ᠲᠦᠪ ᠴᠢᠩᠭ᠎ᠠ ᠰᠠᠬᠢᠯᠭ᠎ᠠ ᠪᠠᠲᠤ᠎ᠪᠠᠷ ᠪᠦᠬᠦ᠌ ᠨᠠᠮ᠎ᠢ ᠬᠠᠮᠢᠶᠠᠷᠴᠤ᠌ ᠪᠦᠬᠦ᠌ ᠨᠠᠮ᠎ᠢ ᠵᠠᠰᠠᠬᠤ᠎ᠶᠢ ᠪᠠᠷᠢᠮᠲᠠᠯᠠᠨ᠎ᠠ
2026-07-09 09:19:45
ᠵᠣᠬᠢᠶᠠᠭ᠍ᠴᠢ᠄
ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠶᠠᠩ ᠸᠧᠢ ᠬᠠᠨ ᠰᠢᠶᠦ᠋ᠩ ᠹᠸᠩ ᠲᠠᠩ ᠵᠢᠶᠠᠨ ᠬᠤᠢ
ᠣᠩᠱᠢᠭ᠍ᠰᠠᠨ ᠣᠳᠠᠭ᠎ᠠ᠄
★★★☆☆

— ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠰᠢᠷᠢᠰ ᠬᠦᠦᠷᠨᠢᠯ ᠰᠢᠭᠦᠮᠵᠢ (ᠠᠷᠪᠠᠨ ᠨᠢᠭᠡ)


ᠨᠠᠮ᠎ᠤᠨ ᠰᠠᠬᠢᠯᠭ᠎ᠠ ᠪᠠᠲᠤ᠌ ᠪᠣᠯ ᠨᠠᠮ᠎ᠤᠨ ᠡᠯ᠎ᠡ ᠱᠠᠲᠤᠨ᠎ᠤ ᠵᠣᠬᠢᠶᠠᠨ ᠪᠠᠶ᠋ᠢᠭᠤᠯᠤᠯᠲᠠ ᠪᠠ ᠪᠦᠬᠦ᠌ ᠨᠠᠮ᠎ᠤᠨ ᠭᠡᠰᠢᠭᠦᠨ᠎ᠦ ᠡᠷᠬᠡᠪᠰᠢ ᠵᠢᠷᠤᠮᠯᠠᠬᠤ ᠦᠢᠯᠡ ᠠᠵᠢᠯᠯᠠᠭ᠎ᠠ᠎ᠶᠢᠨ ᠲᠦᠷᠢᠮᠵᠢᠯ ᠮᠥᠨ᠂ ᠨᠠᠮ᠎ᠤᠨ ᠪᠦᠯᠬᠦᠮᠳᠡᠯ ᠨᠢᠭᠡᠳᠦᠯ᠎ᠢ ᠬᠠᠮᠠᠭᠠᠯᠠᠬᠤ᠂ ᠨᠠᠮ᠎ᠤᠨ ᠡᠭᠦᠷᠭᠡ᠎ᠶᠢ ᠪᠡᠶᠡᠯᠡᠭᠦᠯᠬᠦ᠌᠎ᠶᠢᠨ ᠪᠠᠲᠤᠯᠠᠭ᠎ᠠ ᠮᠥᠨ᠃ ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ ᠵᠢᠨ 《ᠠᠷᠪᠠᠨ ᠳᠥᠷᠪᠡ ᠵᠢ ᠪᠠᠷᠢᠮᠲᠠᠯᠠᠬᠤ》 ᠴᠢᠬᠤᠯᠠ ᠠᠭᠤᠯᠭ᠎ᠠ᠎ᠶᠢᠨ ᠨᠢᠭᠡ ᠪᠣᠯ ᠳᠠᠷᠤᠢ 《ᠲᠦᠪ ᠴᠢᠩᠭ᠎ᠠ ᠰᠠᠬᠢᠯᠭ᠎ᠠ ᠪᠠᠲᠤ᠎ᠪᠠᠷ ᠪᠥᠬᠥ᠌ ᠨᠠᠮ᠎ᠢ ᠬᠠᠮᠢᠶᠠᠷᠴᠤ᠌ ᠪᠥᠬᠥ᠌ ᠨᠠᠮ᠎ᠢ ᠵᠠᠰᠠᠬᠤ᠎ᠶᠢ ᠪᠠᠷᠢᠮᠲᠠᠯᠠᠬᠤ》 ᠶᠠᠪᠤᠳᠠᠯ ᠪᠣᠯᠤᠨ᠎ᠠ᠃

ᠶᠡᠷᠦᠩᠬᠡᠢ ᠱᠦᠵᠢ ᠰᠢ ᠵᠢᠨ ᠫᠢᠩ᠄ 《ᠨᠠᠮ ᠡᠴᠡ ᠨᠠᠮ ᠢ᠋ ᠬᠠᠮᠢᠶᠠᠷᠴᠤ᠂ ᠨᠠᠮ᠎ᠢ ᠴᠢᠩᠭ᠎ᠠ ᠵᠠᠰᠠᠬᠤ᠎ᠳᠤ ᠶᠠᠭᠤᠨ᠎ᠳᠤ ᠲᠦᠰᠢᠭᠯᠡᠨ ᠬᠠᠮᠢᠶᠠᠷᠴᠤ᠌᠂ ᠶᠠᠭᠤᠨ᠎ᠳᠤ ᠲᠦᠰᠢᠭᠯᠡᠨ ᠵᠠᠰᠠᠬᠤ ᠪᠤᠢ? ᠳᠠᠷᠤᠢ ᠲᠦᠪ ᠴᠢᠩᠭ᠎ᠠ ᠰᠠᠬᠢᠯᠭ᠎ᠠ ᠪᠠᠲᠤ᠎ᠳᠤ ᠲᠦᠰᠢᠭᠯᠡᠨ᠎ᠡ》᠃

ᠰᠢ ᠵᠢᠨ ᠫᠢᠩ᠎ᠦᠨ ᠨᠠᠮ᠎ᠤᠨ ᠪᠠᠶ᠋ᠢᠭᠤᠯᠤᠯᠲᠠ᠎ᠶᠢᠨ ᠦᠵᠡᠯ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ᠎ᠳᠤ᠂ ᠤᠯᠤᠰ ᠲᠥᠷᠥ᠎ᠶᠢᠨ ᠰᠠᠬᠢᠯᠭ᠎ᠠ ᠪᠠᠲᠤ᠌ ᠪᠠ ᠤᠯᠤᠰ ᠲᠥᠷᠥ᠎ᠶᠢᠨ ᠶᠣᠰᠣ ᠲᠦᠷᠢᠮ᠎ᠢ ᠤᠯᠠᠮ ᠨᠢᠭᠡ ᠠᠯᠬᠤᠮ ᠴᠢᠩᠳᠠᠯᠠᠵᠤ᠂ ᠡᠯ᠎ᠡ ᠵᠦᠢᠯ᠎ᠦᠨ ᠰᠠᠬᠢᠯᠭ᠎ᠠ ᠪᠠᠲᠤ᠎ᠶᠢ ᠪᠥᠬᠥ᠌ ᠲᠠᠯ᠎ᠠ᠎ᠪᠠᠷ ᠴᠢᠩᠳᠠᠯᠠᠬᠤ ᠵᠢ ᠲᠠᠢᠴᠢᠯᠠᠵᠤ᠂ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢᠨ ᠥᠩᠭᠡᠨ ᠲᠠᠯ᠎ᠠ ᠪᠠ ᠦᠨᠳᠦᠰᠦ ᠡᠴᠡ ᠨᠢ ᠵᠠᠰᠠᠬᠤ ᠦᠢᠯᠡᠳᠦᠯ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠥᠬᠥ᠌ ᠲᠠᠯ᠎ᠠ᠎ᠪᠠᠷ ᠠᠬᠢᠭᠤᠯᠬᠤ᠎ᠳᠤ ᠪᠠᠲᠤ᠌ ᠴᠢᠩᠭ᠎ᠠ ᠰᠠᠬᠢᠯᠭ᠎ᠠ ᠪᠠᠲᠤ᠎ᠶᠢᠨ ᠪᠠᠲᠤᠯᠠᠭ᠎ᠠ ᠬᠠᠩᠭᠠᠬᠤ ᠬᠡᠷᠡᠭᠲᠡᠶ᠃

ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠴᠢᠩᠭᠠᠳᠬᠠᠬᠤ ᠪᠣᠯ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠪᠣᠳᠣᠯᠭ᠎ᠠ ᠮᠥᠨ

《24.5 ᠲᠦᠮᠡᠨ ᠬᠡᠷᠡᠭ᠎ᠢ ᠬᠡᠷᠡᠭ ᠪᠤᠯᠭᠠᠨ ᠳᠡᠩᠰᠡᠯᠡᠵᠦ᠍᠂ 18.3 ᠲᠦᠮᠡᠨ ᠬᠥᠮᠦᠨ᠎ᠳᠦ ᠰᠢᠢᠳᠬᠡᠯ ᠥᠭᠪᠡ᠂ ᠡᠭᠦᠨ᠎ᠳᠦ ᠮᠤᠵᠢ ᠶᠠᠮᠤᠨ᠎ᠤ ᠲᠠᠰ᠎ᠤᠨ ᠺᠠᠳ᠋ᠷ 56 ᠬᠦᠮᠦᠨ ᠪᠠᠭᠲᠠᠨ᠎ᠠ》᠃ 4 ᠰᠠᠷ᠎ᠠ᠎ᠶᠢᠨ 23 ᠤ᠋ ᠡᠳᠦᠷ᠂ ᠲᠥᠪ᠎ᠦᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠤᠯᠤᠰ᠎ᠤᠨ ᠬᠢᠨᠠᠨ ᠪᠠᠶ᠋ᠢᠴᠠᠭᠠᠬᠤ ᠵᠥᠪᠯᠡᠯ ᠡᠨᠡ ᠵᠢᠯ᠎ᠦᠨ ᠲᠦᠷᠦᠬᠦᠦ ᠤᠯᠠᠷᠢᠯ᠎ᠳᠤ ᠪᠥᠬᠥ᠌ ᠤᠯᠤᠰ᠎ᠤᠨ ᠰᠠᠬᠢᠯᠭ᠎ᠠ ᠪᠠᠲᠤ᠌ ᠪᠠᠶ᠋ᠢᠴᠠᠭᠠᠬᠤ ᠬᠢᠨᠠᠨ ᠪᠠᠶ᠋ᠢᠴᠠᠭᠠᠬᠤ ᠪᠠᠶ᠋ᠢᠭᠤᠯᠭ᠎ᠠ᠎ᠶᠢᠨ ᠬᠢᠨᠠᠯᠳᠠ ᠲᠠᠯᠪᠢᠵᠤ ᠪᠠᠶ᠋ᠢᠴᠠᠭᠠᠭᠰᠠᠨ ᠪᠠᠶ᠋ᠢᠳᠠᠯ᠎ᠢ ᠵᠠᠷᠯᠠᠨ ᠮᠡᠳᠡᠭᠳᠡᠪᠡ᠂ ᠡᠨᠡ ᠪᠣᠯ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠤ᠋ᠨ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠪᠠᠨ ᠴᠢᠩᠭᠠᠳᠬᠠᠵᠤ᠂ ᠬᠢᠨᠠᠯᠲᠠ ᠲᠠᠯᠪᠢᠵᠤ ᠰᠠᠬᠢᠯᠭ᠎ᠠ ᠪᠠᠲᠤ᠎ᠶᠢ ᠬᠡᠷᠡᠭᠵᠢᠭᠦᠯᠵᠤ ᠬᠠᠷᠢᠭᠤᠴᠠᠯᠭ᠎ᠠ ᠨᠡᠬᠡᠮᠵᠢᠯᠡᠬᠦ᠌᠎ᠪᠡᠨ ᠴᠢᠩᠭᠠᠳᠬᠠᠵᠤ᠂ ᠲᠡᠮᠦᠷ ᠮᠡᠲᠦ᠍ ᠬᠠᠲᠠᠭᠤ ᠴᠢᠩᠭ᠎ᠠ ᠲᠣᠭᠲᠠᠭᠠᠯ ᠢ᠋ ᠬᠡᠷᠡᠭᠵᠢᠭᠦᠯᠵᠤ᠂ ᠴᠠᠭᠠᠵᠠ ᠵᠠᠷᠯᠢᠭ᠎ᠢ ᠴᠢᠩᠭ᠎ᠠ ᠬᠡᠷᠡᠭᠵᠢᠭᠦᠯᠦᠭᠰᠡᠨ ᠠᠮᠢᠳᠤᠯᠢᠭ ᠲᠠᠶ᠋ᠢᠯᠪᠤᠷᠢ ᠮᠥᠨ᠃

ᠨᠢᠬᠡ ᠳ᠋ᠦᠩᠰᠢᠭᠤᠷ ᠭᠠᠷᠤᠢ ᠨᠠᠮ᠎ᠤᠨ ᠭᠡᠰᠢᠭᠦᠨ᠎ᠲᠡᠶ ᠲᠦᠷᠦ᠍ ᠪᠠᠷᠢᠭᠴᠢ ᠨᠠᠮ ᠶᠠᠭᠤᠨ᠎ᠳᠤ ᠲᠦᠰᠢᠭᠯᠡᠨ ᠥᠪᠡᠷ᠎ᠦᠨ ᠡᠩᠨᠡᠭᠡ᠎ᠪᠡᠨ ᠰᠠᠶ᠋ᠢᠲᠤᠷ ᠬᠠᠮᠢᠶᠠᠷᠬᠤ ᠪᠤᠢ? ᠶᠠᠭᠤᠨ᠎ᠳᠤ ᠲᠦᠰᠢᠭᠯᠡᠨ ᠠᠶᠤᠯ ᠲᠦᠭᠰᠢᠭᠦᠷᠢ ᠪᠠ ᠥᠷᠢᠰᠥᠯᠳᠦᠭᠡᠨ᠎ᠢ ᠢᠯᠠᠬᠤ ᠪᠤᠢ? ᠡᠷᠬᠡᠪᠰᠢ ᠲᠦᠪ ᠴᠢᠩᠭ᠎ᠠ ᠲᠦᠷᠢᠮᠵᠢᠯ ᠪᠠ ᠰᠠᠬᠢᠯᠭ᠎ᠠ ᠪᠠᠲᠤ᠎ᠳᠤ ᠲᠦᠰᠢᠭᠯᠡᠬᠦ᠌ ᠬᠡᠷᠡᠭᠲᠡᠢ᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠣᠯ ᠬᠤᠪᠢᠰᠬᠠᠯ᠎ᠤᠨ ᠬᠦᠰᠡᠯᠡᠩ ᠪᠠ ᠲᠡᠮᠦᠷ ᠮᠡᠲᠦ᠍ ᠬᠠᠳᠠᠭᠤ ᠴᠢᠩᠭ᠎ᠠ ᠰᠠᠬᠢᠯᠭ᠎ᠠ ᠪᠠᠲᠤ᠎ᠳᠤ ᠲᠦᠰᠢᠭᠯᠡᠨ ᠵᠣᠬᠢᠶᠠᠨ ᠪᠠᠶ᠋ᠢᠭᠤᠯᠤᠭᠳᠠᠭᠰᠠᠨ ᠮᠠᠷᠺᠰ᠎ᠤᠨ ᠦᠵᠡᠯ᠎ᠦᠨ ᠲᠦᠷᠦ᠎ᠶᠢᠨ ᠨᠠᠮ ᠮᠥᠨ᠂ ᠲᠦᠪ ᠴᠢᠩᠭ᠎ᠠ ᠰᠠᠬᠢᠯᠭ᠎ᠠ ᠪᠠᠲᠤ᠌ ᠪᠣᠯ ᠨᠠᠮ᠎ᠤᠨ ᠢᠷᠠᠭᠤ ᠠᠯᠳᠠᠷᠲᠤ᠌ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠃

ᠥᠨᠥᠳᠦᠷ᠎ᠦᠨ ᠳᠤᠮᠳᠠᠳᠤ ᠤᠯᠤᠰ ᠶᠠᠭ ᠰᠢᠨ᠎ᠡ ᠴᠠᠭ ᠦᠶ᠎ᠡ᠎ᠶᠢᠨ ᠤᠷᠳᠤ ᠵᠠᠮ᠎ᠤᠨ ᠠᠶᠠᠨ ᠳᠠᠢ᠌ᠨ ᠬᠢᠵᠦ᠍ ᠪᠤᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠤᠷᠢᠳ ᠡᠮᠦᠨ᠎ᠡ ᠪᠠᠶ᠋ᠢᠭ᠎ᠠ ᠦᠭᠡᠢ ᠡᠭᠦᠳᠦᠯᠲᠡ᠎ᠶᠢᠨ ᠴᠢᠨᠠᠷᠲᠠᠢ ᠦᠢᠯᠡᠰ ᠮᠥᠨ᠂ ᠤᠷᠤᠭᠰᠢᠯᠠᠯᠲᠠ᠎ᠶᠢᠨ ᠵᠠᠮ ᠳᠡᠭᠡᠷ᠎ᠡ ᠯᠠᠪᠲᠠᠢ ᠬᠦᠴᠢᠷ ᠪᠡᠷᠬᠡᠰᠢᠶᠡᠯ᠂ ᠦᠯᠦ᠍ ᠮᠡᠳᠡᠬᠦᠢ ᠵᠦᠢᠯ᠂ ᠠᠶᠤᠯ ᠲᠦᠭᠰᠢᠭᠦᠷᠢ ᠥᠷᠢᠰᠥᠯᠳᠦᠭᠡᠨ ᠤᠯᠠᠨ ᠪᠤᠢ᠃ ᠥᠪᠡᠷ᠎ᠦᠨ ᠪᠡᠶ᠎ᠡ᠎ᠪᠡᠨ ᠠᠵᠢᠪᠠᠯ᠂ ᠨᠠᠮ᠎ᠳᠤ 《ᠳᠥᠷᠪᠡᠨ ᠶᠡᠬᠡ ᠰᠢᠯᠭᠠᠯᠲᠠ》᠂ 《ᠳᠥᠷᠪᠡᠨ ᠵᠦᠢᠯ᠎ᠦᠨ ᠠᠶᠤᠯ ᠲᠦᠭᠰᠢᠭᠦᠷᠢ》 ᠣᠷᠳᠣ ᠬᠤᠭᠤᠴᠠᠭ᠎ᠠ᠎ᠪᠠᠷ ᠣᠷᠣᠰᠢᠵᠤ᠂ ᠨᠠᠮ᠎ᠤᠨ ᠳᠣᠲᠣᠭᠠᠳᠤ᠎ᠶᠢᠨ 《ᠳᠥᠷᠪᠡᠨ ᠴᠡᠪᠡᠷ ᠪᠤᠰᠤ》 ᠲᠣᠪᠣᠶ᠋ᠢᠮ᠎ᠠ ᠠᠰᠠᠭᠤᠳᠠᠯ ᠮᠥᠨ ᠬᠦ᠌ ᠣᠷᠣᠰᠢᠭᠰᠠᠭᠠᠷ ᠪᠠᠶ᠋ᠢᠨ᠎ᠠ᠂ ᠡᠷᠬᠡᠪᠰᠢ 《ᠰᠢᠯᠭᠠᠯᠲᠠ᠎ᠳᠤ ᠣᠷᠣᠯᠴᠠᠬᠤ》 ᠰᠤᠨᠤᠷ ᠰᠡᠷᠡᠮᠵᠢ ᠪᠠ ᠡᠷᠡᠰ ᠪᠠᠲᠤ᠌ ᠵᠢ ᠡᠭᠦᠷᠢᠳᠡ ᠪᠠᠲᠤᠯᠠᠬᠤ ᠬᠡᠷᠡᠭᠲᠡᠶ᠃

ᠶᠡᠷᠦᠩᠬᠡᠢ ᠱᠦᠵᠢ ᠰᠢ ᠵᠢᠨ ᠫᠢᠩ ᠪᠦᠬᠦ᠌ ᠨᠠᠮ᠎ᠳᠤ᠄ 《ᠨᠠᠮ᠎ᠳᠤ ᠲᠤᠯᠭᠠᠷᠠᠵᠤ ᠪᠠᠶ᠋ᠢᠭ᠎ᠠ ᠪᠠᠶ᠋ᠢᠳᠠᠯ ᠬᠡᠳᠦᠢ ᠪᠤᠳᠤᠯᠢᠶᠠᠨᠲᠠᠢ᠂ ᠡᠭᠦᠷᠭᠡᠯᠡᠵᠦ᠍ ᠪᠠᠶ᠋ᠢᠭ᠎ᠠ ᠡᠭᠦᠷᠭᠡ ᠬᠡᠳᠦᠢ ᠪᠡᠷᠬᠡ ᠬᠠᠲᠠᠭᠤᠵᠢᠯᠲᠠᠢ ᠪᠤᠯᠬᠤ ᠳᠤᠳᠤᠮ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠲᠡᠳᠦᠢ ᠴᠢᠩᠭᠠᠳᠬᠠᠵᠤ᠂ ᠨᠠᠮ᠎ᠤᠨ ᠪᠦᠯᠬᠦᠮᠳᠡᠯ ᠨᠢᠭᠡᠳᠦᠯ᠎ᠢ ᠲᠡᠳᠦᠢ ᠬᠠᠮᠠᠭᠠᠯᠠᠵᠤ᠂ ᠪᠦᠬᠦ᠌ ᠨᠠᠮ ᠵᠢᠡᠷ ᠵᠢᠡᠨ ᠵᠤᠷᠢᠭ ᠰᠠᠨᠠᠭ᠎ᠠ ᠨᠢᠭᠡᠲᠡᠢ᠂ ᠦᠢᠯᠡ ᠠᠵᠢᠯᠯᠠᠭ᠎ᠠ ᠨᠢᠭᠡᠲᠡᠢ᠂ ᠠᠯᠬᠤᠮ ᠨᠢᠭᠡᠲᠡᠢ ᠤᠷᠤᠭᠰᠢᠯᠠᠬᠤ᠎ᠶᠢ ᠪᠠᠲᠤᠯᠠᠬᠤ ᠬᠡᠷᠡᠭᠲᠡᠢ》ᠰᠡᠷᠡᠮᠵᠢᠯᠡᠬᠦᠯᠪᠡ᠃

ᠰᠢᠨ᠎ᠡ ᠴᠠᠭ ᠦᠶ᠎ᠡ᠎ᠳᠦ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠭᠤᠤ ᠶᠡᠬᠡ ᠦᠢᠯᠡᠳᠦᠯᠭᠡ᠎ᠳᠦ ᠰᠠᠭᠤᠷᠢᠯᠠᠵᠤ᠂ ᠶᠡᠷᠦᠩᠬᠡᠢ ᠱᠦᠵᠢ ᠰᠢ ᠵᠢᠨ ᠫᠢᠩ ᠠᠯᠢ ᠤᠯᠠᠨ ᠴᠢᠬᠤᠯᠠ ᠥᠭᠦᠯᠡᠯᠲᠡ ᠵᠢ ᠲᠤᠷᠠᠳᠴᠤ᠂ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠳᠤ ᠦᠨᠳᠦᠰᠦᠨ ᠵᠢᠷᠤᠮᠯᠠᠯ ᠬᠠᠩᠭᠠᠪᠠ —

《ᠰᠠᠬᠢᠯᠭ᠎ᠠ ᠪᠠᠲᠤ᠎ᠶᠢᠨ ᠡᠮᠦᠨ᠎ᠡ ᠴᠥᠮ ᠡᠷᠬᠡ ᠲᠡᠭᠰᠢ ᠪᠠᠶ᠋ᠢᠬᠤ ᠬᠡᠷᠡᠭᠲᠡᠢ᠂ ᠨᠠᠮ᠎ᠤᠨ ᠳᠣᠲᠣᠭᠠᠳᠤ᠎ᠳᠤ ᠰᠠᠬᠢᠯᠭ᠎ᠠ ᠪᠠᠲᠤ᠎ᠶᠢᠨ ᠬᠢᠵᠠᠭᠠᠷᠯᠠᠯ᠎ᠢ ᠬᠦᠯᠢᠶᠡᠬᠦ᠌ ᠦᠭᠡᠢ ᠣᠨᠴᠠᠭᠠᠢ ᠨᠠᠮ᠎ᠤᠨ ᠭᠡᠰᠢᠭᠦᠨ ᠪᠠᠶ᠋ᠢᠬᠤ᠎ᠶᠢ ᠵᠥᠪᠰᠢᠶᠡᠷᠡᠬᠦ᠌ ᠦᠭᠡᠢ》 ᠭᠡᠵᠦ᠍ ᠭᠦᠨᠵᠡᠭᠡᠢ ᠵᠢᠭᠠᠵᠤ ᠭᠠᠷᠭᠠᠪᠠ;

《ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠨᠠᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠨᠠᠮ᠎ᠤᠨ ᠲᠣᠭᠲᠠᠭᠠᠯ᠎ᠢ ᠲᠣᠭᠲᠠᠭᠠᠬᠤ᠂ ᠨᠠᠮ᠎ᠤᠨ ᠰᠠᠬᠢᠯᠭ᠎ᠠ ᠪᠠᠲᠤ᠎ᠶᠢᠨ ᠬᠥᠮᠦᠵᠢᠯ ᠬᠢᠬᠦ᠌᠂ ᠰᠠᠬᠢᠯᠭ᠎ᠠ ᠪᠠᠲᠤ᠎ᠶᠢᠨ ᠬᠡᠷᠡᠭᠵᠢᠭᠦᠯᠦᠯᠲᠡ ᠳ᠋ᠤ ᠬᠢᠨᠠᠯᠲᠠ ᠲᠠᠯᠪᠢᠬᠤ ᠪᠥᠬᠥ᠌ ᠶᠠᠪᠤᠴᠠ᠎ᠳᠤ ᠴᠥᠮ ᠴᠢᠩᠭ᠎ᠠ ᠪᠠᠢᠬᠤ ᠱᠠᠭᠠᠷᠳᠠᠯᠭ᠎ᠠ᠎ᠶᠢ ᠲᠤᠭᠤᠰᠢᠯᠠᠭᠤᠯᠬᠤ ᠬᠡᠷᠡᠭᠲᠡᠶ》 ᠭᠡᠵᠦ᠍ ᠭᠦᠨᠵᠡᠭᠡᠶ ᠲᠣᠳᠣᠷᠬᠠᠶ᠋ᠢᠯᠠᠨ ᠥᠭᠦᠯᠡᠪᠡ;

ᠰᠢᠨ᠎ᠡ ᠴᠠᠭ ᠦᠶ᠎ᠡ᠎ᠳᠦ ᠤᠷᠤᠬᠰᠠᠨ᠎ᠤ ᠳᠠᠷᠠᠭ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠠ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠦᠨᠳᠦᠰᠦᠨ ᠠᠷᠭ᠎ᠠ ᠪᠤᠳᠤᠯᠭ᠎ᠠ ᠪᠣᠯᠭᠠᠵᠤ᠂ ᠲᠦᠪ ᠴᠢᠩᠭ᠎ᠠ ᠰᠠᠬᠢᠯᠭ᠎ᠠ ᠪᠠᠲᠤ᠎ᠪᠠᠷ ᠨᠠᠮ᠎ᠢ ᠬᠠᠮᠢᠶᠠᠷᠴᠤ᠌ ᠨᠠᠮ᠎ᠢ ᠵᠠᠰᠠᠵᠤ᠂ ᠨᠠᠮ᠎ᠢ ᠬᠠᠮᠢᠶᠠᠷᠴᠤ᠌ ᠨᠠᠮ᠎ᠢ ᠵᠠᠰᠠᠬᠤ ᠠᠭᠤᠵᠢᠭᠤ ᠰᠤᠯᠠ ᠵᠥᠭᠡᠯᠡᠨ ᠪᠠᠶ᠋ᠢᠳᠠᠯ᠎ᠢ ᠦᠨᠳᠦᠰᠦᠨ᠎ᠡᠴᠡ ᠨᠢ ᠬᠤᠪᠢᠷᠠᠭᠤᠯᠵᠤ᠂ ᠨᠠᠮ᠎ᠤᠨ ᠬᠤᠪᠢᠰᠬᠠᠯᠴᠢ ᠴᠢᠨᠠᠷᠲᠠᠢ ᠳᠠᠪᠲᠠᠯᠲᠠ ᠳᠤᠮᠳᠠ ᠨᠡᠩ ᠪᠠᠲᠤ᠌ ᠴᠢᠩᠭ᠎ᠠ ᠬᠦᠴᠦᠨ᠎ᠲᠡᠶ ᠪᠣᠯᠬᠤ᠎ᠶᠢ ᠠᠬᠢᠭᠤᠯᠪᠠ᠃

ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢᠨ ᠥᠩᠭᠡᠨ ᠲᠠᠯ᠎ᠠ ᠪᠠ ᠦᠨᠳᠦᠰᠦ ᠡᠴᠡ ᠨᠢ ᠵᠠᠰᠠᠬᠤ ᠬᠤᠷᠴᠠ ᠵᠡᠪᠰᠡᠭ ᠤ᠋ᠨ ᠦᠢᠯᠡᠳᠦᠯ᠎ᠢ ᠭᠦᠢᠴᠡᠳ ᠪᠠᠳᠠᠷᠠᠭᠤᠯᠪᠠ

《ᠡᠨᠡ ᠪᠣᠯ ᠶᠣᠰᠣ ᠳᠦᠷᠢᠮ᠎ᠢ ᠲᠣᠭᠲᠠᠭᠠᠬᠰᠠᠨ ᠭᠠᠵᠠᠷ ᠮᠥᠨ》᠂ 2013 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠰᠢ ᠪᠠᠢ ᠫᠦᠸᠸ ᠳ᠋ᠤ ᠢᠷᠡᠬᠦ᠌ ᠦᠶ᠎ᠠ᠎ᠳᠡᠭᠡᠨ᠂ 《 ᠨᠠᠮ᠎ᠤᠨ ᠶᠣᠰᠣ ᠲᠦᠷᠢᠮ᠂ ᠲᠦᠷᠢᠮ᠎ᠦᠨ ᠪᠠᠶ᠋ᠢᠭᠤᠯᠤᠯᠲᠠ ᠪᠠ ᠬᠡᠷᠡᠭᠵᠢᠭᠦᠯᠦᠯᠲᠡ ᠨᠢ ᠨᠠᠮ᠎ᠤᠨ ᠰᠤᠷᠲᠠᠯ ᠪᠠ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠬᠦᠴᠦᠲᠡᠢ ᠠᠬᠢᠭᠤᠯᠤᠬᠰᠠᠨ ᠶᠤᠮ》 ᠭᠡᠵᠤ ᠳᠤᠳᠤᠷᠬᠠᠢ ᠵᠢᠭᠠᠵᠤ ᠭᠠᠷᠭᠠᠵᠠᠢ᠃

ᠤᠯᠤᠰ ᠲᠦᠷᠦ᠎ᠶᠢᠨ ᠰᠠᠬᠢᠯᠭ᠎ᠠ ᠪᠠᠲᠤ᠌ ᠪᠣᠯᠤᠨ ᠤᠯᠤᠰ ᠲᠦᠷᠦ᠎ᠶᠢᠨ ᠶᠣᠰᠣ ᠲᠦᠷᠢᠮ᠎ᠢ ᠴᠢᠩᠳᠠᠯᠠᠵᠤ᠂ ᠪᠦᠬᠦ᠌ ᠬᠡᠯᠬᠢᠶ᠎ᠠ ᠪᠦᠬᠦ᠌ ᠦᠶᠡᠯᠡᠯ᠎ᠤᠨ ᠬᠤᠭᠤᠴᠠᠭ᠎ᠠ ᠵᠢᠨ ᠪᠦᠬᠦᠨ᠎ᠢ ᠪᠦᠷᠬᠦᠬᠦᠯᠬᠦ᠌ ᠲᠠᠯ᠎ᠠ᠎ᠪᠠᠷ ᠲᠠᠰᠤᠷᠠᠯᠳᠠ ᠦᠭᠡᠢ ᠬᠦᠴᠦᠯᠡᠵᠦ᠍᠂ ᠰᠠᠬᠢᠯᠭ᠎ᠠ ᠪᠠᠲᠤ᠌ ᠬᠡᠷᠡᠭᠵᠢᠭᠦᠯᠬᠦ᠌ ᠬᠠᠤᠯᠢ ᠬᠡᠷᠡᠭᠵᠢᠭᠦᠯᠬᠦ᠌᠎ᠶᠢ ᠨᠡᠪᠲᠡᠷᠡᠭᠦᠯᠪᠡ ᠁ 2023 ᠣᠨ᠎ᠤ 12 ᠰᠠᠷ᠎ᠠ᠎ᠶᠢᠨ 27 ᠤ᠋ ᠡᠳᠦᠷ᠂ ᠵᠠᠰᠠᠪᠤᠷᠢ ᠣᠷᠣᠭᠤᠯᠤᠭᠰᠠᠨ᠎ᠤ ᠳᠠᠷᠠᠭᠠᠬᠢ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠰᠠᠬᠢᠯᠭ᠎ᠠ ᠪᠠᠲᠤ᠎ᠶᠢᠨ ᠰᠢᠢᠳᠬᠡᠯ ᠥᠭᠬᠦ᠌ ᠲᠦᠷᠢᠮ》 ᠤ᠋ᠨ ᠪᠦᠬᠦ᠌ ᠠᠭᠤᠯᠭ᠎ᠠ᠎ᠶᠢ ᠨᠡᠶ᠋ᠢᠲᠡᠯᠡᠪᠡ᠃ ᠡᠨᠡ ᠪᠣᠯ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠡᠴᠡ ᠡᠨᠡ ᠬᠦ᠌ ᠲᠦᠷᠢᠮ᠎ᠳᠦ ᠭᠤᠷᠪᠠᠳᠠᠬᠢ ᠤᠳᠠᠭ᠎ᠠ ᠵᠠᠰᠠᠪᠤᠷᠢ ᠣᠷᠣᠭᠤᠯᠵᠤ᠂ ᠶᠠᠪᠤᠬᠤ ᠲᠤᠳᠤᠮ ᠰᠠᠬᠢᠯᠭ᠎ᠠ ᠪᠠᠲᠤ᠎ᠶᠢ ᠬᠡᠷᠡᠭᠵᠢᠭᠦᠯᠬᠦ᠌ ᠵᠢ ᠴᠢᠩᠭ᠎ᠠ ᠪᠣᠯᠭᠠᠬᠤ ᠴᠢᠩᠭ᠎ᠠ ᠲᠤᠬᠢᠶ᠎ᠠ᠎ᠶᠢ ᠳᠠᠮᠵᠢᠭᠤᠯᠪᠠ᠃

ᠰᠠᠬᠢᠯᠭ᠎ᠠ ᠪᠠᠲᠤ᠎ᠶᠢᠨ ᠰᠢ᠌ᠳᠬᠡᠯ ᠥᠭᠬᠦ᠌ ᠲᠦᠷᠢᠮ᠂ ᠬᠠᠷᠢᠭᠤᠴᠠᠯᠭ᠎ᠠ ᠲᠤᠯᠭᠠᠬᠤ ᠲᠦᠷᠢᠮ᠎ᠡᠴᠡ ᠠᠪᠤᠭᠠᠳ ᠰᠢᠨ᠎ᠡ ᠪᠠᠶ᠋ᠢᠳᠠᠯ ᠳᠣᠣᠷᠠᠬᠢ ᠨᠠᠮ᠎ᠤᠨ ᠳᠣᠲᠣᠭᠠᠳᠤ᠎ᠶᠢᠨ ᠤᠯᠤᠰ ᠲᠦᠷᠦ᠎ᠶᠢᠨ ᠠᠮᠢᠳᠤᠷᠠᠯ᠎ᠤᠨ ᠲᠤᠬᠠᠢ ᠪᠠᠷᠢᠮᠵᠢᠶ᠎ᠠ᠎ᠨᠤᠭᠤᠳ᠂ ᠨᠠᠮ᠎ᠤᠨ ᠳᠣᠲᠣᠭᠠᠳᠤ᠎ᠶᠢᠨ ᠬᠢᠨᠠᠯᠲᠠ ᠲᠠᠯᠪᠢᠬᠤ ᠲᠦᠷᠢᠮ ᠬᠦᠷᠲᠡᠯ᠎ᠡ᠂ ᠲᠠᠬᠢᠭᠠᠳ ᠠᠩᠬᠠᠳᠠᠭᠴᠢ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠰᠠᠬᠢᠯᠭ᠎ᠠ ᠪᠠᠲᠤ᠌ ᠪᠠᠶ᠋ᠢᠴᠠᠭᠠᠬᠤ ᠬᠣᠷᠢᠶ᠎ᠠ ᠵᠢᠨ ᠠᠵᠢᠯ᠎ᠤᠨ ᠲᠦᠷᠢᠮ》 ᠬᠦᠷᠲᠡᠯ᠎ᠡ ᠁ ᠰᠢᠨ᠎ᠡ ᠴᠠᠭ ᠦᠶ᠎ᠡ ᠳ᠋ᠤ ᠤᠷᠤᠬᠰᠠᠨ᠎ᠡᠴᠡ ᠨᠠᠭᠠᠰᠢ᠂ ᠠᠯᠢ ᠤᠯᠠᠨ ᠰᠠᠭᠤᠷᠢᠯᠠᠬᠤ ᠴᠢᠨᠠᠷᠲᠠᠢ ᠵᠠᠩᠭᠢᠯᠠᠭ᠎ᠠ᠎ᠶᠢᠨ ᠴᠢᠨᠠᠷᠲᠠᠢ ᠨᠠᠮ᠎ᠤᠨ ᠳᠣᠲᠣᠭᠠᠳᠤ᠎ᠶᠢᠨ ᠬᠠᠤᠯᠢ ᠲᠣᠭᠲᠠᠭᠠᠯ᠎ᠢ ᠲᠣᠭᠲᠠᠭᠠᠨ ᠵᠠᠰᠠᠪᠤᠷᠢ ᠣᠷᠣᠭᠤᠯᠵᠤ᠂ ᠰᠠᠬᠢᠯᠭ᠎ᠠ ᠪᠠᠲᠤ᠎ᠶᠢ ᠦᠨᠡᠨ ᠬᠦ᠌ ᠲᠣᠭᠲᠠᠭᠠᠵᠤ᠂ ᠴᠢᠩᠭᠠᠳᠬᠠᠵᠤ᠂ ᠴᠢᠩᠳᠠᠯᠠᠪᠠ᠃

ᠨᠠᠮ᠎ᠤᠨ ᠰᠠᠬᠢᠯᠭ᠎ᠠ ᠪᠠᠲᠤ᠎ᠶᠢ ᠴᠢᠩᠳᠠᠯᠠᠬᠤ᠎ᠳᠤ ᠡᠩ ᠲᠡᠷᠢᠭᠦᠨ᠎ᠳᠦ ᠤᠯᠤᠰ ᠲᠦᠷᠦ᠎ᠶᠢᠨ ᠰᠠᠬᠢᠯᠭ᠎ᠠ ᠪᠠᠲᠤ᠎ᠶᠢ ᠴᠢᠩᠳᠠᠯᠠᠬᠤ ᠬᠡᠷᠡᠭᠲᠡᠢ᠃

ᠨᠠᠮ᠎ᠤᠨ ᠰᠠᠬᠢᠯᠭ᠎ᠠ ᠪᠠᠲᠤ᠌ ᠪᠣᠯ ᠣᠯᠠᠨ ᠲᠠᠯ᠎ᠠ᠎ᠶᠢᠨ ᠪᠠᠶ᠋ᠢᠳᠠᠭ᠂ ᠭᠡᠪᠡᠴᠦ᠍ ᠤᠯᠤᠰ ᠲᠥᠷᠥ᠎ᠶᠢᠨ ᠰᠠᠬᠢᠯᠭ᠎ᠠ ᠪᠠᠲᠤ᠌ ᠪᠣᠯ ᠬᠠᠮᠤᠭ᠎ᠤᠨ ᠴᠢᠬᠤᠯᠠ᠂ ᠬᠠᠮᠤᠭ᠎ᠤᠨ ᠦᠨᠳᠦᠰᠦᠨ᠂ ᠬᠠᠮᠤᠭ᠎ᠤᠨ ᠵᠠᠩᠭᠢᠯᠠᠭ᠎ᠠ᠎ᠶᠢᠨ ᠰᠠᠬᠢᠯᠭ᠎ᠠ ᠪᠠᠲᠤ᠌ ᠮᠥᠨ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠡᠷᠳᠡᠢ ᠠᠴᠢ ᠬᠣᠯᠪᠣᠭᠳᠠᠯ᠎ᠢ ᠭᠦᠨᠵᠡᠭᠡᠶ ᠣᠶ᠋ᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ᠌᠎ᠵᠢ ᠲᠡᠷᠢᠭᠦᠨ ᠴᠢᠬᠤᠯᠠ ᠤᠯᠤᠰ ᠲᠥᠷᠥ᠎ᠶᠢᠨ ᠰᠠᠬᠢᠯᠭ᠎ᠠ ᠪᠠᠲᠤ᠌ ᠪᠣᠯᠭᠠᠵᠤ᠂ ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶᠢ ᠬᠠᠮᠠᠭᠠᠯᠠᠬᠤ᠎ᠶᠢ ᠬᠠᠮᠤᠭ᠎ᠤᠨ ᠦᠨᠳᠦᠰᠦᠨ ᠤᠯᠤᠰ ᠲᠥᠷᠥ᠎ᠶᠢᠨ ᠰᠠᠬᠢᠯᠭ᠎ᠠ ᠪᠠᠲᠤ᠌ ᠪᠠ ᠤᠯᠤᠰ ᠲᠥᠷᠥ᠎ᠶᠢᠨ ᠶᠣᠰᠣ ᠲᠦᠷᠢᠮ ᠪᠣᠯᠭᠠᠬᠤ ᠬᠡᠷᠡᠭᠲᠡᠶ᠃

ᠰᠠᠬᠢᠯᠭ᠎ᠠ ᠪᠠᠲᠤ᠌ ᠪᠣᠯ ᠨᠠᠮ᠎ᠢ ᠬᠠᠮᠢᠶᠠᠷᠴᠤ᠌ ᠨᠠᠮ᠎ᠢ ᠵᠠᠰᠠᠬᠤ᠎ᠶᠢᠨ《ᠰᠡᠷᠡᠮᠵᠢᠯᠡᠬᠦᠯᠦᠨ ᠵᠠᠯᠬᠠᠭᠠᠬᠤ ᠰᠢᠳᠠᠮ》ᠮᠥᠨ᠃ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢᠨ ᠦᠨᠭᠭᠡᠨ ᠲᠠᠯ᠎ᠠ ᠪᠠ ᠦᠨᠳᠦᠰᠦᠨ᠎ᠡᠴᠡ ᠨᠢ ᠵᠠᠰᠠᠬᠤ ᠬᠤᠷᠴᠠ ᠵᠡᠪᠰᠡᠭ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠲᠡᠮᠤᠷ ᠮᠡᠲᠦ᠍ ᠴᠢᠩᠭ᠎ᠠ ᠰᠠᠬᠢᠯᠭ᠎ᠠ ᠪᠠᠲᠤ᠎ᠶᠢ ᠦᠨᠡᠨ ᠬᠦ᠌ ᠨᠠᠮ᠎ᠤᠨ ᠭᠡᠰᠢᠭᠦᠨ ᠺᠠᠳ᠋ᠷᠴᠤᠳ᠎ᠤᠨ ᠡᠳᠦᠷ ᠲᠤᠳᠤᠮ᠎ᠤᠨ ᠳᠠᠳᠬᠠᠯ ᠪᠠ ᠤᠬᠠᠮᠰᠠᠷᠲᠤ᠌ ᠵᠢᠷᠤᠮᠯᠠᠯ ᠪᠣᠯᠭᠠᠨ ᠬᠤᠪᠢᠷᠠᠭᠤᠯᠵᠤ᠂ ᠪᠦᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶᠢᠨ ᠭᠦᠨᠵᠡᠭᠡᠶ᠋ᠢᠷᠡᠨ ᠬᠥᠭᠵᠢᠬᠦ᠌᠎ᠶᠢ ᠠᠬᠢᠭᠤᠯᠬᠤ ᠬᠡᠷᠡᠭᠲᠡᠢ᠃

ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠵᠢ ᠪᠠᠷᠢᠮᠲᠠᠯᠠᠪᠠ

ᠨᠠᠮ᠎ᠳᠤ ᠣᠷᠣᠬᠤ ᠲᠠᠩᠭᠠᠷᠢᠭ᠎ᠤᠨ ᠦᠭᠡᠰ᠎ᠢ ᠳᠠᠬᠢᠨ ᠡᠷᠭᠢᠴᠡᠭᠦᠯᠵᠦ᠍᠂ ᠤᠭ ᠰᠠᠨᠠᠭ᠎ᠠ᠎ᠵᠢ ᠰᠠᠨᠠᠭᠤᠯᠤᠨ ᠠᠰᠠᠭᠤᠬᠤ ᠳᠤᠮᠳᠠ ᠨᠠᠮᠴᠢ ᠴᠢᠨᠠᠷ᠎ᠤᠨ ᠪᠣᠯᠪᠠᠰᠤᠷᠠᠯ᠎ᠢ ᠴᠢᠩᠭᠠᠳᠬᠠᠪᠠ; ᠰᠡᠷᠡᠮᠵᠢᠯᠡᠭᠦᠯᠬᠦ᠌ ᠬᠥᠮᠦᠵᠢᠯ᠎ᠦᠨ ᠶᠡᠬᠡ ᠬᠤᠷᠠᠯ ᠬᠤᠷᠠᠯᠳᠤᠭᠤᠯᠵᠤ᠂ ᠰᠤᠷᠲᠠᠯ ᠰᠤᠯᠠᠷᠠᠭᠰᠠᠨ᠎ᠤ ᠠᠷᠤ᠎ᠳᠠᠬᠢ ᠦᠵᠡᠯ ᠰᠠᠨᠠᠭᠠᠨ᠎ᠤ ᠦᠨᠳᠦᠰᠦ ᠰᠤᠷᠪᠤᠯᠵᠢ᠎ᠶᠢ ᠭᠦᠨᠵᠡᠭᠡᠶ ᠠᠭᠤᠳᠠᠯᠵᠤ᠂ ᠬᠡᠷᠡᠭ᠎ᠢᠶᠡᠷ ᠥᠭᠡᠷᠡᠴᠢᠯᠡᠯᠲᠡ᠎ᠶᠢ ᠠᠬᠢᠭᠤᠯᠵᠤ᠂ ᠬᠡᠷᠡᠭ᠎ᠢᠶᠡᠷ ᠰᠤᠷᠲᠠᠯ᠎ᠢ ᠲᠥᠪ ᠪᠣᠯᠭᠠᠪᠠ; ᠭᠣᠣᠯ ᠰᠡᠳᠦᠪᠲᠦ᠍ ᠦᠵᠡᠭᠦᠯᠭᠡ᠎ᠶᠢ ᠵᠣᠬᠢᠶᠠᠨ ᠪᠠᠶ᠋ᠢᠭᠤᠯᠵᠤ ᠲᠣᠭᠣᠷᠢᠨ ᠦᠵᠡᠵᠦ᠍᠂ ᠭᠦᠨᠵᠡᠭᠡᠢ ᠪᠡᠶᠡᠴᠢᠯᠡᠨ ᠤᠢᠯᠠᠭᠠᠵᠤ ᠰᠤᠷᠤᠯᠴᠠᠬᠤ ᠳᠤᠮᠳᠠ ᠰᠠᠬᠢᠯᠭ᠎ᠠ ᠪᠠᠲᠤ᠌ ᠲᠦᠷᠢᠮ ᠲᠣᠭᠲᠠᠭᠠᠯ᠎ᠢ ᠮᠡᠳᠡᠵᠤ᠂ ᠰᠠᠬᠢᠯᠭ᠎ᠠ ᠪᠠᠲᠤ᠎ᠶᠢᠨ ᠤᠬᠠᠮᠰᠠᠷ᠎ᠢᠶᠠᠨ ᠴᠢᠩᠭᠠᠳᠬᠠᠪᠠ ᠁ 2024 ᠣᠨ᠎ᠳᠤ᠂ ᠨᠠᠮ᠎ᠤᠨ ᠰᠠᠬᠢᠯᠭ᠎ᠠ ᠪᠠᠲᠤ᠎ᠶᠢᠨ ᠰᠤᠷᠤᠯᠴᠠᠯᠭ᠎ᠠ ᠬᠥᠮᠦᠵᠢᠯ᠎ᠢ ᠪᠦᠬᠦ᠌ ᠨᠠᠮ᠎ᠳᠤ ᠭᠦᠨᠵᠡᠭᠡᠢ ᠥᠷᠨᠢᠭᠦᠯᠪᠡ᠂ ᠡᠨᠡ ᠪᠣᠯ ᠮᠠᠨ᠎ᠤ ᠨᠠᠮ᠎ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠨᠠᠮ᠎ᠤᠨ ᠰᠠᠬᠢᠯᠭ᠎ᠠ ᠪᠠᠲᠤ᠎ᠪᠠᠷ ᠭᠣᠣᠯ ᠰᠡᠳᠦᠪ ᠪᠣᠯᠭᠠᠵᠤ ᠪᠦᠬᠦ᠌ ᠨᠠᠮ᠎ᠳᠤ ᠲᠥᠪᠯᠡᠷᠡᠩᠭᠦᠢ ᠴᠢᠨᠠᠷᠲᠠᠢ ᠬᠥᠮᠦᠵᠢᠯ ᠦᠷᠨᠢᠭᠦᠯᠦᠭᠰᠡᠨ ᠶᠠᠪᠤᠳᠠᠯ ᠪᠣᠯᠤᠨ᠎ᠠ᠃

ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠎ᠶᠢ ᠵᠡᠷᠭᠡ᠎ᠪᠡᠷ ᠠᠳᠬᠤᠬᠤ᠎ᠶᠢ ᠪᠠᠷᠢᠮᠲᠠᠯᠠᠵᠤ᠂ ᠦᠵᠡᠯ ᠰᠠᠨᠠᠭᠠᠨ᠎ᠤ ᠲᠠᠯ᠎ᠠ᠎ᠪᠠᠷ ᠤᠭ ᠦᠨᠳᠦᠰᠦ᠎ᠵᠢ ᠪᠡᠬᠢᠵᠢᠭᠦᠯᠦᠨ ᠬᠦᠭᠵᠢᠭᠦᠯᠵᠦ᠂ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭᠰᠢᠯᠡᠭᠦᠯᠦᠨ᠂ ᠢᠯᠵᠢᠷᠠᠯ᠎ᠢ ᠡᠰᠡᠷᠭᠦᠴᠡᠵᠦ᠍ ᠴᠢᠨᠡᠷ ᠬᠤᠪᠢᠷᠠᠬᠤ᠎ᠶᠢ ᠰᠡᠷᠭᠡᠶ᠋ᠢᠯᠡᠬᠦ᠌ ᠴᠢᠳᠠᠪᠤᠷᠢ᠎ᠪᠠᠨ ᠨᠡᠮᠡᠭᠳᠡᠭᠦᠯᠵᠦ᠍᠂ ᠪᠠᠶᠠᠨ ᠡᠷᠬᠢᠮ᠎ᠳᠦ ᠰᠢᠨᠤᠬᠤ ᠦᠭᠡᠢ᠂ ᠶᠠᠳᠠᠭᠤ ᠲᠤᠤᠷ᠎ᠠ ᠬᠡᠵᠤ ᠵᠣᠷᠢᠭ ᠮᠣᠬᠣᠬᠤ ᠦᠭᠡᠢ᠂ ᠡᠷᠬᠡ ᠰᠦᠷ᠎ᠲᠦ᠍ ᠡᠪᠦᠳᠦᠭ ᠨᠤᠭᠤᠷᠠᠬᠤ ᠦᠭᠡᠢ ᠪᠠᠶ᠋ᠢᠬᠤ ᠲᠥᠪ ᠴᠢᠬᠡᠴᠢ ᠰᠤᠷᠲᠠᠯ᠎ᠢ ᠪᠤᠢ ᠪᠤᠯᠭᠠᠬᠤ ᠬᠡᠷᠡᠭᠲᠡᠢ ᠭᠡᠵᠦ᠍ ᠭᠦᠨᠵᠡᠭᠡᠢ ᠵᠢᠭᠠᠵᠤ ᠭᠠᠷᠭᠠᠪᠠ᠃

2025 ᠣᠨ᠎ᠤ 6 ᠰᠠᠷ᠎ᠠ᠎ᠳᠤ᠂ ᠬᠤᠪᠸᠢ ᠵᠢᠨ ᠬᠤᠸᠠᠩ ᠮᠧᠢ᠂ ᠠᠨᠾᠦ᠋ᠢ ᠵᠢᠨ ᠰᠤ᠌ ᠰᠦᠩ ᠬᠣᠶᠠᠷ ᠭᠠᠵᠠᠷ᠎ᠤᠨ ᠨᠠᠮ᠎ᠤᠨ ᠭᠡᠰᠢᠭᠦᠨ ᠺᠠᠳ᠋ᠷ ᠲᠥᠪ᠎ᠦᠨ ᠨᠠᠢ᠍ᠮᠠᠨ ᠲᠣᠭᠲᠠᠭᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠦᠨ ᠬᠤᠭᠤᠴᠠᠭᠠᠨ᠎ᠳᠤ ᠲᠣᠭᠲᠠᠭᠠᠯ᠎ᠢ ᠵᠥᠷᠢᠴᠡᠨ ᠢᠳᠡᠵᠦ᠍ ᠤᠤᠭᠤᠭᠰᠠᠨ ᠠᠰᠠᠭᠤᠳᠠᠯ᠎ᠢ ᠢᠯᠡ᠎ᠪᠡᠷ ᠵᠠᠷᠯᠠᠨ ᠨᠡᠢᠳᠡᠯᠡᠵᠤ᠂ ᠪᠦᠬᠦ᠌ ᠨᠠᠮ᠎ᠤᠨ ᠭᠡᠰᠢᠭᠦᠨ ᠺᠠᠳ᠋ᠷ᠎ᠲᠤ᠌ ᠰᠡᠷᠡᠮᠵᠢ᠎ᠶᠢᠨ ᠲᠤᠬᠢᠶ᠎ᠠ ᠥᠭᠴᠦ᠍᠂ ᠥᠷᠭᠡᠨ ᠤᠯᠠᠨ ᠨᠠᠮ᠎ᠤᠨ ᠭᠡᠰᠢᠭᠦᠨ᠎ᠳᠤ ᠰᠠᠬᠢᠯᠭ᠎ᠠ ᠪᠠᠲᠤ᠌ ᠶᠣᠰᠣ ᠲᠦᠷᠢᠮ᠎ᠢ ᠴᠠᠭ ᠢᠮᠠᠭᠲᠠ ᠴᠢᠩᠳᠠᠯᠠᠬᠤ ᠬᠡᠷᠡᠭᠲᠡᠢ ᠭᠡᠵᠦ᠍ ᠰᠠᠨᠠᠭᠤᠯᠪᠠ᠃

ᠨᠠᠮ᠎ᠤᠨ ᠭᠡᠰᠢᠭᠦᠨ᠎ᠦ 《ᠬᠠᠤᠯᠢ᠎ᠡᠴᠡ ᠵᠦᠷᠢᠴᠡᠬᠦ᠌》 ᠨᠢ ᠴᠥᠮ 《ᠰᠠᠬᠢᠯᠭ᠎ᠠ ᠪᠠᠲᠤ᠎ᠶᠢ ᠵᠦᠷᠢᠴᠡᠬᠦ》 ᠡᠴᠡ ᠡᠬᠢᠯᠡᠳᠡᠭ᠃ ᠨᠠᠮ᠎ᠤᠨ ᠰᠢᠨᠵᠢ ᠴᠢᠨᠠᠷ᠂ ᠵᠣᠷᠢᠯᠲᠠ ᠨᠢ ᠴᠥᠮ ᠰᠠᠬᠢᠯᠭ᠎ᠠ ᠪᠠᠲᠤ᠎ᠶᠢ ᠬᠠᠤᠯᠢ ᠴᠠᠭᠠᠵᠠ᠎ᠡᠴᠡ ᠴᠢᠩᠭ᠎ᠠ ᠪᠠᠶ᠋ᠢᠯᠭᠠᠵᠤ᠂ ᠰᠠᠬᠢᠯᠭ᠎ᠠ ᠪᠠᠲᠤ᠎ᠨᠢ ᠬᠠᠤᠯᠢ ᠴᠠᠭᠠᠵᠠ᠎ᠶᠢᠨ ᠡᠮᠦᠨ᠎ᠡ ᠪᠠᠢᠬᠤ᠎ᠶᠢ ᠲᠣᠭᠲᠠᠭᠠᠵᠠᠢ᠃

ᠭᠠᠭᠴᠠ ᠬᠦ᠌ ᠰᠠᠬᠢᠯᠭ᠎ᠠ ᠪᠠᠲᠤ᠎ᠶᠢ ᠲᠡᠷᠢᠭᠦᠨ᠎ᠳᠦ ᠲᠠᠯᠪᠢᠪᠠᠯ ᠰᠠᠶᠢ 《ᠰᠠᠬᠢᠯᠭ᠎ᠠ ᠪᠠᠲᠤ᠎ᠶᠢ ᠵᠥᠷᠢᠴᠡᠬᠦ᠌ ᠨᠢ ᠪᠠᠭ᠎ᠠ ᠤᠴᠢᠷ ᠲᠡᠳᠦᠢ᠂ ᠬᠠᠤᠯᠢ᠎ᠶᠢ ᠵᠥᠷᠢᠴᠡᠪᠡᠯ ᠰᠠᠶᠢ ᠰᠢ᠌ᠳᠬᠡᠯ ᠦᠬᠬᠦ》 ᠬᠡᠪ᠎ᠦᠨ ᠪᠤᠰᠤ ᠪᠠᠶ᠋ᠢᠳᠠᠯ᠎ᠢ ᠢᠯᠡᠨ ᠲᠠᠪᠠᠵᠤ᠂ ᠰᠠᠶᠢ ᠦᠷᠭᠦᠯᠵᠢᠯᠡᠨ ᠨᠠᠮ᠎ᠤᠨ ᠰᠤᠷᠲᠠᠯ ᠵᠠᠰᠠᠭ᠎ᠤᠨ ᠰᠤᠷᠲᠠᠯ᠎ᠢ ᠴᠡᠪᠡᠷᠰᠢᠭᠦᠯᠵᠦ᠍᠂ ᠪᠦᠬᠦ᠌ ᠨᠠᠮ᠎ᠤᠨ ᠦᠵᠡᠯ ᠰᠠᠨᠠᠭ᠎ᠠ᠎ᠶᠢ ᠨᠢᠭᠡᠳᠬᠡᠵᠦ᠍᠂ ᠪᠦᠬᠦ᠌ ᠨᠠᠮ᠎ᠤᠨ ᠬᠦᠴᠦᠨ᠎ᠢ ᠨᠢᠭᠲᠠᠷᠠᠭᠤᠯᠵᠤ᠂ ᠪᠦᠬᠦ᠌ ᠨᠠᠮ᠎ᠢ 《ᠪᠤᠯᠤᠳ ᠲᠡᠮᠦᠷ ᠮᠡᠳᠦ ᠪᠠᠲᠤ᠌ ᠪᠡᠬᠢ》 ᠪᠣᠯᠭᠠᠨ ᠪᠦᠯᠬᠦᠮᠳᠡᠭᠦᠯᠬᠦ᠌᠎ᠶᠢ ᠪᠠᠲᠤᠯᠠᠵᠤ ᠴᠢᠳᠠᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠨᠠᠮ᠎ᠤᠨ ᠰᠠᠬᠢᠯᠭ᠎ᠠ ᠪᠠᠲᠤ᠎ᠶᠢᠨ ᠪᠠᠶ᠋ᠢᠭᠤᠯᠤᠯᠲᠠ᠎ᠶᠢ ᠦᠷᠭᠦᠯᠵᠢᠯᠡᠨ ᠴᠢᠩᠭ᠎ᠠ ᠠᠳᠬᠤᠵᠤ ᠴᠢᠩᠭ᠎ᠠ ᠬᠠᠮᠢᠶᠠᠷᠴᠤ᠌᠂ ᠮᠠᠰᠢ ᠤᠯᠠᠨ ᠺᠠᠳ᠋ᠷ ᠰᠠᠨᠠᠭᠠᠴᠢᠯᠠᠭᠠᠲᠤ᠌ ᠪᠤᠰᠤ᠎ᠪᠠᠷ ᠬᠢᠵᠠᠭᠠᠷᠯᠠᠯ᠎ᠢ ᠬᠦᠯᠢᠶᠡᠵᠤ ᠪᠠᠶ᠋ᠢᠭᠰᠠᠨ᠎ᠡᠴᠡ᠎ᠪᠠᠨ ᠰᠠᠨᠠᠭᠠᠴᠢᠯᠠᠭ᠎ᠠ᠎ᠡᠴᠡ᠎ᠪᠠᠨ ᠵᠢᠷᠤᠮᠯᠠᠬᠤ᠂ ᠠᠵᠠ ᠬᠠᠷᠠᠵᠤ ᠭᠣᠷᠢᠳᠠᠬᠤ ᠪᠤᠳᠤᠯ᠎ᠲᠠᠶ ᠪᠠᠶ᠋ᠢᠭᠰᠠᠨ᠎ᠡᠴᠡ᠎ᠪᠠᠨ ᠬᠠᠤᠯᠢ ᠴᠠᠭᠠᠵᠠ ᠰᠠᠬᠢᠯᠭ᠎ᠠ ᠪᠠᠳᠤ᠎ᠶᠢ ᠪᠢᠰᠢᠷᠡᠨ ᠵᠢᠷᠦᠬᠡᠰᠢᠶᠡᠬᠦ᠌ ᠪᠣᠯᠤᠭᠰᠠᠨ ᠬᠤᠪᠢᠷᠠᠯᠲᠠ᠎ᠶᠢ ᠠᠯᠬᠤᠮ ᠠᠯᠬᠤᠮ᠎ᠢᠶᠠᠷ ᠪᠡᠶᠡᠯᠡᠭᠦᠯᠵᠦ᠍᠂ ᠦᠵᠡᠯ ᠰᠠᠨᠠᠭᠠᠨ᠎ᠤ ᠪᠠᠷᠢᠮᠵᠢᠶ᠎ᠠ ᠪᠠᠨ ᠣᠨᠣᠪᠴᠢᠲᠠᠢ ᠪᠤᠯᠭᠠᠵᠤ᠂ ᠦᠢᠯᠡ ᠠᠵᠢᠯᠯᠠᠭ᠎ᠠ᠎ᠶᠢᠨ ᠵᠠᠯᠠᠭᠤᠷ᠎ᠢᠶᠠᠨ ᠲᠤᠬᠢᠷᠠᠭᠤᠯᠵᠤ᠂ ᠰᠤᠷᠲᠠᠯ᠎ᠤᠨ ᠬᠥᠪᠴᠢ᠎ᠪᠡᠨ ᠴᠢᠩᠭᠠᠯᠠᠪᠠ᠃

ᠶᠡᠷᠦᠩᠬᠡᠢ ᠱᠦᠵᠢ ᠰᠢ ᠵᠢᠨ ᠫᠢᠩ᠄ 《ᠴᠢᠩᠭ᠎ᠠ ᠬᠠᠮᠢᠶᠠᠷᠴᠤ᠌ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠭᠦᠯ ᠴᠢᠷᠮᠠᠢᠯᠭ᠎ᠠ ᠭᠠᠷᠭᠠᠬᠤ᠎ᠶᠢ ᠵᠣᠷᠢᠭᠵᠢᠭᠤᠯᠬᠤ᠎ᠶᠢ ᠨᠢᠭᠡᠳᠬᠡᠵᠦ᠍᠂ ᠺᠠᠳ᠋ᠷ᠎ᠤᠨ ᠲᠦᠷᠢᠮ ᠲᠣᠭᠲᠠᠭᠠᠯ ᠰᠠᠬᠢᠯᠭ᠎ᠠ ᠪᠠᠲᠤ᠎ᠶᠢ ᠵᠢᠷᠤᠮᠯᠠᠬᠤ ᠳᠤᠮᠳᠠ ᠥᠭᠡᠷᠡᠴᠢᠯᠡᠯᠲᠡ ᠬᠢᠵᠦ᠍ ᠰᠢᠨ᠎ᠡ᠎ᠶᠢ ᠡᠭᠦᠳᠬᠦ᠌᠂ ᠠᠵᠢᠯ ᠬᠢᠵᠦ᠍ ᠦᠢᠯᠡᠰ ᠪᠤᠰᠬᠠᠬᠤ ᠵᠢ ᠵᠤᠷᠢᠬᠵᠢᠭᠤᠯᠬᠤ ᠬᠡᠷᠡᠭᠲᠡᠢ》 ᠭᠡᠵᠦ ᠴᠢᠬᠤᠯᠠᠴᠢᠯᠠᠪᠠ᠃

ᠣᠳᠣᠬᠠᠨ᠎ᠳᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ᠎ᠦᠨ ᠬᠥᠭᠵᠢᠯᠲᠡ᠎ᠵᠢ ᠠᠬᠢᠭᠤᠯᠬᠤ ᠡᠮᠦᠨ᠎ᠡ ᠹᠷᠣᠨᠲ᠎ᠲᠤ᠌᠂ ᠨᠢᠭᠡ ᠲᠠᠯ᠎ᠠ᠎ᠪᠠᠷ ᠰᠠᠬᠢᠯᠭ᠎ᠠ ᠪᠠᠲᠤ᠎ᠶᠢᠨ ᠬᠢᠨᠠᠨ ᠪᠠᠶ᠋ᠢᠴᠠᠭᠠᠯᠲᠠ᠎ᠶᠢ ᠪᠠᠶ᠋ᠢᠩᠭᠤ ᠥᠷᠨᠢᠭᠦᠯᠵᠦ᠍᠂ ᠲᠦᠷᠦᠯ ᠵᠦᠢᠯ ᠭᠤᠶᠤᠴᠢᠯᠠᠨ ᠮᠡᠳᠡᠭᠦᠯᠬᠦ᠌᠂ ᠪᠡᠯᠡ ᠮᠥᠩᠭᠥ᠌ ᠵᠢ ᠰᠢᠯᠵᠢᠭᠦᠯᠦᠨ ᠥᠭᠬᠦ᠌ ᠳᠤᠮᠳᠠᠬᠢ ᠢᠳᠡᠬᠦ᠌ ᠲᠦᠪᠡᠭ᠌ᠳᠡᠭᠦᠯᠬᠦ᠌ ᠭᠠᠴᠢᠬᠤ ᠠᠪᠬᠤ᠂ ᠲᠦᠷᠦᠯ ᠰᠠᠳᠤᠨ ᠨᠠᠶ᠋ᠢᠵᠠ ᠨᠥᠬᠥᠳ᠎ᠢᠶᠡᠨ ᠬᠠᠷᠠᠭᠠᠯᠵᠠᠬᠤ ᠵᠡᠷᠭᠡ ᠠᠵᠢᠯᠯᠠᠭ᠎ᠠ᠎ᠶᠢ ᠴᠢᠩᠭ᠎ᠠ ᠪᠠᠶ᠋ᠢᠴᠠᠭᠠᠵᠤ ᠪᠠᠶ᠋ᠢᠨ᠎ᠠ; ᠨᠢᠭᠡ ᠲᠠᠯ᠎ᠠ᠎ᠪᠠᠷ ᠠᠯᠳᠠᠭ᠎ᠠ ᠪᠤᠷᠤᠭᠤ᠎ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ᠎ᠶᠢ ᠵᠠᠯᠠᠷᠠᠭᠤᠯᠬᠤ ᠨᠠᠷᠢᠨ ᠲᠠᠩᠰᠠ᠎ᠶᠢ ᠨᠠᠷᠢᠯᠢᠬᠵᠢᠭᠤᠯᠵᠤ᠂ ᠵᠣᠷᠢᠭᠲᠠᠢ ᠲᠡᠮᠡᠴᠡᠵᠦ ᠵᠣᠷᠢᠭᠲᠠᠢ ᠬᠢᠬᠦ᠌᠂ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠪᠣᠯᠪᠠᠴᠤ᠌ ᠵᠠᠷᠴᠢᠮ᠎ᠤᠨ ᠴᠢᠨᠠᠷᠲᠠᠢ ᠪᠤᠰᠤ ᠠᠯᠳᠠᠭ᠎ᠠ ᠭᠠᠷᠭᠠᠭᠰᠠᠨ ᠺᠠᠳ᠋ᠷ᠎ᠢ ᠲᠦᠷᠢᠮ ᠲᠣᠭᠲᠠᠭᠠᠯ ᠶᠣᠰᠣᠭᠠᠷ ᠬᠠᠷᠢᠭᠤᠴᠠᠯᠭ᠎ᠠ᠎ᠡᠴᠡ ᠭᠡᠯᠳᠤᠷᠢᠬᠦᠯᠤᠨ ᠬᠠᠷᠢᠭᠤᠴᠠᠯᠭ᠎ᠠ᠎ᠶᠢ ᠨᠢ ᠬᠥᠩᠭᠡᠷᠡᠭᠦᠯᠪᠡ ᠁ ᠨᠢᠭᠡ ᠪᠦᠯᠦᠭ ᠦᠨᠳᠦᠰᠦᠨ ᠱᠠᠲᠤᠨ᠎ᠤ ᠺᠠᠳ᠋ᠷ᠎ᠢ ᠬᠦᠰᠭᠡ ᠬᠦᠨᠭᠭᠡᠨ᠎ᠢᠶᠡᠷ ᠳᠠᠢᠯᠠᠯᠳᠤᠭᠠᠨ᠎ᠳᠤ ᠤᠷᠤᠯᠴᠠᠭᠤᠯᠵᠤ᠂ ᠰᠠᠬᠢᠯᠭ᠎ᠠ ᠪᠠᠲᠤ᠌ ᠨᠢ ᠠᠵᠢᠯ ᠬᠢᠬᠦ᠌᠎ᠶᠢ ᠬᠢᠵᠠᠭᠠᠷᠯᠠᠬᠤ 《ᠬᠦᠯᠢᠶᠡᠰᠦ》 ᠪᠢᠰᠢ᠂ ᠬᠠᠷᠢᠨ ᠦᠢᠯᠡᠰ ᠪᠤᠰᠬᠠᠬᠤ᠎ᠶᠢ ᠬᠠᠮᠠᠭᠠᠯᠠᠬᠤ ᠬᠠᠯᠬᠠᠪᠴᠢ ᠪᠣᠯᠬᠤ᠎ᠶᠢ ᠠᠮᠢᠳᠤᠯᠢᠭ᠎ᠢᠶᠠᠷ ᠭᠡᠷᠡᠴᠢᠯᠡᠪᠡ᠃

ᠰᠠᠬᠢᠯᠭ᠎ᠠ ᠪᠠᠲᠤ᠌ ᠴᠢᠩᠭ᠎ᠠ ᠪᠣᠯ ᠲᠥᠪ ᠴᠢᠬᠡᠴᠢ ᠪᠠᠶ᠋ᠢᠵᠤ᠂ ᠲᠥᠪ ᠴᠢᠬᠡᠴᠢ ᠪᠣᠯ ᠰᠡᠳᠬᠢᠯ ᠨᠢᠭᠡᠳᠴᠤ᠂ ᠰᠡᠳᠬᠢᠯ ᠨᠢᠭᠡᠲᠡᠢ ᠪᠣᠯ ᠠᠵᠢᠯ ᠶᠠᠪᠤᠳᠠᠯ ᠪᠦᠲᠦᠨ᠎ᠡ᠃

ᠲᠦᠪ ᠴᠢᠩᠭ᠎ᠠ ᠰᠠᠬᠢᠯᠭ᠎ᠠ ᠪᠠᠲᠤ᠎ᠪᠠᠷ ᠪᠦᠬᠦ᠌ ᠨᠠᠮ᠎ᠢ ᠬᠠᠮᠢᠶᠠᠷᠴᠤ ᠪᠦᠬᠦ᠌ ᠨᠠᠮ᠎ᠢ ᠵᠠᠰᠠᠬᠤ᠎ᠶᠢ ᠪᠠᠷᠢᠮᠲᠠᠯᠠᠪᠠᠯ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ᠎ᠢ ᠨᠡᠩ ᠰᠠᠶ᠋ᠢᠲᠤᠷ ᠬᠦᠳᠦᠯᠦᠨ ᠵᠢᠯᠣᠭᠣᠳᠴᠤ᠌ ᠵᠣᠷᠢᠭᠲᠠᠢ᠎ᠪᠠᠷ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠰᠢᠨ᠎ᠡ ᠠᠶᠠᠨ᠎ᠳᠤ ᠡᠷᠡᠯᠬᠡᠭᠯᠡᠨ ᠲᠡᠮᠡᠴᠡᠵᠦ᠍᠂ ᠭᠠᠪᠢᠶ᠎ᠠ ᠪᠠᠶ᠋ᠢᠭᠤᠯᠤᠨ ᠦᠢᠯᠡᠰ ᠪᠦᠲᠦᠭᠡᠬᠦ᠌ ᠨᠢ ᠯᠠᠪᠲᠠᠢ᠃

(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ ᠡᠴᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号