ᠨᠠᠮ ᠴᠥᠬᠥᠷᠡᠰᠢ ᠥᠬᠡᠶ ᠲᠡᠮᠡᠴᠡᠵᠦ᠍ ᠠᠷᠠᠳ ᠲᠦᠮᠡᠨ᠎ᠢ ᠤᠳᠤᠷᠢᠳᠤᠨ ᠠᠭᠤᠤ ᠶᠡᠬᠡ ᠠᠮᠵᠢᠯᠲᠠ ᠵᠢ ᠡᠭᠦᠳᠪᠡ
2026-07-09 09:32:21
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠰᠢᠭᠦᠮᠵᠢᠯᠡᠭᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠢ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ


《ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠴᠥᠬᠥᠷᠡᠰᠢ ᠥᠬᠡᠶ ᠲᠡᠮᠡᠴᠡᠵᠦ᠍᠂ ᠰᠢᠨ᠎ᠡ ᠠᠷᠠᠳᠴᠢᠯᠠᠭᠰᠠᠨ ᠬᠤᠪᠢᠰᠬᠠᠯ᠂ ᠨᠡᠶ᠋ᠢᠭᠡᠮ ᠵᠢᠷᠤᠮ᠎ᠤᠨ ᠬᠤᠪᠢᠰᠬᠠᠯ ᠪᠣᠯᠤᠨ ᠪᠥᠲᠥᠭᠡᠨ ᠪᠠᠶ᠋ᠢᠭᠤᠯᠤᠯᠲᠠ᠂ ᠥᠭᠡᠷᠡᠴᠢᠯᠡᠯᠲᠡ ᠨᠡᠭᠡᠭᠡᠯᠲᠡ ᠪᠣᠯᠤᠨ ᠨᠡᠶ᠋ᠢᠭᠡᠮ ᠵᠢᠷᠤᠮ᠎ᠤᠨ ᠣᠳᠣᠬᠢᠴᠢᠯᠠᠯᠳᠠ ᠵᠢᠨ ᠪᠥᠲᠥᠭᠡᠨ ᠪᠠᠶ᠋ᠢᠭᠤᠯᠤᠯᠲᠠ᠂ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠠᠭᠤᠤ ᠶᠡᠬᠡ ᠠᠮᠵᠢᠯᠲᠠ ᠪᠦᠲᠦᠮᠵᠢ᠎ᠶᠢ ᠡᠭᠦᠳᠴᠦ᠍᠂ ᠳᠤᠮᠳᠠᠳᠤ᠎ᠶᠢᠨ ᠦᠨᠳᠦᠰᠦᠲᠡᠨ᠎ᠦ ᠬᠡᠳᠦᠨ ᠮᠢᠩᠭᠠᠨ ᠵᠢᠯ᠎ᠦᠨ ᠲᠡᠦᠬᠡᠨ ᠳᠡᠭᠡᠷᠡᠬᠢ ᠬᠠᠮᠤᠭ᠎ᠤᠨ ᠰᠦᠷᠯᠢᠭ ᠠᠤᠭ᠎ᠠ ᠲᠤᠤᠯᠢᠰ᠎ᠢ ᠪᠢᠴᠢᠭᠯᠡᠪᠡ》᠃

ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ᠌ ᠶᠡᠬᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ᠂ ᠮᠠᠨ᠎ᠤ ᠨᠠᠮ᠎ᠤᠨ ᠶᠠᠪᠤᠵᠤ ᠦᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠶᠠᠪᠤᠴᠠ᠎ᠶᠢ ᠭᠦᠨ ᠰᠡᠳᠬᠢᠯᠭᠡ᠎ᠲᠡᠶ᠎ᠪᠡᠷ ᠡᠷᠭᠢᠴᠡᠭᠦᠯᠵᠦ᠍᠂ ᠮᠠᠨ᠎ᠤ ᠨᠠᠮ᠎ᠤᠨ ᠳᠤᠮᠳᠠᠳᠤ ᠤᠯᠤᠰ᠎ᠤᠨ ᠠᠷᠠᠳ ᠲᠦᠮᠡᠨ᠎ᠳᠦ ᠵᠣᠯ ᠵᠢᠷᠭᠠᠯ ᠡᠳ᠋ᠯᠡᠭᠦᠯᠬᠦ᠌᠂ ᠳᠤᠮᠳᠠᠳᠤ᠎ᠶᠢᠨ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠵᠢ ᠢᠮᠠᠬᠳᠠ ᠪᠠᠷᠢᠮᠳᠠᠯᠠᠵᠤ ᠡᠭᠦᠳᠦᠭᠰᠡᠨ ᠠᠭᠤᠤ ᠶᠡᠬᠡ ᠠᠮᠵᠢᠯᠲᠠ ᠪᠦᠲᠦᠮᠵᠢ᠎ᠶᠢ ᠬᠤᠷᠢᠶᠠᠩᠭᠤᠶ᠋ᠢᠯᠠᠵᠤ᠂ ᠰᠢᠨ᠎ᠡ ᠴᠠᠭ ᠦᠶ᠎ᠡ᠎ᠶᠢᠨ ᠪᠦᠬᠦ᠌ ᠳᠤᠮᠳᠠᠳᠤ ᠤᠯᠤᠰ᠎ᠤᠨ ᠡᠪ ᠬᠠᠮᠲᠤᠴᠤᠳ ᠤ᠋ᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠨᠡᠩ ᠤᠬᠠᠮᠰᠠᠷ᠎ᠡᠴᠡ᠎ᠪᠠᠨ ᠦᠢᠯᠡᠳᠦᠯᠭᠡᠵᠢᠭᠦᠯᠵᠦ᠍᠂ ᠨᠡᠩ ᠡᠷᠡᠰ ᠪᠠᠲᠤ᠌ ᠡᠷᠡᠮᠡᠬᠡᠶ᠋ᠢᠯᠡᠨ ᠤᠷᠤᠭᠰᠢᠯᠠᠬᠤ᠎ᠶᠢ ᠵᠣᠷᠢᠭᠵᠢᠭᠤᠯᠪᠠ᠃

105 ᠵᠢᠯ᠎ᠦᠨ ᠲᠡᠮᠡᠴᠡᠯ᠎ᠦᠨ ᠠᠶᠠᠨ ᠰᠦᠷ ᠳᠠᠯᠠᠶ᠋ᠢᠴᠠᠲᠠᠢ᠂  ᠵᠢᠪᠬᠤᠭ᠎ᠠ ᠲᠡᠭᠦᠯᠳᠡᠷ ᠶᠤᠮ᠃ ᠠᠤᠭ᠎ᠠ ᠲᠤᠤᠯᠢᠰ᠎ᠤᠨ ᠡᠬᠢᠯᠡᠯᠲᠡ᠎ᠶᠢᠨ ᠬᠡᠰᠡᠭ ᠲᠤᠨᠢ ᠬᠠᠷᠢᠨ ᠤᠷᠤᠭᠤᠳᠠᠨ ᠳᠣᠷᠣᠶ᠋ᠢᠳᠠᠭᠰᠠᠨ ᠦᠵᠡᠭᠳᠡᠯ ᠲᠠᠢ ᠪᠠᠢᠯ᠎ᠠ᠃

1840 ᠣᠨ᠎ᠤ ᠬᠠᠷ᠎ᠠ ᠲᠠᠮᠠᠬᠢ᠎ᠶᠢᠨ ᠲᠠᠢ᠌ᠨ᠎ᠦ ᠲᠠᠷᠠᠭ᠎ᠠ᠂ ᠤᠯᠤᠰ ᠣᠷᠣᠨ ᠭᠤᠲᠤᠭᠠᠯ ᠲᠤᠷᠤᠮᠵᠢᠯᠠᠯ᠎ᠳᠤ ᠤᠴᠠᠷᠠᠵᠤ᠂ ᠠᠷᠠᠳ ᠲᠦᠮᠡᠨ ᠭᠠᠢ ᠵᠣᠪᠠᠯᠠᠩ ᠠᠮᠰᠠᠵᠤ᠂ ᠰᠤᠶᠤᠯ ᠪᠣᠯᠪᠠᠰᠤᠨ ᠲᠣᠭᠣᠰᠣᠨ᠎ᠳᠤ ᠳᠠᠷᠤᠭᠳᠠᠵᠤ᠂ ᠳᠤᠮᠳᠠᠳᠤ᠎ᠶᠢᠨ ᠦᠨᠳᠦᠰᠦᠲᠡᠨ ᠤᠷᠢᠳ ᠡᠮᠦᠨ᠎ᠡ ᠭᠠᠷᠤᠭ᠎ᠠ ᠦᠭᠡᠢ ᠭᠠᠢ ᠭᠠᠰᠠᠯᠠᠩ᠎ᠳᠤ ᠤᠴᠠᠷᠠᠪᠠ᠃ ᠬᠡᠴᠢᠨᠡᠭᠡᠨ ᠤᠳᠠᠭ᠎ᠠ ᠡᠷᠢᠵᠦ᠍ ᠬᠠᠢᠵᠤ᠂ ᠬᠡᠴᠢᠨᠡᠭᠡᠨ ᠠᠤᠭ᠎ᠠ ᠵᠣᠷᠢᠭ ᠪᠡᠶᠡᠯᠡᠭᠳᠡᠭᠡ ᠦᠭᠡᠢ ᠪᠤᠢ!

《ᠳᠤᠮᠳᠠᠳᠤ ᠤᠯᠤᠰ᠎ᠲᠤ᠌ ᠡᠪ ᠬᠠᠮᠲᠤ᠌ ᠨᠠᠮ ᠮᠡᠨᠳᠦᠯᠡᠪᠡ᠂ ᠡᠨᠡ ᠪᠣᠯ ᠭᠠᠯᠪᠠ ᠳᠡᠯᠡᠬᠡᠶ᠎ᠶᠢ ᠲᠣᠭᠲᠠᠭᠠᠭᠰᠠᠨ ᠶᠡᠬᠡ ᠬᠡᠷᠡᠭ ᠬᠤᠪᠢᠰᠤᠯ ᠮᠥᠨ》᠃ ᠡᠭᠦᠨ᠎ᠡᠴᠡ ᠡᠬᠢᠯᠡᠨ᠂ ᠳᠤᠮᠳᠠᠳᠤ ᠤᠯᠤᠰ᠎ᠤᠨ ᠠᠷᠠᠳ ᠲᠦᠮᠡᠨ ᠪᠣᠯᠤᠨ ᠳᠤᠮᠳᠠᠳᠤ᠎ᠶᠢᠨ ᠦᠨᠳᠦᠰᠦᠲᠡᠨ ᠬᠠᠮᠤᠭ᠎ᠤᠨ ᠨᠠᠶ᠋ᠢᠳᠠᠪᠤᠷᠢᠲᠠᠢ ᠲᠦᠰᠢᠭ ᠲᠤᠯᠭᠠᠭᠤᠷᠢ᠎ᠲᠠᠶ ᠪᠤᠯᠵᠤ᠂ ᠳᠤᠮᠳᠠᠳᠤ ᠤᠯᠤᠰ᠎ᠤᠨ ᠠᠷᠠᠳ ᠲᠦᠮᠡᠨ ᠤᠶᠤᠨ ᠰᠠᠨᠠᠭᠠᠨ᠎ᠤ ᠲᠠᠯ᠎ᠠ᠎ᠪᠠᠷ ᠰᠠᠨᠠᠭᠠᠴᠢᠯᠠᠭ᠎ᠠ ᠦᠭᠡᠢ ᠪᠠᠶ᠋ᠢᠭᠰᠠᠨ᠎ᠡᠴᠡ᠎ᠪᠠᠨ ᠰᠠᠨᠠᠭᠠᠴᠢᠯᠠᠭ᠎ᠠ᠎ᠲᠠᠶ ᠪᠤᠯᠵᠤ᠂ ᠳᠣᠲᠣᠭᠠᠳᠤ᠎ᠶᠢᠨ ᠵᠣᠪᠠᠯᠠᠩ ᠭᠠᠳᠠᠭᠠᠳᠤ᠎ᠶᠢᠨ ᠠᠶᠤᠯ᠎ᠳᠤ ᠤᠴᠠᠷᠠᠵᠤ᠂ ᠶᠠᠳᠠᠭᠤ ᠪᠠᠭᠤᠷᠠᠢ ᠪᠠᠶ᠋ᠢᠭᠰᠠᠨ ᠳᠤᠮᠳᠠᠳᠤ ᠤᠯᠤᠰ ᠲᠩᠷᠢ ᠭᠠᠵᠠᠷ᠎ᠢ ᠳᠣᠩᠰᠣᠯᠭᠠᠮ᠎ᠠ ᠯᠤᠲᠤ᠌ ᠶᠡᠬᠡ ᠬᠤᠪᠢᠷᠠᠯᠲᠠ᠎ᠶᠢ ᠡᠬᠢᠯᠡᠭᠦᠯᠵᠦ᠍᠂ ᠳᠤᠮᠳᠠᠳᠤ᠎ᠶᠢᠨ ᠦᠨᠳᠦᠰᠦᠲᠡᠨ ᠬᠦᠴᠢᠷ ᠪᠡᠷᠬᠡᠰᠢᠶᠡᠯ᠎ᠲᠡᠶ ᠪᠣᠯᠪᠠᠴᠤ᠌ ᠬᠤᠷᠢᠭᠯᠠᠭᠳᠠᠰᠢ ᠦᠭᠡᠢ᠎ᠪᠡᠷ ᠠᠭᠤᠤ ᠶᠡᠬᠡ ᠰᠡᠷᠭᠦᠨ ᠮᠠᠨᠳᠤᠯᠲᠠ ᠲᠡᠶ᠋ᠢᠰᠢ ᠤᠷᠤᠭᠰᠢᠯᠠᠵᠤ ᠡᠬᠢᠯᠡᠪᠡ᠃

105 ᠵᠢᠯ᠎ᠦᠨ ᠰᠠᠯᠬᠢ ᠪᠣᠷᠣᠭᠠᠨ᠎ᠢ ᠰᠥᠷᠴᠦ᠍᠂ ᠬᠠᠷᠰᠢ ᠰᠠᠭᠠᠳ᠎ᠢ ᠢᠯᠠᠨ ᠳᠠᠪᠠᠵᠤ᠂ ᠨᠠᠮ ᠪᠣᠯᠤᠨ ᠠᠷᠠᠳ ᠲᠦᠮᠡᠨ᠎ᠦ ᠦᠢᠯᠡᠰ ᠲᠠᠰᠤᠷᠠᠯᠳᠠ ᠦᠭᠡᠢ ᠢᠯᠠᠯᠲᠠ᠎ᠡᠴᠡ ᠰᠢᠨ᠎ᠡ ᠢᠯᠠᠯᠲᠠ ᠲᠡᠢᠰᠢ ᠤᠷᠤᠭᠰᠢᠯᠠᠪᠠ᠃ 《ᠳᠤᠮᠳᠠᠳᠤ ᠤᠯᠤᠰ᠎ᠤᠨ ᠠᠷᠠᠳ ᠲᠦᠮᠡᠨ᠎ᠦ ᠢᠷᠡᠭᠡᠳᠦᠢ ᠬᠤᠪᠢ ᠵᠠᠶᠠᠭ᠎ᠠ᠎ᠶᠢ ᠦᠨᠳᠦᠰᠦᠨ᠎ᠡᠴᠡ ᠨᠢ ᠬᠤᠪᠢᠷᠠᠭᠤᠯᠪᠠ》᠂ 《ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠵᠥᠪ ᠵᠠᠮ᠎ᠢ ᠨᠡᠭᠡᠭᠡᠪᠡ》᠂ 《ᠮᠠᠷᠺᠰ᠎ᠤᠨ ᠦᠵᠡᠯ᠎ᠦᠨ ᠬᠦᠴᠦᠷᠬᠡᠭ ᠶᠡᠬᠡ ᠠᠮᠢᠵᠢᠷᠠᠯ᠎ᠤᠨ ᠬᠦᠴᠦᠨ᠎ᠢ ᠢᠯᠡᠷᠡᠭᠦᠯᠪᠡ》᠂ 《ᠳᠡᠯᠡᠬᠡᠢ᠎ᠶᠢᠨ ᠲᠡᠦᠬᠡ᠎ᠶᠢᠨ ᠠᠬᠢᠴᠠ᠎ᠶᠢ ᠭᠦᠨᠵᠡᠭᠡᠢ ᠨᠥᠯᠥᠭᠡᠯᠡᠪᠡ》᠂ 《ᠬᠦᠴᠦᠷᠬᠡᠭ ᠶᠡᠬᠡ ᠳᠤᠮᠳᠠᠳᠤ ᠤᠯᠤᠰ᠎ᠤᠨ ᠡᠪ ᠬᠠᠮᠲᠤ᠌ ᠨᠠᠮ᠎ᠢ ᠳᠠᠪᠲᠠᠨ ᠪᠤᠯᠪᠠᠰᠤᠷᠠᠭᠤᠯᠪᠠ》᠂ ᠶᠡᠷᠦᠩᠬᠡᠢ ᠱᠦᠵᠢ ᠰᠢ ᠵᠢᠨ ᠫᠢᠩ ᠠᠤᠭ᠎ᠠ ᠶᠡᠬᠡ ᠲᠡᠦᠬᠡ᠎ᠶᠢᠨ ᠬᠠᠷᠠᠭᠠᠰᠤ ᠡᠴᠡ᠂ ᠮᠠᠨ᠎ᠤ ᠨᠠᠮ᠎ᠤᠨ 105 ᠵᠢᠯ᠎ᠦᠨ ᠴᠥᠬᠥᠷᠡᠰᠢ ᠦᠭᠡᠢ ᠲᠡᠮᠡᠴᠡᠵᠦ᠍ ᠡᠭᠦᠳᠦᠨ ᠪᠦᠲᠦᠭᠡᠭᠰᠡᠨ ᠠᠭᠤᠤ ᠶᠡᠬᠡ ᠠᠮᠵᠢᠯᠲᠠ᠎ᠶᠢ ᠲᠠᠪᠤᠨ ᠲᠠᠯ᠎ᠠ᠎ᠡᠴᠡ ᠭᠦᠨᠵᠡᠭᠡᠢ ᠳ᠋ᠦᠩᠨᠡᠪᠡ᠃

ᠡᠨᠡ ᠲᠠᠪᠤᠨ ᠲᠠᠯ᠎ᠠ᠎ᠶᠢᠨ ᠳ᠋ᠦᠩᠨᠡᠯᠲᠡ ᠨᠢ ᠨᠠᠮ᠎ᠡᠴᠡ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶᠢᠨ ᠦᠨᠳᠦᠰᠦᠲᠡᠨ᠂ ᠮᠠᠷᠺᠰ᠎ᠤᠨ ᠦᠵᠡᠯ᠂ ᠬᠥᠮᠦᠨ ᠲᠥᠷᠥᠯᠬᠢᠲᠡᠨ᠎ᠦ ᠲᠠᠪᠰᠢᠯᠳᠠ᠎ᠶᠢᠨ ᠦᠢᠯᠡᠰ᠂ ᠮᠠᠷᠺᠰ᠎ᠤᠨ ᠦᠵᠡᠯ᠎ᠦᠨ ᠲᠦᠷᠤ᠎ᠶᠢᠨ ᠨᠠᠮ᠎ᠤᠨ ᠪᠠᠶ᠋ᠢᠭᠤᠯᠤᠯᠲᠠ᠎ᠳᠤ ᠦᠵᠡᠭᠦᠯᠦᠭᠰᠡᠨ ᠲᠡᠦᠬᠡᠲᠦ᠍ ᠴᠢᠨᠠᠷᠲᠠᠢ ᠬᠤᠪᠢ ᠨᠡᠮᠡᠷᠢ᠎ᠶᠢ ᠭᠦᠨᠵᠡᠭᠡᠢ ᠲᠣᠳᠣᠷᠬᠠᠶ᠋ᠢᠯᠠᠨ ᠥᠭᠦᠯᠡᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠣᠯᠤᠨ ᠳᠤᠮᠳᠠᠳᠤ ᠤᠯᠤᠰ᠎ᠤᠨ ᠠᠷᠠᠳ ᠲᠦᠮᠡᠨ᠂ ᠳᠤᠮᠳᠠᠳᠤ᠎ᠶᠢᠨ ᠦᠨᠳᠦᠰᠦᠲᠡᠨ᠎ᠦ ᠬᠠᠷᠢᠴᠠᠭ᠎ᠠ᠎ᠶᠢ ᠢᠯᠡᠷᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠣᠯᠤᠨ ᠮᠠᠷᠺᠰ᠎ᠤᠨ ᠦᠵᠡᠯ᠂ ᠳᠡᠯᠡᠬᠡᠢ᠎ᠶᠢᠨ ᠨᠡᠶ᠋ᠢᠭᠡᠮ ᠵᠢᠷᠤᠮ᠂ ᠬᠥᠮᠦᠨ ᠲᠥᠷᠥᠯᠬᠢᠲᠡᠨ᠎ᠦ ᠨᠡᠶ᠋ᠢᠭᠡᠮ᠎ᠦᠨ ᠬᠥᠭᠵᠢᠯᠲᠡ᠎ᠶᠢᠨ ᠬᠠᠷᠢᠴᠠᠭ᠎ᠠ᠎ᠶᠢ ᠢᠯᠡᠷᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ 105 ᠵᠢᠯ᠎ᠦᠨ ᠲᠡᠮᠡᠴᠡᠯ᠎ᠦᠨ ᠲᠡᠦᠬᠡ᠎ᠶᠢᠨ ᠯᠣᠭᠢᠭ᠂ ᠤᠨᠤᠯ᠎ᠤᠨ ᠯᠣᠭᠢᠭ᠂ ᠦᠢᠯᠡᠳᠦᠯᠭᠡ᠎ᠶᠢᠨ ᠯᠣᠭᠢᠭ᠎ᠢ ᠤᠶᠠᠯᠳᠤᠭᠤᠯᠤᠨ ᠨᠡᠪᠲᠡᠷᠡᠭᠦᠯᠪᠡ᠃

ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌᠎ᠳᠦ ᠵᠠᠮ ᠪᠣᠯ ᠬᠠᠮᠤᠭ᠎ᠤᠨ ᠦᠨᠳᠦᠰᠦᠨ ᠠᠰᠠᠭᠤᠳᠠᠯ ᠪᠣᠯᠤᠨ᠎ᠠ᠃

ᠨᠠᠮ᠎ᠡᠴᠡ ᠠᠷᠠᠳ ᠲᠦᠮᠡᠨ᠎ᠢ ᠤᠳᠤᠷᠢᠳᠤᠨ ᠲᠦᠮᠡᠨ ᠪᠡᠷᠬᠡ ᠮᠢᠩᠭᠠᠨ ᠵᠣᠪᠠᠭᠤᠷᠢ᠎ᠶᠢ ᠲᠤᠭᠤᠯᠵᠦ᠍᠂ ᠯᠤᠲᠤ᠌ ᠶᠡᠬᠡ ᠦᠷᠡᠭᠳᠡᠯ ᠭᠠᠷᠭᠠᠵᠤ᠂ ᠠᠮᠵᠢᠯᠲᠠ᠎ᠲᠠᠶ ᠨᠡᠭᠡᠭᠡᠭᠰᠡᠨ ᠪᠠ ᠪᠠᠷᠢᠮᠲᠠᠯᠠᠭᠰᠠᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠵᠠᠮ᠎ᠡᠴᠡ ᠶᠠᠭᠤᠨ᠎ᠳᠤ ᠳᠤᠮᠳᠠᠳᠤ ᠤᠯᠤᠰ᠎ᠤᠨ ᠡᠪ ᠬᠠᠮᠲᠤ᠌ ᠨᠠᠮ ᠠᠷᠠᠳ ᠲᠦᠮᠡᠨ᠎ᠢ ᠤᠳᠤᠷᠢᠳᠤᠨ ᠡᠭᠦᠳᠦᠨ ᠪᠦᠲᠦᠭᠡᠭᠰᠡᠨ ᠠᠭᠤᠤ ᠶᠡᠬᠡ ᠠᠮᠵᠢᠯᠲᠠ ᠪᠦᠲᠦᠮᠵᠢ ᠨᠢ ᠲᠡᠦᠬᠡᠲᠦ᠍ ᠠᠴᠢ ᠬᠣᠯᠪᠣᠭᠳᠠᠯ ᠪᠠ ᠳᠡᠯᠡᠬᠡᠢ᠎ᠶᠢᠨ ᠠᠴᠢ ᠬᠣᠯᠪᠣᠭᠳᠠᠯ᠎ᠲᠠᠶ ᠪᠠᠶ᠋ᠢᠬᠤ᠎ᠶᠢ ᠪᠢᠳᠡ ᠨᠡᠩ ᠭᠦᠨᠵᠡᠭᠡᠢ ᠣᠶ᠋ᠢᠯᠠᠭᠠᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠶᠠᠭᠠᠬᠢᠭᠠᠳ 《ᠨᠡᠷ᠎ᠡ ᠨᠢᠳᠡᠷ᠎ᠲᠡᠬᠡᠨ ᠪᠦᠷᠢᠮᠦᠰᠦᠨ ᠨᠡᠶ᠋ᠢᠴᠡᠭᠰᠡᠨ ᠠᠭᠤᠤ ᠶᠡᠬᠡ ᠢᠷᠠᠭᠤ ᠠᠯᠳᠠᠷᠲᠠᠢ ᠵᠥᠪ ᠤᠨᠤᠪᠴᠢᠳᠠᠢ ᠨᠠᠮ》 ᠭᠡᠳᠡᠭ᠎ᠢ ᠨᠡᠩ ᠭᠦᠨᠵᠡᠭᠡᠢ ᠣᠶ᠋ᠢᠯᠠᠭᠠᠵᠤ ᠪᠣᠯᠤᠨ᠎ᠠ᠃

105 ᠵᠢᠯ᠎ᠦᠨ ᠲᠤᠷᠰᠢ᠂ ᠬᠤᠪᠢᠰᠬᠠᠯ᠂ ᠪᠦᠳᠦᠭᠡᠨ ᠪᠠᠶ᠋ᠢᠭᠤᠯᠤᠯᠲᠠ᠂ ᠥᠭᠡᠷᠡᠴᠢᠯᠡᠯᠲᠡ ᠪᠠ ᠰᠢᠨ᠎ᠡ ᠴᠠᠭ ᠦᠶ᠎ᠡ᠎ᠶᠢᠨ ᠠᠭᠤᠤ ᠶᠡᠬᠡ ᠦᠢᠯᠡᠳᠦᠯᠭᠡ᠎ᠶᠢᠨ ᠳᠤᠮᠳᠠ᠂ ᠨᠠᠮ᠎ᠡᠴᠡ ᠠᠷᠠᠳ ᠲᠦᠮᠡᠨ᠎ᠢ ᠤᠳᠤᠷᠢᠳᠤᠨ ᠠᠮᠵᠢᠯᠲᠠ᠎ᠲᠠᠶ ᠨᠡᠭᠡᠭᠡᠭᠰᠡᠨ ᠪᠠ ᠪᠠᠷᠢᠮᠲᠠᠯᠠᠭᠰᠠᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠵᠠᠮ ᠪᠣᠯ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠌ ᠴᠤᠷ᠎ᠤᠨ ᠭᠠᠭᠴᠠ ᠵᠥᠪ ᠵᠠᠮ ᠮᠥᠨ᠂ ᠲᠡᠷᠡ ᠨᠢ ᠳᠤᠮᠳᠠᠳᠤ ᠤᠯᠤᠰ᠎ᠤᠨ ᠤᠯᠤᠰ᠎ᠤᠨ ᠪᠠᠶ᠋ᠢᠳᠠᠯ᠎ᠲᠠᠶ ᠨᠡᠶ᠋ᠢᠴᠡᠵᠦ᠍᠂ ᠴᠠᠭ ᠦᠶ᠎ᠡ᠎ᠶᠢᠨ ᠤᠷᠤᠰᠬᠠᠯ᠎ᠲᠠᠶ ᠨᠡᠶ᠋ᠢᠴᠡᠵᠦ᠍᠂ ᠠᠷᠠᠳ ᠤᠯᠠᠨ᠎ᠤ ᠬᠦᠷᠢᠶᠡᠯᠡᠯ ᠳᠡᠮᠵᠢᠯᠭᠡ᠎ᠶᠢ ᠤᠯᠪᠠ᠃

ᠳᠤᠮᠳᠠᠳᠤ ᠤᠯᠤᠰ᠎ᠤᠨ ᠠᠷᠠᠳ ᠲᠦᠮᠡᠨ᠎ᠳᠦ ᠪᠤᠶᠠᠨ ᠦᠢᠯᠡᠳᠬᠦ᠌ ᠮᠥᠷᠲᠡᠭᠡᠨ ᠪᠠᠰᠠ ᠳᠡᠯᠡᠬᠡᠢ᠎ᠶᠢᠨ ᠬᠠᠮᠲᠤ᠎ᠶᠢᠨ ᠬᠥᠭᠵᠢᠯᠲᠡ᠎ᠶᠢ ᠠᠬᠢᠭᠤᠯᠪᠠ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠦᠨ ᠲᠥᠷᠥᠯᠬᠢᠲᠡᠨ᠎ᠦ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠰᠢᠨ᠎ᠡ ᠵᠠᠮ᠎ᠢ ᠨᠡᠭᠡᠭᠡᠵᠦ᠍᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠰᠢᠨ᠎ᠡ ᠬᠡᠯᠪᠡᠷᠢ ᠪᠠᠢᠳᠠᠯ᠎ᠢ ᠨᠡᠭᠡᠭᠡᠭᠰᠡᠨ ᠶᠤᠮ᠃ 《ᠪᠢᠳᠡᠨ᠎ᠤ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠵᠢ ᠪᠡᠶᠡᠯᠡᠭᠦᠯᠬᠦ ᠰᠠᠷᠠᠭᠤᠯ ᠳᠠᠷᠳᠠᠩ ᠵᠠᠮ ᠮᠥᠨ᠂ ᠪᠠᠰᠠ ᠴᠤ᠌ ᠳᠤᠮᠳᠠᠳᠤ ᠤᠯᠤᠰ᠎ᠤᠨ ᠬᠥᠮᠦᠨ ᠲᠥᠷᠥᠯᠬᠢᠲᠡᠨ᠎ᠦ ᠲᠠᠪᠰᠢᠯᠳᠠ᠂ ᠳᠡᠯᠡᠬᠡᠢ᠎ᠶᠢᠨ ᠶᠡᠬᠡ ᠨᠢᠭᠡᠳᠦᠯ᠎ᠢ ᠡᠷᠢᠯᠬᠢᠯᠡᠬᠦ᠌᠎ᠳᠦ ᠵᠠᠪᠠᠯ ᠶᠠᠪᠤᠬᠤ ᠵᠠᠮ ᠮᠥᠨ》᠃

ᠡᠨᠡ ᠬᠦ᠌ ᠵᠠᠮ᠎ᠢᠶᠠᠷ᠂ ᠪᠢᠳᠡ 《ᠬᠡᠳᠦᠨ ᠠᠷᠪᠠᠨ ᠵᠢᠯ᠎ᠳᠦ ᠬᠡᠳᠦᠨ ᠵᠠᠭᠤᠨ ᠵᠢᠯ᠎ᠢ ᠲᠤᠭᠤᠯᠤᠭᠰᠠᠨ》 ᠴᠠᠭ ᠣᠷᠣᠨ ᠵᠠᠢ᠎ᠶᠢᠨ ᠠᠪᠴᠢᠯᠲᠠ᠎ᠶᠢᠨ ᠳᠤᠮᠳᠠ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ 《ᠬᠣᠶᠠᠷ ᠶᠡᠬᠡ ᠭᠠᠶ᠋ᠢᠬᠠᠮᠰᠢᠭ》 ᠢ᠋ ᠡᠭᠦᠳᠴᠦ᠍᠂ ᠶᠠᠳᠠᠭᠤ ᠬᠣᠭᠣᠰᠣᠨ ᠪᠠᠶ᠋ᠢᠭᠰᠠᠨ᠎ᠡᠴᠡ᠎ᠪᠠᠨ ᠳᠡᠯᠡᠬᠡᠢ᠎ᠶᠢᠨ ᠬᠣᠶᠠᠳᠤᠭᠠᠷ ᠶᠡᠬᠡ ᠠᠵᠤ ᠠᠬᠤᠢ᠎ᠶᠢᠨ ᠴᠣᠭᠴᠠ ᠪᠤᠯᠵᠤ᠂ ᠳᠤᠮᠳᠠᠳᠤ᠎ᠶᠢᠨ ᠦᠨᠳᠦᠰᠦᠲᠡᠨ ᠪᠣᠰᠴᠤ᠌ ᠵᠣᠭᠰᠣᠭᠰᠠᠨ᠂ ᠪᠠᠶᠠᠵᠢᠭᠰᠠᠨ᠎ᠡᠴᠡ᠎ᠪᠠᠨ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠤᠭᠲᠤᠨ ᠠᠪᠴᠠᠢ᠃

ᠢᠯᠠᠩᠭᠤᠶ᠎ᠠ ᠰᠢᠨ᠎ᠡ ᠴᠠᠭ ᠦᠶ᠎ᠡ᠎ᠡᠴᠡ ᠨᠠᠭᠠᠰᠢ᠂ ᠮᠠᠨ᠎ᠤ ᠨᠠᠮ ᠬᠡᠬᠦᠳᠡᠭ ᠴᠡᠭᠡᠵᠢᠨ᠎ᠳᠡᠭᠡᠨ 《ᠬᠣᠶᠠᠷ ᠶᠡᠬᠡ ᠲᠠᠯ᠎ᠠ》 ᠵᠢ ᠪᠠᠭᠲᠠᠭᠠᠵᠤ᠂ ᠲᠡᠦᠬᠡ᠎ᠶᠢᠨ ᠰᠠᠨᠠᠭᠠᠴᠢᠯᠠᠭ᠎ᠠ᠎ᠶᠢ ᠡᠵᠡᠮᠳᠡᠵᠦ᠍᠂ ᠤᠨᠤᠯ ᠪᠠ ᠦᠢᠯᠡᠳᠦᠯᠭᠡ᠎ᠶᠢᠨ ᠲᠠᠯ᠎ᠠ᠎ᠪᠠᠷ ᠰᠢᠨ᠎ᠡ᠎ᠶᠢ ᠡᠭᠦᠳᠬᠦ᠌ ᠰᠢᠪᠲᠤᠯᠤᠯᠲᠠ᠎ᠶᠢ ᠲᠠᠰᠤᠷᠠᠯᠳᠡ ᠦᠭᠡᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢ ᠠᠮᠵᠢᠯᠲᠠ᠎ᠲᠠᠶ ᠠᠬᠢᠭᠤᠯᠤᠨ ᠥᠷᠭᠡᠳᠬᠡᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠰᠢᠪᠲᠤᠯᠬᠤ᠂ ᠴᠢᠨᠡᠭᠡᠯᠢᠭ ᠨᠡᠶ᠋ᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠬᠦ᠌ ᠲᠡᠦᠬᠡᠲᠦ᠍ ᠡᠭᠦᠷᠭᠡ᠎ᠶᠢ ᠪᠡᠶᠡᠯᠡᠭᠦᠯᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶᠢᠨ ᠰᠢᠨ᠎ᠡ ᠠᠶᠠᠨ᠎ᠳᠤ ᠰᠠᠢ᠌ᠨ ᠰᠠᠶ᠋ᠢᠬᠠᠨ ᠡᠬᠢᠯᠡᠯᠲᠡ᠎ᠶᠢ ᠪᠡᠶᠡᠯᠡᠭᠦᠯᠵᠦ᠍᠂ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠲᠦ᠍ ᠨᠡᠩ ᠪᠦᠷᠢᠨ ᠲᠡᠭᠦᠯᠳᠡᠷ ᠪᠠᠢᠭᠤᠯᠤᠯ᠎ᠦᠨ ᠪᠠᠲᠤᠯᠠᠭ᠎ᠠ᠂ ᠨᠡᠩ ᠪᠠᠲᠤ᠌ ᠪᠡᠬᠢ ᠪᠣᠳᠠᠰ᠎ᠤᠨ ᠰᠠᠭᠤᠷᠢ᠂ ᠨᠡᠩ ᠰᠠᠨᠠᠭᠠᠴᠢᠯᠠᠭ᠎ᠠ᠎ᠲᠠᠶ ᠤᠶᠤᠨ ᠰᠠᠨᠠᠭᠠᠨ᠎ᠤ ᠬᠦᠴᠦᠨ ᠴᠢᠳᠠᠯ᠎ᠢ ᠬᠠᠩᠭᠠᠪᠠ᠃

ᠶᠡᠷᠦᠩᠬᠡᠢ ᠱᠦᠵᠢ ᠰᠢ ᠵᠢᠨ ᠫᠢᠩ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠡᠳᠬᠡᠯ᠎ᠳᠦ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠤᠨᠤᠯ᠎ᠢ ᠬᠤᠷᠢᠶᠠᠩᠭᠤᠶ᠋ᠢᠯᠠᠨ ᠳᠤᠷᠠᠳᠤᠭᠰᠠᠨ ᠪᠥᠭᠡᠳ ᠭᠦᠨᠵᠡᠭᠡᠢ ᠲᠣᠳᠣᠷᠬᠠᠶ᠋ᠢᠯᠠᠨ ᠥᠭᠦᠯᠡᠪᠡ᠂ ᠡᠨᠡ ᠪᠣᠯ ᠰᠢᠨᠵᠢᠯᠡᠬᠦ᠌ ᠤᠬᠠᠭᠠᠨᠴᠢ ᠨᠡᠶ᠋ᠢᠭᠡᠮ ᠵᠢᠷᠤᠮ᠎ᠤᠨ ᠬᠠᠮᠤᠭ᠎ᠤᠨ ᠰᠢᠨ᠎ᠡ ᠴᠢᠬᠤᠯᠠ ᠶᠡᠬᠡ ᠦᠷ᠎ᠡ ᠪᠦᠲᠦᠭᠡᠯ ᠮᠥᠨ᠂ ᠳᠡᠯᠡᠬᠡᠢ᠎ᠶᠢᠨ ᠣᠳᠣᠬᠢᠴᠢᠯᠠᠯᠲᠠ᠎ᠶᠢᠨ ᠤᠨᠤᠯ ᠪᠠ ᠦᠢᠯᠡᠳᠦᠯᠭᠡ᠎ᠶᠢᠨ ᠴᠢᠬᠤᠯᠠ ᠶᠡᠬᠡ ᠰᠢᠨ᠎ᠡ ᠡᠭᠦᠳᠦᠯᠲᠡ ᠮᠥᠨ᠂ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ ᠪᠠ ᠦᠢᠯᠡᠳᠦᠯᠭᠡ᠎ᠶᠢᠨ ᠠᠤᠭ᠎ᠠ ᠬᠦᠴᠦᠨ᠎ᠢ ᠢᠯᠡᠷᠡᠭᠦᠯᠪᠡ᠃

ᠥᠨᠥᠳᠦᠷ᠂ ᠳᠤᠮᠳᠠᠳᠤ ᠤᠯᠤᠰ᠎ᠤᠨ ᠠᠷᠠᠳ ᠲᠦᠮᠡᠨ ᠨᠢᠭᠡᠨᠲᠡ ᠬᠤᠪᠢ ᠵᠠᠶᠠᠭ᠎ᠠ᠎ᠪᠠᠨ ᠥᠪᠡᠷ᠎ᠦᠨ ᠭᠠᠷ᠎ᠲᠠᠭᠠᠨ ᠪᠠᠲᠤ᠌ ᠡᠵᠡᠮᠳᠡᠵᠦ᠍᠂ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠬᠤᠷᠢᠭᠯᠠᠭᠳᠠᠰᠢ ᠦᠭᠡᠢ ᠰᠦᠷ ᠬᠦᠴᠦᠨ᠎ᠲᠡᠶ ᠪᠤᠯᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠢᠯᠡᠰ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢᠶᠡᠨ ᠢᠯᠡᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠬᠥᠭᠵᠢᠵᠦ᠍ ᠪᠠᠶ᠋ᠢᠭ᠎ᠠ ᠤᠯᠤᠰ᠎ᠤᠨ ᠣᠳᠣᠬᠢᠴᠢᠯᠠᠯᠲᠠ ᠲᠡᠶ᠋ᠢᠰᠢ ᠤᠷᠤᠭᠰᠢᠯᠠᠬᠤ ᠠᠷᠭ᠎ᠠ ᠵᠠᠮ᠎ᠢ ᠥᠷᠭᠡᠳᠬᠡᠵᠦ᠍᠂ ᠮᠠᠨ᠎ᠤ ᠨᠠᠮ ᠨᠢᠭᠡᠨᠲᠡ ᠴᠢᠬᠤᠯᠠ ᠶᠡᠬᠡ ᠪᠦᠬᠦ᠌ ᠪᠥᠮᠪᠥᠷᠴᠡᠭ᠎ᠲᠦ᠍ ᠨᠥᠯᠥᠭᠡᠯᠡᠬᠦ᠌ ᠬᠦᠴᠦᠨ᠎ᠲᠡᠶ ᠳᠡᠯᠡᠬᠡᠢ᠎ᠶᠢᠨ ᠨᠢᠭᠡᠳᠦᠭᠡᠷ ᠶᠡᠬᠡ ᠲᠦᠷᠦ᠍ ᠪᠠᠷᠢᠭᠴᠢ ᠨᠠᠮ ᠪᠤᠯᠵᠤ ᠬᠥᠭᠵᠢᠭᠰᠡᠨ ᠪᠠᠶ᠋ᠢᠨ᠎ᠠ᠃

ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ ᠠᠮᠵᠢᠯᠲᠠ ᠪᠠ ᠬᠤᠪᠢ ᠨᠡᠮᠡᠷᠢ ᠪᠣᠯ ᠲᠡᠦᠬᠡᠲᠦ᠍ ᠴᠢᠨᠠᠷᠲᠠᠢ ᠮᠥᠷᠲᠡᠭᠡᠨ ᠪᠠᠰᠠ ᠴᠤ᠌ ᠳᠡᠯᠡᠬᠡᠢ᠎ᠶᠢᠨ ᠴᠢᠨᠠᠷᠲᠠᠢ ᠶᠤᠮ᠃ ᠭᠠᠳᠠᠭᠠᠳᠤ᠎ᠶᠢᠨ ᠵᠠᠷᠢᠮ ᠡᠷᠳᠡᠮᠲᠡᠨ᠎ᠦ ᠦᠵᠡᠬᠦ᠌᠎ᠪᠡᠷ᠄ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠰᠦᠪᠡᠭᠴᠢᠯᠡᠯ ᠪᠠ ᠠᠮᠵᠢᠯᠲᠠ ᠪᠦᠲᠦᠮᠵᠢ ᠨᠢ ᠶᠠᠭ ᠳᠡᠯᠡᠬᠡᠢ᠎ᠶᠢᠨ ᠣᠳᠣᠬᠢᠴᠢᠯᠠᠯᠲᠠ᠎ᠶᠢᠨ ᠲᠡᠦᠬᠡᠨ ᠬᠠᠭᠤᠳᠠᠰᠤᠨ᠎ᠳᠤ ᠳᠣᠷᠣᠨᠠᠳᠠᠬᠢᠨ᠎ᠤ ᠠᠮᠢᠳᠤᠯᠢᠭ ᠵᠡᠭᠦᠯᠲᠡ ᠲᠠᠶ᠋ᠢᠯᠪᠤᠷᠢ᠎ᠶᠢ ᠦᠯᠡᠳᠡᠭᠡᠵᠦ᠍᠂ ᠪᠦᠬᠦ᠌ ᠪᠥᠮᠪᠥᠷᠴᠡᠭ᠎ᠦᠨ ᠬᠥᠭᠵᠢᠯᠲᠡ᠎ᠳᠦ ᠥᠨᠢ ᠤᠳᠠᠭᠠᠨ᠎ᠤ ᠢᠳᠡᠪᠬᠢ ᠬᠦᠴᠦᠨ᠎ᠢ ᠨᠡᠮᠡᠷᠢᠯᠡᠵᠦ᠍ ᠪᠠᠶ᠋ᠢᠨ᠎ᠠ》᠃

ᠶᠡᠷᠦᠩᠬᠡᠢ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠡᠪ ᠬᠠᠮᠲᠤ᠌ ᠨᠠᠮ᠎ᠤᠨ 105 ᠵᠢᠯ᠎ᠦᠨ ᠭᠡᠷᠡᠯ ᠰᠠᠴᠤᠷᠠᠩᠭᠤᠢ ᠲᠡᠦᠬᠡ ᠬᠥᠮᠦᠰ᠎ᠢ ᠣᠮᠣᠭᠰᠢᠭᠤᠯᠤᠨ᠎ᠠ᠂ ᠭᠡᠪᠡᠴᠦ᠍ ᠪᠢᠳᠡ ᠶᠠᠭᠠᠬᠢᠭᠰᠠᠨ ᠴᠤ᠌ ᠣᠮᠣᠷᠬᠠᠭᠯᠠᠨ ᠪᠠᠷᠳᠠᠮᠨᠠᠵᠤ᠂ ᠤᠷᠤᠭᠰᠢᠯᠠᠬᠤ ᠦᠭᠡᠢ ᠪᠠᠶ᠋ᠢᠵᠤ ᠪᠣᠯᠬᠤ ᠦᠭᠡᠢ》 ᠭᠡᠵᠦ ᠴᠢᠬᠤᠯᠠᠴᠢᠯᠠᠪᠠ᠃ ᠰᠢᠨ᠎ᠡ ᠠᠶᠠᠨ᠎ᠳᠤ᠂ ᠨᠠᠮ᠎ᠤᠨ ᠭᠡᠷᠡᠯ ᠰᠠᠴᠤᠷᠠᠩᠭᠤᠢ ᠲᠡᠦᠬᠡ ᠪᠠ ᠠᠭᠤᠤ ᠶᠡᠬᠡ ᠠᠮᠵᠢᠯᠲᠠ ᠳᠤᠮᠳᠠ᠎ᠡᠴᠡ ᠢᠲᠡᠭᠡᠯ ᠵᠣᠷᠢᠭ ᠪᠠ ᠬᠦᠴᠦᠨ ᠴᠢᠳᠠᠯ ᠣᠯᠵᠤ᠂ ᠠᠷᠠᠳ ᠲᠦᠮᠡᠨ᠎ᠳᠦ ᠴᠢᠩᠭ᠎ᠠ ᠲᠦᠰᠢᠭᠯᠡᠨ ᠲᠡᠦᠬᠡ᠎ᠶᠢᠨ ᠠᠭᠤᠤ ᠦᠢᠯᠡᠰ᠎ᠢ ᠡᠭᠦᠳᠦᠨ ᠪᠦᠲᠦᠭᠡᠪᠡᠯ᠂ ᠪᠢᠳᠡ ᠯᠠᠪᠲᠠᠢ ᠰᠢᠨ᠎ᠡ ᠰᠢᠯᠢᠳᠡᠭ ᠬᠠᠷᠢᠭᠤᠯᠲᠠ᠎ᠶᠢᠨ ᠬᠠᠭᠤᠳᠠᠰᠤ᠎ᠶᠢ ᠪᠢᠴᠢᠭᠯᠡᠵᠦ᠍᠂  ᠲᠡᠦᠬᠡ᠎ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ᠎ᠶᠢ ᠡᠭᠦᠳᠴᠦ᠍ ᠴᠢᠳᠠᠨ᠎ᠠ᠃

(ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号