2026 ᠣᠨ᠎ᠤ ᠰᠢᠨ᠎ᠡ᠎ᠪᠡᠷ ᠮᠠᠨᠳᠤᠭᠰᠠᠨ ᠬᠦᠷᠢᠶ᠎ᠡ ᠪᠣᠯᠤᠨ ᠰᠢᠨ᠎ᠡ ᠨᠡᠶ᠋ᠢᠭᠡᠮ᠎ᠦᠨ ᠳᠠᠪᠬᠤᠷᠭ᠎ᠠ᠎ᠶᠢᠨ ᠵᠠᠯᠠᠭᠤᠴᠤᠳ᠎ᠤᠨ ᠶᠠᠷᠢᠯᠴᠠᠬᠤ ᠬᠤᠷᠠᠯ ᠬᠤᠷᠠᠯᠳᠤᠵᠠᠢ
2026-07-09 10:32:40
ᠵᠣᠬᠢᠶᠠᠭ᠍ᠴᠢ᠄
ᠬᠤᠩ ᠰᠢᠶᠠ
ᠣᠩᠱᠢᠭ᠍ᠰᠠᠨ ᠣᠳᠠᠭ᠎ᠠ᠄
★★★☆☆

ᠤᠢᠷ᠎ᠠ ᠳ᠋ᠤ᠂ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠦᠨ ᠬᠣᠯᠪᠤᠭ᠎ᠠ 《ᠰᠢᠨ᠎ᠡ ᠪᠡᠷ ᠮᠠᠨᠳᠤᠬᠰᠠᠨ ᠬᠦᠷᠢᠶᠠᠨ᠎ᠤ ᠡᠮᠡᠭᠳᠡᠢᠴᠤᠳ ᠲᠸ᠋ ᠴᠢᠳᠠᠪᠤᠷᠢ ᠤᠯᠭᠤᠬᠤ》 2026 ᠣᠨ᠎ᠤ ᠰᠢᠨ᠎ᠡ᠎ᠪᠡᠷ ᠮᠠᠨᠳᠤᠭᠰᠠᠨ ᠬᠦᠷᠢᠶ᠎ᠡ ᠪᠠ ᠰᠢᠨ᠎ᠡ ᠨᠡᠶ᠋ᠢᠭᠡᠮ᠎ᠦᠨ ᠳᠠᠪᠬᠤᠷᠭ᠎ᠠ᠎ᠶᠢᠨ ᠵᠠᠯᠠᠭᠤ ᠡᠮᠡᠭᠲᠡᠢᠴᠤᠳ ᠤ᠋ᠨ ᠠᠭᠤᠯᠵᠠᠨ ᠶᠠᠷᠢᠯᠴᠠᠬᠤ ᠠᠵᠢᠯᠯᠠᠭ᠎ᠠ ᠥᠷᠨᠢᠭᠦᠯᠪᠡ᠃ ᠲᠦᠷᠭᠡᠨ ᠬᠦᠷᠭᠡᠯᠲᠡ ᠪᠠᠷᠠᠭᠠᠨ᠎ᠤ ᠭᠦᠢᠯᠭᠡᠭᠡ᠂ ᠰᠦᠯᠵᠢᠶᠡᠨ ᠪᠤᠯᠵᠤᠭᠠᠲᠤ ᠲᠡᠷᠭᠡ ᠵᠢᠨ ᠵᠢᠯᠤᠭᠤᠴᠢ᠂ ᠰᠦᠯᠵᠢᠶ᠎ᠡ᠎ᠪᠡᠷ ᠰᠢᠭᠤᠳ ᠨᠡᠪᠲᠡᠷᠡᠭᠦᠯᠬᠦ᠌᠂ ᠡᠳ᠋ ᠬᠥᠷᠥᠩᠭᠡ᠎ᠶᠢ ᠦᠨᠡᠯᠡᠨ ᠵᠢᠱ᠌ᠢᠬᠦ᠌᠂ ᠡᠳ᠋᠎ᠦᠨ ᠵᠠᠰᠠᠭ ᠭᠠᠶ᠋ᠢᠯᠢ᠎ᠶᠢᠨ ᠦᠢᠯᠡᠴᠢᠯᠡᠭᠡ ᠵᠡᠷᠭᠡ ᠠᠵᠢᠯ ᠲᠥᠷᠥᠯ᠎ᠡᠴᠡ ᠢᠷᠡᠭᠰᠡᠨ ᠵᠠᠯᠠᠭᠤ ᠡᠮᠡᠭᠲᠡᠶ ᠲᠥᠯᠥᠭᠡᠯᠡᠭᠴᠢᠳ ᠨᠢᠭᠡ ᠲᠠᠩᠬᠢᠮ᠎ᠳᠤ ᠴᠤᠭᠯᠠᠷᠠᠵᠤ᠂ ᠦᠰᠦᠨ ᠪᠣᠶ᠋ᠢᠵᠢᠯᠲᠠ ᠪᠡᠨ ᠬᠤᠪᠢᠶᠠᠯᠴᠠᠵᠤ᠂ ᠬᠦᠴᠢᠷ ᠠᠰᠠᠭᠤᠳᠠᠯ᠎ᠢ ᠬᠠᠮᠲᠤ᠎ᠪᠠᠷ ᠰᠢᠢᠳᠪᠦᠷᠢᠯᠡᠨ᠂ ᠬᠥᠭᠵᠢᠯᠲᠡ᠎ᠶᠢ ᠬᠠᠮᠲᠤ᠎ᠪᠠᠷ ᠰᠦᠪᠡᠭᠴᠢᠯᠡᠪᠡ᠃

ᠠᠵᠢᠯᠯᠠᠭ᠎ᠠ᠎ᠳ᠋ᠦ᠂ ᠡᠯ᠎ᠡ ᠠᠵᠢᠯ ᠲᠥᠷᠥᠯ᠎ᠦᠨ ᠵᠠᠯᠠᠭᠤ ᠡᠮᠡᠭᠲᠡᠶ ᠲᠥᠯᠥᠭᠡᠯᠡᠭᠴᠢ ᠲᠣᠰ ᠪᠡᠶ᠎ᠡ᠎ᠶᠢᠨ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠰᠢᠨ᠎ᠡ ᠡᠵᠡᠩᠨᠡᠯᠲᠡ᠎ᠶᠢᠨ ᠬᠡᠯᠪᠡᠷᠢ ᠪᠠᠶ᠋ᠢᠳᠠᠯ᠂ ᠰᠢᠨ᠎ᠡ ᠤᠷᠤᠯᠳᠤᠭᠠᠨ᠎ᠤ ᠵᠠᠮ᠎ᠢ ᠭᠦᠨᠵᠡᠭᠡᠶ ᠰᠤᠷᠤᠯᠴᠠᠭᠰᠠᠨ ᠥᠯᠢᠭᠡᠷ᠎ᠵᠢᠡᠨ ᠬᠤᠪᠢᠶᠠᠯᠴᠠᠵᠤ᠂ ᠲᠣᠰ ᠲᠣᠰ᠎ᠤᠨ᠎ᠢᠶᠠᠨ ᠦᠢᠯᠡᠰ ᠪᠤᠰᠬᠠᠵᠤ ᠠᠵᠢᠯ ᠣᠯᠤᠭᠰᠠᠨ᠂ ᠠᠵᠢᠯ ᠲᠥᠷᠥᠯ᠎ᠢ ᠭᠦᠨᠵᠡᠭᠡᠶ ᠰᠤᠷᠤᠯᠴᠠᠭᠰᠠᠨ᠂ ᠨᠡᠶ᠋ᠢᠲᠡ᠎ᠶᠢᠨ ᠠᠰᠠᠷᠠᠮᠵᠢ᠎ᠶᠢᠨ ᠦᠢᠯᠡᠴᠢᠯᠡᠭᠡ ᠳᠤᠮᠳᠠᠬᠢ ᠦᠢᠯᠡᠳᠦᠯᠭᠡ᠎ᠶᠢᠨ ᠥᠩᠭᠡᠷᠡᠯᠲᠡ ᠪᠠ ᠲᠥᠷᠥᠭᠳᠡᠯ᠎ᠢᠶᠡᠨ ᠶᠠᠷᠢᠪᠠ᠃ ᠲᠡᠳᠡᠨ᠎ᠦ ᠬᠦᠴᠦᠷᠬᠡᠭᠵᠢᠬᠦ᠌᠎ᠪᠡᠷ ᠬᠦᠴᠦᠯᠡᠨ ᠴᠢᠷᠮᠠᠶ᠋ᠢᠬᠤ᠂ ᠡᠷᠡᠮᠡᠬᠡᠶ᠋ᠢᠯᠡᠨ ᠲᠠᠪᠰᠢᠬᠤ ᠲᠡᠮᠡᠴᠡᠯ᠎ᠦᠨ ᠣᠪᠣᠷ ᠪᠠᠶ᠋ᠢᠳᠠᠯ ᠨᠢ ᠰᠢᠨ᠎ᠡ ᠴᠠᠭ ᠦᠶ᠎ᠡ᠎ᠶᠢᠨ ᠰᠢᠨ᠎ᠡ᠎ᠪᠡᠷ ᠮᠠᠨᠳᠤᠭᠰᠠᠨ ᠬᠦᠷᠢᠢ᠎ᠡ ᠪᠣᠯᠤᠨ ᠰᠢᠨ᠎ᠡ ᠨᠡᠶ᠋ᠢᠭᠡᠮ᠎ᠦᠨ ᠳᠠᠪᠬᠤᠷᠭ᠎ᠠ᠎ᠶᠢᠨ ᠵᠠᠯᠠᠭᠤᠴᠤᠳ᠎ᠤᠨ ᠥᠪᠡᠷ᠎ᠢ᠎ᠪᠡᠨ ᠬᠦᠨᠳᠦᠳᠬᠡᠬᠦ᠌᠂ ᠥᠪᠡᠷ᠎ᠢ᠎ᠪᠡᠨ ᠢᠲᠡᠭᠡᠬᠦ᠌᠂ ᠪᠡᠶ᠎ᠡ᠎ᠪᠡᠨ ᠳᠠᠭᠠᠭᠠᠬᠤ᠂ ᠥᠪᠡᠷ᠎ᠢ᠎ᠪᠡᠨ ᠬᠦᠴᠦᠷᠬᠡᠭᠵᠢᠭᠦᠯᠬᠦ᠌ ᠡᠮᠡᠭᠲᠡᠶ᠋ᠢᠴᠦᠳ᠎ᠦᠨ ᠴᠤᠭ ᠵᠢᠪᠬᠤᠭ᠎ᠠ᠎ᠶᠢ ᠢᠯᠡᠷᠡᠭᠦᠯᠪᠡ᠃ ᠬᠤᠷᠠᠯ᠎ᠳᠤ ᠣᠷᠣᠯᠴᠠᠭᠰᠠᠨ ᠵᠠᠯᠠᠭᠤ ᠡᠮᠡᠭᠲᠡᠢ ᠲᠥᠯᠥᠭᠡᠯᠡᠭᠴᠢ ᠰᠡᠳᠬᠢᠯ᠎ᠢᠶᠡᠨ ᠳᠡᠯᠭᠡᠵᠦ᠍᠂ ᠪᠤᠳᠤᠭᠰᠠᠨ ᠰᠠᠨᠠᠭᠰᠠᠨ᠎ᠢᠶᠠᠨ ᠠᠭᠤᠵᠢᠷᠠᠲᠠᠯ᠎ᠠ ᠶᠠᠷᠢᠵᠤ᠂ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠲᠤᠰᠢᠶᠠᠯ ᠬᠠᠷᠢᠭᠤᠴᠠᠯᠭ᠎ᠠ᠎ᠶᠢᠨ ᠬᠦᠷᠢᠶᠡᠨ᠎ᠳᠡᠬᠢ ᠡᠷᠬᠡ ᠠᠰᠢᠭ᠎ᠤᠨ ᠪᠠᠲᠤᠯᠠᠭ᠎ᠠ᠂ ᠠᠵᠢᠯ ᠤᠯᠭᠤᠵᠤ ᠦᠢᠯᠡᠰ ᠪᠤᠰᠬᠠᠬᠤ᠎ᠶᠢ ᠲᠡᠳᠬᠦᠨ ᠳᠡᠮᠵᠢᠬᠦ᠌᠂ ᠭᠡᠷ᠎ᠤᠨ ᠬᠥᠮᠦᠵᠢᠯ ᠭᠡᠷ᠎ᠦᠨ ᠰᠤᠷᠲᠠᠯ᠎ᠤᠨ ᠪᠠᠶ᠋ᠢᠭᠤᠯᠤᠯᠲᠠ ᠵᠡᠷᠭᠡ᠎ᠳᠦ ᠠᠩᠬᠠᠷᠤᠯ᠎ᠢᠶᠠᠨ ᠲᠥᠪᠯᠡᠷᠡᠭᠦᠯᠦᠨ ᠪᠠᠴᠢᠮᠳᠠᠵᠦ ᠲᠦᠪᠡᠭᠳᠡᠵᠦ ᠵᠣᠪᠠᠨᠢᠵᠦ ᠪᠠᠢᠭ᠎ᠠ ᠠᠰᠠᠭᠤᠳᠠᠯ ᠵᠢᠡᠨ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠡᠮᠡᠭᠲᠡᠶ᠋ᠢᠴᠦᠳ᠎ᠦᠨ ᠬᠥᠭᠵᠢᠯᠲᠡ᠎ᠶᠢᠨ ᠬᠣᠯᠪᠣᠭ᠎ᠠ ᠠᠪᠬᠤ ᠬᠡᠯᠲᠡᠰ᠂ ᠡᠷᠬᠡ ᠠᠰᠢᠭ᠎ᠤᠨ ᠬᠡᠯᠲᠡᠰ ᠵᠡᠷᠭᠡ ᠬᠡᠯᠲᠡᠰ ᠲᠠᠰᠤᠭ᠎ᠤᠨ ᠬᠠᠷᠢᠭᠤᠴᠠᠯᠭᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠭᠡᠷ ᠪᠦᠯᠢ ᠪᠣᠯᠤᠨ ᠨᠡᠶ᠋ᠢᠭᠡᠮ ᠲᠣᠭᠣᠷᠢᠭ᠎ᠤᠨ ᠰᠤᠷᠭᠠᠨ ᠬᠥᠮᠦᠵᠢᠯ᠎ᠦᠨ ᠨᠡᠶ᠋ᠢᠭᠡᠮᠯᠢᠭ ᠵᠡᠷᠭᠡ ᠨᠡᠶ᠋ᠢᠭᠡᠮ᠎ᠦᠨ ᠵᠣᠬᠢᠶᠠᠨ ᠪᠠᠶ᠋ᠢᠭᠤᠯᠤᠯᠲᠠ᠎ᠶᠢᠨ ᠬᠠᠷᠢᠭᠤᠴᠠᠯᠭᠠᠲᠠᠨ ᠲᠤᠬᠠᠢ᠎ᠶᠢᠨ ᠲᠠᠯᠠᠪᠠᠢ᠎ᠳᠤ ᠮᠠᠳᠠᠭ᠎ᠲᠠᠶ ᠠᠰᠠᠭᠤᠳᠠᠯ᠎ᠳᠤ ᠬᠠᠷᠢᠭᠤᠯᠲᠠ ᠥᠭᠴᠦ᠍᠂ ᠲᠦᠷᠦ᠎ᠶᠢᠨ ᠪᠤᠳᠤᠯᠭ᠎ᠡ᠎ᠳᠤ ᠲᠠᠶ᠋ᠢᠯᠤᠮᠵᠢ ᠬᠢᠵᠦ᠍᠂ ᠭᠣᠮᠣᠳᠠᠯ ᠲᠤᠭᠠᠴᠢᠯᠲᠠ᠎ᠳᠤ ᠬᠠᠷᠢᠭᠤᠯᠲᠠ ᠥᠭᠪᠡ᠃

ᠲᠤᠰ ᠤᠳᠠᠭ᠎ᠠ᠎ᠶᠢᠨ ᠶᠠᠷᠢᠯᠴᠠᠬᠤ ᠠᠵᠢᠯᠯᠠᠭ᠎ᠠ ᠨᠢ ᠡᠮᠡᠭᠲᠡᠶ᠋ᠢᠴᠦᠳ᠎ᠦᠨ ᠬᠣᠯᠪᠣᠭ᠎ᠠ ᠪᠣᠯᠤᠨ ᠰᠢᠨ᠎ᠡ᠎ᠪᠡᠷ ᠮᠠᠨᠳᠤᠭᠰᠠᠨ ᠬᠦᠷᠢᠢ᠎ᠡ ᠰᠢᠨ᠎ᠡ ᠨᠡᠶ᠋ᠢᠭᠡᠮ᠎ᠦᠨ ᠳᠠᠪᠬᠤᠷᠭ᠎ᠠ᠎ᠶᠢᠨ ᠵᠠᠯᠠᠭᠤ ᠡᠮᠡᠭᠲᠡᠶ᠋ᠢᠴᠦᠳ᠎ᠦᠨ ᠰᠤᠯᠢᠯᠴᠠᠭᠠᠨ᠎ᠤ ᠲᠠᠪᠴᠠᠩ᠎ᠢ ᠪᠠᠶ᠋ᠢᠭᠤᠯᠤᠭᠰᠠᠨ ᠪᠥᠭᠡᠳ ᠬᠤᠷᠠᠯ᠎ᠳᠤ ᠣᠷᠣᠯᠴᠠᠭᠰᠠᠨ ᠡᠮᠡᠭᠲᠡᠶ᠋ᠢᠴᠦᠳ᠎ᠦᠨ ᠲᠥᠯᠥᠭᠡᠯᠡᠭᠴᠢᠳ᠎ᠢᠶᠡᠷ ᠳᠠᠮᠵᠢᠭᠤᠯᠤᠨ ᠡᠮᠡᠭᠲᠡᠶ᠋ᠢᠴᠦᠳ᠎ᠦᠨ ᠬᠣᠯᠪᠣᠭ᠎ᠠ᠎ᠶᠢᠨ ᠵᠣᠬᠢᠶᠠᠨ ᠪᠠᠶ᠋ᠢᠭᠤᠯᠤᠯᠲᠠ ᠵᠢᠨ 《ᠲᠥᠷᠬᠥᠮ᠎ᠦᠨ ᠬᠥᠮᠦᠨ》 ᠤ᠋ ᠬᠠᠶ᠋ᠢᠷ᠎ᠠ ᠬᠠᠯᠠᠮᠵᠢ᠎ᠶᠢ ᠳᠡᠷᠭᠡᠳᠡᠬᠢ ᠥᠷᠭᠡᠨ ᠤᠯᠠᠨ ᠡᠮᠡᠭᠲᠡᠶ᠋ᠢᠴᠦᠳ᠎ᠲᠦ᠍ ᠳᠠᠮᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号