ᠲᠥᠪ ᠦᠨ ᠵᠣᠬᠢᠶᠠᠨ ᠪᠠᠶ᠋ᠢᠭᠤᠯᠬᠤ ᠬᠡᠯᠲᠡᠰ ᠡᠴᠡ ᠵᠣᠬᠢᠶᠠᠨ ᠪᠠᠢᠭᠤᠯᠵᠤ ᠨᠠᠢᠷᠠᠭᠤᠯᠤᠭᠰᠠᠨ《ᠰᠢ ᠵᠢᠨ ᠫᠢᠩ ᠦᠨ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢᠨ ᠲᠤᠬᠠᠢ ᠴᠢᠬᠤᠯᠠ ᠥᠭᠦᠯᠡᠯᠲᠡ᠎ᠶᠢᠨ ᠰᠤᠷᠤᠯᠴᠠᠯᠭ᠎ᠠ ᠵᠢᠨ ᠤᠩᠰᠢᠬᠤ ᠪᠢᠴᠢᠭ》 ᠢ᠋ ᠣᠢᠷ᠎ᠠ᠎ᠳᠤ ᠨᠠᠮ᠎ᠤᠨ ᠪᠠᠢᠭᠤᠯᠤᠯᠲᠠ᠎ᠶᠢᠨ ᠤᠩᠰᠢᠬᠤ ᠪᠢᠴᠢᠭ᠎ᠦᠨ ᠬᠡᠪᠯᠡᠯ᠎ᠦᠨ ᠬᠣᠷᠢᠶ᠎ᠠ ᠡᠴᠡ ᠬᠡᠪᠯᠡᠭᠦᠯᠵᠦ᠂ ᠪᠥᠬᠥ ᠤᠯᠤᠰ᠎ᠲᠤ ᠲᠠᠷᠬᠠᠭᠠᠪᠠ᠃
ᠶᠡᠷᠦᠩᠬᠡᠢ ᠱᠦᠵᠢ ᠰᠢ ᠵᠢᠨ ᠫᠢᠩ ᠪᠣᠯ ᠦᠨᠳᠦᠰᠦᠨ ᠱᠠᠲᠤ᠂ ᠤᠯᠠᠨ ᠲᠦᠮᠡᠨ᠎ᠦ ᠳᠤᠮᠳᠠ ᠡᠴᠡ ᠦᠰᠦᠨ ᠬᠦᠮᠦᠵᠢᠭᠳᠡᠭᠰᠡᠨ ᠲᠣᠮᠣ᠌ ᠨᠠᠮ ᠲᠣᠮᠣ᠌ ᠤᠯᠤᠰ᠎ᠤᠨ ᠤᠳᠤᠷᠢᠳᠤᠭ᠍ᠴᠢ ᠮᠥᠨ᠂ ᠠᠷᠠᠳ ᠤᠯᠠᠨ᠎ᠳᠤ ᠢᠮᠠᠭᠲᠠ ᠭᠦᠨ ᠵᠤᠵᠠᠭᠠᠨ ᠬᠠᠢᠷ᠎ᠠ ᠰᠡᠳᠬᠢᠯᠭᠡ᠎ᠲᠠᠢ ᠪᠠᠢᠵᠤ᠂ ᠦᠨᠳᠦᠰᠦᠨ ᠱᠠᠲᠤᠨ᠎ᠤ ᠠᠵᠢᠯ᠎ᠤᠨ ᠵᠢᠮ᠎ᠡ ᠶᠣᠰᠣ᠌᠎ᠶᠢ ᠭᠦᠨᠵᠡᠭᠡᠢ ᠨᠡᠪᠲᠡ ᠠᠵᠢᠭ᠍ᠯᠠᠭᠰᠠᠨ ᠪᠠᠢᠳᠠᠭ᠃ ᠣᠷᠣᠨ ᠨᠤᠲᠤᠭ᠎ᠲᠤ ᠠᠵᠢᠯᠯᠠᠵᠤ ᠪᠠᠢᠭᠰᠠᠨ ᠬᠤᠭᠤᠴᠠᠭᠠᠨ᠎ᠳᠤ ᠴᠤ᠌ ᠲᠡᠷᠡ᠂ ᠡᠰᠡᠬᠦᠯ᠎ᠡ ᠲᠥᠪ ᠬᠣᠷᠢᠶ᠎ᠠ᠎ᠳᠤ ᠠᠵᠢᠯᠯᠠᠭᠰᠠᠨ᠎ᠤ ᠳᠠᠷᠠᠭ᠎ᠠ ᠴᠤ᠌ ᠲᠡᠷᠡ᠂ ᠰᠢ ᠵᠢᠨ ᠫᠢᠩ ᠨᠥᠬᠥᠷ ᠢᠮᠠᠭᠲᠠ ᠦᠨᠳᠦᠰᠦᠨ ᠱᠠᠲᠤ᠎ᠶᠢ ᠴᠢᠬᠤᠯᠠᠴᠢᠯᠠᠵᠤ᠂ ᠦᠨᠳᠦᠰᠦᠨ ᠱᠠᠲᠤ᠎ᠶᠢ ᠬᠠᠯᠠᠮᠵᠢᠯᠠᠵᠤ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠦᠨᠳᠦᠰᠦᠨ ᠱᠠᠲᠤ᠎ᠶᠢ ᠳᠡᠮᠵᠢᠵᠦ᠂ ᠦᠨᠳᠦᠰᠦᠨ ᠱᠠᠲᠤ᠎ᠶᠢ ᠠᠳᠬᠤᠵᠤ ᠰᠠᠭᠤᠷᠢ ᠲᠠᠯᠪᠢᠬᠤ᠎ᠶᠢ ᠠᠯᠤᠰ ᠬᠡᠲᠦ᠎ᠶᠢᠨ ᠠᠷᠭ᠎ᠠ ᠪᠣᠳᠣᠯᠭ᠎ᠠ ᠪᠠ ᠦᠨᠳᠦᠰᠦ᠎ᠶᠢ ᠪᠡᠬᠢᠵᠢᠭᠦᠯᠬᠦ ᠠᠷᠭ᠎ᠠ ᠪᠣᠳᠣᠯᠭ᠎ᠠ ᠪᠣᠯᠭᠠᠬᠤ᠎ᠶᠢ ᠪᠠᠷᠢᠮᠲᠠᠯᠠᠵᠤ᠂ ᠠᠯᠢ ᠣᠯᠠᠨ ᠣᠨᠣᠯ᠎ᠤᠨ ᠠᠴᠢ ᠬᠣᠯᠪᠣᠭᠳᠠᠯ ᠪᠠ ᠦᠢᠯᠡᠳᠦᠯᠭᠡ᠎ᠶᠢᠨ ᠦᠨ᠎ᠡ ᠥᠷᠲᠡᠭ᠎ᠲᠠᠢ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢ ᠰᠦᠪᠡᠭᠴᠢᠯᠡᠨ ᠪᠦᠷᠢᠯᠳᠦᠭᠦᠯᠪᠡ᠃ ᠰᠢ ᠵᠢᠨ ᠫᠢᠩ ᠨᠥᠬᠥᠷ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢᠨ ᠲᠣᠭᠣᠷᠢᠨ᠎ᠳᠤ ᠠᠯᠢ ᠣᠯᠠᠨ ᠴᠢᠬᠤᠯᠠ ᠥᠭᠦᠯᠡᠯᠲᠡ ᠨᠡᠢᠲᠡᠯᠡᠵᠦ᠂ ᠤᠳᠬ᠎ᠠ ᠰᠠᠨᠠᠭ᠎ᠠ ᠠᠯᠤᠰ ᠬᠡᠲᠦ᠎ᠶᠢᠨ᠂ ᠠᠭᠤᠯᠤᠭᠳᠠᠬᠤᠨ ᠡᠯᠪᠡᠭ ᠪᠠᠶᠠᠯᠢᠭ᠋᠂ ᠦᠵᠡᠯ ᠰᠠᠨᠠᠭ᠎ᠠ ᠭᠦᠨ ᠭᠦᠨᠵᠡᠭᠡᠢ ᠪᠠᠢᠵᠤ᠂ ᠶᠠᠭᠤ᠎ᠶᠢ ᠦᠨᠳᠦᠰᠦᠨ ᠱᠠᠲᠤ ᠭᠡᠬᠦ᠂ ᠬᠡᠷᠬᠢᠨ ᠦᠨᠳᠦᠰᠦᠨ ᠱᠠᠲᠤᠨ᠎ᠳᠤ ᠭᠦᠨᠵᠡᠭᠡᠢᠷᠡᠬᠦ᠂ ᠬᠡᠷᠬᠢᠨ ᠦᠨᠳᠦᠰᠦᠨ ᠱᠠᠲᠤᠨ᠎ᠳᠤ ᠦᠢᠯᠡᠴᠢᠯᠡᠬᠦ ᠵᠡᠷᠭᠡ ᠴᠢᠬᠤᠯᠠ ᠶᠡᠬᠡ ᠣᠨᠣᠯ᠎ᠤᠨ ᠪᠠ ᠦᠢᠯᠡᠳᠦᠯᠭᠡ᠎ᠶᠢᠨ ᠠᠰᠠᠭᠤᠳᠠᠯ᠎ᠢ ᠰᠢᠨᠵᠢᠯᠡᠬᠦ ᠤᠬᠠᠭᠠᠨᠴᠢ᠎ᠪᠠᠷ ᠬᠠᠷᠢᠭᠤᠯᠵᠤ᠂ ᠦᠨᠳᠦᠰᠦᠨ ᠱᠠᠲᠤᠨ᠎ᠤ ᠠᠵᠢᠯ᠎ᠤᠨ ᠲᠤᠬᠠᠢ ᠵᠢᠮ᠎ᠡ ᠶᠣᠰᠣᠴᠢ ᠴᠢᠨᠠᠷᠲᠠᠢ ᠲᠠᠨᠢᠯᠲᠠ᠎ᠶᠢ ᠭᠦᠨᠵᠡᠭᠡᠢᠷᠡᠭᠦᠯᠦᠨ᠂ ᠰᠢᠨ᠎ᠡ ᠴᠠᠭ ᠦᠶ᠎ᠡ ᠰᠢᠨ᠎ᠡ ᠠᠶᠠᠨ᠎ᠳᠡᠬᠢ ᠦᠨᠳᠦᠰᠦᠨ ᠱᠠᠲᠤᠨ᠎ᠤ ᠠᠵᠢᠯ᠎ᠢ ᠰᠠᠢᠲᠤᠷ ᠬᠢᠬᠦ᠎ᠳᠦ ᠴᠢᠭᠯᠡᠯ᠎ᠢ ᠲᠣᠳᠣᠷᠬᠠᠢ ᠵᠢᠭᠠᠵᠤ᠂ ᠴᠢᠬᠤᠯᠠ ᠵᠢᠷᠤᠮᠯᠠᠯ ᠬᠠᠩᠭᠠᠪᠠ᠃ 《ᠰᠢ ᠵᠢᠨ ᠫᠢᠩ᠎ᠦᠨ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢᠨ ᠲᠤᠬᠠᠢ ᠴᠢᠬᠤᠯᠠ ᠥᠭᠦᠯᠡᠯᠲᠡ᠎ᠶᠢᠨ ᠰᠤᠷᠤᠯᠴᠠᠯᠭ᠎ᠠ ᠵᠢᠨ ᠤᠩᠰᠢᠬᠤ ᠪᠢᠴᠢᠭ》᠎ᠢ᠋ ᠬᠡᠪᠯᠡᠨ ᠲᠠᠷᠬᠠᠭᠠᠭᠰᠠᠨ ᠨᠢ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯᠣᠨ ᠨᠠᠮ᠎ᠤᠨ ᠭᠡᠰᠢᠭᠦᠨ᠂ ᠺᠠᠳ᠋ᠷ ᠡᠴᠡ ᠰᠢ ᠵᠢᠨ ᠫᠢᠩ ᠨᠥᠬᠥᠷ᠎ᠦᠨ ᠦᠨᠳᠦᠰᠦᠨ ᠱᠠᠲᠤᠨ᠎ᠤ ᠠᠵᠢᠯ᠎ᠤᠨ ᠠᠷᠭ᠎ᠠ᠎ᠶᠢᠨ ᠲᠤᠬᠠᠢ ᠴᠢᠬᠤᠯᠠ ᠥᠭᠦᠯᠡᠯᠲᠡ᠎ᠶᠢ ᠰᠢᠰᠲᠧᠮ᠎ᠲᠠᠢ ᠰᠤᠷᠤᠯᠴᠠᠨ ᠡᠵᠡᠮᠰᠢᠬᠦ᠎ᠳᠦ ᠬᠠᠪᠰᠤᠷᠴᠤ᠂ ᠦᠨᠳᠦᠰᠦᠨ ᠱᠠᠲᠤᠨ᠎ᠤ ᠠᠵᠢᠯ᠎ᠢ ᠰᠠᠢᠲᠤᠷ ᠬᠢᠬᠦ᠎ᠶᠢᠨ ᠴᠢᠬᠤᠯᠠ ᠶᠡᠬᠡ ᠠᠴᠢ ᠬᠣᠯᠪᠣᠭᠳᠠᠯ᠂ ᠦᠨᠳᠦᠰᠦᠨ ᠱᠠᠭᠠᠷᠳᠠᠯᠭ᠎ᠠ᠂ ᠰᠢᠨᠵᠢᠯᠡᠬᠦ ᠤᠬᠠᠭᠠᠨᠴᠢ ᠣᠢᠯᠠᠭᠠᠭᠳᠠᠬᠤᠨ᠂ ᠪᠦᠲᠦᠮᠵᠢᠲᠡᠶ ᠠᠷᠭ᠎ᠠ ᠬᠡᠯᠪᠡᠷᠢ᠂ ᠦᠨᠳᠦᠰᠦᠨ ᠪᠠᠲᠤᠯᠠᠭ᠎ᠠ᠎ᠶᠢ ᠭᠦᠨᠵᠡᠭᠡᠢ ᠣᠢᠯᠠᠭᠠᠵᠤ᠂ ᠨᠠᠩ ᠰᠠᠢᠨ᠎ᠢᠶᠠᠷ ᠦᠨᠳᠦᠰᠦᠨ ᠱᠠᠲᠤ᠎ᠶᠢ ᠲᠠᠨᠢᠵᠤ᠂ ᠦᠨᠳᠦᠰᠦᠨ ᠱᠠᠲᠤᠨ᠎ᠳᠤ ᠭᠦᠨᠵᠡᠭᠡᠢᠷᠡᠵᠦ᠂ ᠦᠨᠳᠦᠰᠦᠨ ᠱᠠᠲᠤᠨ᠎ᠳᠤ ᠦᠢᠯᠡᠴᠢᠯᠡᠵᠦ᠂ ᠨᠠᠮ᠎ᠤᠨ ᠲᠥᠷᠥ ᠪᠠᠷᠢᠬᠤ ᠰᠠᠭᠤᠷᠢ᠎ᠶᠢ ᠬᠦᠴᠦᠯᠡᠨ ᠪᠡᠬᠢᠵᠢᠭᠦᠯᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠦᠨᠳᠦᠰᠦᠨ ᠱᠠᠲᠤᠨ᠎ᠤ ᠰᠠᠭᠤᠷᠢ᠎ᠶᠢ ᠪᠡᠬᠢᠵᠢᠭᠦᠯᠬᠦ᠎ᠳᠦ ᠲᠤᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠣᠢᠷ᠎ᠠ ᠳᠤ᠂ ᠲᠥᠪ᠎ᠦᠨ ᠨᠠᠮ᠎ᠤᠨ ᠪᠠᠢᠭᠤᠯᠤᠯᠲᠠ᠎ᠶᠢᠨ ᠠᠵᠢᠯ᠎ᠤᠨ ᠤᠳᠤᠷᠢᠳᠬᠤ ᠳᠤᠭᠤᠢᠯᠠᠩ ᠮᠡᠳᠡᠭᠳᠡᠯ ᠭᠠᠷᠭᠠᠵᠤ᠂ ᠡᠯ᠎ᠡ ᠱᠠᠲᠤᠨ᠎ᠤ ᠨᠠᠮ ᠤᠨ ᠵᠣᠬᠢᠶᠠᠨ ᠪᠠᠢᠭᠤᠯᠤᠯᠲᠠ 《ᠰᠢ ᠵᠢᠨ ᠫᠢᠩ᠎ᠦᠨ ᠦᠨᠳᠦᠰᠦᠨ ᠱᠠᠲᠤᠨ᠎ᠤ ᠠᠵᠢᠯ᠎ᠤᠨ ᠠᠷᠭ᠎ᠠ ᠶᠢᠨ ᠲᠤᠬᠠᠢ ᠥᠭᠦᠯᠡᠯᠲᠡ᠎ᠶᠢᠨ ᠲᠡᠭᠦᠪᠦᠷᠢ》 ᠪᠣᠯᠣᠨ 《ᠰᠢ ᠵᠢᠨ ᠫᠢᠩ᠎ᠦᠨ ᠦᠨᠳᠦᠰᠦᠨ ᠱᠠᠲᠤᠨ ᠤ ᠠᠵᠢᠯ ᠤᠨ ᠠᠷᠭ᠎ᠠ᠎ᠶᠢᠨ ᠲᠤᠬᠠᠢ ᠴᠢᠬᠤᠯᠠ ᠥᠭᠦᠯᠡᠯᠲᠡ᠎ᠶᠢᠨ ᠰᠤᠷᠤᠯᠴᠠᠯᠭ᠎ᠠ ᠵᠢᠨ ᠤᠩᠰᠢᠬᠤ ᠪᠢᠴᠢᠭ》 ᠢ᠋ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠰᠤᠷᠤᠯᠴᠠᠯᠭ᠎ᠠ ᠬᠥᠮᠦᠵᠢᠯ᠎ᠦᠨ ᠴᠢᠬᠤᠯᠠ ᠰᠤᠷᠤᠯᠴᠠᠬᠤ ᠠᠭᠤᠯᠭ᠎ᠠ ᠪᠣᠯᠭᠠᠵᠤ᠂ ᠰᠢ ᠵᠢᠨ ᠫᠢᠩ᠎ᠦᠨ ᠨᠠᠮ᠎ᠤᠨ ᠪᠠᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠤᠨ᠂ ᠥᠷᠭᠡᠨ ᠣᠯᠠᠨ ᠨᠠᠮ᠎ᠤᠨ ᠭᠡᠰᠢᠭᠦᠨ᠂ ᠺᠠᠳ᠋ᠷ᠎ᠢ ᠵᠣᠬᠢᠶᠠᠨ ᠪᠠᠢᠭᠤᠯᠵᠤ ᠨᠠᠷᠢᠨ ᠬᠢᠨᠠᠮᠠᠭᠠᠢ ᠰᠤᠳᠤᠯᠤᠨ ᠰᠤᠷᠤᠯᠴᠠᠵᠤ᠂ ᠰᠤᠷᠤᠯᠴᠠᠨ ᠰᠣᠯᠢᠯᠴᠠᠵᠤ᠂ ᠰᠤᠷᠴᠤ ᠬᠡᠷᠡᠭᠯᠡᠬᠦ ᠵᠢ ᠤᠶᠠᠯᠳᠤᠭᠤᠯᠬᠤ ᠶᠢ ᠪᠠᠷᠢᠮᠲᠠᠯᠠᠨ᠂ ᠦᠨᠳᠦᠰᠦᠨ ᠱᠠᠲᠤᠨ᠎ᠤ ᠠᠵᠢᠯ᠎ᠤᠨ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭᠠᠳᠬᠠᠵᠤ᠂ ᠰᠢᠨ᠎ᠡ ᠴᠠᠭ ᠦᠶ᠎ᠡ ᠰᠢᠨ᠎ᠡ ᠠᠶᠠᠨ᠎ᠳᠡᠬᠢ ᠦᠨᠳᠦᠰᠦᠨ ᠱᠠᠲᠤᠨ᠎ᠤ ᠠᠵᠢᠯ᠎ᠤᠨ ᠰᠢᠨ᠎ᠡ ᠪᠠᠢᠳᠠᠯ᠎ᠢ ᠴᠢᠷᠮᠠᠢᠨ ᠡᠭᠦᠳᠬᠦ ᠭᠡᠷᠡᠭᠳᠡᠢ ᠭᠡᠵᠦ ᠱᠠᠭᠠᠷᠳᠠᠪᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠦᠨ 7 ᠰᠠᠷ᠎ᠠ᠎ᠶᠢᠨ 8 ᠤ᠋ ᠴᠠᠬᠢᠯᠭᠠᠨ ᠮᠡᠳᠡᠭᠡ)