ᠥᠪᠥᠷ ᠮᠣᠩᠭᠣᠯ᠎ᠤᠨ ᠬᠣᠶᠠᠷ ᠮᠦᠽᠧᠢ ᠪᠥᠬᠥ ᠤᠯᠤᠰ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠰᠠᠭᠤᠷᠢᠨ᠎ᠢᠶᠠᠷ ᠦᠨᠡᠯᠡᠭᠳᠡᠪᠡ
2026-07-09 09:49:14
ᠵᠣᠬᠢᠶᠠᠭ᠍ᠴᠢ᠄
ᠰᠦᠨ ᠯᠢ ᠶᠢᠡᠭ
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭᠳᠠᠭᠰᠠᠨ 105 ᠵᠢᠯ᠎ᠦᠨ ᠤᠢ᠎ᠶᠢ ᠪᠡᠯᠭᠡᠯᠡᠬᠦ ᠲᠠᠰᠢᠷᠠᠮ ᠳ᠋ᠤ᠂ ᠲᠥᠪ᠎ᠦᠨ ᠤᠬᠠᠭᠤᠯᠬᠤ ᠬᠡᠯᠲᠡᠰ᠎ᠡᠴᠡ ᠨᠢᠭᠡ ᠪᠦᠯᠦᠭ ᠪᠦᠬᠦ ᠤᠯᠤᠰ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠰᠠᠭᠤᠷᠢᠨ᠎ᠢ ᠰᠢᠨ᠎ᠡ᠎ᠪᠡᠷ ᠨᠡᠷᠡᠢᠳᠪᠡ᠃ ᠡᠬᠦᠨ ᠳ᠋ᠤ᠂ ᠥᠪᠥᠷ ᠮᠣᠩᠭᠣᠯ᠎ᠤᠨ ᠵᠤᠤ ᠵᠢᠶᠦ᠋ᠨ ᠮᠦᠽᠧᠢ᠂ ᠬᠤᠩᠱᠠᠨ ᠰᠣᠶᠣᠯ᠎ᠤᠨ ᠮᠦᠽᠧᠢ ᠲᠤᠰ ᠵᠢᠭ᠍ᠰᠠᠭᠠᠯᠳᠠ ᠳ᠋ᠤ ᠤᠷᠤᠵᠠᠢ᠃

ᠣᠢᠯᠠᠭᠠᠭᠰᠠᠨ᠎ᠢᠶᠠᠷ᠂ ᠲᠣᠰ ᠤᠳᠠᠭ᠎ᠠ ᠵᠢᠨ ᠨᠡᠷᠡᠢᠳᠦᠭᠰᠡᠨ 77 ᠵᠢᠱ᠌ᠢᠶ᠎ᠡ ᠦᠵᠡᠭᠦᠯᠬᠦ ᠰᠠᠭᠤᠷᠢᠨ ᠨᠢ 31 ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠣᠲᠠ ᠪᠣᠯᠣᠨ ᠰᠢᠨᠵᠢᠶᠠᠩ᠎ᠤᠨ ᠦᠢᠯᠡᠳᠪᠦᠷᠢᠯᠡᠯ ᠪᠦᠲᠦᠭᠡᠨ ᠪᠠᠢᠭᠤᠯᠤᠯᠲᠠ᠎ᠶᠢᠨ ᠪᠢᠩᠲ᠋ᠤᠸᠠᠨ᠎ᠢ ᠬᠠᠮᠤᠷᠴᠤ᠂ ᠨᠡᠯᠢᠶᠡᠳ ᠴᠢᠩᠭ᠎ᠠ ᠲᠥᠯᠥᠭᠡᠯᠡᠬᠦ ᠴᠢᠨᠠᠷ ᠪᠠ ᠵᠢᠱ᠌ᠢᠶ᠎ᠡ ᠦᠵᠡᠭᠦᠯᠬᠦ ᠴᠢᠨᠠᠷ᠎ᠲᠠᠢ ᠪᠠᠢᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠵᠣᠷᠢᠭ᠋ ᠰᠠᠨᠠᠭ᠎ᠠ᠎ᠶᠢ ᠪᠠᠳᠠᠷᠠᠭᠤᠯᠬᠤ᠂ ᠨᠡᠢᠭᠡᠮ ᠵᠢᠷᠤᠮ᠎ᠤᠨ ᠭᠣᠣᠯᠯᠠᠭ᠍ᠴᠢ ᠥᠷᠲᠡᠭ᠎ᠦᠨ ᠦᠵᠡᠯᠲᠡ᠎ᠶᠢ ᠪᠤᠢ ᠪᠤᠯᠭᠠᠨ ᠦᠢᠯᠡᠳᠦᠯᠭᠡᠵᠢᠭᠦᠯᠬᠦ ᠴᠢᠬᠤᠯᠠ ᠠᠴᠢᠶᠠᠯᠠᠪᠤᠷᠢ ᠪᠠᠢᠵᠤ᠂ ᠬᠦᠰᠡᠯᠡᠩ ᠢᠲᠡᠭᠡᠯ ᠪᠢᠰᠢᠷᠡᠯ᠎ᠦᠨ ᠬᠥᠮᠦᠵᠢᠯ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠂ ᠬᠤᠪᠢᠰᠬᠠᠯᠲᠤ ᠤᠳᠤᠮᠰᠢᠯ᠎ᠤᠨ ᠬᠥᠮᠦᠵᠢᠯ ᠥᠷᠨᠢᠭᠦᠯᠬᠦ᠎ᠳᠦ ᠴᠢᠬᠤᠯᠠ ᠦᠢᠯᠡᠳᠦᠯ᠎ᠲᠠᠢ ᠶᠤᠮ᠃

ᠲᠥᠪ᠎ᠦᠨ ᠤᠬᠠᠭᠤᠯᠬᠤ ᠬᠡᠯᠲᠡᠰ᠎ᠡᠴᠡ᠂ ᠪᠦᠬᠦ ᠤᠯᠤᠰ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠵᠢᠱ᠌ᠢᠶ᠎ᠡ ᠦᠵᠡᠭᠦᠯᠬᠦ ᠰᠠᠭᠤᠷᠢᠨ᠎ᠤ ᠴᠢᠳᠠᠮᠵᠢ᠎ᠶᠢᠨ ᠪᠠᠢᠷᠢ ᠲᠣᠭᠲᠠᠭᠠᠯᠲᠠ᠎ᠶᠢ ᠣᠨᠣᠪᠴᠢᠲᠠᠢ ᠡᠵᠡᠮᠳᠡᠵᠦ᠂ ᠠᠭᠤᠯᠭ᠎ᠠ᠎ᠶᠢᠨ ᠪᠠᠢᠭᠤᠯᠤᠯᠲᠠ᠎ᠶᠢ ᠬᠦᠴᠦᠯᠡᠨ ᠴᠢᠩᠭᠠᠳᠬᠠᠵᠤ᠂ ᠳᠡᠯᠭᠡᠨ ᠦᠵᠡᠭᠦᠯᠬᠦ ᠠᠷᠭ᠎ᠠ ᠬᠡᠯᠪᠡᠷᠢ᠎ᠪᠡᠨ ᠰᠠᠢᠵᠢᠷᠠᠭᠤᠯᠵᠤ᠂ ᠲᠠᠲᠠᠬᠤ ᠬᠦᠴᠦᠨ ᠨᠥᠯᠥᠭᠡᠯᠡᠬᠦ ᠬᠦᠴᠦᠨ᠎ᠢ ᠴᠢᠩᠭᠠᠳᠬᠠᠬᠤ ᠬᠡᠷᠡᠭᠲᠡᠢ᠃ ᠬᠠᠮᠢᠶᠠᠷᠤᠯᠲᠠ᠎ᠶᠢᠨ ᠳᠦᠷᠢᠮ ᠪᠣᠯᠣᠨ ᠠᠵᠢᠯ᠎ᠤᠨ ᠲᠣᠭᠲᠠᠴᠠ᠎ᠪᠠᠨ ᠪᠦᠷᠢᠨᠰᠢᠭᠦᠯᠵᠦ᠂ ᠡᠯ᠎ᠡ ᠲᠥᠷᠥᠯ᠎ᠦᠨ ᠲᠡᠦᠬᠡ᠎ᠶᠢᠨ ᠳᠤᠷᠠᠰᠬᠠᠯᠲᠤ ᠵᠦᠢᠯᠡᠰ᠂ ᠬᠠᠭᠤᠴᠢᠨ ᠪᠠᠭᠤᠷᠢ ᠦᠯᠡᠳᠡᠭᠳᠡᠯ ᠵᠡᠷᠭᠡ᠎ᠶᠢ ᠬᠠᠮᠠᠭᠠᠯᠠᠬᠤ ᠡᠷᠴᠢᠮ᠎ᠢᠶᠡᠨ ᠴᠢᠡᠭᠭᠠᠷᠠᠭᠤᠯᠬᠤ ᠬᠡᠷᠡᠭᠲᠡᠢ᠃ ᠺᠠᠳ᠋ᠷ ᠤᠯᠠᠨ ᠲᠦᠮᠡᠨ᠎ᠦ ᠬᠡᠷᠡᠭᠴᠡᠭᠡ ᠢᠯᠠᠩᠭᠤᠶ᠎ᠠ ᠵᠠᠯᠠᠭᠤᠴᠤᠳ ᠪᠠᠭᠠᠴᠤᠳ᠎ᠤᠨ ᠣᠨᠴᠠᠯᠢᠭ᠋᠎ᠲᠤ ᠰᠠᠭᠤᠷᠢᠯᠠᠨ᠂ ᠲᠦᠷᠦᠯ ᠠᠡᠭᠭᠢᠯᠠᠬᠰᠠᠨ᠂ ᠨᠠᠷᠢᠯᠢᠭ ᠣᠨᠣᠴᠠᠲᠠᠢ ᠲᠠᠢᠯᠤᠮᠵᠢ ᠪᠠ ᠲᠣᠭᠣᠷᠢᠨ ᠦᠵᠡᠬᠦ ᠱᠤᠭᠤᠮ᠎ᠢ ᠲᠥᠯᠥᠪᠯᠡᠵᠦ᠂ ᠤᠯᠠᠨ ᠶᠠᠩᠵᠤ ᠬᠡᠯᠪᠡᠷᠢ᠎ᠶᠢᠨ᠂ ᠬᠥᠮᠥᠵᠢᠯ  ᠤ᠋ᠨ ᠠᠴᠢ ᠬᠣᠯᠪᠣᠭᠳᠠᠯ ᠪᠦᠬᠦᠢ ᠤᠯᠠᠨ ᠲᠦᠮᠡᠨᠴᠢ ᠴᠢᠨᠠᠷᠲᠠᠢ ᠠᠵᠢᠯᠯᠠᠭ᠎ᠠ᠎ᠶᠢ ᠢᠳᠡᠪᠬᠢᠲᠡᠢ ᠥᠷᠨᠢᠭᠦᠯᠵᠦ᠂ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠠᠮᠢᠳᠤᠯᠢᠭ᠋ ᠬᠢᠴᠢᠶᠡᠯ ᠎ᠦᠨ ᠲᠠᠩᠬᠢᠮ᠎ᠢ ᠨᠡᠩ ᠰᠠᠢᠳᠤᠷ ᠴᠣᠭᠴᠠᠯᠠᠬᠤ ᠬᠡᠷᠡᠭᠳᠡᠢ ᠭᠡᠵᠦ ᠱᠠᠭᠠᠷᠳᠠᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号