯᠡᠬᠦ ᠤᠬᠠᠭᠠᠨ᠎ᠢ ᠲᠦᠭᠡᠮᠡᠯᠵᠢᠭᠦᠯᠬᠦ ᠭᠤᠷᠪᠠᠨ ᠶᠡᠬᠡ ᠴᠢᠭᠯᠡᠯ᠎ᠦᠨ ᠲᠣᠭᠣᠷᠢᠨ᠎ᠳᠤ ᠶᠠᠪᠤᠭᠳᠠᠵᠤ᠂ ᠪᠦᠬᠦ ᠤᠯᠤᠰ᠎ᠤᠨ ᠵᠣᠬᠢᠶᠠᠮᠠᠯ ᠤᠶᠤᠨ ᠴᠢᠳᠠᠪᠤᠷᠢ ᠪᠣᠯᠣᠨ ᠮᠠᠰᠢᠨ ᠬᠥᠮᠥᠨ᠎ᠦ ᠬᠦᠷᠢᠶᠡᠨ᠎ᠳᠦ ᠪᠡᠯᠡᠳᠬᠡᠯ ᠴᠢᠳᠠᠪᠤᠷᠢᠲᠠᠨ᠎ᠢ ᠠᠭᠤᠳᠠᠯᠤᠨ ᠨᠥᠭᠡᠴᠡᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠰᠤᠷᠭᠠᠨ ᠬᠥᠮᠦᠵᠢᠯ᠎ᠢ ᠲᠦᠭᠡᠮᠡᠯᠵᠢᠭᠦᠯᠦᠨ ᠳᠡᠯᠭᠡᠷᠡᠭᠦᠯᠬᠦ᠎ᠳᠦ ᠬᠦᠴᠦᠨ ᠨᠡᠮᠡᠷᠢᠯᠡᠵᠦ᠂ ᠵᠠᠯᠠᠭᠤᠴᠤᠳ ᠪᠠᠭᠠᠴᠤᠳ᠎ᠤᠨ ᠰᠢᠨ᠎ᠡ᠎ᠶᠢ ᠡᠭᠦᠳᠦᠨ ᠦᠰᠦᠨ ᠪᠣᠢᠵᠢᠬᠤ᠎ᠳᠤ ᠬᠦᠴᠦᠨ ᠨᠡᠮᠡᠷᠢᠯᠡᠪᠡ᠃