ᠸᠠᠩ ᠸᠧᠢ ᠵᠦᠩ ᠪᠦᠦ ᠭᠠᠩ ᠶᠠᠩ ᠴᠠᠩ ᠯᠢ ᠫᠠᠩ ᠰᠦᠩ ᠲᠤᠤ᠎ᠲᠠᠶ ᠠᠭᠤᠯᠵᠠᠭᠰᠠᠨ ᠪᠦᠭᠡᠳ ᠭᠠᠷ᠎ᠤᠨ ᠦᠰᠦᠭ ᠵᠢᠷᠤᠬᠤ᠎ᠶᠢ ᠬᠠᠮᠲᠤ᠎ᠪᠠᠷ ᠭᠡᠷᠡᠴᠢᠯᠡᠵᠠᠢ
2026-07-09 09:37:01
ᠵᠣᠬᠢᠶᠠᠭ᠍ᠴᠢ᠄
ᠯᠢ ᠬᠠᠨ
ᠣᠩᠱᠢᠭ᠍ᠰᠠᠨ ᠣᠳᠠᠭ᠎ᠠ᠄
★★★☆☆

7 ᠰᠠᠷ᠎ᠠ᠎ᠶᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠦᠨ ᠬᠡᠷᠡᠭ ᠮᠡᠳᠡᠭᠴᠢᠳ᠎ᠦᠨ ᠳᠠᠷᠤᠭ᠎ᠠ ᠶᠠᠩ ᠴᠠᠩ ᠯᠢ᠂ ᠶᠡᠷᠦᠩᠬᠡᠶ ᠳᠠᠭᠠᠭᠠᠮᠠᠯ ᠫᠠᠩ ᠰᠥᠩ ᠲᠤᠤ᠎ᠲᠠᠶ ᠠᠭᠤᠯᠵᠠᠭᠰᠠᠨ ᠪᠥᠭᠡᠳ ᠬᠣᠶᠠᠷ ᠲᠠᠯ᠎ᠠ᠎ᠶᠢᠨ ᠭᠠᠷ᠎ᠤᠨ ᠥᠰᠥᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃


QQ20260709-093619.png


7 ᠰᠠᠷ᠎ᠠ᠎ᠶᠢᠨ 8 ᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠶ᠋ᠢᠩᠭᠤ᠎ᠶᠢᠨ ᠬᠤᠷᠢᠶ᠎ᠠ ᠵᠢᠨ ᠡᠷᠬᠢᠯᠡᠭᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭᠴᠢ ᠪᠦᠦ ᠭᠠᠩ ᠬᠥᠬᠡᠬᠣᠲᠠ᠎ᠳᠤ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ ᠎ᠦᠨ ᠬᠡᠷᠡᠭ ᠮᠡᠳᠡᠭᠴᠢᠳ᠎ᠦᠨ ᠳᠠᠷᠤᠭ᠎ᠠ ᠶᠠᠩ ᠴᠠᠩ ᠯᠢ᠂ ᠶᠡᠷᠦᠩᠬᠡᠶ ᠳᠠᠭᠠᠭᠠᠮᠠᠯ ᠫᠠᠩ ᠰᠥᠩ ᠲᠤᠤ᠎ᠲᠠᠶ ᠠᠭᠤᠯᠵᠠᠭᠰᠠᠨ ᠪᠥᠭᠡᠳ ᠬᠣᠶᠠᠷ ᠲᠠᠯ᠎ᠠ᠎ᠶᠢᠨ ᠭᠠᠷ᠎ᠤᠨ ᠥᠰᠥᠭ ᠵᠢᠷᠤᠬᠤ᠎ᠶᠢ ᠬᠠᠮᠲᠤ᠎ᠪᠠᠷ ᠭᠡᠷᠡᠴᠢᠯᠡᠪᠡ᠃

   ᠲᠤᠰ ᠰᠤᠨᠢᠨ᠎ᠤ ᠰᠤᠷᠪᠤᠯᠵᠢᠯᠠᠭᠴᠢ  ᠮᠠ ᠵᠢᠶᠠᠨ ᠪᠢᠩ  ᠰᠡᠭᠦᠳᠡᠷᠯᠡᠪᠡ


ᠥᠪᠡᠷᠲᠡᠭᠡᠨ ᠵᠠᠰᠠᠬᠤ ᠣᠷᠣᠨ ᠎ᠤ  ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭᠴᠢ ᠳᠠᠶ᠋ᠢᠴᠢᠨ᠂ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠦᠨ ᠳᠡᠳ᠋ ᠶᠡᠷᠦᠩᠬᠡᠶ ᠳᠠᠭᠠᠭᠠᠮᠠᠯ ᠯᠢ ᠢ ᠯᠦᠨ ᠬᠣᠶᠠᠷ ᠲᠠᠯ᠎ᠠ᠎ᠶᠢ ᠲᠥᠯᠥᠭᠡᠯᠡᠨ ᠪᠠᠶ᠋ᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ᠎ᠲᠦ᠍ ᠭᠠᠷ᠎ᠤᠨ ᠥᠰᠥᠭ ᠵᠢᠷᠤᠪᠠ᠃

ᠸᠠᠩ ᠸᠧᠶ ᠵᠥᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠡᠮᠦᠨ᠎ᠡ᠎ᠡᠴᠡ ᠶᠠᠩ ᠴᠠᠩ ᠯᠢ ᠪᠣᠯᠤᠨ ᠫᠠᠩ ᠰᠥᠩ ᠲᠤᠤ᠎ᠨᠠᠷ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠍᠂ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠦᠨ ᠣᠷᠳᠣ ᠬᠤᠭᠤᠴᠠᠭᠠᠨ᠎ᠤ ᠲᠤᠷᠰᠢ ᠥᠪᠥᠷ ᠮᠣᠩᠭᠣᠯ᠎ᠳᠤ ᠳᠡᠮᠵᠢᠯᠭᠡ ᠦᠵᠡᠭᠦᠯᠦᠭᠰᠡᠨ᠎ᠳᠦ ᠲᠠᠯᠠᠷᠬᠠᠬᠤ᠎ᠶᠢᠨ ᠬᠠᠮᠲᠤ᠌ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠦᠨ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ ᠪᠣᠯᠤᠨ᠎ᠠ᠂ ᠣᠳᠣᠬᠠᠨ᠎ᠳᠤ ᠣᠷᠣᠨ ᠳᠠᠶᠠᠭᠠᠷ᠎ᠢᠶᠡᠨ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶᠢᠨ ᠵᠣᠷᠢᠭ ᠰᠠᠨᠠᠭ᠎ᠠ ᠪᠣᠯᠤᠨ ᠤᠯᠤᠰ᠎ᠤᠨ ᠡᠨᠧᠷᠭᠢ᠎ᠶᠢᠨ ᠠᠮᠤᠷ ᠲᠦᠪᠰᠢᠨ᠎ᠦ ᠲᠤᠬᠠᠶ ᠴᠢᠬᠤᠯᠠ ᠥᠭᠦᠯᠡᠯᠲᠡ᠎ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《1571》 ᠠᠵᠢᠯ᠎ᠤᠨ ᠪᠠᠶ᠋ᠢᠷᠢᠯᠠᠭᠤᠯᠤᠯᠲᠠ ᠶᠣᠰᠣᠭᠠᠷ᠂ ᠨᠡᠭᠦᠷᠡᠰᠦ ᠴᠠᠬᠢᠯᠭᠠᠨ ᠴᠢᠯᠠᠭᠤᠨ ᠲᠣᠰᠣ ᠪᠠᠢᠭᠠᠯᠢ ᠵᠢᠨ ᠰᠢᠲᠠᠮᠠᠬᠠᠢ ᠬᠡᠶ ᠰᠠᠯᠬᠢᠨ ᠬᠦᠴᠦᠨ ᠭᠡᠷᠡᠯᠴᠢ ᠴᠡᠨᠡᠭ ᠤᠰᠤ ᠴᠥᠮ᠎ᠡ ᠵᠢᠨ ᠡᠨ᠋ᠸᠷᠬᠢ᠎ᠵᠡᠷᠭᠡ ᠣᠯᠠᠨ ᠡᠨᠧᠷᠭᠢ᠎ᠶᠢ ᠵᠡᠷᠭᠡ᠎ᠪᠡᠷ ᠬᠥᠭᠵᠢᠭᠦᠯᠬᠦ᠌᠎ᠶᠢ ᠪᠠᠷᠢᠮᠲᠠᠯᠠᠵᠤ᠂ ᠤᠯᠠᠮᠵᠢᠯᠠᠯᠲᠤ᠌ ᠡᠨᠧᠷᠭᠢ᠎ᠶᠢᠨ ᠬᠡᠯᠪᠡᠷᠢ᠎ᠶᠢ ᠬᠤᠪᠢᠷᠠᠭᠤᠯᠤᠨ ᠲᠠᠰ ᠳᠡᠪᠰᠢᠭᠦᠯᠬᠦ᠌᠎ᠶᠢ ᠠᠬᠢᠭᠤᠯᠵᠤ᠂ ᠰᠢᠨ᠎ᠡ ᠡᠨᠧᠷᠭᠢ᠎ᠶᠢ ᠨᠡᠭᠡᠭᠡᠨ ᠠᠰᠢᠭᠯᠠᠬᠤ ᠲᠦᠪᠰᠢᠨ᠎ᠢ ᠳᠡᠭᠡᠭᠰᠢᠯᠡᠭᠦᠯᠵᠦ᠍᠂ ᠪᠠᠶ᠋ᠢᠯᠳᠤᠬᠤ ᠪᠣᠳᠣᠯᠭ᠎ᠠ᠎ᠶᠢᠨ ᠴᠢᠨᠠᠷᠲᠠᠶ ᠠᠭᠤᠷᠬᠠᠶ᠎ᠶᠢᠨ ᠡᠬᠢ ᠪᠠᠶᠠᠯᠢᠭ᠎ᠢ ᠨᠡᠭᠡᠭᠡᠨ ᠠᠰᠢᠭᠯᠠᠬᠤ᠎ᠶᠢ ᠴᠢᠩᠭᠠᠳᠬᠠᠵᠤ᠂ ᠤᠯᠤᠰ᠎ᠤᠨ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠥᠬᠥ᠌ ᠬᠦᠴᠦᠨ᠎ᠢᠶᠡᠷ ᠪᠠᠲᠤᠯᠠᠵᠤ ᠪᠠᠶ᠋ᠢᠨ᠎ᠠ᠃ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠦᠨ ᠬᠢᠨ ᠴᠥᠮ᠎ᠡ᠎ᠶᠢᠨ ᠴᠠᠬᠢᠯᠭᠠᠨ᠎ᠤ ᠪᠦᠬᠦ᠌ ᠠᠵᠤ ᠦᠢᠯᠡᠰ᠎ᠦᠨ ᠬᠡᠯᠬᠢᠶ᠎ᠡ᠎ᠶᠢᠨ ᠬᠥᠭᠵᠢᠯᠲᠡ᠂ ᠰᠢᠨ᠎ᠡ ᠡᠨᠧᠷᠭᠢ᠎ᠶᠢᠨ ᠪᠦᠲᠦᠭᠡᠨ ᠪᠠᠶ᠋ᠢᠭᠤᠯᠤᠯᠲᠠ᠂ ᠬᠥᠳᠡᠯᠭᠡᠬᠦ᠌ ᠬᠦᠴᠦᠨ᠎ᠤ ᠪᠤᠰᠤ ᠴᠥᠮ᠎ᠡ᠎ᠶᠢᠨ ᠮᠡᠷᠭᠡᠵᠢᠯ᠎ᠦᠨ ᠬᠡᠷᠡᠭᠯᠡᠯᠲᠡ ᠵᠡᠷᠭᠡ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠶ ᠪᠠᠶ᠋ᠢᠵᠤ᠂ ᠥᠪᠥᠷ ᠮᠣᠩᠭᠣᠯ᠎ᠯᠤᠭ᠎ᠠ᠎ᠶᠢᠨ ᠬᠠᠮᠲᠤᠷᠠᠯᠴᠠᠭᠠᠨ᠎ᠤ ᠳᠠᠯᠳᠠ ᠬᠦᠴᠦᠨ ᠯᠤᠲᠤ᠌ ᠶᠡᠬᠡ ᠶᠤᠮ᠃ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠦᠨ  ᠬᠢᠨ ᠲᠤᠰ ᠤᠳᠠᠭ᠎ᠠ ᠵᠢᠨ ᠭᠠᠷ᠎ᠤᠨ ᠦᠰᠦᠭ ᠵᠢᠷᠤᠬᠤ ᠪᠡᠷ ᠰᠢᠨ᠎ᠡ ᠭᠠᠷᠤᠭ᠎ᠠ ᠪᠣᠯᠭᠠᠵᠤ᠂ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ᠂ ᠪᠣᠬᠢᠷᠲᠤᠯ ᠦᠭᠡᠢ ᠤᠰᠤᠲᠥᠢ᠍ᠷᠥᠭᠴᠢ ᠰᠢᠪᠲᠦᠷ ᠎ᠦᠨ ᠠᠯᠺᠣᠣᠯ᠂ ᠰᠢᠨ᠎ᠡ ᠬᠡᠯᠪᠡᠷᠢ᠎ᠶᠢᠨ ᠨᠥᠭᠡᠴᠡ ᠡᠨᠧᠷᠭᠢ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ᠎ᠳᠦ ᠪᠡᠯᠡ ᠣᠷᠣᠭᠤᠯᠤᠯᠲᠠ᠎ᠶᠢᠨ ᠡᠷᠴᠢᠮ᠎ᠢᠶᠡᠨ ᠴᠢᠩᠭᠠᠷᠠᠭᠤᠯᠵᠤ᠂ ᠠᠭᠤᠷᠬᠠᠢ᠎ᠶᠢᠨ ᠡᠬᠢ ᠪᠠᠶᠠᠯᠢᠭ᠎ᠢ ᠬᠠᠶ᠋ᠢᠨ ᠰᠢᠨᠵᠢᠯᠡᠵᠦ᠍ ᠨᠡᠭᠡᠭᠡᠨ ᠠᠰᠢᠭᠯᠠᠬᠤ᠂ ᠴᠥᠮ᠎ᠡ᠎ᠶᠢᠨ ᠡᠨᠧᠷᠭᠢ᠎ᠶᠢ ᠶᠡᠷᠦᠩᠬᠡᠶ᠋ᠢᠯᠡᠨ ᠬᠡᠷᠡᠭᠯᠡᠬᠦ᠌ ᠵᠡᠷᠭᠡ ᠬᠦᠷᠢᠶᠡᠨ᠎ᠳᠦ ᠨᠡᠩ ᠤᠯᠠᠨ ᠪᠡᠯᠭᠡ ᠲᠡᠮᠳᠡᠭ᠎ᠦᠨ ᠴᠢᠨᠠᠷᠲᠠᠢ ᠲᠦᠷᠦᠯ ᠵᠦᠢᠯ᠎ᠢ ᠨᠠᠶ᠋ᠢᠳᠠᠪᠤᠷᠢᠵᠢᠭᠤᠯᠬᠤ᠎ᠶᠢ ᠬᠦᠰᠡᠵᠦ᠍ ᠪᠠᠶ᠋ᠢᠨ᠎ᠠ᠃ ᠡᠭᠦᠨ᠎ᠦ ᠬᠠᠮᠲᠤ᠂ ᠠᠵᠤ ᠠᠬᠤᠶ᠋ᠢᠯᠠᠯ᠎ᠤᠨ᠎ᠬᠢᠨ ᠠᠶᠤᠯᠭᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠷᠭᠦᠯᠵᠢᠯᠡᠨ ᠨᠠᠷᠢᠨ ᠬᠢᠨᠠᠮᠠᠭᠠᠢ ᠭᠦᠢᠴᠡᠳᠬᠡᠵᠦ᠍᠂ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢᠶᠡᠷ ᠴᠢᠨᠠᠷ ᠰᠠᠶ᠋ᠢᠲᠠᠢ ᠬᠥᠭᠵᠢᠯᠲᠡ᠎ᠶᠢ ᠬᠠᠮᠠᠭᠠᠯᠠᠬᠤ᠎ᠶᠢ ᠬᠦᠰᠡᠵᠦ᠍ ᠪᠠᠶ᠋ᠢᠨ᠎ᠠ᠃ ᠪᠢᠳᠡ ᠥᠩᠭᠡᠷᠡᠭᠰᠡᠨ᠎ᠲᠡᠶ᠎ᠪᠡᠨ ᠠᠳᠠᠯᠢ᠎ᠪᠠᠷ ᠦᠢᠯᠡᠴᠢᠯᠡᠭᠡ ᠪᠠᠲᠤᠯᠠᠭ᠎ᠠ᠎ᠶᠢ ᠰᠠᠶ᠋ᠢᠲᠤᠷ ᠬᠢᠵᠦ᠍᠂ ᠠᠵᠤ ᠠᠬᠤᠶ᠋ᠢᠯᠠᠯ᠎ᠤᠨ ᠥᠪᠥᠷ ᠮᠣᠩᠭᠣᠯ᠎ᠳᠤ ᠨᠡᠩ ᠶᠡᠬᠡ ᠬᠥᠭᠵᠢᠯᠲᠡ᠎ᠲᠡᠶ ᠪᠣᠯᠬᠤ᠎ᠶᠢ ᠪᠦᠬᠦ᠌ ᠬᠦᠴᠦᠨ᠎ᠢᠶᠡᠷ᠎ᠢᠶᠡᠨ ᠳᠡᠮᠵᠢᠨ᠎ᠠ ᠭᠡᠵᠦ ᠬᠡᠯᠡᠪᠡ᠃

ᠶᠠᠩ ᠴᠠᠩ ᠯᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠂ ᠵᠠᠰᠠᠭ᠎ᠤᠨ ᠣᠷᠳᠣᠨ᠎ᠤ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠳᠦ ᠦᠵᠡᠭᠦᠯᠦᠭᠰᠡᠨ ᠬᠠᠯᠠᠮᠵᠢᠯᠠᠯ ᠳᠡᠮᠵᠢᠯᠭᠡ᠎ᠳᠦ ᠲᠠᠯᠠᠷᠬᠠᠬᠤ᠎ᠶᠢᠨ ᠬᠠᠮᠲᠤ᠌ ᠠᠵᠤ ᠠᠬᠤᠶ᠋ᠢᠯᠠᠯ᠎ᠤᠨ ᠠᠵᠤ ᠦᠢᠯᠡᠰ᠎ᠦᠨ ᠪᠠᠶ᠋ᠢᠷᠢᠰᠢᠭᠤᠯᠤᠯᠲᠠ ᠪᠠ ᠬᠥᠭᠵᠢᠯᠲᠡ᠎ᠶᠢᠨ ᠪᠠᠶ᠋ᠢᠳᠠᠯ᠎ᠢ ᠲᠠᠨᠢᠯᠴᠠᠭᠤᠯᠪᠠ᠃ ᠲᠡᠷᠡ᠂ ᠥᠪᠥᠷ ᠮᠣᠩᠭᠣᠯ᠎ᠤᠨ ᠨᠤᠲᠤᠭ ᠳᠡᠪᠢᠰᠬᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ ᠪᠠᠶ᠋ᠢᠵᠤ᠂ ᠳᠤᠮᠳᠠᠳᠤ ᠤᠯᠤᠰ ᠎ᠤᠨ ᠭᠤᠸᠠᠩ ᠾᠧ ᠪᠦᠯᠦᠭᠯᠡᠯ᠎ᠦᠨ ᠠᠵᠤ ᠦᠢᠯᠡᠰ᠎ᠦᠨ ᠬᠥᠭᠵᠢᠯᠲᠡ᠎ᠶᠢᠨ ᠪᠠᠶ᠋ᠢᠯᠳᠤᠬᠤ ᠪᠤᠳᠤᠯᠭ᠎ᠠ᠎ᠶᠢᠨ ᠭᠣᠣᠯ ᠣᠷᠣᠨ ᠪᠦᠰᠡ ᠪᠣᠯᠤᠨ᠎ᠠ᠃《ᠠᠷᠪᠠᠨ ᠲᠠᠪᠤᠳᠤᠭᠠᠷ ᠲᠠᠪᠤᠨ ᠵᠢᠯ》 ᠎ᠳ᠋ᠤ ᠬᠠᠨᠳᠤᠭᠤᠯᠤᠨ᠂ ᠳᠤᠮᠳᠠᠳᠤ ᠤᠯᠤᠰ᠎ᠤᠨ ᠭᠤᠸᠠᠩ ᠾᠧ ᠪᠦᠯᠦᠭᠯᠡᠯ᠎ᠦᠨ ᠬᠢᠨ ᠬᠣᠶᠠᠷ ᠲᠠᠯ᠎ᠠ᠎ᠶᠢᠨ ᠰᠠᠶ᠋ᠢᠨ ᠰᠠᠶ᠋ᠢᠬᠠᠨ ᠬᠠᠮᠲᠤᠷᠠᠯᠴᠠᠭᠠᠨ᠎ᠤ ᠰᠠᠭᠤᠷᠢ᠎ᠳᠤ ᠰᠠᠭᠤᠷᠢᠯᠠᠨ᠂ ᠪᠣᠬᠢᠷᠲᠤᠯ ᠥᠬᠡᠶ ᠬᠥᠭᠵᠢᠯᠲᠡ᠎ᠶᠢᠨ ᠣᠶ᠋ᠢᠯᠠᠭᠠᠭᠳᠠᠬᠤᠨ᠎ᠢ ᠭᠦᠨᠵᠡᠭᠡᠶ ᠦᠢᠯᠡᠳᠦᠯᠭᠡᠵᠢᠭᠦᠯᠵᠦ᠍᠂ ᠪᠠᠯᠠ ᠣᠷᠣᠭᠤᠯᠤᠯᠲᠠ᠎ᠶᠢᠨ ᠪᠠᠶ᠋ᠢᠷᠢᠰᠢᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠰᠠᠯᠬᠢᠨ ᠬᠦᠴᠦᠨ ᠬᠡᠷᠡᠯᠴᠢ ᠴᠡᠨᠡᠭ᠎ᠢᠶᠡᠷ ᠤᠰᠤᠲᠥᠢ᠍ᠷᠥᠭᠴᠢ ᠦᠢᠯᠡᠳᠬᠦ᠌᠂ ᠬᠡᠷᠡᠯ ᠢᠯᠴᠢ᠎ᠪᠡᠷ ᠴᠠᠬᠢᠯᠭᠠᠨ ᠭᠠᠷᠭᠠᠬᠤ᠂ ᠬᠡᠷᠡᠯᠴᠢ ᠴᠡᠨᠡᠭ᠎ᠢᠶᠡᠷ ᠡᠯᠡᠰᠦ᠎ᠶᠢ ᠵᠠᠰᠠᠬᠤ᠂ ᠪᠣᠬᠢᠷᠲᠤᠯ ᠥᠬᠡᠶ ᠴᠠᠬᠢᠯᠭᠠᠨ ᠎ᠢ ᠰᠢᠭᠤᠳ ᠬᠠᠩᠭᠠᠬᠤ᠂ ᠴᠥᠮ᠎ᠡ᠎ᠶᠢᠨ ᠮᠡᠷᠭᠡᠵᠢᠯ᠎ᠢ ᠬᠡᠷᠡᠭᠯᠡᠬᠦ᠌ ᠵᠡᠷᠭᠡ ᠲᠥᠷᠥᠯ ᠵᠦᠢᠯ᠎ᠦᠨ ᠪᠥᠲᠥᠭᠡᠨ ᠪᠠᠶ᠋ᠢᠭᠤᠯᠤᠯᠲᠠ᠎ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠲᠥᠪ᠎ᠦᠨ ᠠᠵᠤ ᠠᠬᠤᠶ᠋ᠢᠯᠠᠯ᠎ᠤᠨ ᠬᠠᠷᠢᠭᠤᠴᠠᠯᠭ᠎ᠠ᠎ᠶᠢ ᠦᠨᠡᠨ ᠬᠦ᠌ ᠡᠭᠦᠷᠭᠡᠯᠡᠵᠦ᠍᠂ ᠥᠪᠥᠷ ᠮᠣᠩᠭᠣᠯ᠎ᠤᠨ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ᠎ᠶᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ᠎ᠳᠤ ᠨᠠᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ ᠢᠯᠡᠳᠭᠡᠪᠡ᠃

ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠶ ᠯᠢ ᠰᠢᠨ ᠣᠷᠣᠯᠴᠠᠵᠠᠢ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号