ᠰᠤᠷᠪᠤᠯᠵᠢᠯᠠᠭᠴᠢ ᠲᠦᠷᠦᠬᠦᠬᠡᠨ᠂ ᠪᠥᠬᠥ ᠣᠷᠣᠨ ᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠪᠠᠢᠭᠤᠯᠤᠯᠲᠠ᠎ᠶᠢᠨ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠬᠥᠬᠡᠬᠣᠲᠠ᠎ᠳᠤ ᠬᠤᠷᠠᠯᠳᠤᠵᠤ᠂ ᠰᠤᠷᠭᠠᠭᠤᠯᠢ᠎ᠶᠢᠨ ᠬᠥᠮᠥᠨ ᠦ ᠬᠦᠴᠦᠨ᠎ᠤ ᠰᠡᠷᠭᠡᠢᠯᠡᠯᠲᠡ᠂ ᠪᠣᠳᠠᠰ᠎ᠤᠨ ᠰᠡᠷᠭᠡᠢᠯᠡᠯᠲᠡ᠂ ᠮᠡᠷᠭᠡᠵᠢᠯ᠎ᠦᠨ ᠰᠡᠷᠭᠡᠢᠯᠡᠯᠲᠡ᠎ᠶᠢᠨ ᠰᠢᠰᠲᠧᠮ᠎ᠤᠨ ᠪᠠᠢᠭᠤᠯᠤᠯᠲᠠ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ ᠦ ᠵᠠᠰᠠᠯᠲᠠ ᠶᠢᠨ ᠰᠢᠰᠲᠧᠮ ᠪᠠ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ ᠢ ᠳᠡᠬᠡᠭᠰᠢᠯᠡᠬᠦᠯᠪᠡ᠃
ᠬᠤᠷᠠᠯ᠎ᠡᠴᠡ᠂ ᠪᠦᠬᠦ ᠣᠷᠣᠨ ᠤ ᠳᠡᠭᠡᠳᠦ ᠵᠡᠷᠭᠡ᠎ᠶᠢᠨ ᠠᠵᠢᠯ ᠮᠡᠷᠭᠡᠵᠢᠯ᠎ᠦᠨ ᠰᠤᠷᠭᠠᠭᠤᠯᠢ᠎ᠨᠤᠭᠤᠳ 《ᠪᠣᠳᠠᠰ ᠤᠨ ᠰᠡᠷᠭᠡᠢᠯᠡᠯᠲᠡ ᠪᠡᠷ ᠰᠠᠭᠤᠷᠢ ᠪᠣᠯᠭᠠᠬᠤ᠂ ᠮᠡᠷᠭᠡᠵᠢᠯ᠎ᠦᠨ ᠰᠡᠷᠭᠡᠢᠯᠡᠯᠲᠡ ᠪᠡᠷ ᠴᠢᠳᠠᠪᠤᠷᠢ ᠣᠯᠭᠣᠬᠤ᠂ ᠬᠦᠮᠦᠨ ᠤ ᠬᠦᠴᠦᠨ ᠦ ᠰᠡᠷᠭᠡᠢᠯᠡᠯᠲᠡ᠎ᠪᠡᠷ ᠰᠠᠭᠤᠷᠢ᠎ᠵᠢ ᠪᠡᠬᠢᠵᠢᠭᠦᠯᠬᠦ》᠎ᠶ᠋ᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠮᠵᠢᠯᠴᠠᠨ ᠬᠦᠴᠦᠯᠡᠵᠦ᠂ ᠲᠠᠪᠴᠠᠩ ᠤᠨ ᠪᠠᠢᠭᠤᠯᠤᠯᠲᠠ ᠬᠣᠴᠣᠷᠤᠩᠭᠤᠢ᠂ ᠬᠢᠨᠠᠨ ᠡᠵᠡᠮᠳᠡᠯ ᠤᠨᠪᠠᠯᠠᠢ ᠣᠷᠣᠨ ᠪᠠᠢᠬᠤ᠂ ᠠᠮᠤᠷ ᠢ ᠬᠠᠮᠠᠭᠠᠯᠠᠬᠤ ᠠᠵᠢᠯᠲᠠᠨ᠎ᠤ ᠲᠤᠰᠬᠠᠢ ᠮᠡᠷᠭᠡᠵᠢᠯ᠎ᠦᠨ ᠴᠢᠳᠠᠪᠤᠷᠢ ᠳᠣᠣᠷ᠎ᠠ ᠪᠠᠢᠬᠤ ᠵᠡᠷᠭᠡ ᠠᠰᠠᠭᠤᠳᠠᠯ᠎ᠢ ᠪᠦᠬᠦ ᠬᠦᠴᠦᠨ᠎ᠢᠶᠡᠷ᠎ᠢᠶᠡᠨ ᠰᠢᠢᠳᠪᠦᠷᠢᠯᠡᠬᠦ ᠬᠡᠷᠡᠭᠲᠡᠢ᠃ 《ᠪᠣᠳᠠᠰ ᠤᠨ ᠰᠡᠷᠭᠡᠢᠯᠡᠯᠲᠡ》 ᠵᠢᠨ ᠲᠠᠯ᠎ᠠ ᠪᠠᠷ ᠳᠤᠲᠠᠭᠤᠳᠠᠯ᠎ᠢᠶᠠᠨ ᠨᠥᠬᠥᠪᠦᠷᠢᠯᠡᠵᠦ᠂ ᠰᠠᠭᠤᠷᠢ᠎ᠪᠠᠨ ᠴᠢᠩᠭᠠᠳᠬᠠᠵᠤ᠂ ᠠᠮᠤᠷ ᠠᠮᠤᠭᠤᠯᠠᠩ ᠰᠤᠷᠭᠠᠭᠤᠯᠢ᠎ᠶᠢᠨ ᠬᠦᠷᠢᠶᠡᠨ᠎ᠦ ᠪᠠᠢᠭᠤᠯᠤᠯᠲᠠ᠎ᠶᠢᠨ ᠪᠠᠷᠢᠮᠵᠢᠶ᠎ᠠ ᠲᠠᠢ ᠬᠠᠷᠭᠤᠭᠤᠯᠵᠤ᠂ ᠠᠮᠤᠷ ᠲᠦᠪᠰᠢᠨ᠎ᠦ ᠰᠡᠷᠭᠡᠢᠯᠡᠯᠲᠡ᠎ᠶᠢᠨ ᠰᠠᠭᠤᠷᠢ ᠲᠥᠬᠦᠭᠡᠷᠦᠮᠵᠢ ᠶᠢᠨ ᠪᠠᠭᠤᠷᠠᠢ ᠭᠣᠭᠴᠣᠭ᠎ᠠ᠎ᠶᠢ ᠪᠦᠬᠦ ᠲᠠᠯ᠎ᠠ᠎ᠪᠠᠷ ᠪᠠᠢᠴᠠᠭᠠᠬᠤ ᠬᠡᠷᠡᠭᠲᠡᠢ; 《ᠮᠡᠷᠭᠡᠵᠢᠯ᠎ᠦᠨ ᠰᠡᠷᠭᠡᠢᠯᠡᠯᠲᠡ》 ᠵᠢᠨ ᠲᠠᠯ᠎ᠠ᠎ᠪᠠᠷ ᠴᠢᠳᠠᠪᠤᠷᠢ᠎ᠶᠢᠨ ᠳᠡᠰ᠎ᠢ ᠳᠡᠭᠡᠭᠰᠢᠯᠡᠭᠦᠯᠵᠦ᠂ ᠦᠷ᠎ᠡ ᠪᠦᠲᠦᠮᠵᠢ᠎ᠶᠢ ᠨᠡᠮᠡᠭᠳᠡᠭᠦᠯᠵᠦ᠂ ᠵᠣᠬᠢᠶᠠᠮᠠᠯ ᠤᠶᠤᠨ ᠴᠢᠳᠠᠪᠤᠷᠢ᠂ ᠲᠣᠮᠣ᠌ ᠳ᠋ᠠᠢᠲ᠋ᠠ᠂ ᠡᠳ᠋ ᠪᠠᠷᠠᠭᠠᠨ ᠤ ᠰᠦᠯᠵᠢᠶ᠎ᠡ ᠵᠡᠷᠭᠡ ᠰᠢᠨ᠎ᠡ ᠮᠡᠷᠭᠡᠵᠢᠯ᠎ᠢ ᠢᠳᠡᠪᠬᠢᠲᠡᠢ ᠣᠷᠣᠭᠤᠯᠤᠨ ᠠᠪᠴᠢᠷᠠᠵᠤ᠂ ᠠᠮᠤᠷ ᠲᠦᠪᠰᠢᠨ ᠦ ᠰᠡᠷᠭᠡᠢᠯᠡᠯᠲᠡ᠎ᠶᠢᠨ ᠰᠢᠰᠲ᠋ᠧᠮ ᠤᠨ ᠣᠶᠤᠨᠴᠢᠯᠠᠵᠤ ᠲᠡᠰ ᠳᠡᠪᠰᠢᠬᠦ᠎ᠶᠢ ᠲᠦᠷᠭᠡᠨ ᠠᠬᠢᠭᠤᠯᠬᠤ ᠬᠡᠷᠡᠭᠲᠡᠢ; 《ᠬᠦᠮᠦᠨ᠎ᠤ ᠬᠦᠴᠦᠨ ᠤ ᠰᠡᠷᠭᠡᠢᠯᠡᠯᠲᠡ》 ᠵᠢᠨ ᠲᠠᠯ᠎ᠠ᠎ᠪᠠᠷ ᠲᠣᠭᠲᠡᠴᠡᠪᠠᠢᠭᠤᠯᠵᠤ᠂ ᠡᠩᠨᠡᠭᠡ᠎ᠵᠢ ᠬᠦᠴᠦᠷᠬᠡᠭᠵᠢᠭᠦᠯᠬᠦ ᠬᠡᠷᠡᠭᠲᠡᠢ᠃ ᠲᠤᠰᠬᠠᠢ ᠲᠤᠰᠢᠶᠠᠯᠲᠤ ᠠᠮᠤᠷ᠎ᠢ ᠬᠠᠮᠠᠭᠠᠯᠠᠭ᠍ᠴᠢ ᠲᠣᠬᠢᠷᠠᠭᠤᠯᠬᠤ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ᠪᠠᠭ᠍ᠰᠢ ᠰᠣᠷᠣᠭ᠍ᠴᠢ ᠶᠢᠨ ᠠᠮᠤᠷ ᠲᠦᠪᠰᠢᠨ ᠦ ᠰᠠᠢᠨ ᠳᠤᠷ᠎ᠠ ᠶᠢᠨ ᠦᠢᠯᠡᠴᠢᠯᠡᠭᠡᠨ ᠦ ᠠᠩᠭᠢ᠎ᠶᠢ ᠵᠣᠬᠢᠶᠠᠨ ᠪᠠᠢᠭᠤᠯᠵᠤ᠂ ᠰᠤᠷᠭᠠᠭᠤᠯᠢ᠎ᠶᠢᠨ ᠬᠦᠷᠢᠶᠡᠨ ᠦ ᠴᠠᠭᠳᠠᠭᠠᠨ᠎ᠤ ᠶᠠᠪᠤᠳᠠᠯ᠎ᠤᠨ ᠲᠠᠰᠤᠭ ᠤᠨ ᠵᠢᠷᠤᠮᠵᠢᠭ᠍ᠰᠠᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ᠂ ᠴᠠᠭᠳᠠᠭ᠎ᠠ ᠪᠠ ᠰᠤᠷᠭᠠᠭᠤᠯᠢ ᠪᠠᠢᠩᠭᠤ ᠬᠠᠮᠵᠢᠯᠴᠠᠬᠤ ᠲᠣᠭᠲᠡᠴᠡ᠎ᠶᠢ ᠪᠠᠢᠭᠤᠯᠤᠨ᠂ ᠪᠥᠬᠥ ᠠᠵᠢᠯᠲᠠᠨ ᠣᠷᠣᠯᠴᠠᠭᠰᠠᠨ᠂ ᠪᠥᠬᠥ ᠴᠠᠷᠠᠭ᠎ᠠ ᠵᠢ ᠬᠠᠮᠤᠷᠤᠭᠰᠠᠨ ᠰᠤᠷᠭᠠᠭᠤᠯᠢ᠎ᠶᠢᠨ ᠬᠦᠷᠢᠶᠡᠨ᠎ᠦ ᠠᠮᠤᠷ ᠲᠦᠪᠰᠢᠨ᠎ᠦ ᠰᠢᠨ᠎ᠡ ᠪᠠᠢᠷᠢᠰᠢᠯ᠎ᠢ ᠪᠣᠶ ᠪᠣᠯᠭᠠᠬᠤ ᠬᠡᠷᠡᠭᠳᠡᠢ ᠬᠡᠵᠦ ᠴᠢᠬᠤᠯᠠᠴᠢᠯᠠᠪᠠ᠃
ᠬᠤᠷᠠᠯ᠎ᠡᠴᠡ ᠪᠠᠰᠠ ᠤᠰᠤᠨ᠎ᠳᠤ ᠴᠡᠴᠡᠬᠤ᠎ᠶᠢ ᠰᠡᠷᠭᠡᠢᠯᠡᠬᠦ᠂ ᠦᠶᠡᠷ᠎ᠢ ᠰᠡᠷᠭᠡᠢᠯᠡᠵᠦ ᠭᠠᠮᠰᠢᠭ᠋᠎ᠡᠴᠡ ᠠᠪᠤᠷᠠᠬᠤ᠂ ᠠᠮᠤᠷ ᠲᠦᠪᠰᠢᠨ ᠤ ᠰᠤᠷᠢᠯᠲᠠ ᠬᠢᠬᠦ᠂ ᠴᠠᠬᠢᠯᠭᠠᠨ ᠬᠣᠯᠪᠣᠭ᠎ᠠ ᠰᠦᠯᠵᠢᠶᠡᠨ᠎ᠦ ᠮᠡᠬᠡᠯᠡᠯ᠎ᠢ ᠰᠡᠷᠭᠡᠢᠯᠡᠬᠦ᠂ ᠬᠣᠣᠷᠲᠤ ᠡᠳ᠋ ᠪᠣᠯᠣᠨ ᠰᠢᠨᠤᠯᠳᠤ ᠪᠣᠳᠠᠰ᠎ᠢ ᠰᠡᠷᠭᠡᠢᠯᠡᠬᠦ ᠵᠡᠷᠭᠡ ᠠᠵᠢᠯ᠎ᠢ ᠪᠠᠢᠷᠢᠯᠠᠭᠤᠯᠪᠡ ᠃